ᠤᠢᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠢ ᠰᠤᠷᠤᠯᠴᠠᠨ ᠲᠤᠭᠤᠰᠢᠯᠠᠭᠤᠯᠬᠤ ᠦᠪᠡᠷᠲᠡᠭᠡᠨ ᠵᠠᠰᠠᠬᠤ ᠤᠷᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠬᠣᠷᠰᠢᠶ᠎ᠡ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ 《ᠭᠤᠸᠠᠩᠮᠢᠩ ᠡᠳᠦᠷ᠎ᠦᠨ ᠰᠣᠨᠢᠨ》᠎ᠤ᠋ ᠥᠪᠥᠷ ᠮᠣᠩᠭᠣᠯ᠎ᠤᠨ ᠰᠤᠷᠪᠤᠯᠵᠢᠯᠠᠭ᠍ᠴᠢ ᠶ᠋ᠢᠨ ᠥᠷᠲᠡᠭᠡᠨ᠎ᠦ ᠳᠠᠷᠤᠭ᠎ᠠ ᠭᠤᠤ ᠫᠢᠩ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ ᠤ ᠪᠠᠶᠠᠯᠢᠭ ᠠᠭᠤᠯᠤᠭ᠍ᠳᠠᠬᠤᠨ ᠪᠠ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠬᠤ》᠂《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ》ᠵᠡᠷᠭᠡ ᠭᠤᠷᠪᠠᠨ ᠲᠠᠯ᠎ᠠ᠎ᠠᠴᠠ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠲᠦᠬᠦᠮ ᠣᠢᠯᠠᠭᠠᠮᠵᠢᠲᠠᠶ ᠲᠠᠢᠯᠤᠮᠵᠢ ᠨᠢ ᠬᠤᠷᠠᠯ ᠳᠤ ᠣᠷᠣᠯᠴᠠᠭ᠍ᠰᠠᠳ᠎ᠲᠤ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠠ ᠭᠤᠤᠯ ᠠᠭᠤᠯᠭ᠎ᠠ᠎ᠶ᠋ᠢ ᠭᠦᠨᠵᠡᠭᠡᠶ ᠣᠢᠯᠠᠭᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠷᠠᠯᠲᠠ ᠡᠭᠦᠷᠭᠡ ᠪᠠ ᠠᠵᠢᠯ᠎ᠤᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠡᠵᠡᠮᠱᠢᠭᠦᠯᠪᠡ᠃
ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠬᠣᠷᠱᠢᠶ᠎ᠠ᠎ᠶ᠋ᠢᠨ ᠬᠣᠯᠪᠣᠭᠠᠲᠤ ᠬᠣᠷᠱᠢᠶ᠎ᠠ᠎ᠶ᠋ᠢᠨ ᠨᠠᠮ᠎ᠤᠨ ᠬᠣᠷᠢᠶᠠᠨ᠎ᠤ ᠱᠦᠵᠢ᠂ ᠬᠡᠷᠡᠭ ᠡᠷᠬᠢᠯᠡᠭ᠌ᠴᠢᠳ᠎ᠦᠨ ᠳᠠᠷᠤᠭ᠎ᠠ ᠭᠦᠸᠧ ᠳ᠋ᠡ ᠶᠦᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ ᠰᠡᠳᠭᠢᠯ ᠳᠣᠭ᠍ᠳᠣᠯᠤᠨ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠤᠭ᠍ᠳᠠᠬᠤᠨ ᠡᠯᠪᠡᠭ ᠪᠠᠶᠠᠯᠢᠭ᠂ ᠭᠦᠨᠵᠡᠭᠡᠶ ᠪᠥᠭᠡᠳ ᠣᠢᠯᠠᠭᠠᠮᠵᠢᠲᠠᠶ ᠪᠠᠢᠵᠤ᠂ ᠰᠣᠨᠣᠰᠤᠭ᠍ᠰᠠᠨ ᠤ ᠳᠠᠷᠠᠭ᠎ᠠ ᠮᠠᠰᠢ ᠶᠡᠬᠡ ᠰᠡᠩᠬᠡᠷᠡᠭᠦᠯᠦᠯ ᠪᠠ ᠵᠣᠷᠢᠭ᠍ᠵᠢᠭᠤᠯᠤᠯ ᠣᠯᠵᠤ᠂ ᠲᠠᠷᠢᠶᠠᠯᠠᠩ᠎ᠤᠨ ᠢᠲᠡᠭᠡᠮᠵᠢ᠎ᠶ᠋ᠢᠨ ᠬᠤᠷᠰᠢᠶᠠᠨᠦ ᠱᠢᠰᠲ᠋ᠧᠮᠦᠨᠬᠢᠨᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠳᠤ ᠵᠢᠯᠣᠭᠣᠳᠭᠤ ᠴᠢᠨᠠᠷᠲᠠᠶ ᠠᠴᠢ ᠬᠣᠯᠪᠣᠭ᠍ᠳᠠᠯ᠎ᠲᠠᠶ᠃ ᠲᠠᠷᠢᠶᠠᠯᠠᠩ᠎ᠤᠨ ᠢᠲᠡᠭᠡᠮᠵᠢ᠎ᠶ᠋ᠢᠨ ᠬᠣᠷᠱᠢᠶ᠎ᠠ᠎ᠨᠢ ᠨᠠᠮ᠎ᠤᠨ ᠮᠠᠯᠴᠢᠨ ᠲᠠᠷᠢᠶᠠᠴᠢᠨ᠎ᠲᠠᠶ ᠬᠠᠷᠢᠯᠴᠠᠬᠤ ᠮᠥᠩᠭᠥᠨ ᠭᠦᠶ᠋ᠯᠭᠡᠭᠡᠨ᠎ᠦ ᠬᠥᠭᠥᠷᠭᠡ ᠪᠠ ᠬᠣᠯᠪᠣᠭᠠᠰᠤ ᠪᠣᠯᠤᠭ᠍ᠰᠠᠨ᠎ᠤ ᠬᠤᠪᠢ᠎ᠳᠤ᠂ 〈ᠠᠷᠪᠠ᠎ᠶ᠋ᠢ ᠪᠠᠷᠢᠮᠲᠠᠯᠠᠬᠤ〉᠎ᠶ᠋ᠢ ᠭᠦᠶ᠋ᠴᠡᠳ ᠠᠱᠢᠭ᠍ᠯᠠᠨ ᠢᠷᠡᠭᠡᠳᠦᠶ᠎ᠪᠡᠨ ᠭᠡᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠲᠣᠭ᠍ᠲᠠᠭᠠᠭ᠍ᠰᠠᠨ ᠲᠡᠮᠡᠴᠡᠬᠦ᠌ ᠬᠠᠷᠠᠯᠲᠠ᠎ᠶ᠋ᠢ ᠬᠦᠴᠦᠯᠡᠨ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠳᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠢᠶᠠᠷ ᠭᠤᠢᠪᠢᠰᠢ ᠦᠭᠡᠢ ᠰᠠᠢᠲᠤᠷ ᠵᠠᠮᠨᠠᠵᠤ᠂ ᠱᠢᠨ᠎ᠡ ᠴᠠᠭ ᠦᠶ᠎ᠡ᠎ᠶ᠋ᠢᠨ ᠮᠥᠩᠭᠥᠨ ᠭᠦᠶ᠋ᠯᠭᠡᠭᠡᠨ ᠦ ᠠᠵᠤ ᠠᠬᠤᠢᠯᠠᠯ᠎ᠤᠨ ᠬᠠᠷᠢᠭᠤᠴᠠᠯᠭ᠎ᠠ ᠪᠠ ᠡᠭᠦᠷᠭᠡ᠎ᠶ᠋ᠢ ᠦᠨᠡᠨ ᠬᠦ᠌ ᠡᠭᠦᠷᠭᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠲᠠᠷᠢᠶᠠᠯᠠᠩ᠎ᠤᠨ ᠢᠲᠡᠭᠡᠮᠵᠢ᠎ᠶ᠋ᠢᠨ ᠬᠤᠷᠰᠢᠶᠠᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠬᠣᠯᠪᠣᠭᠠᠲᠤ ᠬᠣᠷᠱᠢᠶᠠᠨ᠎ᠤ ᠡᠪᠯᠡᠯ᠎ᠤᠨ ᠬᠣᠷᠢᠶᠠᠨ᠎ᠤ ᠱᠦᠵᠢ ᠫᠸᠢ ᠵᠢᠩ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠠᠮᠢᠳᠤᠯᠢᠭ ᠪᠥᠭᠡᠳ ᠭᠣᠢᠳᠠ᠂ ᠪᠦᠬᠦ᠌ ᠲᠠᠯ᠎ᠠ ᠶ᠋ᠢᠨ ᠪᠥᠭᠡᠳ ᠨᠠᠷᠢᠯᠢᠭ ᠪᠠᠢᠵᠤ᠂ ᠰᠣᠨᠣᠰᠤᠭᠠᠳ ᠮᠠᠰᠢ ᠶᠡᠭᠡ ᠣᠯᠤᠯᠲᠠ ᠲᠠᠢ᠂ ᠪᠠᠭ᠎ᠠ ᠪᠤᠰᠤ ᠠᠱᠢᠭ ᠬᠦᠷᠳᠡᠯ᠎ᠠ᠃ ᠵᠠᠯᠠᠭᠤ ᠨᠢᠭᠡ ᠦᠶ᠎ᠡ᠎ᠶ᠋ᠢᠨ ᠲᠠᠷᠢᠶᠠᠯᠠᠩ᠎ᠤᠨ ᠢᠲᠡᠭᠡᠮᠵᠢ᠎ᠶ᠋ᠢᠨ ᠬᠤᠷᠰᠢᠶᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠨᠠᠮ ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠤᠬᠠᠢᠯᠠᠭ᠍ᠰᠠᠨ ᠠᠵᠢᠯ᠎ᠤᠨ ᠡᠵᠡᠩᠨᠡᠯᠲᠡ ᠪᠠ ᠭᠤᠤᠯ ᠠᠵᠢᠯ᠎ᠤᠨ ᠲᠣᠭᠣᠷᠢᠨ᠎ᠳᠤ᠂ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌᠂ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠠᠬᠢᠴᠠ ᠳᠤᠮᠳᠠ ᠲᠠᠷᠢᠶᠠᠯᠠᠩ᠎ᠤᠨ ᠢᠲᠡᠭᠡᠮᠵᠢ᠎ᠶ᠋ᠢᠨ ᠬᠤᠷᠰᠢᠶᠠᠨᠦ ᠵᠠᠯᠠᠭᠤ ᠱᠢᠨ᠎ᠡ ᠬᠦᠴᠦᠨ ᠪᠠ ᠭᠠᠪᠱᠢᠭᠠᠶ ᠠᠩᠭᠢ᠎ᠶ᠋ᠢᠨ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠪᠥᠬᠥ᠌ ᠣᠷᠣᠨ᠎ᠤ ᠲᠠᠷᠢᠶᠠᠯᠠᠩ᠎ᠤᠨ ᠢᠲᠡᠭᠡᠮᠵᠢ ᠶ᠋ᠢᠨ ᠬᠣᠷᠱᠢᠶ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ ᠬᠦᠨ ᠲᠦᠷᠦᠭᠳᠡᠯ ᠲᠠᠢ ᠬᠡᠯᠡᠪᠡ᠃