ᠳᠤᠮᠳᠠᠳᠤ ᠤᠯᠤᠰ᠎ᠤᠨ ᠣᠷᠴᠢᠨ ᠣᠳᠣ ᠦᠶ᠎ᠡ᠎ᠶ᠋ᠢᠨ ᠲᠡᠦᠬᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ᠎ᠢᠶᠠᠨ ᠠᠪᠤᠷᠠᠵᠤ ᠠᠷᠠᠳ᠎ᠢᠶᠠᠨ ᠠᠪᠤᠷᠠᠬᠤ ᠵᠠᠮ᠎ᠢ ᠬᠠᠢᠭ᠍ᠰᠠᠨ᠂ ᠦᠨᠳᠦᠰᠦᠲᠡᠨ᠎ᠦ ᠴᠢᠯᠥᠭᠡᠯᠡᠯᠲᠡ ᠪᠠ ᠲᠤᠰᠠᠭᠠᠷ ᠲᠣᠭ᠍ᠲᠠᠨᠢᠯ᠎ᠢ ᠡᠷᠢᠯᠬᠢᠯᠡᠭ᠌ᠰᠡᠨ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ ᠠᠭᠤᠤ ᠶᠡᠬᠡ ᠲᠤᠤᠯᠢᠰ ᠮᠥᠨ᠂ ᠡᠨᠡ ᠬᠦ᠌ ᠲᠡᠦᠬᠡᠨ ᠶᠠᠪᠤᠴᠠ᠎ᠳᠤ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠭ᠍ᠰᠠᠨ ᠶᠤᠮ᠃
ᠭᠤᠤᠯ ᠰᠠᠭᠠᠭᠤᠯᠤᠮᠵᠢ
ᠦᠨᠡᠨ ᠶᠣᠰᠣ᠎ᠶ᠋ᠢ ᠪᠠᠷᠢᠮᠲᠠᠯᠠᠵᠤ᠂ ᠬᠦᠰᠡᠯᠡᠩ᠎ᠢᠶᠡᠨ ᠪᠠᠲᠤ ᠰᠠᠬᠢᠬᠤ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠦᠵᠡᠯ ᠰᠠᠨᠠᠭᠠᠨ᠎ᠤ ᠰᠠᠭᠤᠷᠢ ᠮᠥᠨ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠢᠯᠡ ᠲᠣᠳᠣ ᠪᠡᠯᠭᠡ ᠲᠡᠮᠲᠡᠭ ᠮᠥᠨ᠂ ᠦᠷᠡᠭ᠌ᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠌ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠦᠢᠯᠡ ᠠᠵᠢᠯᠯᠠᠭ᠎ᠠ᠎ᠶ᠋ᠢᠨ ᠮᠥᠨ ᠴᠢᠨᠠᠷ ᠮᠥᠨ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠪᠠᠢᠬᠤ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠦᠷᠲᠡᠭ᠎ᠦᠨ ᠬᠥᠭᠡᠭᠡᠴᠡᠯᠳᠦᠯ ᠮᠥᠨ᠃
ᠵᠠᠭᠤᠨ ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠱᠢᠭᠤᠴᠢᠨᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠢᠭᠤᠯᠵᠤ᠂ ᠦᠨᠡᠨ ᠶᠣᠰᠣ᠎ᠶ᠋ᠢ ᠪᠠᠷᠢᠮᠲᠠᠯᠠᠬᠤ᠂ ᠬᠦᠰᠡᠯᠡᠩ᠎ᠢᠶᠡᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ᠌᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌᠂ ᠦᠷᠡᠭ᠌ᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠌ ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠦᠷᠢᠯᠳᠦᠭᠦᠯᠪᠡ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠠᠴᠠ᠂ ᠨᠠᠮ᠎ᠤᠨ ᠵᠠᠭᠤᠨ ᠵᠢᠯ᠎ᠦᠨ ᠲᠡᠮᠡᠴᠡᠯ ᠨᠢ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠶᠠᠪᠤᠬᠤ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠠᠪᠲᠠᠨ ᠪᠣᠯᠪᠠᠰᠤᠷᠠᠭᠤᠯᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠪᠠᠷ ᠡᠬᠢ ᠰᠣᠷᠪᠣᠯᠵᠢ ᠪᠠᠨ ᠪᠣᠯᠭᠠᠭ᠍ᠰᠠᠨ ᠤᠶᠤᠨ ᠰᠠᠨᠠᠭᠠᠨ᠎ᠤ ᠴᠠᠳᠢᠭ᠎ᠢ ᠪᠦᠷᠢᠯᠳᠦᠭᠦᠯᠵᠦ᠍᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠪᠠᠲᠤᠯᠠᠵᠤ᠂ ᠨᠠᠮ᠎ᠤᠨ ᠲᠦᠷᠦ᠍ ᠪᠠᠷᠢᠬᠤ ᠴᠢᠳᠠᠪᠤᠷᠢ ᠪᠣᠯᠤᠨ ᠤᠳᠤᠷᠢᠳᠭᠤ ᠲᠦᠪᠱᠢᠨ ᠲᠠᠰᠤᠷᠠᠯᠳᠡ ᠦᠭᠡᠢ ᠳᠡᠭᠡᠭ᠌ᠰᠢᠯᠡᠵᠦ᠍ ᠂ ᠳᠤᠮᠳᠠᠳᠤ ᠤᠯᠤᠰ᠎ᠤᠨ ᠡᠪ ᠬᠠᠮᠲᠤ ᠨᠠᠮ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠨᠠᠮ ᠪᠣᠯᠤᠭ᠍ᠰᠠᠨ ᠪᠠᠢᠨ᠎ᠠ᠃ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠬᠤ ᠨᠢ ᠪᠢᠳᠡᠨ᠎ᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠪᠠ
ᠠᠭᠤᠤ ᠶᠡᠬᠡ ᠬᠤᠪᠢᠰᠭᠠᠯ᠎ᠤᠨ ᠦᠢᠯᠡᠳᠦᠯᠭᠡ ᠨᠢ ᠠᠭᠤᠤ ᠶᠡᠬᠡ ᠬᠤᠪᠢᠰᠭᠠᠯᠲᠤ ᠵᠣᠷᠢᠭ ᠰᠠᠨᠠᠭ᠎ᠠ᠎ᠶ᠋ᠢ ᠪᠤᠢ ᠪᠣᠯᠭᠠᠳᠠᠭ᠃ ᠳᠤᠮᠳᠠᠳᠤ ᠤᠯᠤᠰ᠎ᠤᠨ ᠣᠷᠴᠢᠨ ᠤᠳᠤ ᠦᠶ᠎ᠡ᠎ᠶ᠋ᠢᠨ ᠲᠡᠦᠬᠡ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ᠎ᠢᠶᠠᠨ ᠠᠪᠤᠷᠠᠵᠤ ᠠᠷᠠᠳ᠎ᠢᠶᠠᠨ ᠠᠪᠤᠷᠠᠬᠤ ᠵᠠᠮ᠎ᠢ ᠬᠠᠢᠨ ᠰᠦᠪᠡᠭ᠌ᠴᠢᠯᠡᠵᠦ᠍᠂ ᠦᠨᠳᠦᠰᠦᠲᠡᠨ᠎ᠦ ᠴᠢᠯᠥᠭᠡᠯᠡᠯᠲᠡ ᠪᠣᠯᠤᠨ ᠲᠤᠰᠠᠭᠠᠷ ᠲᠣᠭ᠍ᠲᠠᠨᠢᠯ᠎ᠢ ᠡᠷᠢᠯᠬᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ ᠠᠭᠤᠤ ᠶᠡᠬᠡ ᠲᠤᠤᠯᠢᠰ ᠪᠣᠯᠤᠨ᠎ᠠ᠃ ᠡᠨᠡ ᠬᠦ᠌ ᠲᠡᠦᠬᠡᠨ ᠶᠠᠪᠤᠴᠠ᠎ᠳᠤ᠂ ᠲᠡᠦᠬᠡ ᠪᠣᠯᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠪᠠ᠃ 1840 ᠣᠨ᠎ᠤ ᠬᠠᠷ᠎ᠠ ᠲᠠᠮᠠᠬᠢ᠎ᠶ᠋ᠢᠨ ᠲᠠᠢ᠌ᠨ᠎ᠡᠴᠡ ᠨᠠᠭᠠᠰᠢ᠂ ᠡᠵᠡᠷᠬᠡᠭ ᠲᠦᠷᠢᠮᠡᠭᠡᠢ ᠦᠵᠡᠯ ᠬᠢᠭᠡᠳ ᠳᠤᠮᠳᠠᠳᠤ᠎ᠶ᠋ᠢᠨ ᠦᠨᠳᠦᠰᠦᠲᠡᠨ᠎ᠦ ᠵᠥᠷᠢᠴᠡᠯ ᠨᠢ ᠳᠤᠮᠳᠠᠳᠤ ᠤᠯᠤᠰ᠎ᠤᠨ ᠨᠡᠢᠭᠡᠮ᠎ᠦᠨ ᠬᠥᠭ᠌ᠵᠢᠯᠲᠡ ᠪᠠ ᠲᠠᠪᠱᠢᠯᠳᠠ᠎ᠶ᠋ᠢ ᠬᠦᠨᠳᠦ ᠨᠣᠴᠢᠲᠠᠢ ᠬᠠᠷᠱᠢᠯᠠᠵᠤ ᠂ ᠡᠯ᠎ᠡ ᠵᠦᠢᠯ᠎ᠦᠨ ᠤᠯᠤᠰ ᠲᠦᠷᠤ᠎ᠶ᠋ᠢᠨ ᠬᠦᠴᠦᠨ ᠵᠠᠯᠭ᠎ᠠ ᠵᠠᠯᠭ᠎ᠠ᠎ᠪᠠᠷ ᠲᠠᠢᠰᠠᠨ᠎ᠳᠤ ᠭᠠᠷᠴᠤ᠌᠂ ᠤᠳᠠᠭ᠎ᠠ ᠪᠦᠷᠢ᠎ᠶ᠋ᠢᠨ ᠮᠥᠬᠥᠯ᠎ᠡᠴᠡ ᠠᠪᠤᠷᠠᠬᠣ ᠣᠷᠣᠱᠢᠨ ᠲᠣᠭ᠍ᠲᠠᠨᠢᠬᠤ ᠬᠥᠳᠡᠯᠭᠡᠭᠡᠨ ᠨᠢ ᠴᠥᠮ ᠳᠤᠮᠳᠠᠳᠤ᠎ᠶ᠋ᠢᠨ ᠦᠨᠳᠦᠰᠦᠲᠡᠨ᠎ᠢ ᠠᠶᠤᠯ ᠲᠦᠭ᠌ᠰᠢᠭᠦᠷᠢ ᠡᠴᠡ ᠠᠪᠣᠷᠠᠵᠦ ᠬᠤᠪᠢ ᠵᠠᠶᠠᠭ᠎ᠠ᠎ᠶ᠋ᠢ ᠨᠢ ᠦᠬᠡᠷᠡᠴᠢᠯᠡᠵᠦ ᠴᠢᠳᠠᠬᠰᠠᠨ ᠦᠭᠡᠢ᠃ ᠡᠳᠦᠷ ᠢᠷᠡᠬᠦᠶ᠎ᠡ ᠬᠡᠴᠡᠭᠦᠳᠡᠵᠦ᠍ ᠪᠠᠢᠭ᠎ᠠ ᠤᠯᠤᠰ ᠲᠦᠷᠦ᠍᠎ᠶ᠋ᠢᠨ ᠬᠢᠮᠤᠷᠠᠯ ᠪᠠ ᠦᠨᠳᠦᠰᠦᠲᠡᠨ᠎ᠦ ᠬᠢᠮᠤᠷᠠᠯ᠎ᠤᠨ ᠡᠮᠦᠨ᠎ᠡ᠂ ᠲᠣᠭ᠎ᠠ ᠲᠣᠮᠰᠢ ᠦᠭᠡᠢ ᠴᠢᠨᠭ ᠵᠢᠷᠤᠮᠲᠠᠨ ᠳᠤᠮᠳᠠᠳᠤ ᠤᠯᠤᠰ᠎ᠤᠨ ᠢᠷᠡᠭᠡᠳᠦᠢ ᠵᠢᠨ ᠬᠤᠪᠢ ᠵᠠᠶᠠᠭ᠎ᠠ᠎ᠶ᠋ᠢ ᠬᠤᠪᠢᠷᠠᠭᠤᠯᠬᠤ᠎ᠶ᠋ᠢᠨ ᠲᠥᠯᠥᠭᠡ᠂ ᠱᠢᠨ᠎ᠡ ᠪᠠᠢᠭᠤᠯᠤᠯ ᠵᠢᠴᠢ ᠤᠯᠤᠰ᠎ᠤᠨ ᠵᠠᠰᠠᠯᠲᠠ᠎ᠶ᠋ᠢᠨ ᠱᠢᠰᠲ᠋ᠧᠮ᠎ᠢ ᠬᠠᠢᠨ ᠰᠦᠪᠡᠭ᠌ᠴᠢᠯᠡᠵᠦ᠍ ᠂ ᠦᠨᠳᠦᠰᠦᠨ ᠬᠠᠤᠯᠢᠲᠤ ᠡᠵᠡᠨᠲᠦ ᠪᠠᠢᠭᠤᠯᠤᠯ ᠂ ᠵᠥᠪᠯᠡᠯᠭᠡᠨ᠎ᠦ ᠬᠤᠷᠠᠯ᠎ᠤᠨ ᠪᠠᠢᠭᠤᠯᠤᠯ ᠂ ᠤᠯᠠᠨ ᠨᠠᠮ᠎ᠲᠤ ᠪᠠᠢᠭᠤᠯᠤᠯ ᠂ ᠶᠡᠷᠦᠩᠬᠡᠢᠯᠡᠭ᠌ᠴᠢ᠎ᠶ᠋ᠢᠨ ᠪᠠᠢᠭᠤᠯᠤᠯ ᠵᠡᠷᠭᠡ ᠡᠯ᠎ᠡ ᠵᠦᠢᠯ᠎ᠦᠨ ᠪᠠᠢᠭᠤᠯᠤᠯ᠎ᠤᠨ ᠵᠠᠭ᠍ᠪᠤᠷ᠎ᠢ ᠲᠤᠷᠱᠢᠭ᠍ᠰᠠᠨ ᠪᠣᠯᠪᠠᠴᠤ᠌ ᠴᠥᠮ ᠢᠯᠠᠭ᠍ᠳᠠᠯᠢᠶᠠᠷ ᠲᠡᠭᠦᠰᠪᠡ᠃ ᠳᠤᠮᠳᠠᠳᠤ ᠤᠯᠤᠰ᠎ᠤᠨ ᠣᠷᠴᠢᠨ ᠦᠶ᠎ᠡ᠎ᠶ᠋ᠢᠨ ᠲᠡᠦᠬᠡᠨ᠎ᠳᠦ ᠨᠢᠭᠡᠨ ᠲᠦᠷᠦ᠍᠎ᠶ᠋ᠢᠨ ᠨᠠᠮ ᠱᠢᠨᠵᠢᠯᠡᠬᠦ᠌ ᠤᠬᠠᠭᠠᠨᠴᠢ ᠤᠨᠤᠯ᠎ᠢᠶᠡᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠭᠡᠷᠡᠯᠲᠦ ᠴᠠᠮᠬᠠᠭ᠎ᠢ ᠭᠡᠷᠡᠯᠲᠦᠭᠦᠯᠵᠦ᠍᠂ ᠠᠷᠠᠳ ᠤᠯᠠᠨ᠎ᠤ ᠬᠦᠴᠦᠨ᠎ᠢ ᠨᠢᠭ᠍ᠲᠠᠷᠠᠭᠤᠯᠤᠨ᠂ ᠵᠣᠬᠢᠶᠠᠨ ᠪᠠᠢᠭᠤᠯᠵᠤ᠂ 《ᠭᠤᠷᠪᠠᠨ ᠶᠡᠬᠡ ᠠᠭᠤᠯᠠ》᠎ᠶ᠋ᠢᠨ ᠨᠣᠶᠠᠷᠬᠠᠯ᠎ᠢ ᠲᠦᠯᠬᠢᠨ ᠤᠨᠠᠭᠠᠵᠤ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠴᠢᠯᠥᠭᠡᠯᠡᠯᠲᠡ᠎ᠶ᠋ᠢ ᠦᠨᠡᠨ ᠬᠦ᠌ ᠪᠡᠶᠡᠯᠡᠭᠦᠯᠬᠦ᠌ ᠶᠠᠪᠤᠳᠠᠯ ᠲᠤᠯᠭᠠᠮ ᠱᠠᠭᠠᠷᠳᠠᠭ᠍ᠳᠠᠵᠤ ᠪᠠᠢᠪᠠ᠃
ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠬᠦ᠌ᠡᠴᠡ ᠡᠮᠦᠨ᠎ᠡ᠂ ᠠᠯᠢᠪᠠ ᠵᠣᠬᠢᠶᠠᠨ ᠪᠠᠢᠭᠤᠯᠣᠯᠳᠠ ᠵᠢᠨ ᠬᠦᠴᠦᠨ ᠴᠥᠮ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠦᠨᠡᠨ ᠬᠦ᠌ ᠡᠭᠦᠷᠭᠡᠯᠡᠵᠦ᠍ ᠴᠢᠳᠠᠭ᠍ᠰᠠᠨ ᠦᠭᠡᠢ᠃ ᠤᠯᠤᠰ᠎ᠢᠶᠠᠨ ᠠᠪᠤᠷᠠᠵᠤ ᠠᠷᠠᠳ᠎ᠢᠶᠡᠨ ᠠᠪᠤᠷᠠᠬᠤ ᠵᠠᠮ᠎ᠢ ᠡᠷᠢᠯᠬᠢᠯᠡᠬᠦ᠌ ᠶᠠᠪᠤᠴᠠ᠎ᠳᠤ᠂ ᠤᠷᠤᠰ᠎ᠤᠨ ᠠᠷᠪᠠᠨ ᠰᠠᠷ᠎ᠠ᠎ᠶ᠋ᠢᠨ ᠬᠤᠪᠢᠰᠭᠠᠯ᠎ᠤᠨ ᠫᠤᠤ᠎ᠶ᠋ᠢᠨ ᠲᠠᠭᠤᠨ ᠳᠤᠮᠳᠠᠳᠤ ᠤᠯᠤᠰ᠎ᠲᠤ ᠮᠠᠷᠺᠰ ᠯᠧᠨᠢᠨ᠎ᠦ ᠦᠵᠡᠯ᠎ᠢ ᠠᠪᠴᠢᠷᠠᠵᠦ᠂ ᠭᠠᠰᠠᠯᠠᠩ ᠵᠣᠪᠠᠯᠠᠩᠲᠤ ᠳᠤᠮᠳᠠᠳᠤ ᠤᠯᠤᠰ᠎ᠲᠤ ᠰᠠᠷᠠᠭᠤᠯ ᠳᠠᠷᠳᠠᠩ ᠵᠠᠮ᠎ᠢ ᠵᠢᠭᠠᠵᠤ ᠥᠭ᠌ᠴᠡᠢ᠃ ᠣᠷᠴᠢᠨ ᠦᠶ᠎ᠡ᠎ᠶ᠋ᠢᠨ ᠳᠤᠮᠳᠠᠳᠤ ᠤᠯᠤᠰ᠎ᠤᠨ 《ᠭᠤᠷᠪᠠᠨ ᠮᠢᠩᠭᠠᠨ ᠵᠢᠯ᠎ᠳᠦ ᠭᠠᠷᠤᠭ᠎ᠠ ᠦᠭᠡᠢ ᠬᠤᠪᠢᠰᠤᠯᠲᠠ 》᠎ᠶ᠋ᠢᠨ ᠳᠤᠮᠳᠠ ᠂ ᠬᠡᠳᠦᠨ ᠵᠠᠭᠤᠨ ᠵᠦᠢᠯ᠎ᠦᠨ ᠦᠵᠡᠯ ᠰᠠᠨᠠᠭᠠᠨ᠎ᠤ ᠤᠷᠤᠰᠭᠠᠯ ᠬᠢᠭᠡᠳ 《ᠦᠵᠡᠯ 》 ᠦᠷᠢᠰᠦᠯᠳᠦᠵᠦ᠍ ᠪᠠᠢᠭ᠍ᠰᠠᠨ ᠪᠣᠯᠪᠠᠴᠤ᠌ ᠴᠥᠮ ᠨᠢᠭᠡᠨ ᠪᠦᠯᠦᠭ ᠬᠥᠮᠦᠰ᠎ᠡᠴᠡ ᠨᠢᠭᠡᠨ ᠪᠦᠯᠦᠭ ᠬᠦᠮᠦᠰ᠎ᠦᠨ ᠠᠰᠢᠬ ᠲᠣᠰᠠ ᠵᠢᠨ ᠲᠦᠯᠦᠬᠡ ᠶᠠᠪᠣᠭᠣᠯᠤᠬᠰᠠᠨᠲᠡᠮᠡᠴᠡᠯ ᠪᠠᠢᠵᠦ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠴᠢᠳᠠᠭ᠍ᠰᠠᠨ ᠦᠭᠡᠢ᠃ ᠭᠠᠭ᠍ᠴᠠ ᠬᠦ᠌ ᠮᠠᠷᠺᠰ᠎ᠤᠨ ᠦᠵᠡᠯ᠎ᠦᠨ ᠤᠨᠤᠯ ᠪᠣᠯ ᠣᠯᠠᠨ ᠲᠣᠭᠠᠨᠦ ᠬᠥᠮᠦᠰ ᠡᠴᠡ ᠣᠯᠠᠨ ᠲᠣᠭᠠᠨᠦ ᠬᠥᠮᠦᠰ᠎ᠦᠨ ᠠᠱᠢᠭ ᠲᠤᠰᠠ᠎ᠶ᠋ᠢᠨ ᠲᠥᠯᠥᠭᠡ ᠶᠠᠪᠤᠭᠤᠯᠤᠭ᠍ᠰᠠᠨ ᠲᠡᠮᠡᠴᠡᠯ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠥᠮᠦᠨ ᠨᠢᠭᠡᠪᠦᠷᠢ᠎ᠶ᠋ᠢᠨ ᠠᠱᠢᠭ ᠲᠤᠰᠠ᠎ᠳᠤ ᠬᠣᠯᠪᠣᠭ᠍ᠳᠠᠬᠤ ᠤᠨᠤᠯ ᠮᠥᠨ᠃ ᠯᠢ ᠳ᠋ᠡ ᠵᠤᠤ ᠳᠤᠮᠳᠠᠳᠤ ᠤᠯᠤᠰ ᠲᠤ᠌ ᠬᠠᠮᠤᠭ᠎ᠤᠨ ᠡᠷᠲᠡ ᠮᠠᠷᠺᠰ᠎ᠤᠨ ᠦᠵᠡᠯ᠎ᠢ ᠤᠯᠠᠮᠵᠢᠯᠠᠵᠠᠢ᠂ ᠲᠡᠷᠡ 《ᠬᠠᠷᠠᠴᠤ᠌ ᠠᠷᠠᠳ᠎ᠤᠨ ᠢᠯᠠᠯᠲᠠ》 ᠂ 《ᠮᠢᠨᠦ᠍ ᠮᠠᠷᠺᠰ᠎ᠤᠨ ᠦᠵᠡᠯ᠎ᠦᠨ ᠦᠵᠡᠯᠲᠡ》 ᠵᠡᠷᠭᠡ ᠵᠣᠬᠢᠶᠠᠯ ᠨᠡᠢᠲᠡᠯᠡᠵᠦ᠍᠂ ᠤᠷᠤᠰ᠎ᠤᠨ ᠠᠷᠪᠠᠨ ᠰᠠᠷ᠎ᠠ᠎ᠶ᠋ᠢᠨ ᠬᠤᠪᠢᠰᠭᠠᠯ ᠪᠣᠯᠤᠨ ᠮᠠᠷᠺᠰ᠎ᠤᠨ ᠦᠵᠡᠯ᠎ᠢ ᠤᠬᠠᠭᠤᠯᠪᠠ᠃ 1921 ᠣᠨ᠎ᠤ 7 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠵᠢᠶᠠ ᠱᠢᠩ᠎ᠤᠨ ᠨᠠᠨ ᠬᠣ᠌ ᠨᠠᠭᠤᠷ᠎ᠤᠨ ᠤᠯᠠᠭᠠᠨ ᠣᠩᠭᠣᠴᠠ᠎ᠠᠴᠠ ᠮᠣᠷᠳᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠠᠶᠠᠨ᠎ᠢ ᠡᠬᠢᠯᠡᠭᠦᠯᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢᠭᠤᠯᠤᠭ᠍ᠳᠠᠭ᠍ᠰᠠᠨ ᠨᠢ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠡᠷᠡᠰ ᠴᠢᠩᠭ᠎ᠠ ᠤᠳᠤᠷᠢᠳᠤᠭ᠍ᠴᠢ᠎ᠲᠠᠶ ᠪᠣᠯᠤᠭ᠍ᠰᠠᠨ᠎ᠢ ᠬᠠᠷᠠᠭᠤᠯᠵᠤ ᠪᠠᠢᠬᠤ᠎ᠪᠠᠷ ᠪᠠᠷᠠᠬᠤ ᠦᠭᠡᠢ᠂ ᠳᠤᠮᠳᠠᠳᠤ ᠤᠯᠤᠰ᠎ᠤᠨ ᠬᠤᠪᠢᠰᠭᠠᠯ᠎ᠤᠨ ᠵᠠᠮ ᠪᠠ ᠴᠢᠭ᠌ᠯᠡᠯ᠎ᠢ ᠲᠣᠳᠣᠷᠬᠠᠢ ᠵᠢᠭᠠᠵᠤ᠂ ᠤᠯᠤᠰ᠎ᠢᠶᠠᠨ ᠠᠪᠤᠷᠠᠵᠤ ᠠᠷᠠᠳ᠎ᠢᠶᠠᠨ ᠠᠪᠤᠷᠠᠬᠤ ᠵᠠᠮ᠎ᠢ ᠡᠷᠢᠵᠦ᠍ ᠣᠯᠤᠭ᠍ᠰᠠᠨ ᠪᠠᠢᠨ᠎ᠠ᠃
ᠨᠠᠮ᠎ᠤᠨ ᠵᠠᠭᠤᠨ ᠵᠢᠯ᠎ᠦᠨ ᠲᠡᠮᠡᠴᠡᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠴᠣᠭᠴᠠᠯᠠᠪᠠ
ᠦᠨᠡᠨ ᠶᠣᠰᠣ᠎ᠶ᠋ᠢ ᠪᠠᠷᠢᠮᠲᠠᠯᠠᠵᠤ᠂ ᠬᠦᠰᠡᠯᠡᠩ᠎ᠢᠶᠡᠨ ᠪᠠᠲᠤ ᠰᠠᠬᠢᠬᠤ ᠪᠣᠯ ᠨᠠᠮ ᠪᠠᠢᠭᠤᠯᠬᠤ ᠠᠭᠣᠣ ᠶᠡᠬᠡ ᠵᠣᠷᠢᠭ ᠰᠠᠨᠠᠭᠠᠨ᠎ᠤ ᠦᠵᠡᠯ ᠰᠠᠨᠠᠭᠠᠨ᠎ᠤ ᠰᠠᠭᠤᠷᠢ ᠮᠥᠨ᠃ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠲᠤᠬᠠᠢ ᠢᠲᠡᠭᠡᠯ ᠪᠢᠱᠢᠷᠡᠯ᠂ ᠨᠡᠢᠭᠡᠮ ᠵᠢᠷᠤᠮ ᠪᠠ ᠡᠪ ᠬᠠᠮᠲᠤ ᠶᠣᠰᠣᠨ᠎ᠤ ᠲᠤᠬᠠᠢ ᠡᠷᠡᠰ ᠪᠠᠲᠤ ᠢᠲᠡᠭᠡᠯ ᠵᠣᠷᠢᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠠᠯᠢᠪᠠ ᠬᠦᠴᠢᠷ ᠪᠡᠷᠬᠡᠱᠢᠶᠡᠯ᠎ᠢ ᠢᠯᠠᠨ ᠳᠠᠪᠠᠬᠤ ᠤᠶᠤᠨ ᠰᠠᠨᠠᠭᠠᠨ᠎ᠤ ᠲᠤᠯᠭᠠᠭᠤᠷᠢ ᠪᠠ ᠬᠦᠴᠦᠨ ᠴᠢᠳᠠᠯ᠎ᠤᠨ ᠡᠬᠢ ᠪᠤᠯᠠᠭ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠢᠶᠠᠨ ᠠᠪᠤᠷᠠᠵᠤ ᠠᠷᠠᠳ᠎ᠢᠶᠡᠨ ᠠᠪᠤᠷᠠᠬᠤ ᠦᠢᠯᠡᠳᠦᠯᠭᠡ᠎ᠶ᠋ᠢᠨ ᠳᠤᠮᠳᠠ᠂ ᠮᠠᠷᠺᠰ᠎ᠤᠨ ᠦᠵᠡᠯ᠎ᠦᠨ ᠦᠨᠡᠨ ᠶᠣᠰᠣ᠎ᠶ᠋ᠢ ᠥᠪᠡᠷ᠎ᠦᠨ ᠡᠷᠡᠰ ᠪᠠᠲᠤ ᠢᠲᠡᠭᠡᠯ ᠪᠢᠱᠢᠷᠡᠯ᠎ᠢᠶᠡᠨ ᠪᠣᠯᠭᠠᠪᠠ᠃
ᠤᠭ ᠰᠠᠨᠠᠭ᠎ᠠ᠎ᠪᠠᠨ ᠦᠶ᠋ᠯᠡᠳᠦᠯᠭᠡᠵᠢᠭᠦᠯᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠨᠵᠢ ᠴᠢᠨᠠᠷ ᠵᠣᠷᠢᠯᠲᠠ᠂ ᠬᠦᠰᠡᠯᠡᠩ ᠢᠲᠡᠭᠡᠯ ᠪᠢᠱᠢᠷᠡᠯ᠂ ᠲᠡᠮᠡᠴᠡᠬᠦ᠌ ᠬᠠᠷᠠᠯᠲᠠ᠎ᠶ᠋ᠢᠨ ᠲᠥᠪᠯᠡᠷᠡᠩᠭᠦᠢ ᠢᠯᠡᠷᠡᠯ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠦᠬᠡ ᠪᠣᠯ ᠳᠠᠷᠤᠶ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠦᠭ᠌ᠰᠡᠨ ᠲᠡᠦᠬᠡ ᠮᠥᠨ᠂ ᠳᠠᠷᠤᠶ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠨ᠂ ᠠᠮᠢᠰᠭᠤᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠲᠡᠦᠬᠡ ᠮᠥᠨ᠃ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠬᠠᠮᠤᠭ᠎ᠤᠨ ᠴᠢᠬᠤᠯᠠ ᠵᠠᠩ ᠴᠢᠨᠠᠷ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨᠡᠴᠡᠪᠡᠨ ᠠᠪᠤᠭᠠᠳ ᠠᠷᠠᠳ ᠤᠯᠠᠨ ᠪᠣᠯ ᠲᠡᠦᠬᠡ᠎ᠶ᠋ᠢᠨ ᠬᠥᠭ᠌ᠵᠢᠯᠲᠡ᠎ᠶ᠋ᠢᠨ ᠭᠣᠣᠯ ᠴᠣᠭ᠍ᠴᠠ ᠮᠥᠨ᠂ ᠨᠡᠢᠭᠡᠮ᠎ᠦᠨ ᠬᠤᠪᠢᠰᠤᠯᠲᠠ᠎ᠶ᠋ᠢᠨ ᠱᠢᠢᠳᠪᠦᠷᠢᠯᠡᠭ᠌ᠴᠢ ᠬᠦᠴᠦᠨ ᠮᠥᠨ ᠭᠡᠵᠦ᠍ ᠴᠢᠬᠤᠯᠠᠴᠢᠯᠠᠪᠠ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠰᠢ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠳᠤᠮᠳᠠᠳᠤ ᠤᠯᠤᠰ᠎ᠲᠤ ᠭᠦᠢᠴᠡᠳ ᠲᠤᠭᠤᠱᠢᠯᠠᠭᠤᠯᠪᠠ᠃ ᠱᠢᠨ᠎ᠡ ᠴᠠᠭ ᠦᠶ᠎ᠡ᠎ᠳᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠢᠭᠤᠯᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ᠎ᠤᠨ ᠲᠥᠯᠥᠭᠡ ᠲᠦᠷᠦ᠍ ᠪᠠᠷᠢᠵᠤ ᠂ ᠠᠷᠠᠳ ᠲᠦᠮᠡᠨ᠎ᠢ ᠳᠡᠭᠡᠳᠦᠯᠡᠬᠦ᠌ ᠮᠥᠨ ᠴᠢᠨᠠᠷ᠎ᠤᠨ ᠣᠨᠴᠠᠯᠢᠭ᠎ᠢ ᠬᠦᠢᠴᠡᠳ ᠢᠯᠡᠷᠡᠬᠦᠯᠵᠡᠢ᠃
ᠦᠷᠡᠭ᠌ᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠌ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠦᠢᠯᠡ ᠠᠵᠢᠯᠯᠠᠭ᠎ᠠ᠎ᠶ᠋ᠢᠨ ᠮᠥᠨ ᠴᠢᠨᠠᠷ ᠮᠥᠨ᠃ ᠬᠤᠪᠢᠰᠭᠠᠯᠲᠤ ᠲᠠᠢ᠌ᠨ᠎ᠦ ᠵᠢᠯ᠎ᠦᠳ᠎ᠲᠦ ᠳᠤᠮᠳᠠᠳᠤ ᠤᠯᠤᠰ᠎ᠤᠨ ᠡᠪ ᠬᠠᠮᠲᠤ ᠨᠠᠮ ᠦᠨ ᠲᠣᠳᠣᠷ᠎ᠠ ᠯᠢ ᠳ᠋ᠡ ᠵᠤᠤ ᠂ ᠶᠠᠩ ᠵᠢᠩ ᠢᠦᠢᠨᠡᠷᠢᠶᠡᠷ ᠲᠥᠯᠥᠭᠡᠯᠡᠭᠦᠯᠦᠭ᠌ᠰᠡᠨ ᠲᠣᠭ᠎ᠠ ᠲᠣᠮᠰᠢ ᠦᠭᠡᠢ ᠬᠤᠪᠢᠰᠭᠠᠯᠳᠦ ᠪᠠᠭᠠᠲᠤᠷᠴᠤᠳ ᠴᠣᠯᠭᠣᠷᠠᠨ ᠭᠠᠷᠴᠤ᠌᠂ ᠠᠷᠠᠳ ᠲᠦᠮᠡᠨ᠎ᠦ ᠵᠣᠯ ᠵᠢᠷᠭᠠᠯ ᠪᠠ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠤᠨ ᠲᠥᠯᠥᠭᠡ ᠥᠪᠡᠷ᠎ᠦᠨ ᠠᠮᠢ ᠨᠠᠰᠤ᠎ᠪᠠᠨ ᠦᠷᠡᠭ᠌ᠳᠡᠭᠦᠯᠦᠭ᠌ᠰᠡᠨ ᠶᠤᠮ᠃ ᠨᠡᠢᠭᠡᠮ ᠵᠢᠷᠤᠮᠳᠦ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠦ ᠯᠸᠢ ᠹᠸᠩ᠂ ᠵᠢᠶᠤᠤ ᠢᠦᠢ ᠯᠦ᠍ ᠵᠡᠷᠭᠡ ᠪᠠᠭᠠᠲᠤᠷ ᠬᠥᠮᠦᠰ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠦ ᠲᠥᠯᠥᠭᠡᠯᠡᠭ᠌ᠴᠢ ᠪᠣᠯᠪᠠ᠃ ᠱᠢᠨ᠎ᠡ ᠴᠠᠭ ᠦᠶ᠎ᠡ᠎ᠳᠦ᠂ ᠨᠠᠮ᠎ᠦᠨ ᠲᠠᠩᠭᠠᠷᠢᠭ ᠵᠢᠡᠨ ᠪᠠᠳᠣ ᠰᠠᠬᠢᠭᠰᠠᠨ ᠦᠷᠡᠭᠳᠡᠯ ᠡᠴᠡ ᠠᠶᠣᠬᠣ ᠦᠬᠡᠢ᠂ ᠡᠷᠡᠯᠭᠡᠭ ᠪᠠᠭᠠᠳᠣᠷᠯᠢᠭ ᠲᠡᠮᠡᠴᠡᠯ ᠦᠨ ᠵᠣᠷᠢᠬ ᠲᠠᠢ ᠨᠠᠮ᠎ᠦᠨ ᠬᠡᠰᠢᠬᠦᠳ ᠮᠦᠨ ᠣᠯᠠᠨ ᠪᠠᠢᠨ᠎ᠠ᠃ ᠣᠳᠣᠬᠠᠨ᠎ᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠦᠪᠡᠭ ᠪᠤᠳᠤᠯᠢᠶᠠᠨᠲᠠᠢ ᠣᠷᠴᠢᠨ ᠨᠥᠬᠥᠴᠡᠯ᠎ᠦᠨ ᠡᠮᠦᠨ᠎ᠡ ᠂ ᠪᠢᠳᠡ ᠭᠠᠭ᠍ᠴᠠ ᠬᠦ᠌ ᠰᠠᠨᠠᠭᠠᠴᠢᠯᠠᠭ᠎ᠠ᠎ᠲᠠᠶ᠎ᠪᠠᠷ ᠵᠣᠷᠢᠭ᠍ᠲᠠᠢ ᠠᠵᠢᠯᠯᠠᠵᠤ ᠂ ᠬᠦᠴᠦᠲᠡᠢ ᠪᠥᠭᠡᠳ ᠪᠦᠲᠦᠮᠵᠢᠲᠡᠢ ᠲᠡᠮᠡᠴᠡᠪᠡᠯ ᠰᠠᠶᠢ ᠬᠠᠨᠳᠤᠰᠢᠳᠤᠨᠢ ᠲᠤᠬᠢᠷᠠᠭᠤᠯᠤᠨ ᠴᠢᠳᠠᠮᠠᠭᠠᠢ᠎ᠪᠠᠷ ᠵᠢᠯᠣᠭᠣᠳᠴᠤ᠌᠂ ᠠᠶᠤᠯ ᠲᠦᠭ᠌ᠰᠢᠭᠦᠷᠢ᠎ᠶ᠋ᠢ ᠠᠵᠠ ᠲᠣᠬᠢᠶᠠᠯ ᠪᠣᠯᠭᠠᠨ ᠬᠤᠪᠢᠷᠠᠭᠤᠯᠵᠤ ᠂ ᠠᠭᠤᠤ ᠶᠡᠬᠡ ᠢᠨᠵᠧᠨᠧᠷᠢᠩ ᠪᠠ ᠠᠭᠤᠤ ᠶᠡᠬᠡ ᠦᠢᠯᠡᠰ᠎ᠦᠨ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠣᠯᠵᠤ ᠴᠢᠳᠠᠨ᠎ᠠ᠃
ᠨᠠᠮ᠎ᠳᠠᠭᠠᠨ ᠦᠨᠡᠨᠴᠢ ᠱᠢᠳᠤᠷᠭᠤ ᠪᠠᠢᠬᠤ᠂ ᠠᠷᠠᠳ ᠲᠦᠮᠡᠨ᠎ᠳᠦ ᠣᠰᠣᠯᠳᠠᠬᠤ ᠦᠭᠡᠢ ᠪᠠᠢᠬᠤ ᠪᠣᠯ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠦᠷᠳᠡᠭ᠎ᠦᠨ ᠬᠥᠭᠡᠭᠡᠴᠡᠯᠳᠦᠯ ᠮᠥᠨ᠃ ᠦᠨᠡᠨᠴᠢ ᠱᠢᠳᠤᠷᠭᠤ ᠪᠠᠢᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ ᠮᠥᠨ᠂ ᠲᠡᠷᠡ ᠨᠢ ᠳᠤᠮᠳᠠᠳᠤ᠎ᠶ᠋ᠢᠨ ᠦᠨᠳᠦᠰᠦᠲᠡᠨ᠎ᠦ ᠥᠷᠲᠡᠭ᠎ᠦᠨ ᠦᠵᠡᠯᠲᠡ᠂ ᠣᠶᠤᠨ ᠰᠠᠨᠠᠭᠠᠨ᠎ᠤ ᠢᠲᠡᠭᠡᠯ ᠪᠢᠱᠢᠷᠡᠯ ᠪᠠ ᠵᠠᠩ ᠠᠷᠠᠨᠱᠢᠨ᠎ᠢ ᠢᠯᠡᠷᠡᠭᠦᠯᠵᠡᠶ᠃ ᠨᠠᠮ᠎ᠳᠠᠭᠠᠨ ᠦᠨᠡᠨᠴᠢ ᠱᠢᠳᠤᠷᠭᠤ ᠪᠠᠢᠬᠤ ᠪᠣᠯ ᠨᠠᠮ᠎ᠤᠨ ᠭᠡᠱᠢᠭᠦᠨ ᠨᠢᠭᠡᠪᠦᠷᠢ᠎ᠶ᠋ᠢᠨ ᠲᠥᠪ ᠴᠢᠩᠭ᠎ᠠ ᠠᠮᠠᠯᠠᠯᠲᠠ ᠮᠥᠨ ᠂ ᠪᠠᠰᠠ ᠴᠤ᠌ ᠨᠠᠮ᠎ᠤᠨ ᠭᠡᠱᠢᠭᠦᠨ ᠨᠢᠭᠡᠪᠦᠷᠢ᠎ᠶ᠋ᠢᠨ ᠡᠷᠬᠡᠪᠰᠢ ᠪᠦᠷᠢᠯᠳᠦᠭᠦᠯᠬᠦ᠌ ᠬᠡᠷᠡᠭ᠌ᠲᠡᠢ ᠤᠯᠤᠰ ᠲᠦᠷᠦ᠍᠎ᠶ᠋ᠢᠨ ᠬᠡᠪ ᠴᠢᠨᠠᠷ ᠮᠥᠨ᠃
ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ
ᠵᠠᠭᠤᠨ ᠵᠢᠯ᠎ᠦᠨ ᠲᠤᠷᠰᠢ ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭᠠᠵᠤ ᠂ ᠳᠤᠮᠳᠠᠳᠤ ᠤᠯᠤᠰ᠎ᠤᠨ ᠡᠪ ᠬᠠᠮᠲᠤ ᠨᠠᠮ ᠵᠠᠭᠤᠨ ᠵᠢᠯ᠎ᠦᠨ ᠲᠡᠮᠡᠴᠡᠯ᠎ᠦᠨ ᠳᠤᠮᠳᠠ ᠠᠯᠢ ᠤᠯᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠦᠷᠢᠯᠳᠦᠭᠦᠯᠵᠦ᠍᠂ ᠳᠤᠮᠳᠠᠳᠤ᠎ᠶ᠋ᠢᠨ ᠦᠨᠳᠦᠰᠦᠲᠡᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠤᠷᠳᠤ ᠬᠤᠭᠤᠴᠠᠭᠠᠨ᠎ᠤ ᠲᠤᠷᠰᠢ ᠪᠦᠷᠢᠯᠳᠦᠭ᠌ᠰᠡᠨ ᠠᠭᠤᠤ ᠶᠡᠬᠡ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠠᠭᠤᠤ ᠶᠡᠬᠡ ᠲᠡᠮᠡᠴᠡᠯ᠎ᠦᠨ ᠵᠣᠷᠢᠭ ᠰᠠᠨᠠᠭ᠎ᠠ᠂ ᠠᠭᠤᠤ ᠶᠡᠬᠡ ᠪᠦᠯᠬᠦᠮᠳᠡᠯ᠎ᠦᠨ ᠵᠣᠷᠢᠭ ᠰᠠᠨᠠᠭ᠎ᠠ ᠂ ᠠᠭᠤᠤ ᠶᠡᠬᠡ ᠬᠦᠰᠡᠯ ᠵᠡᠭᠦᠳᠦ᠍᠎ᠶ᠋ᠢᠨ ᠵᠣᠷᠢᠭ ᠰᠠᠨᠠᠭ᠎ᠠ᠎ᠶ᠋ᠢ ᠲᠥᠪᠯᠡᠷᠡᠩᠭᠦᠢ ᠢᠯᠡᠷᠡᠭᠦᠯᠪᠡ᠃ ᠶᠠᠭ ᠡᠳᠡᠭᠡᠷ ᠠᠭᠤᠤ ᠶᠡᠬᠡ ᠵᠣᠷᠢᠭ ᠰᠠᠨᠠᠭ᠎ᠠ ᠨᠢ ᠮᠠᠨ᠎ᠤ ᠨᠠᠮ᠎ᠤᠨ ᠢᠯᠡ ᠲᠣᠳᠣ ᠤᠯᠤᠰ ᠲᠦᠷᠦ᠍᠎ᠶ᠋ᠢᠨ ᠵᠠᠩ ᠰᠤᠷᠳᠠᠯ᠎ᠢ ᠳᠠᠪᠲᠠᠨ ᠪᠣᠯᠪᠠᠰᠤᠷᠠᠭᠤᠯᠵᠤ ᠂ ᠮᠠᠨ᠎ᠤ ᠨᠠᠮ ᠂ ᠤᠯᠤᠰ ᠂ ᠦᠨᠳᠦᠰᠦᠲᠡᠨ ᠂ ᠠᠷᠠᠳ ᠲᠦᠮᠡᠨ᠎ᠦ ᠴᠢᠰᠤ ᠮᠢᠬᠠᠨ᠎ᠳᠤ ᠭᠦᠨ ᠠᠭᠤᠰᠴᠤ ᠂ ᠨᠠᠮ᠎ᠢ ᠪᠠᠢᠭᠤᠯᠬᠤ ᠨᠠᠮ᠎ᠢ ᠮᠠᠨᠳᠤᠭᠤᠯᠬᠤ ᠨᠠᠮ᠎ᠢ ᠬᠦᠴᠦᠷᠬᠡᠭ᠌ᠵᠢᠭᠦᠯᠬᠦ᠌᠎ᠳᠦ ᠡᠯᠪᠡᠭ ᠪᠠᠶᠠᠯᠢᠭ ᠱᠢᠮ᠎ᠡ ᠲᠡᠵᠢᠭᠡᠯ ᠬᠠᠩᠭᠠᠭ᠍ᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠳᠤ ᠬᠤᠭᠤᠴᠠᠭᠠᠨ᠎ᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠳᠤᠮᠳᠠ ᠪᠦᠷᠢᠯᠳᠦᠭ᠌ᠰᠡᠨ ᠢᠷᠠᠭᠤ ᠠᠯᠳᠠᠷᠲᠤ ᠤᠯᠠᠮᠵᠢᠯᠠᠯ ᠪᠠ ᠱᠢᠯᠢᠳᠡᠭ ᠰᠤᠷᠲᠠᠯ ᠨᠢ ᠴᠥᠮ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠲᠠᠶ ᠭᠦᠨ ᠵᠤᠵᠠᠭᠠᠨ ᠡᠬᠢ ᠰᠤᠷᠪᠤᠯᠵᠢ᠎ᠲᠠᠶ ᠶᠤᠮ᠃ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ᠎ᠤᠨ ᠱᠢᠰᠲ᠋ᠧᠮ ᠶᠠᠪᠤᠬᠤ ᠲᠤᠳᠤᠮ ᠱᠢᠨᠡᠳᠴᠦ᠍ ᠂ ᠲᠠᠲᠠᠬᠤ ᠬᠦᠴᠦᠨ ᠨᠢ ᠥᠨᠢᠳᠡ ᠮᠥᠩᠬᠡᠷᠡᠵᠦ᠍ ᠂ ᠵᠠᠭᠤᠨ ᠵᠢᠯ᠎ᠦᠨ ᠲᠤᠮᠤ ᠨᠠᠮ᠎ᠤᠨ ᠠᠮᠵᠢᠯᠲᠠ ᠣᠯᠤᠭ᠍ᠰᠠᠨ ᠵᠣᠷᠢᠭ ᠰᠠᠨᠠᠭᠠᠨ᠎ᠤ ᠨᠢᠭᠤᠴᠠ ᠨᠣᠮᠧᠷ᠎ᠢ ᠠᠭᠤᠯᠵᠤ ᠪᠠᠢᠳᠠᠭ᠃
ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠪᠣᠯ ᠪᠢᠳᠡᠨ᠎ᠦ ᠰᠣᠶᠣᠯ᠎ᠤᠨ ᠢᠲᠡᠭᠡᠯ᠎ᠢᠶᠡᠨ ᠴᠢᠩᠭᠠᠳᠭᠠᠬᠤ ᠵᠣᠷᠢᠭ ᠰᠠᠨᠠᠭᠠᠨ᠎ᠤ ᠢᠳᠡ ᠬᠦᠴᠦᠨ ᠮᠥᠨ᠃ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠪᠣᠯ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠤᠭ᠍ᠰᠠᠨ ᠤᠶᠤᠨ ᠰᠠᠨᠠᠭᠠᠨ᠎ᠤ ᠪᠦᠲᠦᠭᠡᠭ᠌ᠳᠡᠬᠦᠨ ᠮᠥᠨ᠃ ᠰᠣᠶᠣᠯ᠎ᠤᠨ ᠢᠲᠡᠭᠡᠯ᠎ᠢᠶᠡᠨ ᠪᠠᠲᠤᠳᠭᠠᠬᠤ ᠨᠢ ᠤᠯᠤᠰ᠎ᠤᠨ ᠬᠤᠪᠢ ᠵᠠᠶᠠᠭᠠᠨ᠎ᠤ ᠮᠠᠨᠳᠤᠯ ᠪᠠᠭᠤᠷᠠᠯ᠎ᠲᠠᠶ ᠬᠣᠯᠪᠣᠭ᠍ᠳᠠᠵᠤ᠂ ᠰᠣᠶᠣᠯ᠎ᠤᠨ ᠠᠮᠤᠷ ᠲᠦᠪᠱᠢᠨ᠎ᠲᠡᠶ ᠬᠣᠯᠪᠣᠭ᠍ᠳᠠᠵᠤ᠂ ᠦᠨᠳᠦᠰᠦᠲᠡᠨ᠎ᠦ ᠵᠣᠷᠢᠭ ᠰᠠᠨᠠᠭᠠᠨ᠎ᠤ ᠲᠤᠰᠠᠭᠠᠷ ᠲᠣᠭ᠍ᠲᠠᠨᠢᠯ᠎ᠲᠠᠶ ᠬᠣᠯᠪᠣᠭ᠍ᠳᠠᠳᠠᠬ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭ᠍ᠳᠠᠵᠤ ᠪᠠᠢᠭ᠎ᠠ ᠳᠤᠮᠳᠠᠳᠤ ᠤᠯᠤᠰ᠎ᠤᠨ ᠤᠶᠤᠨ ᠤᠬᠠᠭᠠᠨ ᠂ ᠳᠤᠮᠳᠠᠳᠤ ᠤᠯᠤᠰ᠎ᠤᠨ ᠦᠷᠳᠡᠭ ᠪᠣᠯᠤᠨ ᠳᠤᠮᠳᠠᠳᠤ ᠤᠯᠤᠰ᠎ᠤᠨ ᠵᠣᠷᠢᠭ ᠰᠠᠨᠠᠭ᠎ᠠ ᠨᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠲᠠᠶ ᠰᠣᠶᠣᠯ᠎ᠢ ᠪᠣᠢᠵᠢᠭᠤᠯᠬᠤ ᠲᠠᠯ᠎ᠠ᠎ᠪᠠᠷ ᠭᠦᠨ ᠳᠠᠪᠬᠤᠷᠭ᠎ᠠ᠎ᠶ᠋ᠢᠨ ᠲᠤᠬᠢᠷᠠᠯᠴᠠᠭ᠎ᠠ᠎ᠲᠠᠶ ᠶᠤᠮ᠃ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠠᠬᠢ 《ᠦᠨᠡᠨᠴᠢ ᠱᠢᠳᠤᠷᠭᠤ᠎ᠪᠠᠷ ᠤᠯᠤᠰ᠎ᠲᠠᠭᠠᠨ ᠵᠢᠳᠬᠦᠬᠦ᠌》ᠡᠬᠡ ᠣᠷᠣᠨᠴᠢ ᠰᠡᠳᠭᠢᠯᠭᠡ᠂ 《ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ》 ᠲᠡᠮᠡᠴᠡᠯ᠎ᠦᠨ ᠵᠣᠷᠢᠭ ᠰᠠᠨᠠᠭ᠎ᠠ ᠂ 《ᠶᠠᠪᠤᠳᠠᠯ ᠪᠦᠬᠦᠨ᠎ᠳᠦ ᠰᠡᠳᠭᠢᠯ ᠲᠠᠯᠪᠢᠬᠤ᠂ ᠬᠥᠮᠦᠨ ᠪᠦᠬᠦᠨ᠎ᠳᠦ ᠬᠠᠷᠢᠭᠤᠴᠠᠯᠭ᠎ᠠ᠎ᠲᠠᠶ 》 ᠡᠭᠦᠷᠭᠡᠯᠡᠬᠦ᠌ ᠤᠬᠠᠮᠰᠠᠷ ᠂ 《ᠠᠮᠢ ᠪᠡᠶ᠎ᠡ᠎ᠪᠡᠨ ᠴᠦᠯᠡᠨ ᠵᠢᠷᠤᠮ᠎ᠢ ᠭᠦᠢᠴᠡᠳᠭᠡᠬᠦ᠌ 》 ᠠᠮᠢ ᠪᠡᠶ᠎ᠡ᠎ᠪᠡᠨ ᠦᠷᠡᠭ᠌ᠳᠡᠭᠦᠯᠬᠦ᠌ ᠵᠣᠷᠢᠭ ᠰᠠᠨᠠᠭ᠎ᠠ ᠂ 《ᠤᠯᠤᠰ ᠭᠡᠷ᠎ᠦᠨ ᠲᠥᠯᠥᠭᠡ ᠭᠡᠷ᠎ᠢᠶᠡᠨ ᠮᠠᠷᠲᠠᠵᠤ ᠂ ᠨᠡᠢᠲᠡ᠎ᠶ᠋ᠢᠨ ᠲᠥᠯᠥᠭᠡ ᠬᠤᠪᠢ᠎ᠪᠠᠨ ᠦᠯᠦ᠍ ᠪᠤᠳᠤᠬᠤ 》 ᠦᠷᠲᠡᠭ᠎ᠦᠨ ᠣᠢᠯᠠᠭᠠᠭ᠍ᠳᠠᠬᠤᠨ᠂ 《 ᠵᠧᠦ ᠤᠯᠤᠰ ᠨᠢ ᠬᠠᠭᠤᠴᠢᠨ ᠬᠦᠷᠦᠨ ᠤᠯᠤᠰ ᠪᠣᠯᠪᠠᠴᠤ᠌ ᠰᠢᠨᠡᠴᠢᠯᠡᠯᠳᠡ ᠬᠢᠬᠦ ᠭᠡᠷᠡᠭᠳᠡᠢ》 ᠭᠡᠬᠦ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ ᠂ 《ᠡᠶ᠎ᠡ ᠨᠠᠢᠷ᠎ᠢ ᠡᠷᠬᠢᠮᠯᠡᠬᠦ ᠬᠡᠷᠡᠭᠳᠡᠢ᠂ ᠳᠠᠢᠳᠣᠪᠠᠯ ᠮᠥᠬᠥᠨ᠎ᠡ》 ᠭᠡᠬᠦ᠌ ᠡᠩᠬᠡ ᠲᠠᠢᠪᠤᠩ᠎ᠤᠨ ᠣᠢᠯᠠᠭᠠᠭ᠍ᠳᠠᠬᠤᠨ᠂ 《ᠬᠥᠷᠰᠢ ᠵᠡᠷᠭᠡᠯᠡᠳᠡᠭᠡᠲᠡᠶᠪᠡᠨ ᠡᠶᠡᠯᠰᠡᠭ ᠂ ᠲᠦᠮᠡᠨ ᠤᠯᠤᠰ᠎ᠲᠠᠶ ᠡᠶ᠎ᠡ ᠨᠠᠢᠷᠲᠠᠢ ᠪᠠᠢᠬᠤ》 ᠭᠠᠳᠠᠭᠠᠳᠤ ᠬᠠᠷᠢᠯᠴᠠᠭᠠᠨ᠎ᠤ ᠶᠣᠰᠣ ᠨᠢ ᠨᠠᠮ ᠪᠠᠢᠭᠣᠯᠬᠤ ᠠᠭᠤᠤ ᠶᠡᠬᠡ ᠵᠣᠷᠢᠭ ᠰᠠᠨᠠᠭ᠎ᠠ ᠳᠤ ᠢᠯᠡᠷᠡᠵᠦ ᠪᠠᠢᠨ᠎ᠠ᠃ ᠱᠢᠨ᠎ᠡ ᠴᠠᠭ ᠦᠶ᠎ᠡ᠎ᠳᠦ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ ᠨᠢ ᠰᠣᠶᠣᠯ᠎ᠤᠨ ᠢᠲᠡᠭᠡᠯ᠎ᠢ ᠪᠠᠲᠤᠳᠭᠠᠬᠤ᠎ᠳᠤ ᠴᠢᠬᠤᠯᠠ ᠤᠶᠤᠨ ᠰᠠᠨᠠᠭᠠᠨ᠎ᠤ ᠲᠤᠯᠭᠠᠭᠤᠷᠢᠯᠠᠯ ᠬᠠᠩᠭᠠᠵᠤ᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠴᠢᠳᠠᠯ᠎ᠢ ᠬᠤᠷᠠᠮᠳᠤᠭᠤᠯᠵᠤ ᠴᠢᠳᠠᠨ᠎ᠠ᠃
(ᠵᠣᠬᠢᠶᠠᠭ᠍ᠴᠢ ᠵᠢᠨ ᠬᠠᠶᠢᠭ ᠄ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ )