ᠬᠥᠬᠡᠬᠣᠲᠠ᠄ ᠲᠦᠷᠦᠬᠦᠤ ᠠᠯᠬᠤᠮ ᠢ᠋ ᠰᠠᠢᠳᠤᠷ ᠠᠯᠬᠤᠵᠤ ᠱᠢᠨ᠎ᠡ ᠲᠦᠷᠰᠤ ᠪᠠᠢᠳᠠᠯ ᠢ᠋ ᠴᠢᠷᠮᠠᠢᠨ ᠡᠭᠦᠳᠦᠨ᠎ᠠ
2022-01-08 20:10:44
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

2021 ᠣᠨ᠎ᠤ 12 ᠰᠠᠷ᠎ᠠ᠎ᠶ᠋ᠢᠨ 31 ᠤ᠋ ᠡᠳᠦᠷ᠂ ᠰᠢᠨ᠎ᠠ ᠤᠨ ᠤ᠋ ᠪᠤᠱᠤᠭᠠᠨ ᠲᠡᠭᠡᠷ᠎ᠠ᠂ ᠬᠥᠬᠡᠬᠣᠲᠠ᠎ᠶ᠋ᠢᠨ 2021 ᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠲᠥᠷᠥᠯ ᠵᠦᠶ᠋ᠯ ᠤ᠋ᠨ ᠲᠥᠪᠯᠡᠷᠡᠭᠦᠯᠦᠨ ᠭᠡᠷ᠎ᠡ ᠲᠣᠭ᠍ᠲᠠᠬᠤ ᠶᠣᠰᠣᠯᠠᠯ ᠪᠡᠭᠡᠵᠢᠩ᠎ᠳᠦ ᠶᠠᠪᠤᠭ᠍ᠳᠠᠪᠠ᠃ ᠬᠥᠬᠡᠬᠣᠲᠠ᠎ᠶ᠋ᠢᠨ ᠵᠠᠰᠠᠭ᠎ᠤᠨ ᠣᠷᠳᠣᠨ ᠡᠴᠨ ᠬᠤᠸᠠ ᠨᠸᠩ ᠤᠮᠠᠷᠠᠲᠤ᠎ᠶ᠋ᠢᠨ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠦᠷᠢ᠂ ᠳᠤᠮᠳᠠᠳᠤ ᠤᠯᠤᠰ᠎ᠤᠨ ᠱᠸᠨ ᠬᠤᠸᠠ᠂ ᠲᠠᠢ ᠺᠠᠩ ᠳᠠᠭᠠᠳᠭᠠᠯ᠂ ᠴᠠᠩ ᠶᠤᠸᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ 10 ᠭᠠᠷᠤᠢ ᠠᠵᠤ ᠠᠬᠤᠢᠯᠠᠯ᠎ᠲᠠᠶ 8 ᠵᠦᠢᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠪᠠ; ᠬᠥᠬᠡᠬᠣᠲᠠ·ᠢᠯᠢ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠲᠡᠭ ᠨᠡᠭᠦᠷᠡᠰᠦᠲᠥ᠋ᠷᠥᠭ᠌ᠴᠢᠳᠤ ᠲᠠᠪᠤᠨ ᠣᠲᠣ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠨᠢ ᠭᠡᠷ᠎ᠡ ᠲᠣᠭ᠍ᠲᠠᠬᠤ ᠶᠣᠰᠣᠯᠠᠯ ᠳᠡᠭᠡᠷ᠎ᠡ ᠵᠢᠩᠬᠢᠨᠢ᠎ᠪᠡᠷ ᠡᠬᠢᠯᠡᠪᠡ᠃

ᠡᠨᠡ ᠪᠣᠯ 2021 ᠣᠨ᠎ᠤ᠋ ᠬᠥᠬᠡᠬᠣᠲᠠ᠎ᠶ᠋ᠢᠨ ᠬᠢᠷᠢ ᠪᠦᠳᠦᠮᠵᠢ ᠵᠢᠨ ᠬᠠᠭᠤᠳᠠᠰᠤᠨ ᠳ᠋ᠡᠬᠢ ᠬᠢᠯᠠᠯᠵᠠᠬᠰᠠᠨ ᠠᠮᠵᠢᠯᠳᠠ ᠪᠣᠯᠤᠨ᠎ᠠ᠃ ᠡᠨᠡ ᠨᠢᠭᠡ ᠵᠢᠯ᠎ᠳᠦ᠂ ᠬᠥᠬᠡᠬᠣᠲᠡ《ᠬᠣᠶᠠᠷ᠎ᠢ ᠲᠣᠭ᠍ᠲᠠᠭᠠᠬᠤ》 ᠵᠢ ᠴᠢᠩ ᠰᠡᠳᠭᠢᠯ᠎ᠡᠴᠡ᠎ᠪᠡᠨ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠰᠢ ᠵᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ ᠪᠠᠲᠤ ᠱᠢᠲᠦᠭ᠌ᠴᠢ ᠪᠠ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠣᠯᠪᠠ᠃

— ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠡᠦᠬᠡᠨ ᠬᠦᠨᠳᠦ ᠡᠭᠦᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠦ᠍᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠷᠮᠠᠢᠨ ᠡᠬᠦᠳᠪᠡ᠃

— ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠯ᠎ᠡ ᠬᠦᠷᠢᠶ᠎ᠠ ᠴᠠᠷᠠᠭᠠᠨ᠎ᠦ ᠠᠶᠤᠯ ᠲᠦᠭ᠌ᠰᠢᠭᠦᠷᠢ ᠬᠡᠮ ᠰᠤᠭᠤᠭ᠎ᠢ ᠪᠦᠬᠦ᠌ ᠬᠦᠴᠦ᠍ᠨ ᠵᠢᠡᠷ᠎ᠢᠶᠡᠨ ᠰᠡᠷᠭᠡᠢᠯᠡᠨ ᠨᠠᠮᠳᠠᠭᠤᠯᠪᠠ᠃

2021 ᠤᠨ  ᠪᠣᠯ 《ᠠᠷᠪᠠᠨ ᠳᠥᠷᠪᠡᠳᠦᠭᠡᠷ ᠲᠠᠪᠤᠨ ᠵᠢᠯ》ᠤ᠋ᠨ  ᠡᠬᠢᠯᠡᠯᠲᠡ᠎ᠶ᠋ᠢᠨ ᠵᠢᠯ ᠪᠣᠯᠤᠨ᠎ᠠ᠃  ᠬᠥᠬᠡᠬᠣᠲᠠ《ᠬᠣᠶᠠᠷ᠎ᠢ ᠬᠠᠮᠠᠭᠠᠯᠠᠬᠤ》 ᠤᠯᠤᠰ ᠲᠥᠷᠥ᠎ᠶ᠋ᠢᠨ ᠦᠨᠳᠦᠷᠴᠡ ᠎ᠠᠴᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠪᠠᠲᠤᠲᠠᠶ ᠬᠡᠷᠡᠭ᠌ᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠯ᠎ᠡ ᠵᠦᠶ᠋ᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠦᠷᠦᠬᠦᠦ ᠠᠯᠬᠤᠮ᠎ᠢ ᠰᠠᠢᠲᠤᠷ ᠠᠯᠬᠤᠵᠤ᠂ ᠱᠢᠨ᠎ᠡ ᠳᠦᠷᠰᠦ ᠪᠠᠢᠳᠠᠯ᠎ᠲᠠᠶ ᠪᠣᠯᠵᠣ᠂ ᠱᠢᠨ᠎ᠡ ᠦᠷ᠎ᠡ ᠪᠦᠲᠦᠮᠵᠢ ᠤᠯᠪᠠ᠃

ᠡᠨᠡ ᠨᠢᠭᠡ ᠵᠢᠯ᠎ᠳᠦ᠂ ᠬᠥᠬᠡᠬᠣᠲᠠ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ 《ᠠᠭᠤᠯᠠ ᠤᠰᠤ ᠭᠣᠣᠯ ᠮᠥᠷᠡᠨ》 ᠤ᠋ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠬᠦᠭᠡ ᠣᠭ᠍ᠲᠠᠷᠭᠤᠢ᠂ ᠴᠡᠩᠭᠡᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠨᠡᠩ ᠥᠨᠳᠥᠷ ᠪᠠᠷᠢᠮᠵᠢᠶ᠎ᠠ᠎ᠪᠠᠷ ᠰᠠᠢᠲᠤᠷ ᠬᠢᠬᠦ᠌᠎ᠶ᠋ᠢ ᠪᠠᠷᠢᠮᠲᠠᠯᠠᠵᠤ᠂ ᠬᠠᠳᠤᠨ ᠭᠣᠣᠯ᠎ᠤᠨ ᠬᠥᠬᠡᠬᠣᠲᠠ ᠶ᠋ᠢᠨ ᠬᠡᠰᠡᠭ᠎ᠦᠨ ᠪᠦᠬᠦ᠌ ᠣᠷᠣᠨ ᠪᠦᠰᠡ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭ᠎ᠠ ᠠᠳᠭᠤᠵᠤ᠂ ᠬᠥᠬᠡᠮᠳᠦᠭ ᠨᠤᠭᠤᠭᠠᠨ ᠠᠭᠤᠯᠠ ᠤᠰᠤ᠂ ᠴᠡᠪᠡᠷ ᠠᠭᠠᠷ ᠴᠡᠯᠮᠡᠭ ᠲᠡᠭᠷᠢ ᠲᠠᠢ ᠱᠢᠨ᠎ᠡ ᠠᠮᠢ ᠠᠬᠤᠢ᠎ᠶ᠋ᠢᠨ ᠬᠤᠳᠠ᠎ᠶ᠋ᠢ ᠪᠦᠬᠦ᠌ ᠬᠦᠴᠦᠨ᠎ᠢᠶᠡᠷ ᠴᠣᠭ᠍ᠴᠠᠯᠠᠪᠠ᠃ ᠡᠭᠦᠨ᠎ᠦ ᠬᠠᠮᠲᠤ᠂ ᠬᠣᠲᠠ᠎ᠶ᠋ᠢᠨ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠪᠥᠬᠥ᠌ ᠬᠣᠲᠠ ᠶ᠋ᠢᠨ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 23% ᠬᠦᠷᠲᠡᠯ᠎ᠡ ᠳᠡᠭᠡᠭ᠌ᠰᠢᠯᠡᠭᠦᠯᠵᠦ᠍᠂ ᠬᠥᠮᠦᠨ ᠳᠤᠮᠳᠠᠴᠢ᠎ᠶ᠋ᠢᠨ ᠴᠡᠴᠡᠷᠯᠢᠭ᠎ᠦᠨ ᠨᠣᠭᠣᠭᠠᠷᠠᠭᠤᠯᠤᠯᠲᠠ᠎ᠶ᠋ᠢᠨ ᠲᠠᠯᠠᠪᠠᠶ᠎ᠨᠢ 18.72 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠤ᠂ 《2021 ᠣᠨ ᠎ᠤ ᠳᠤᠮᠳᠠᠳᠤ ᠤᠯᠤᠰ᠎ᠤᠨ ᠬᠠᠮᠤᠭ ᠎ᠤᠨ ᠶᠡᠬᠡ ᠠᠮᠢ ᠠᠬᠤᠢ ᠎ᠶ᠋ᠢᠨ ᠦᠷᠢᠰᠦᠯᠳᠦᠬᠦ᠌ ᠬᠦᠴᠦᠨ᠎ᠲᠡᠶ ᠬᠤᠳᠠ》 ᠪᠡᠷ ᠦᠨᠡᠯᠡᠭᠳᠡᠵᠦ᠂ ᠳᠤᠮᠳᠠᠳᠤ ᠤᠯᠤᠰ᠎ᠤᠨ ᠤᠯᠠᠨ ᠤᠯᠤᠰ᠎ᠤᠨ ᠠᠮᠢ ᠠᠬᠤᠢ᠎ᠶ᠋ᠢᠨ ᠦᠷᠢᠰᠦᠯᠳᠦᠬᠦ᠌ ᠬᠦᠴᠦᠨ᠎ᠦ ᠲᠦᠷᠦᠭᠦᠴᠦᠳ᠎ᠦᠨ ᠬᠤᠷᠠᠯ ᠳᠡᠭᠡᠷ᠎ᠡ ᠲᠠᠨᠢᠯᠴᠠᠭᠤᠯᠭ᠎ᠠ ᠬᠢᠵᠡᠢ᠃

ᠡᠨᠡ ᠨᠢᠭᠡ ᠵᠢᠯ᠎ᠳᠦ᠂ ᠬᠥᠬᠡᠬᠣᠲᠠ ᠶᠡᠷᠦᠩᠬᠡᠶ ᠴᠣᠭ᠍ᠴᠠ᠎ᠶ᠋ᠢᠨ ᠤᠯᠤᠰ᠎ᠤᠨ ᠠᠮᠤᠷ ᠲᠦᠪᠱᠢᠨ᠎ᠦ ᠦᠵᠡᠯᠲᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠣᠷᠣᠨ᠎ᠤ ᠲᠥᠪ ᠬᠣᠲᠠ ᠪᠠᠷ ᠪᠥᠬᠥ᠌ ᠣᠷᠣᠨ᠎ᠤ ᠲᠣᠭ᠍ᠲᠠᠭᠤᠨ᠎ᠢ ᠡᠷᠡᠰ ᠪᠠᠲᠤᠯᠠᠵᠤ ᠂ ᠨᠡᠢᠰᠯᠡᠯ᠎ᠦᠨ《ᠤᠨᠠᠭᠤᠯᠢ ᠭᠤᠤᠯ》 ᠤ᠋ᠨ ᠦᠢᠯᠡᠳᠦᠯ ᠵᠢᠡᠨ ᠰᠠᠢᠳᠤᠷ ᠪᠠᠳᠠᠷᠠᠭᠤᠯᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠲᠤᠬᠠᠶ᠎ᠶ᠋ᠢᠨ ᠭᠠᠵᠠᠷ᠎ᠤᠨ ᠣᠨᠣᠱᠢᠯᠠᠭ᠍ᠳᠠᠭ᠍ᠰᠠᠨ 3 ᠡᠪᠡᠳᠴᠢᠲᠡᠨ ᠢᠯᠡᠷᠡᠬᠦ᠌ ᠦᠶ᠎ᠡ᠎ᠳᠦ᠂ ᠪᠥᠬᠥ᠌ ᠬᠣᠲᠠ᠎ᠶ᠋ᠢᠨ ᠠᠷᠠᠳ ᠲᠦᠮᠡᠨ ᠴᠠᠭ ᠮᠥᠴᠡ᠎ᠲᠡᠶ ᠤᠷᠤᠯᠳᠤᠵᠦ᠂ ᠲᠡᠷᠡ ᠳᠠᠷᠤᠶ᠎ᠳᠤᠨᠢ ᠬᠠᠮᠢᠶᠠᠷᠤᠨ ᠡᠵᠡᠮᠳᠡᠵᠦ᠍ ᠂ ᠲᠡᠷᠡ ᠳᠠᠷᠤᠶ᠎ᠳᠤᠨᠢ ᠰᠡᠷᠭᠡᠢᠯᠡᠨ ᠬᠠᠮᠠᠭᠠᠯᠠᠵᠤ᠂ ᠲᠡᠷᠡ ᠳᠠᠷᠤᠶ᠎ᠳᠤᠨᠢ ᠰᠢᠯᠭᠠᠨ ᠪᠠᠢᠴᠠᠭᠠᠵᠦ ᠂ ᠤᠷᠢᠳ ᠬᠣᠵᠢᠳ ᠬᠣᠶᠠᠷ ᠡᠭᠡᠯᠵᠢ᠎ᠶ᠋ᠢᠨ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠬᠢᠵᠦ᠂ ᠬᠠᠮᠤᠭ᠎ᠤᠨ ᠲᠦᠷᠭᠡᠨ ᠬᠤᠷᠳᠤᠴᠠ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠬᠢᠵᠢᠭ᠎ᠦᠨ ᠪᠠᠢᠳᠠᠯ᠎ᠢ ᠡᠵᠡᠮᠳᠡᠪᠡ᠃ ᠪᠦᠬᠦ᠌ ᠬᠣᠲᠠ᠎ᠶ᠋ᠢᠨ ᠠᠷᠠᠳ ᠲᠦᠮᠡᠨ᠎ᠦ ᠵᠠᠬᠢᠳᠠᠯ ᠰᠤᠷᠪᠤᠯᠵᠢᠯᠠᠯ ᠤ᠋ᠨ ᠬᠦᠰᠡᠯ ᠱᠠᠭᠠᠷᠳᠠᠯᠭ᠎ᠠ᠎ᠶ᠋ᠢ ᠤᠢᠯᠠᠭᠠᠵᠤ᠂《ᠭᠤᠷᠪᠠᠨ ᠶᠡᠬᠡ ᠨᠢᠭᠡ ᠴᠢᠩᠭ᠎ᠠ》ᠲᠤᠰᠭᠠᠢ ᠲᠥᠷᠥᠯ᠎ᠦᠨ ᠠᠵᠢᠯᠯᠠᠭ᠎ᠠ᠎ᠥᠷᠨᠢᠭᠦᠯᠵᠦ᠍᠂ ᠪᠣᠳᠠᠲᠤ ᠴᠣᠭ᠍ᠴᠠ ᠵᠢᠨ ᠵᠥᠷᠢᠴᠡᠯ ᠵᠢᠭᠤᠷᠠᠯᠳᠤᠭᠠᠨ᠎ᠢ ᠱᠢᠢᠳᠪᠦᠷᠢᠯᠡᠬᠦ᠌ ᠬᠠᠮᠲᠤᠷᠠᠭ᠍ᠰᠠᠨ ᠦᠢᠯᠡᠴᠢᠯᠡᠭᠡᠨ ᠎ᠦ ᠲᠥᠪ ᠎ᠢ 1289 ᠪᠠᠢᠭᠤᠯᠵᠤ᠂ ᠤᠯᠤᠰ ᠤ᠋ᠨ ᠵᠠᠬᠢᠳᠠᠯ ᠰᠤᠷᠪᠤᠯᠵᠢᠯᠠᠯ ᠤ᠋ᠨ᠎ᠲᠣᠪᠴᠢᠶ᠎ᠠ᠎ᠶ᠋ᠢᠨ ᠰᠠᠢᠨ ᠦᠨᠡᠯᠡᠯᠲᠡ ᠎ᠶ᠋ᠢ ᠣᠯᠪᠠ᠃

ᠡᠨᠡ ᠨᠢᠭᠡ ᠵᠢᠯ᠎ᠳᠦ ᠂ ᠬᠥᠬᠡᠬᠣᠲᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠪᠠᠷᠢᠮᠲᠠᠯᠠᠵᠤ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠳᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠵᠣᠷᠢᠭ ᠱᠢᠭᠤᠳᠴᠤ᠌ ᠪᠠᠢᠭᠠᠳ ᠪᠦᠲᠦᠴᠡ᠎ᠶ᠋ᠢ ᠲᠣᠬᠢᠷᠠᠭᠤᠯᠵᠤ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠡᠨᠧᠷᠭᠢ᠎ᠶ᠋ᠢᠨ ᠬᠣᠷᠣᠭ᠍ᠳᠠᠯ ᠤ᠋ᠨ ᠬᠣᠶᠠᠷ᠎ᠢ ᠬᠢᠵᠠᠭᠠᠷᠯᠠᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠡᠨᠧᠷᠭᠢ ᠬᠡᠷᠡᠭ᠌ᠯᠡᠬᠦ᠌ 95 ᠠᠵᠤ ᠠᠬᠤᠢᠯᠠᠯ᠎ᠳᠤ ᠡᠨᠧᠷᠭᠢ ᠠᠷᠪᠢᠯᠠᠬᠤ ᠣᠨᠣᠱᠢᠯᠠᠯᠲᠠ ᠬᠢᠬᠦ᠌᠎ᠶ᠋ᠢᠨ ᠬᠠᠮᠲᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠲᠥᠰᠦᠯ ᠭᠠᠷᠭᠠᠵᠤ ᠂ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢ ᠡᠳ᠋ᠱᠢᠭᠦᠯᠬᠦ᠌᠂ ᠴᠡᠪᠡᠷ ᠡᠨᠧᠷᠭᠢ᠂ ᠣᠳᠣᠬᠢᠴᠢᠯᠠᠭ᠍ᠰᠠᠨ  ᠬᠢᠮᠢ ᠵᠢᠨ ᠠᠵᠤ ᠦᠢᠯᠡᠳᠪᠤᠷᠢ᠂ ᠡᠯᠧᠺᠲᠷᠣᠨ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠵᠢᠷᠭᠤᠭᠠᠨ ᠶᠡᠬᠡ ᠠᠵᠤ ᠦᠢᠯᠡᠰ᠎ᠢ ᠭᠣᠣᠯᠳᠠᠯᠭ᠎ᠠ᠎ᠲᠠᠶ ᠪᠣᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠡᠷᠴᠢᠮ ᠵᠢᠡᠨ ᠴᠢᠩᠭᠠᠷᠠᠭᠤᠯᠵᠤ᠂ 580 ᠴᠢᠬᠤᠯᠠ ᠶᠡᠬᠡ ᠲᠥᠷᠥᠯ ᠵᠦᠢᠯ᠎ᠦᠨ ᠪᠠᠷᠢᠯᠭ᠎ᠠ ᠡᠬᠢᠯᠡᠵᠦ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ 661 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠪᠡ᠃ ᠠᠵᠤ ᠠᠬᠤᠢᠯᠠᠯ ᠤ᠋ᠨ ᠰᠲ᠋ᠤᠺ ᠵᠢᠡᠨ ᠵᠠᠬ᠎ᠠ ᠲᠡᠯᠭᠡᠭᠦᠷ ᠲᠸ᠋ ᠭᠠᠷᠭᠠᠬᠤ᠎ᠶ᠋ᠢ ᠴᠢᠩᠭᠠᠳᠭᠠᠵᠤ᠂ 《ᠰᠠᠭᠠᠳ ᠥᠬᠡᠶ ᠨᠡᠪᠲᠡᠷᠡᠬᠦ᠌ ᠵᠠᠮ》ᠢ᠋ ᠨᠡᠭᠡᠭᠡᠵᠦ᠍᠂ ᠶᠢᠦ ᠮᠸ᠋ ᠮᠠᠯ ᠠᠵᠤ ᠠᠬᠤᠶ᠂ ᠳ᠋ᠠ ᠳᠠᠩ ᠡᠮ᠎ᠦᠨ ᠦᠶ᠋ᠯᠡᠰ᠂ ᠱᠢᠨᠬᠤᠸᠠ ᠲᠠᠷᠬᠠᠭᠠᠯᠲᠠ᠎ᠶ᠋ᠢᠨ ᠪᠦᠯᠦᠭ᠌ᠯᠡᠯ ᠵᠡᠷᠭᠡ 3 ᠠᠵᠤ ᠠᠬᠤᠢᠯᠠᠯ ᠠᠮᠵᠢᠯᠲᠠ᠎ᠲᠠᠶ᠎ᠪᠠᠷ ᠰᠲ᠋ᠤᠺ ᠵᠢᠡᠨ ᠵᠠᠬ᠎ᠠ ᠳᠡᠯᠭᠡᠭᠦᠷ᠎ᠲᠦ ᠭᠠᠷᠭᠠᠪᠠ᠃ ᠣᠷᠣᠨ᠎ᠤ ᠲᠥᠪ ᠤ᠋ᠨ ᠴᠢᠳᠠᠪᠤᠷᠢᠲᠠᠨ ᠴᠤᠭ᠍ᠯᠠᠷᠠᠭ᠍ᠰᠠᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠬᠣᠷᠢᠨᠭᠡᠷ ᠱᠢᠨ᠎ᠡ ᠲᠣᠭᠣᠷᠢᠭ᠂ ᠣᠷᠣᠨ᠎ᠤ ᠲᠥᠪ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠣᠲᠠ ᠂ ᠵᠢᠨᠴᠢᠶᠤᠤ ᠵᠢᠨ 《ᠦᠢᠯᠡᠰ ᠪᠤᠰᠬᠠᠵᠤ ᠱᠢᠨ᠎ᠡ᠎ᠶ᠋ᠢ ᠡᠭᠦᠳᠬᠦ᠌》 ᠵᠢᠱ᠌ᠢᠶ᠎ᠡ ᠦᠵᠡᠭᠦᠯᠬᠦ᠌ ᠲᠣᠭᠣᠷᠢᠭ ᠵᠡᠷᠭᠡ ᠱᠢᠨ᠎ᠡ᠎ᠶ᠋ᠢ ᠡᠭᠦᠳᠴᠦ᠍ ᠦᠢᠯᠡᠰ ᠪᠤᠰᠬᠠᠬᠤ ᠭᠤᠷᠪᠠᠨ ᠶᠡᠬᠡ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠲᠥᠪ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ ᠭᠠᠵᠠᠷ᠎ᠢ ᠢᠳᠡᠪᠬᠢᠲᠡᠶ᠎ᠪᠡᠷ ᠪᠤᠶ ᠪᠣᠯᠭᠠᠵᠠᠢ᠃

ᠡᠨᠡ ᠨᠢᠭᠡ ᠵᠢᠯ ᠳ᠋ᠤ᠂ ᠬᠥᠬᠡᠬᠣᠲᠠ 《ᠴᠢᠬᠤᠯᠠ ᠪᠡᠬᠢᠯᠡᠯᠲᠡ》 ᠵᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠵᠢᠨ ᠲᠣᠭᠣᠷᠢᠨ᠎ᠳᠤ᠂ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠪᠦᠬᠦ᠌ ᠬᠦᠴᠦᠨ᠎ᠢᠶᠡᠷ᠎ᠢᠶᠡᠨ ᠪᠦᠲᠦᠭᠡᠨ ᠪᠠᠢᠭᠤᠯᠵᠦ᠂ ᠣᠷᠣᠨ ᠪᠦᠰᠡ ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌ ᠲᠦᠪ᠂ ᠵᠠᠮ ᠬᠠᠷᠢᠯᠴᠠᠭ᠎ᠠ ᠡᠳ᠋ ᠪᠠᠷᠠᠭᠠᠨ ᠎ᠤ ᠭᠦᠢᠯᠭᠡᠭᠡᠨ ᠤ᠋ ᠲᠦᠪ᠂ ᠤᠳᠦ ᠦᠶ᠎ᠡ᠎ᠶ᠋ᠢᠨ ᠬᠡᠷᠡᠭ᠌ᠯᠡᠭᠡᠨ ᠤ᠋ ᠲᠦᠪ᠂ ᠰᠡᠯᠡᠭᠦᠴᠡᠨ ᠠᠮᠠᠷᠠᠬᠤ ᠲᠦᠪ ᠵᠡᠷᠭᠡ ᠳᠥᠷᠪᠡᠨ ᠲᠥᠪ ᠢ᠋ ᠴᠤᠬᠴᠠᠯᠠᠬᠤ ᠵᠢ ᠲᠤᠷᠠᠳᠤᠨ ᠭᠠᠷᠭᠠᠵᠤ᠂ 《ᠣᠷᠣᠨ᠎ᠤ ᠲᠥᠪ᠎ᠦᠨ ᠬᠠᠭᠠᠰ ᠴᠠᠭ ᠎ᠤᠨ ᠬᠣᠲᠠ᠎ᠶ᠋ᠢᠨ ᠴᠠᠭᠠᠷᠢᠭ》᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 《ᠨᠢᠭᠡ ᠴᠠᠭ᠎ᠤᠨ ᠬᠣᠲᠠ᠎ᠶ᠋ᠢᠨ ᠴᠠᠭᠠᠷᠢᠭ》᠂ ᠪᠡᠭᠡᠵᠢᠩ ᠲᠢᠶᠠᠨᠵᠢᠨ ᠾᠸᠪᠸᠢ ᠵᠢᠨ 《ᠬᠣᠶᠠᠷ ᠴᠠᠭ᠎ᠤᠨ ᠠᠵᠤ ᠠᠬᠤᠶ᠎ᠶ᠋ᠢᠨ ᠴᠠᠭᠠᠷᠢᠭ》᠂ ᠣᠷᠣᠰ ᠮᠣᠩᠭᠣᠯ ᠧᠦ᠋ᠷᠣᠫᠠ᠎ᠳᠤ ᠬᠠᠨᠳᠤᠭᠤᠯᠤᠭ᠍ᠰᠠᠨ 《ᠭᠠᠳᠠᠭᠠᠳᠤ ᠨᠡᠭᠡᠭᠡᠯᠲᠡ᠎ᠶ᠋ᠢᠨ ᠴᠠᠭᠠᠷᠢᠭ》 ᠢ᠋ ᠢᠳᠡᠪᠬᠢᠳᠡᠢ ᠠᠬᠢᠭᠤᠯᠬᠤ ᠵᠢᠨ ᠬᠠᠮᠳᠤ ᠠᠭᠤᠰᠤᠯᠴᠠᠵᠤ᠂ ᠡᠬᠡ ᠤᠯᠤᠰ ᠤ᠋ᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠬᠤ᠎ᠳᠤ ᠣᠷᠣᠨ᠎ᠤ ᠲᠥᠪ᠎ᠦᠨ ᠬᠤᠪᠢ ᠨᠡᠮᠡᠷᠢ ᠪᠠᠨ ᠦᠵᠡᠭᠦᠯᠪᠡ᠃

ᠡᠨᠡ ᠨᠢᠭᠡ ᠵᠢᠯ᠎ᠳᠦ ᠂ ᠬᠥᠬᠡᠬᠣᠲᠠ《ᠨᠠᠮ᠎ᠤᠨ ᠲᠡᠦᠬᠡ᠎ᠶ᠋ᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠩᠭᠡᠷᠡᠬᠦᠯᠵᠦ᠂ ᠪᠣᠳᠠᠲᠤ ᠶᠠᠪᠤᠳᠠᠯ ᠬᠢᠬᠦ᠌ ᠂ ᠱᠢᠨ᠎ᠡ ᠪᠠᠢᠳᠠᠯ᠎ᠢ ᠨᠡᠭᠡᠭᠡᠬᠦ᠌ 》 ᠪᠠ 《ᠲᠡᠦᠬᠡ ᠵᠢ ᠰᠤᠷᠤᠯᠴᠠᠵᠤ᠌ ᠶᠣᠰᠣ ᠤᠴᠢᠷ ᠢ᠋ ᠤᠢᠯᠠᠭᠠᠬᠤ᠂ ᠲᠡᠦᠬᠡ ᠵᠢ ᠰᠤᠷᠤᠯᠴᠠᠵᠤ᠌ ᠢᠲᠡᠭᠡᠯ᠎ᠢᠶᠡᠨ ᠨᠡᠮᠡᠭ᠌ᠳᠡᠭᠦᠯᠬᠦ᠌᠂ ᠲᠡᠦᠬᠡ ᠵᠢ ᠰᠤᠷᠤᠯᠴᠠᠵᠤ᠌ ᠶᠣᠰᠣ ᠰᠤᠷᠲᠠᠬᠤᠨ᠎ᠢ ᠲᠡᠭᠡᠳᠦᠯᠡᠬᠦ᠂ ᠲᠡᠦᠬᠡ ᠵᠢ ᠰᠤᠷᠤᠯᠴᠠᠵᠤ᠌ ᠴᠢᠷᠮᠠᠢᠨ ᠦᠢᠯᠡᠳᠦᠯᠭᠡᠵᠢᠬᠦᠯᠬᠦ》ᠴᠢᠬᠤᠯᠠ ᠱᠠᠭᠠᠷᠳᠠᠯᠭ᠎ᠠ᠎ᠶ᠋ᠢᠨ ᠲᠣᠭᠣᠷᠢᠨ᠎ᠳᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ᠂  ᠱᠢᠨ᠎ᠡ ᠴᠠᠭ ᠦᠶ᠎ᠡ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠤᠯᠠᠨ ᠠᠷᠭ᠎ᠠ ᠬᠡᠯᠪᠡᠷᠢ ᠪᠡᠷ《ᠲᠤᠯᠤᠭ᠎ᠠ ᠳ᠋ᠤ ᠤᠷᠤᠭᠤᠯᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠎ᠶ᠋ᠢ 4500 ᠭᠠᠷᠤᠢ ᠲᠠᠯᠠᠪᠠᠢ ᠥᠷᠨᠢᠭᠦᠯᠵᠦ᠍᠂ 50 ᠲᠦᠮᠡ ᠱᠢᠬᠠᠮ ᠬᠥᠮᠦᠨ ᠤᠳᠠᠭ᠎ᠠ ᠬᠦᠯᠢᠶᠠᠨ ᠠᠪᠤᠬᠰᠠᠨ ᠪᠠᠢᠨ᠎ᠠ᠃ 《ᠣᠯᠠᠨ ᠲᠦᠮᠡᠨ ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ ᠎ᠶ᠋ᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠍᠂ 《ᠡᠭᠦᠳᠡ᠎ᠪᠡᠨ ᠨᠡᠭᠡᠭᠡᠵᠦ᠍ ᠰᠠᠨᠠᠯ ᠵᠥᠪᠯᠡᠯᠭᠡ ᠬᠤᠷᠢᠶᠠᠬᠤ》 ᠎ᠶ᠋ᠢ ᠪᠠᠷᠢᠮᠲᠠᠯᠠᠵᠤ ᠂ ᠪᠦᠬᠦ᠌ ᠬᠣᠲᠠ᠎ᠳᠤ ᠣᠯᠠᠨ ᠲᠦᠮᠡᠨ᠎ᠦ ᠰᠠᠨᠠᠭᠤᠯᠭ᠎ᠠ᠎ᠶ᠋ᠢ 9137 ᠵᠤᠷᠪᠤᠰ ᠬᠣᠷᠢᠶᠠᠨ ᠡᠮᠬᠢᠯᠡᠵᠦ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠶ ᠬᠡᠷᠡᠭ ᠶᠠᠪᠤᠳᠠᠯ ᠎ᠢ 5652 ᠳᠤᠷᠠᠳᠴᠤ᠌᠂ ᠨᠢᠭᠡᠨᠲᠡ 80% ᠶ᠋ᠢ ᠨᠢ ᠪᠡᠶᠡᠯᠡᠭᠦᠯᠪᠡ᠃

ᠡᠨᠡ ᠨᠢᠭᠡ ᠵᠢᠯ ᠳ᠋ᠤ᠂ ᠬᠥᠬᠡᠬᠣᠲᠠ ᠶᠡᠷᠦᠩᠬᠡᠶ ᠱᠦᠵᠢ ᠰᠢ ᠵᠢᠨ ᠫᠢᠩ ᠎ᠦᠨ ᠦᠨᠳᠦᠰᠦᠲᠡᠨ ᠎ᠦ ᠠᠵᠢᠯ ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠦ᠂ ᠵᠠᠯᠠᠭᠤᠴᠤᠳ ᠪᠠᠭᠠᠴᠤᠳ ᠲᠸ᠋ ᠵᠤᠷᠢᠭᠤᠯᠤᠨ 7500 ᠭᠠᠷᠤᠶ ᠲᠠᠯᠠᠪᠠᠢ ᠤᠳᠠᠭ᠎ᠠ ᠠᠵᠢᠯᠯᠠᠭ᠎ᠠ ᠥᠷᠨᠢᠭᠦᠯᠵᠦ᠂ ᠪᠦᠬᠦ᠌ ᠬᠣᠲᠠ ᠎ᠶ᠋ᠢᠨ 34 ᠲᠦᠮᠡᠨ ᠡᠪ ᠬᠠᠮᠲᠤ ᠵᠠᠯᠠᠭᠤᠴᠤᠳ᠎ᠤᠨ ᠡᠪᠯᠡᠯ ᠎ᠦᠨ ᠭᠡᠱᠢᠭᠦᠨ᠂ ᠪᠠᠭᠠᠴᠤᠳ᠎ᠤᠨ ᠬᠣᠱᠢᠭᠤᠴᠢ ᠠᠩᠭᠢ ᠎ᠶ᠋ᠢᠨ ᠭᠡᠱᠢᠭᠦᠨ ᠢ᠋ ᠬᠠᠮᠤᠷᠴᠤ᠌᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠎ᠶ᠋ᠢ ᠶᠡᠬᠡ᠎ᠪᠡᠷ ᠠᠬᠢᠭᠤᠯᠪᠠ᠂ 《ᠪᠢ ᠨᠠᠮ᠎ᠤᠨ ᠲᠡᠦᠬᠡ ᠎ᠶ᠋ᠢᠨ ᠪᠠᠭ᠎ᠠ ᠦᠯᠢᠭᠡᠷ ᠎ᠢ ᠶᠠᠷᠢᠶ᠎ᠠ》᠂ 《ᠵᠠᠯᠠᠭᠤᠴᠤᠳ ᠪᠠᠭᠠᠴᠤᠳ᠎ᠤᠨ ᠠᠨᠠᠷ᠎ᠤᠨ ᠮᠦᠬᠦᠯᠢᠭ ᠤ᠋ᠨ ᠵᠢᠵᠢᠭ ᠬᠢᠴᠢᠶᠡᠯ᠎ᠦᠨ ᠲᠠᠩᠬᠢᠮ》 ᠵᠡᠷᠭᠡ ᠬᠥᠮᠦᠵᠢᠯ᠎ᠦᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠂ 《ᠭᠤᠷᠪᠠ᠎ᠶ᠋ᠢ ᠰᠤᠷᠪᠤᠯᠵᠢᠯᠠᠬᠤ》᠂《ᠭᠤᠷᠪᠠ᠎ᠶ᠋ᠢ ᠠᠰᠠᠭᠤᠬᠤ》᠂《ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠦᠵᠢᠭᠦᠯᠬᠦ᠌》ᠡᠭᠦᠷᠭᠡ ᠬᠠᠷᠢᠭᠤᠴᠠᠯᠭ᠎ᠠ᠎ᠶ᠋ᠢᠨ ᠬᠥᠮᠦᠵᠢᠯ ᠢ᠋ ᠭᠦᠨᠵᠡᠭᠡᠢ ᠦᠷᠨᠢᠬᠦᠯᠵᠦ᠂ ᠱᠢᠨ᠎ᠡ ᠴᠠᠭ ᠦᠶ᠎ᠡ᠎ᠶ᠋ᠢᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠡᠷᠡᠰ ᠬᠠᠮᠠᠭᠠᠯᠠᠪᠠ᠃

ᠱᠢᠨ᠎ᠡ ᠠᠶᠠᠨ᠎ᠢᠶᠠᠨ ᠡᠬᠢᠯᠡᠭᠦᠯᠵᠦ᠍᠂ ᠳᠠᠷᠪᠠᠭᠤᠯ ᠬᠡᠢᠰᠭᠡᠨ ᠲᠠᠬᠢᠨ ᠮᠣᠷᠳᠠᠨ᠎ᠠ᠃ ᠱᠢᠨ᠎ᠡ ᠵᠢᠯ ᠳ᠋ᠡᠭᠡᠨ᠂ ᠬᠥᠬᠡᠬᠣᠲᠠ 《ᠳᠥᠷᠪᠡᠨ ᠤᠬᠠᠮᠰᠠᠷ》 ᠵᠢᠡᠨ ᠤᠯᠠᠮ ᠴᠢᠨᠠᠬᠰᠢᠳᠠ ᠴᠢᠩᠭᠠᠳᠭᠠᠵᠤ᠂ 《ᠳᠥᠷᠪᠡᠨ ᠢᠲᠡᠭᠡᠯ》 ᠎ᠵᠢᠡᠨ ᠪᠠᠲᠤᠳᠭᠠᠵᠤ᠂ 《ᠬᠣᠶᠠᠷ᠎ᠢ ᠲᠣᠭ᠍ᠲᠠᠭᠠᠬᠤ》 ᠶ᠋ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠦ᠂ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ ᠲᠤᠬᠳᠠᠭᠤᠨ ᠪᠠᠢᠯᠭᠠᠬᠤ᠎ᠶ᠋ᠢ ᠲᠡᠷᠢᠬᠦᠨ ᠳ᠋ᠤ ᠲᠠᠯᠪᠢᠵᠤ᠂ ᠲᠣᠭ᠍ᠲᠠᠭᠤᠨ ᠤ᠋ ᠲᠤᠮᠳᠠ ᠤᠷᠤᠭ᠍ᠰᠢᠯᠠᠨ ᠲᠠᠪᠰᠢᠬᠤ ᠵᠢ  ᠪᠠᠷᠢᠮᠳᠠᠯᠠᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》᠎ᠶ᠋ᠢ ᠪᠦᠳᠦᠭᠡᠨ ᠪᠠᠢᠭᠤᠯᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠯᠳᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠦ᠂ ᠡᠮᠦᠨ᠎ᠠ ᠡᠩᠨᠡᠭᠡ ᠳ᠋ᠤ ᠬᠤᠰᠢᠭᠤᠷᠠᠨ᠂ ᠦᠯᠢᠭᠡᠷ ᠳᠠᠭᠤᠷᠢᠶᠠᠯ ᠪᠣᠯᠤᠭ᠍ᠰᠠᠨ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠠᠯᠲᠠ ᠲᠠᠶ᠎ᠪᠠᠷ ᠬᠤᠷᠠᠯᠳᠤᠬᠤ᠎ᠶ᠋ᠢ ᠤᠭ᠍ᠲᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号