《ᠪᠤᠬᠢᠷᠳᠤᠯ ᠦᠬᠡᠢ》 ᠪᠤᠯᠭᠠᠨ ᠬᠤᠪᠢᠷᠠᠭᠤᠯᠵᠤ 《ᠴᠢᠨᠠᠷ ᠰᠠᠢᠳᠠᠢ》 ᠲᠡᠢᠰᠢ ᠤᠷᠤᠬᠰᠢᠯᠠᠨ᠎ᠠ
2022-01-08 19:58:50
ᠵᠣᠬᠢᠶᠠᠭ᠍ᠴᠢ᠄
ᠯᠢᠦ ᠱᠢᠶᠠᠩ ᠫᠢᠩ ᠳᠠᠳᠤᠯᠭ᠎ᠠ᠎ᠶ᠋ᠢᠨ ᠰᠤᠷᠤᠭ᠍ᠴᠢ ᠵᠢᠶᠠ ᠲᠢᠩ ᠲᠢᠩ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ ᠦᠭᠡ᠄ ᠲᠠᠷᠪᠠᠭᠤᠯ ᠭᠡᠢᠰᠭᠡᠨ ᠰᠢᠨ᠎ᠠ ᠠᠶᠠᠨ ᠳ᠋ᠠᠭᠠᠨ ᠲᠠᠬᠢᠨ ᠮᠤᠷᠳᠠᠨᠠᠮ᠃ ᠦᠪᠡᠷᠳᠡᠭᠡᠨ ᠵᠠᠰᠬᠠᠤ ᠤᠷᠤᠨ᠎ᠤ 《ᠬᠤᠶᠠᠷ ᠬᠤᠷᠠᠯ》 ᠤᠳᠠᠯ ᠦᠭᠡᠢ ᠬᠤᠷᠠᠯᠳᠤᠬᠤ ᠭᠡᠵᠤ ᠪᠠᠢᠭ᠎ᠠ ᠲᠠᠰᠢᠷᠠᠮ᠎ᠳᠤ᠂ ᠡᠯ᠎ᠠ ᠠᠢᠮᠠᠭ ᠬᠤᠳᠠ ᠵᠢᠨ ᠬᠢᠡ᠎ᠤ ᠨᠠᠮ᠎ᠤᠨ ᠠᠷᠪᠠ ᠶᠢᠰᠤᠳᠤᠭᠡᠷ ᠬᠤᠭᠤᠴᠠᠭᠠᠨ᠎ᠤ ᠲᠦᠪ ᠬᠤᠷᠢᠶ᠎ᠠ ᠵᠢᠨ ᠵᠢᠷᠭᠤᠳᠤᠭᠠᠷ ᠪᠦᠭᠦᠳᠠ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠪᠡᠷᠳᠡᠭᠡᠨ ᠵᠠᠰᠬᠠᠤ ᠤᠷᠤᠨ᠎ᠤ ᠠᠷᠪᠡᠨ ᠨᠢᠭᠡᠳᠤᠭᠡᠷ ᠤᠳᠠᠭ᠎ᠠ ᠵᠢᠨ ᠨᠠᠮ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠬᠰᠡᠨ ᠠᠮᠢᠳᠤᠯᠢᠭ ᠪᠠᠢᠳᠠᠯ᠎ᠢ ᠢᠯᠡᠷᠡᠬᠦᠯᠵᠤ᠂ ᠪᠦᠬᠦ ᠤᠷᠤᠨ᠎ᠤ ᠡᠯ᠎ᠠ ᠭᠠᠵᠠᠷ᠎ᠤᠨ ᠴᠤᠭ ᠪᠠᠳᠠᠷᠠᠨᠭᠭᠤᠢ ᠲᠦᠷᠰᠤ ᠪᠠᠢᠳᠠᠯ ᠵᠢᠡᠷ ᠰᠢᠨ᠎ᠠ ᠠᠶᠠᠨ ᠳ᠋ᠠᠭᠠᠨ ᠡᠷᠡᠮᠡᠭᠡᠢᠯᠡᠨ ᠤᠷᠤᠬᠰᠢᠯᠠᠵᠤ ᠪᠠᠢᠭ᠎ᠠ ᠭᠠᠯ ᠬᠠᠯᠠᠭᠤᠨ ᠦᠢᠯᠡᠳᠤᠯᠭᠡ ᠵᠢ ᠢᠯᠡᠷᠡᠬᠦᠯᠬᠦ ᠵᠢᠨ ᠲᠦᠯᠦᠭᠡ᠂ ᠲᠤᠰ ᠰᠤᠨᠢᠨ ᠡᠨᠡ ᠡᠳᠤᠷ ᠡᠴᠡ ᠡᠬᠢᠯᠡᠨ《ᠰᠢᠭᠤᠷᠬᠠᠢ ᠰᠢᠨ᠎ᠠ ᠠᠶᠠᠨ ᠠᠢᠮᠠᠭ ᠬᠤᠳᠠ ᠵᠢᠨ ᠢᠳᠡᠷᠡᠬᠦᠨ ᠠᠯᠬᠤᠭ᠎ᠠ》 ᠬᠡᠮᠡᠬᠦ ᠲᠤᠰᠬᠠᠢ ᠪᠤᠯᠤᠩ ᠨᠡᠭᠡᠭᠡᠵᠤ᠂ ᠠᠮᠢᠳᠤᠯᠢᠭ ᠵᠢᠱ᠌ᠢᠶ᠎ᠠ ᠪᠡᠷ ᠡᠯ᠎ᠠ ᠭᠠᠵᠠᠷ᠎ᠤᠨ ᠺᠠᠳ᠋ᠷ ᠤᠯᠠᠨ ᠲᠦᠮᠡᠨ᠎ᠤ ᠡᠷᠡᠮᠡᠭᠡᠢᠯᠡᠨ ᠤᠷᠤᠬᠰᠢᠯᠠᠬᠤ ᠴᠠᠭ ᠦᠶ᠎ᠠ ᠵᠢᠨ ᠴᠤᠭ ᠵᠢᠪᠬᠤᠭ᠎ᠠ ᠵᠢ ᠪᠢᠴᠢᠭᠯᠡᠬᠦ ᠪᠤᠯᠤᠨ᠎ᠠ᠃


  — ᠪᠤᠭᠤᠲᠤ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠬᠠᠢ ᠪᠣᠳᠠᠲᠤ ᠲᠡᠮᠳᠡᠭ᠌ᠯᠡᠯ

 ᠣᠳᠣᠬᠠᠨ᠎ᠠ ᠬᠡᠳᠦᠢᠪᠡᠷ ᠬᠠᠬᠢᠷ ᠡᠪᠦᠯ ᠪᠠᠢᠬᠰᠠᠨ ᠴᠸ᠋᠂ ᠪᠤᠭᠤᠲᠤ᠎ᠳᠤ ᠬᠤᠷᠠᠵᠥ ᠴᠤᠭ᠍ᠯᠠᠷᠠᠭ᠍ᠰᠠᠨ 140 ᠭᠠᠷᠤᠢ ᠬᠣᠪᠣᠷ ᠱᠢᠷᠣᠢ᠎ᠶ᠋ᠢᠨ ᠠᠵᠤ ᠠᠬᠤᠢᠯᠠᠯ᠎ᠤᠨ《ᠡᠷᠡᠯᠬᠡᠭᠯᠡᠨ ᠤᠷᠤᠬᠰᠢᠯᠠᠬᠤ》᠂ 《ᠲᠡᠷᠢᠭᠦᠨ᠎ᠦ ᠬᠢ ᠪᠣᠯᠬᠤ᠎ᠪᠠᠷ ᠮᠡᠷᠡᠢᠨ ᠴᠢᠷᠮᠠᠢᠬᠤ》 ᠬᠠᠯᠠᠮᠱᠢᠯ᠎ᠤᠨ ᠠᠵᠢᠯᠯᠠᠭ᠎ᠠ ᠢᠳᠡ ᠬᠦᠭ ᠲᠠᠢ ᠶᠠᠪᠤᠬᠳᠠᠬᠰᠠᠭᠠᠷ᠃

ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠦᠨ ᠪᠤᠭᠤᠲᠤ᠎ᠶ᠋ᠢᠨ ᠵᠢᠶᠠᠩ ᠱᠢᠨ ᠪᠢᠴᠢᠯ ᠴᠠᠬᠢᠯᠭᠠᠨ ᠮᠠᠱᠢᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠱᠢᠨ᠎ᠡ᠎ᠪᠡᠷ ᠪᠠᠢᠭᠤᠯᠤᠭ᠍ᠰᠠᠨ 2000 ᠭᠠᠷᠤᠶ ᠲᠡᠭ᠌ᠰᠢ ᠳᠥᠷᠪᠡᠯᠵᠢᠨ ᠮᠧᠲ᠋ᠷ ᠳᠠᠯᠠᠪᠠᠢ ᠪᠥᠬᠥᠶ ᠵᠠᠭᠤᠨ ᠲᠡᠰ᠎ᠤᠨ ᠲᠣᠭᠣᠰᠣᠳᠠᠯ ᠥᠬᠡᠶ ᠦᠶ᠋ᠯᠡᠳᠪᠦᠷᠢ᠎ᠶ᠋ᠢᠨ ᠲᠠᠰᠤᠭ ᠲᠸ᠋᠂ ᠠᠦ᠋ᠲ᠋ᠣᠴᠢᠯᠠᠭ᠍ᠰᠠᠨ ᠬᠡᠮᠵᠢᠶ᠎ᠡ ᠨᠢ ᠪᠥᠬᠥ᠌ ᠤᠯᠤᠰ᠎ᠤᠨ ᠣᠷᠣᠢᠯᠠᠭ᠍ᠰᠠᠨ ᠬᠢᠷᠢ ᠲᠦᠪᠱᠢᠨ᠎ᠳᠦ ᠭᠦᠷᠦᠭ᠌ᠰᠡᠨ ᠨᠢᠭᠡ ᠵᠤᠷᠪᠤᠰ ᠠᠦ᠋ᠲ᠋ᠣ᠋ ᠲᠥᠪᠯᠡᠷᠡᠯ᠎ᠤᠨ ᠲᠠᠭᠤᠨ ᠣᠷᠢᠶᠠᠮᠠᠭ ᠬᠦᠳᠡᠯᠬᠡᠬᠦᠷ᠎ᠤᠨ ᠦᠶ᠋ᠯᠡᠳᠪᠦᠷᠢᠯᠡᠯ᠎ᠦᠨ ᠱᠤᠭᠤᠮ ᠨᠢ ᠶᠠᠭ ᠴᠢᠨᠠᠷ ᠰᠠᠢᠲᠠᠶ᠂ ᠬᠡᠪᠴᠢᠶ᠎ᠡ ᠳᠠᠢ ᠦᠢᠯᠡᠳᠬᠦ 《ᠬᠤᠷᠳᠤ ᠬᠢᠬᠡᠳ ᠬᠠᠪᠤ ᠴᠡᠩᠬᠡᠯ》 ᠢ᠋ ᠦᠵᠡᠬᠦᠯᠦᠨ᠎ᠡ᠃

《ᠠᠵᠤ ᠠᠬᠤᠢᠯᠠᠯ᠎ᠡᠴᠡ ᠤᠤᠯ᠎ᠤᠨ ᠪᠠᠢᠬᠰᠠᠨ 10 ᠦᠶ᠋ᠯᠡᠳᠪᠦᠷᠢᠯᠡᠯ᠎ᠦᠨ ᠱᠤᠭᠤᠮ ᠎ᠤᠨ ᠰᠠᠭᠤᠷᠢᠨ ᠳᠡᠭᠡᠷ᠎ᠡ᠂ ᠪᠠᠰᠠ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠣᠶᠤᠨᠴᠢᠯᠠᠭ᠍ᠰᠠᠨ ᠪᠣᠬᠢᠷᠲᠤᠯ ᠥᠬᠡᠶ ᠦᠶ᠋ᠯᠡᠳᠪᠦᠷᠢ᠎ᠶ᠋ᠢᠨ ᠪᠠᠷᠢᠮᠵᠢᠶ᠎ᠠ ᠶᠣᠰᠣᠭᠠᠷ 5 ᠦᠢᠯᠡᠳᠪᠦᠷᠢᠯᠡᠯ᠎ᠤᠨ ᠱᠤᠭᠤᠮ᠎ᠢ ᠱᠢᠨ᠎ᠡ᠎ᠪᠡᠷ ᠪᠠᠢᠭᠤᠯᠵᠤ᠂ ᠱᠢᠨ᠎ᠡ᠎ᠪᠡᠷ ᠪᠠᠢᠭᠤᠯᠤᠭ᠍ᠰᠠᠨ ᠦᠶ᠋ᠯᠡᠳᠪᠦᠷᠢᠯᠡᠯ᠎ᠦᠨ ᠱᠤᠭᠤᠮ᠎ᠨᠢ ᠬᠥᠮᠦᠨ᠎ᠦ ᠬᠦᠴᠦ ᠵᠢ 50% ᠡᠴᠡ ᠳᠡᠭᠡᠭ᠌ᠰᠢ ᠠᠷᠪᠢᠯᠠᠭ᠍ᠰᠠᠨ᠎ᠢᠶᠠᠷ ᠪᠠᠷᠠᠬᠤ ᠥᠬᠡᠶ ᠪᠠᠰᠠ ᠦᠶ᠋ᠯᠡᠳᠬᠦᠨ᠎ᠦ ᠬᠡᠮᠵᠢᠶ᠎ᠡ᠂ ᠦᠶ᠋ᠯᠡᠳᠬᠦᠨ᠎ᠦ ᠥᠷᠲᠡᠭ᠎ᠢ 〈ᠬᠤᠤᠰ ᠳᠠᠬᠢᠨ᠎ᠢᠶᠠᠷ ᠨᠡᠮᠡᠭ᠌ᠳᠡᠭᠦᠯᠬᠦ᠌〉 ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ〈ᠣᠶᠤᠨᠴᠢ ᠦᠶ᠋ᠯᠡᠳᠪᠦᠷᠢ〉᠂〈ᠭᠡᠷᠡᠯ ᠭᠡᠭᠡ ᠬᠡᠷᠡᠭᠰᠡᠬᠦ ᠦᠭᠡᠢ ᠪᠡᠷ ᠦᠢᠯᠡᠳᠪᠦᠷᠢᠯᠡᠬᠦ ᠦᠶ᠋ᠯᠡᠳᠪᠦᠷᠢ〉 ᠎ᠶ᠋ᠢ ᠪᠠᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ》 ᠭᠡᠵᠦ᠍ ᠠᠵᠤ ᠠᠬᠤᠢᠯᠠᠯ᠎ᠤᠨ ᠳᠡᠳ᠋ ᠶᠡᠷᠦᠩᠬᠡᠢ ᠳᠠᠭᠠᠭᠠᠮᠠᠯ ᠵᠢᠶᠠᠩ ᠢᠦᠢ ᠬᠡᠯᠡᠨ᠎ᠠ᠃

2021 ᠣᠨ᠎ᠳᠤ᠂ ᠪᠤᠭᠤᠲᠤ ᠬᠣᠲᠠ ᠬᠤᠪᠢᠷᠠᠯᠲᠠ᠎ᠶ᠋ᠢ ᠲᠠᠨᠢᠬᠤ ᠣᠶᠤᠨ ᠤᠬᠠᠭᠠᠨ᠂ ᠬᠤᠪᠢᠷᠠᠯᠲᠠ᠎ᠶ᠋ᠢ ᠠᠷᠭᠠᠴᠠᠭᠠᠬᠤ ᠵᠣᠷ᠂ ᠬᠤᠪᠢᠷᠠᠯᠲᠠ᠎ᠶ᠋ᠢ ᠡᠷᠢᠯᠬᠢᠯᠡᠬᠦ᠌ ᠰᠥᠰᠥ᠍ ᠵᠣᠷᠢᠭ᠎ᠢᠶᠠᠷ ᠶᠡᠷᠦᠩᠬᠡᠶ ᠱᠦᠵᠢ ᠰᠢ ᠵᠢᠨ ᠫᠢᠩ᠎ᠦᠨ《〈ᠱᠢᠷᠣᠶ ᠮᠠᠯᠲᠠᠵᠤ ᠱᠢᠷᠣᠶ ᠬᠤᠳᠠᠯᠳᠤᠬᠤ〉 ᠤᠯᠠᠮᠵᠢᠯᠠᠯᠲᠤ ᠵᠠᠭ᠍ᠪᠤᠷ᠎ᠢ ᠬᠤᠪᠢᠷᠠᠭᠤᠯᠬᠤ ᠬᠡᠷᠡᠭᠳᠡᠢ》 ᠬᠡᠰᠡᠨ ᠨᠠᠨᠳᠢᠨ ᠬᠦᠰᠡᠯ ᠨᠠᠢᠳᠠᠯᠭ᠎ᠠ᠎ᠶ᠋ᠢ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠪᠠ᠃ ᠪᠤᠭᠤᠲᠤ᠎ᠶ᠋ᠢᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠰᠠᠭᠤᠷᠢ ᠪᠠᠲᠤ ᠪᠡᠬᠢ ᠪᠠᠶ᠋ᠢᠵᠤ᠂ ᠪᠦᠬᠦ᠌ ᠬᠣᠲᠠ᠎ᠶ᠋ᠢᠨ 141 ᠬᠣᠪᠣᠷ ᠱᠢᠷᠣᠢ᠎ᠶ᠋ᠢᠨ ᠠᠵᠤ ᠠᠬᠤᠢᠯᠠᠯ ᠨᠢᠭᠡᠨᠲᠡ 5 ᠶᠡᠬᠡ ᠴᠢᠳᠠᠮᠵᠢᠲᠤ ᠮᠠᠲ᠋ᠧᠷᠢᠶᠠᠯ᠎ᠢ ᠪᠦᠬᠦᠨ᠎ᠢ ᠪᠦᠷᠬᠦᠭᠦᠯᠬᠦ ᠵᠢ ᠪᠡᠶᠡᠯᠡᠬᠦᠯᠵᠥ᠂ ᠬᠣᠪᠣᠷ ᠱᠢᠷᠣᠢ᠎ᠶ᠋ᠢᠨ ᠴᠢᠳᠠᠮᠵᠢᠲᠤ ᠮᠠᠲ᠋ᠧᠷᠢᠶᠠᠯ ᠨᠢᠭᠡᠨᠲᠡ 5.6 ᠲᠦᠮᠡᠨ ᠲᠣᠨ᠎ᠤ ᠲᠣᠭ᠍ᠲᠠᠮᠠᠯ ᠰᠣᠷᠢᠨᠵᠢᠨ᠂ 2.3 ᠲᠦᠮᠡᠨ ᠲᠣᠨ᠎ᠤ ᠭᠢᠯᠠᠢᠯᠭᠠᠬᠤ ᠴᠢᠳᠠᠪᠤᠷᠢ᠂ 1.1 ᠲᠦᠮᠡᠨ ᠲᠣᠨ᠎ᠤ ᠤᠰᠤᠲᠥ᠋ᠷᠥᠭ᠌ᠴᠢ ᠬᠠᠳᠠᠭᠠᠯᠠᠬᠤ᠂ 4 ᠲᠦᠮᠡᠨ ᠲᠣᠨ᠎ᠤ ᠲᠦᠷᠭᠡᠳᠭᠡᠭᠦᠷ᠎ᠤᠨ ᠳᠤᠰᠠᠯᠠᠮᠵᠢ ᠮᠠᠲᠸᠷᠢᠶᠠᠯ᠂ 180 ᠲᠦᠮᠡᠨ ᠲᠣᠨ᠎ᠤ ᠬᠣᠪᠣᠷ ᠱᠢᠷᠣᠢ᠎ᠶ᠋ᠢᠨ ᠬᠠᠢᠯᠤᠰᠢ ᠦᠢᠯᠡᠳᠪᠦᠷᠢᠯᠡᠬᠦ᠌ ᠴᠢᠳᠠᠪᠤᠷᠢ᠎ᠶ᠋ᠢᠨ ᠬᠡᠪᠴᠢᠶ᠎ᠡ᠎ᠶ᠋ᠢ ᠪᠦᠷᠢᠯᠳᠦᠭᠦᠯᠪᠡ᠃

ᠣᠳᠣᠬᠠᠨ᠎ᠳᠤ᠂ ᠬᠣᠪᠣᠷ ᠱᠢᠷᠣᠶ᠎ᠶ᠋ᠢᠨ ᠲᠦᠭᠦᠬᠡᠶ ᠮᠠᠲ᠋ᠧᠷᠢᠶᠠᠯ᠎ᠢ ᠲᠤᠬᠠᠶ᠎ᠶ᠋ᠢᠨ ᠭᠠᠵᠠᠷ ᠲᠤᠨᠢ ᠤᠨᠳᠤᠤᠰᠢᠭᠤᠯᠬᠤ  ᠨᠣᠷᠮ᠎ᠠ 80% ᠎ᠳ᠋ᠤ ᠬᠦᠷᠴᠤ᠂ ᠬᠣᠪᠣᠷ ᠱᠢᠷᠣᠶ᠎ᠶ᠋ᠢᠨ ᠴᠢᠳᠠᠮᠵᠢᠲᠤ ᠮᠠᠲ᠋ᠧᠷᠢᠶᠠᠯ ᠵᠢᠴᠢ ᠬᠡᠷᠡᠭ᠌ᠯᠡᠭᠡᠨ᠎ᠦ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ᠎ᠦᠨ ᠡᠵᠡᠯᠡᠬᠦ᠌ ᠬᠠᠷᠢᠴᠠᠯ 50% ᠡᠴᠡ ᠳᠡᠭᠡᠭ᠌ᠰᠢ᠎ᠳᠦ ᠬᠦᠷᠴᠤ᠂《ᠬᠣᠪᠣᠷ ᠱᠢᠷᠣᠶ +》 ᠠᠵᠤ ᠦᠶ᠋ᠯᠡᠰ᠎ᠢ ᠳᠡᠭᠡᠳᠦ ᠲᠠᠰ᠎ᠤᠨ ᠬᠦᠷᠢᠶ᠎ᠡ ᠴᠠᠷᠠᠭ᠎ᠠ ᠳᠠᠢᠰᠢ ᠲᠠᠰᠤᠷᠠᠯᠲᠠ ᠥᠬᠡᠶ ᠥᠷᠭᠡᠳᠭᠡᠨ᠂ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠂ ᠬᠣᠪᠣᠷ ᠱᠢᠷᠣᠶ᠎ᠶ᠋ᠢᠨ ᠰᠣᠷᠢᠨᠵᠢᠨ ᠰᠡᠷᠭᠡᠭ ᠲᠣᠨᠣᠭ᠂ ᠬᠣᠪᠣᠷ ᠱᠢᠷᠣᠶ᠎ᠶ᠋ᠢᠨ ᠸᠠᠭᠠᠷ ᠱᠠᠭᠠᠵᠠᠩ᠎ᠤᠨ ᠴᠠᠬᠢᠯᠭᠠᠨ ᠪᠠᠭ᠍ᠲᠠᠭᠠᠭ᠍ᠴᠢ ᠵᠢᠴᠢ ᠳᠡᠭᠡᠳᠦ ᠲᠠᠰ᠎ᠤᠨ ᠴᠢᠫ᠎ᠤᠨ ᠴᠠᠬᠢᠯᠭᠠᠨ ᠡᠰᠡᠷᠬᠦᠴᠡᠯᠡᠬᠦᠷ ᠵᠡᠷᠭᠡ ᠦᠵᠦᠭᠦᠷᠯᠢᠭ ᠬᠡᠷᠡᠭ᠌ᠯᠡᠭᠡᠨ᠎ᠦ ᠠᠵᠤ ᠦᠶ᠋ᠯᠡᠰ᠎ᠢ ᠶᠠᠭ ᠠᠯᠬᠤᠮ ᠠᠯᠬᠤᠮ᠎ᠢᠶᠠᠷ ᠠᠵᠤ ᠦᠢᠯᠡᠰᠵᠢᠭᠦᠯᠬᠦ᠌᠎ᠶ᠋ᠢ ᠪᠡᠶᠡᠯᠡᠭᠦᠯᠵᠦ᠍ ᠪᠠᠢᠨ᠎ᠠ᠃

ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ ᠎ᠤᠨ ᠪᠦᠷᠢᠯᠳᠦᠬᠦᠨ ᠸᠠᠩ ᠱᠢᠤ ᠯᠢᠶᠠᠨ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠶᠠᠷᠢᠬᠤ᠎ᠳᠠᠭᠠᠨ᠄ 《2021 ᠣᠨ᠎ᠳᠤ᠂ ᠪᠤᠭᠤᠲᠤ ᠬᠣᠲᠠ᠎ᠶ᠋ᠢᠨ ᠬᠢᠨ ᠵᠢᠨ ᠯᠢ ᠲᠣᠭ᠍ᠲᠠᠮᠠᠯ ᠰᠣᠷᠢᠨᠵᠢᠨ᠂ ᠺᠧ ᠲᠢᠶᠠᠨ ᠰᠣᠷᠢᠨᠵᠢᠨ ᠦᠶ᠋ᠯᠡᠰ᠂ ᠶᠦᠨ ᠱᠧᠩ ᠬᠡᠳᠤ ᠰᠣᠷᠢᠨᠵᠢᠨ᠂ ᠳ᠋ᠠ ᠳ᠋ᠢ ᠱᠢᠶᠦ᠋ᠩ᠂ ᠠᠨ᠎ᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠣᠪᠣᠷ ᠱᠢᠷᠣᠶ᠎ᠶ᠋ᠢᠨ ᠰᠣᠷᠢᠨᠵᠢᠨ ᠮᠠᠲ᠋ᠧᠷᠢᠶᠠᠯ᠎ᠤᠨ 41 ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ 129 ᠳ᠋ᠦᠩᠱᠢᠭᠤᠷ ᠲᠥᠭᠥᠷᠢᠭ᠎ᠲᠦ ᠬᠦᠷᠴᠦ᠍᠂ ᠳ᠋ᠠ ᠳ᠋ᠢ ᠱᠢᠶᠦ᠋ᠩ ᠵᠡᠷᠭᠡ 27 ᠲᠥᠷᠥᠯ ᠵᠦᠶ᠋ᠯ ᠲᠤᠬᠠᠶ᠎ᠶ᠋ᠢᠨ ᠵᠢᠯ᠎ᠳᠦ ᠪᠠᠷᠢᠯᠭ᠎ᠠ ᠳᠠᠭᠤᠰᠤᠨ ᠠᠱᠢᠭ᠍ᠯᠠᠯᠲᠠ᠎ᠳᠤ ᠣᠷᠣᠵᠤ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠪᠥᠲᠥᠭᠡᠨ ᠪᠠᠢᠭᠤᠯᠵᠤ ᠪᠠᠢᠭ᠎ᠠ ᠲᠥᠷᠥᠯ ᠵᠦᠶ᠋ᠯ᠎ᠦᠨ ᠲᠣᠭ᠎ᠠ ᠬᠡᠮᠵᠢᠶ᠎ᠡ᠂ ᠶᠡᠷᠦᠩᠬᠡᠶ ᠪᠠᠯᠠ ᠣᠷᠣᠭᠤᠯᠤᠯᠲᠠ᠎ᠨᠢ ᠴᠥᠮ ᠲᠡᠦᠬᠡ ᠵᠢᠨ ᠬᠠᠮᠤᠭ᠎ᠤᠨ ᠦᠨᠳᠦᠷ ᠳᠡᠮᠳᠡᠭᠯᠡᠯ᠎ᠢ ᠡᠬᠦᠳᠴᠡᠢ》 ᠬᠡᠪᠡ᠃

《2+2+N》 ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠴᠢᠭ᠌ᠯᠡᠯ᠎ᠦᠨ ᠲᠣᠭᠣᠷᠢᠨ᠎ᠳᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠤᠭᠤᠮ᠎ᠤᠨ ᠵᠢᠷᠤᠭ᠎ᠢ ᠳᠤᠳᠤᠷᠬᠠᠢ ᠦᠢᠯᠠᠭᠠᠵᠥ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠪᠤᠭᠤᠲᠤ᠎ᠶ᠋ᠢᠨ ᠬᠣᠪᠣᠷ ᠱᠢᠷᠣᠶ᠎ᠨᠢ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠪᠠ ᠤᠰᠤᠲᠥ᠋ᠷᠥᠭ᠌ᠴᠢ ᠮᠠᠲ᠋ᠧᠷᠢᠶᠠᠯ ᠬᠠᠳᠠᠭᠠᠯᠠᠬᠤ ᠬᠣᠶᠠᠷ ᠶᠡᠬᠡ ᠠᠵᠤ ᠦᠶ᠋ᠯᠡᠰ᠎ᠢ ᠤᠷᠢᠳ᠎ᠢᠶᠠᠷ ᠬᠥᠭ᠌ᠵᠢᠭᠦᠯᠦᠨ᠎ᠡ; ᠬᠣᠪᠣᠷ ᠱᠢᠷᠣᠶ᠎ᠶ᠋ᠢᠨ ᠭᠢᠯᠠᠢᠯᠭᠠᠬᠤ ᠴᠢᠳᠠᠪᠤᠷᠢ᠂ ᠬᠡᠷᠡᠯ ᠡᠬᠦᠰᠬᠡᠬᠦ ᠮᠠᠲ᠋ᠧᠷᠢᠶᠠᠯ᠎ᠤᠨ ᠠᠵᠤ ᠦᠢᠯᠡᠰ᠎ᠢ ᠭᠣᠣᠯᠳᠠᠯᠭ᠎ᠠ᠎ᠲᠠᠶ ᠬᠥᠭ᠌ᠵᠢᠭᠦᠯᠦᠨ᠎ᠡ; ᠬᠣᠪᠣᠷ ᠱᠢᠷᠣᠶ᠎ᠶ᠋ᠢᠨ ᠲᠦᠷᠭᠡᠳᠭᠡᠬᠦᠷ᠎ᠤᠨ ᠮᠠᠲ᠋ᠧᠷᠢᠶᠠᠯ᠂ ᠬᠣᠪᠣᠷ ᠱᠢᠷᠣᠶ᠎ᠶ᠋ᠢᠨ ᠬᠠᠢᠯᠤᠰᠢ᠂ ᠬᠣᠪᠣᠷ ᠱᠢᠷᠣᠶ᠎ᠶ᠋ᠢᠨ ᠱᠢᠯ᠂ ᠬᠣᠪᠣᠷ ᠱᠢᠷᠣᠶ᠎ᠶ᠋ᠢᠨ ᠸᠠᠭᠠᠷ ᠱᠠᠭᠠᠵᠠᠩ᠂ ᠬᠣᠪᠣᠷ ᠱᠢᠷᠣᠶ᠎ᠶ᠋ᠢᠨ ᠪᠤᠳᠤᠭ᠂ ᠬᠣᠪᠣᠷ ᠱᠢᠷᠣᠶ᠎ᠶ᠋ᠢᠨ ᠴᠢᠫ ᠵᠡᠷᠭᠡ N ᠵᠦᠢᠯ᠎ᠤᠨ 《ᠬᠣᠪᠣᠷ ᠱᠢᠷᠣᠶ +》 ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠬᠠᠮᠤᠭ᠎ᠤᠨ ᠡᠴᠦᠰ᠎ᠲᠦ ᠪᠦᠷᠢᠨ ᠪᠦᠲᠦᠨ ᠪᠦᠬᠦᠢ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠦᠷᠢᠯᠳᠦᠬᠦᠯᠵᠥ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠡᠪᠴᠢᠶ᠎ᠡ᠎ᠶ᠋ᠢ ᠪᠤᠵᠠᠭᠠᠢᠷᠠᠭᠤᠯᠤᠨ᠂ ᠬᠣᠪᠣᠷ ᠱᠢᠷᠣᠶ᠎ᠶ᠋ᠢᠨ ᠥᠷᠭᠡᠨ ᠬᠦᠷᠢᠶ᠎ᠡ ᠴᠠᠷᠠᠭ᠎ᠠ᠂ ᠣᠷᠳᠣ ᠬᠡᠯᠬᠢᠶ᠎ᠠ᠂ ᠴᠢᠨᠠᠷ ᠰᠠᠢᠲᠠᠶ ᠴᠢᠭ᠌ᠯᠡᠯ ᠳᠡᠢᠰᠢ ᠬᠥᠭ᠌ᠵᠢᠬᠦ᠌᠎ᠶ᠋ᠢ ᠠᠬᠢᠭᠤᠯᠬᠤ ᠪᠤᠯᠤᠨ᠎ᠠ᠃

ᠣᠢᠷ᠎ᠠ᠎ᠶ᠋ᠢᠨ ᠨᠢᠭᠡ ᠵᠢᠯ᠎ᠦᠨ ᠲᠤᠷᠰᠢ᠂ ᠪᠤᠭᠤᠲᠤ ᠬᠣᠲᠠ ᠨᠢᠭᠡᠨᠲᠡ 54 ᠬᠣᠪᠣᠷ ᠱᠢᠷᠣᠶ᠎ᠶ᠋ᠢᠨ ᠲᠥᠷᠥᠯ ᠵᠦᠶ᠋ᠯ᠎ᠳᠦ ᠱᠢᠨ᠎ᠡ᠎ᠪᠡᠷ ᠭᠡᠷ᠎ᠡ ᠲᠣᠭ᠍ᠲᠠᠵᠤ᠂ ᠨᠡᠢᠲᠡ 177.5 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ᠍᠂ ᠵᠢᠨ ᠯᠢ ᠳᠤᠬᠳᠠᠮᠠᠯ ᠰᠤᠷᠢᠨᠵᠢᠨ᠂ ᠠᠨ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠪᠥᠬᠥ᠌ ᠤᠯᠤᠰ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠵᠢᠡᠷ ᠲᠦᠷᠦᠭᠦᠦ ᠠᠷᠪᠠᠨ ᠬᠦᠴᠦᠷᠬᠡᠭ ᠲᠸ᠋ ᠪᠠᠢᠬᠤ ᠬᠣᠪᠣᠷ ᠱᠢᠷᠣᠶ᠎ᠶ᠋ᠢᠨ ᠰᠣᠷᠢᠨᠵᠢᠨ ᠮᠠᠲ᠋ᠧᠷᠢᠶᠠᠯ᠎ᠤᠨ ᠠᠵᠤ ᠠᠬᠤᠢᠯᠠᠯ᠎ᠤᠨ 7 ᠨᠢ ᠨᠢᠭᠡᠨᠲᠡ ᠪᠤᠭᠤᠲᠤ᠎ᠳᠤ ᠨᠤᠲᠤᠭ᠍ᠰᠢᠪᠠ᠃ 2021 ᠣᠨ᠎ᠤ 11 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ ᠠᠳᠠᠯᠢ ᠬᠤᠭᠤᠴᠠᠭᠠᠨ ᠎ᠤ᠎ᠬᠢ᠎ᠡᠴᠡ 70% ᠎ᠪᠠᠷ ᠨᠡᠮᠡᠭ᠌ᠳᠡᠵᠦ᠍᠂ ᠪᠥᠬᠥ᠌ ᠵᠢᠯ᠎ᠦᠨ ᠦᠶ᠋ᠯᠡᠳᠬᠦᠨ᠎ᠦ ᠥᠷᠲᠡᠭ 380 ᠳ᠋ᠦᠩᠱᠢᠭᠤᠷ ᠲᠥᠭᠥᠷᠢᠭ᠎ᠢ ᠳᠠᠪᠠᠬᠤ ᠪᠣᠯᠤᠮᠵᠢ᠎ᠲᠠᠶ ᠪᠤᠯᠵᠠᠢ᠃

ᠪᠤᠭᠤᠲᠤ᠎ᠶ᠋ᠢᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠣᠯᠤᠭ᠍ᠰᠠᠨ ᠱᠢᠨ᠎ᠡ ᠠᠮᠵᠢᠯᠲᠠ ᠪᠦᠲᠦᠮᠵᠢ᠎ᠶ᠋ᠢ ᠦᠵᠡᠭᠡᠳ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠭᠠᠨ ᠶᠦᠩ᠄ 《ᠬᠣᠪᠣᠷ ᠱᠢᠷᠣᠢ ᠯᠤᠲᠤ ᠶᠡᠬᠡ ᠠᠵᠤ ᠦᠢᠯᠡᠰ᠎ᠦᠨ ᠪᠦᠯᠦᠭ᠌ᠵᠢᠯ᠎ᠢ ᠪᠦᠷᠢᠯᠳᠦᠭᠦᠯᠵᠦ᠍ ᠴᠢᠳᠠᠨ᠎ᠠ ᠭᠡᠵᠦ᠍ ᠪᠢ ᠵᠢᠯ ᠪᠦᠷᠢ ᠬᠡᠯᠡᠵᠦ᠍ ᠪᠠᠢᠳᠠᠭ᠂ ᠡᠨᠡ ᠬᠦ᠌ ᠬᠦᠰᠡᠯ ᠵᠡᠭᠦᠳᠦ ᠵᠢ ᠪᠤᠭᠤᠳᠤ ᠵᠢᠨ ᠬᠢᠨ ᠶᠠᠭ ᠪᠡᠶᠡᠯᠡᠭ᠌ᠦᠯᠵᠦ᠍ ᠪᠠᠢᠨ᠎ᠠ》 ᠬᠡᠪᠡ᠃

ᠣᠳᠣᠬᠠᠨ᠎ᠳᠤ᠂ ᠪᠤᠭᠤᠲᠤ ᠶᠠᠭ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠡᠷᠢᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠡᠭᠦᠷᠭᠡᠯᠡᠨ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠡᠷᠴᠢᠮᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠪᠥᠬᠥ᠌ ᠲᠠᠯ᠎ᠠ᠎ᠪᠠᠷ ᠤᠷᠲᠤᠳᠭᠠᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠬᠦᠴᠦᠯᠡᠨ ᠴᠢᠩᠭᠠᠳᠭᠠᠵᠤ᠂ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠨ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠠᠰ ᠳᠠᠪᠬᠤᠷᠭ᠎ᠠ ᠪᠠ ᠭᠤᠤᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠲᠥᠷᠥ᠎ᠶ᠋ᠢᠨ ᠪᠣᠳᠣᠯᠭ᠎ᠠ ᠶ᠋ᠢᠨ ᠬᠡᠯᠬᠢᠶ᠎ᠡ᠎ᠶ᠋ᠢ ᠵᠣᠯᠭᠠᠭᠤᠯᠤᠨ ᠨᠡᠪᠲᠡᠷᠡᠯᠴᠡᠭᠦᠯᠬᠦ᠌ ᠬᠥᠭ᠌ᠵᠢᠯᠲᠡ᠎ᠶ᠋ᠢᠨ ᠣᠷᠴᠢᠨ᠎ᠢ ᠶᠡᠬᠡ᠎ᠪᠡᠷ ᠪᠣᠶ ᠪᠣᠯᠭᠠᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠢ《ᠪᠣᠬᠢᠷᠲᠤᠯ ᠥᠬᠡᠶ》ᠪᠤᠯᠭᠠᠨ ᠬᠤᠪᠢᠷᠠᠭᠤᠯᠵᠤ ᠂ 《ᠴᠢᠨᠠᠷ ᠰᠠᠢᠳᠠᠢ》 ᠳᠡᠢᠰᠢ ᠤᠷᠤᠬᠰᠢᠯᠠᠬᠤ ᠶ᠋ᠢ ᠠᠬᠢᠭᠤᠯᠵᠤ ᠪᠠᠢᠨ᠎ᠠ᠃

《ᠪᠤᠭᠤᠲᠤ᠎ᠶ᠋ᠢᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠡᠳᠦᠷ᠎ᠡᠴᠡ ᠡᠳᠦᠷ ᠱᠢᠨᠡᠳᠴᠦ᠍ ᠴᠢᠳᠠᠬᠰᠠᠨ ᠨᠢ ᠥᠨᠳᠥᠷ ᠬᠦᠴᠦᠯᠡᠴᠡ᠎ᠲᠡᠶ ᠰᠤᠳᠤᠯᠤᠨ ᠨᠡᠭᠡᠭᠡᠬᠦ᠌ ᠣᠷᠣᠭᠤᠯᠤᠯᠲᠠ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠯ᠎ᠠ ᠪᠡᠷ ᠱᠢᠨ᠎ᠡ ᠵᠢ ᠡᠬᠦᠳᠦᠭᠰᠡᠨ᠎ᠡᠴᠡ ᠰᠠᠯᠵᠤ ᠴᠢᠳᠠᠬᠤ ᠦᠭᠡᠢ ᠶᠤᠮ》ᠬᠡᠵᠥ ᠪᠤᠭᠤᠲᠤ ᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠤᠸᠠᠨ ᠬᠣᠩ ᡁᠢ ᠬᠡᠯᠡᠭᠰᠡᠨ ᠪᠦᠭᠡᠳ ᠣᠳᠣᠬᠠᠨ᠎ᠳᠤ ᠪᠤᠭᠤᠲᠤ ᠬᠣᠲᠠ ᠶᠠᠭ 《ᠤᠯᠤᠰ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ》 ᠪᠠᠢᠭᠤᠯᠬᠤ᠎ᠶ᠋ᠢ ᠠᠬᠢᠭᠤᠯᠵᠤ ᠪᠤᠢ᠂ ᠲᠣᠰ ᠲᠥᠪ᠎ᠨᠢ ᠳᠡᠯᠡᠬᠡᠶ᠎ᠶ᠋ᠢᠨ ᠬᠣᠱᠢᠭᠤᠷᠠᠯ ᠪᠠ ᠤᠯᠤᠰ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠭᠤᠯᠤᠨ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠢ᠎ᠶ᠋ᠢ ᠱᠢᠪᠲᠤᠯᠬᠤ᠎ᠪᠠᠷ ᠭᠤᠤᠯ ᠪᠣᠯᠭᠠᠵᠤ᠂ ᠪᠥᠬᠥ᠌ ᠪᠦᠮᠪᠦᠷᠴᠡᠭ᠎ᠤᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠱᠢᠭ᠍ᠲᠠᠶ ᠪᠠᠢᠷᠢ᠎ᠶ᠋ᠢ ᠵᠠᠪᠳᠤᠨ ᠡᠵᠡᠯᠡᠵᠦ᠍᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ ᠵᠡᠷᠭᠡ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠬᠣᠪᠣᠷ ᠱᠢᠷᠣᠶ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢ ᠡᠬᠦᠳᠦᠨ ᠴᠤᠬᠴᠠᠯᠠᠬᠤ ᠪᠤᠯᠤᠨ᠎ᠠ ᠭᠡᠵᠤ ᠢᠯᠡᠳᠬᠡᠪᠡ᠃

ᠣᠢᠯᠠᠭᠠᠭ᠍ᠰᠠᠨ᠎ᠢᠶᠠᠷ᠂ 2016 ᠣᠨ ᠡᠴᠡ ᠨᠠᠭᠠᠰᠢ᠂ ᠪᠤᠭᠤᠲᠤ ᠬᠣᠲᠠ ᠨᠡᠢᠲᠡ ᠵᠠᠭᠤ ᠱᠢᠬᠠᠮ ᠵᠦᠶ᠋ᠯ᠎ᠦᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠨᠡᠭᠡᠭᠡᠨ ᠬᠥᠭ᠌ᠵᠢᠭᠦᠯᠦᠯᠲᠡ᠂ ᠵᠠᠪᠰᠠᠷ᠎ᠤᠨ ᠲᠤᠷᠱᠢᠯᠲᠠ ᠵᠢᠴᠢ ᠠᠵᠤ ᠦᠢᠯᠡᠰᠵᠢᠯᠲᠡ᠎ᠶ᠋ᠢᠨ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 130 ᠭᠠᠷᠤᠶ ᠵᠦᠶ᠋ᠯ᠎ᠦᠨ ᠡᠭᠦᠳᠦᠨ ᠪᠦᠳᠦᠬᠡᠯᠳᠡ᠎ᠶ᠋ᠢᠨ ᠲᠤᠰᠭᠠᠶ ᠠᠱᠢᠭ᠎ᠤᠨ ᠡᠷᠬᠡ ᠣᠯᠭᠣᠭ᠍ᠰᠠᠨ ᠪᠠᠢᠨ᠎ᠠ᠃ ᠡᠭᠦᠨ᠎ᠳᠦ᠂ ᠨᠠᠷᠢᠯᠢᠭ ᠠᠰᠠᠷᠠᠨ ᠦᠶ᠋ᠯᠡᠴᠢᠯᠡᠬᠦ᠌ ᠴᠠᠬᠢᠯᠭᠠᠨ ᠮᠠᠱᠢᠨ᠂ ᠣᠯᠠᠨ ᠲᠤᠢᠯᠲᠤ ᠰᠠᠴᠤᠷᠠᠯᠲᠠ᠎ᠶ᠋ᠢᠨ ᠰᠣᠷᠢᠨᠵᠢᠨ ᠴᠠᠭᠠᠷᠢᠭ᠂ ᠳᠡᠯᠡᠬᠡᠶ᠎ᠶ᠋ᠢᠨ ᠠᠩᠬᠠᠳᠠᠭ᠍ᠴᠢ ᠰᠠᠭᠤᠷᠢ ᠬᠣᠪᠣᠷ ᠱᠢᠷᠣᠶ᠎ᠶ᠋ᠢᠨ ᠣᠷᠴᠢᠨ ᠲᠣᠭᠣᠷᠢᠨ᠎ᠢ ᠬᠠᠮᠠᠭᠠᠯᠠᠬᠤ ᠪᠤᠳᠤᠭ᠍ᠯᠠᠭ᠍ᠴᠢ ᠡᠳ᠋᠂ ᠤᠯᠤᠰ᠎ᠤᠨ ᠳᠣᠲᠣᠭᠠᠳᠤ᠎ᠶ᠋ᠢᠨ ᠬᠣᠭᠣᠰᠣᠨ᠎ᠢ ᠨᠥᠬᠥᠪᠥᠷᠢᠯᠡᠭᠰᠡᠨ ᠬᠠᠯᠠᠭᠤᠨ ᠳᠠᠷᠤᠯᠲᠠ᠎ᠪᠠᠷ ᠰᠣᠷᠢᠨᠵᠢᠨ ᠨᠤᠨᠲᠠᠭ ᠨᠠᠭᠠᠯᠳᠤᠭᠤᠯᠬᠤ ᠵᠡᠷᠭᠡ 20 ᠭᠠᠷᠤᠶ ᠵᠦᠶ᠋ᠯ᠎ᠦᠨ ᠦᠷ᠎ᠡ ᠪᠦᠲᠦᠭᠡᠯ ᠨᠢ ᠠᠵᠤ ᠦᠢᠯᠡᠰᠵᠢᠯᠲᠡ᠎ᠶ᠋ᠢ ᠪᠡᠶᠡᠯᠡᠭᠦᠯᠪᠡ᠃

《ᠪᠤᠭᠤᠲᠤ᠎ᠶ᠋ᠢᠨ ᠦᠢᠷ᠎ᠠ ᠵᠢᠨ ᠨᠢᠬᠡ ᠵᠢᠯ ᠳ᠋ᠡᠬᠢ ᠬᠤᠪᠢᠷᠠᠯᠲᠠ ᠮᠠᠰᠢ ᠶᠡᠬᠡ!》 ᠰᠠᠶᠢᠬᠠᠨ ᠪᠤᠭᠤᠲᠤ᠎ᠳᠤ ᠨᠤᠲᠤᠭ᠍ᠰᠢᠭ᠍ᠰᠠᠨ ᠪᠡᠭᠡᠵᠢᠩ᠎ᠦᠨ ᠰᠠᠨ ᠵᠶ᠋ᠢ ᠯᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠨᠧᠦᠳᠢᠮ ᠲᠡᠮᠦᠷ ᠪᠣᠷ᠎ᠤᠨ ᠬᠠᠢᠯᠤᠰᠢ ᠦᠢᠯᠡᠳᠪᠦᠷᠢᠯᠡᠬᠦ᠌ ᠠᠵᠤ ᠠᠬᠤᠢᠯᠠᠯ ᠪᠣᠯᠤᠨ᠎ᠠ᠃ ᠬᠠᠷᠢᠭᠤᠴᠠᠯᠭᠠᠲᠠᠨ ᠰᠦᠨ ᠰᠢ ᠫᠢᠩ᠂ ᠲᠦᠭᠦᠬᠡᠶ ᠮᠠᠲ᠋ᠧᠷᠢᠶᠠᠯ᠎ᠤᠨ ᠳᠠᠪᠠᠭᠤᠯᠢᠭ᠂ ᠴᠠᠬᠢᠯᠭᠠᠨ᠎ᠤ ᠦᠨ᠎ᠡ᠎ᠶ᠋ᠢᠨ ᠳᠠᠪᠠᠭᠤᠯᠢᠭ ᠡᠴᠡ ᠭᠠᠳᠠᠨ᠎ᠠ᠂ ᠠᠵᠤ ᠠᠬᠤᠢᠯᠠᠯ᠎ᠤᠨ ᠰᠠᠭᠤᠷᠢᠰᠢᠬᠤ ᠪᠡᠷ ᠳᠤᠬᠳᠠᠬᠰᠠᠨ  ᠬᠠᠮᠤᠭ᠎ᠤᠨ ᠴᠢᠬᠤᠯᠠ ᠱᠢᠯᠲᠠᠭᠠᠨ ᠪᠣᠯ《ᠲᠠᠭᠠᠱᠢᠶᠠᠭ᠍ᠳᠠᠭ᠍ᠰᠠᠨ》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠠ ᠠᠵᠤ ᠦᠶ᠋ᠯᠡᠰ᠎ᠦᠨ ᠲᠥᠷᠥ᠎ᠶ᠋ᠢᠨ ᠪᠣᠳᠣᠯᠭ᠎ᠠ ᠪᠣᠯᠤᠨ᠎ᠠ ᠬᠡᠪᠡ᠃

2021 ᠣᠨ᠎ᠤ 3 ᠰᠠᠷ᠎ᠠ᠎ᠳᠤ᠂ ᠪᠤᠭᠤᠲᠤ ᠬᠣᠲᠠ ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ 《ᠡᠷᠳᠡᠮᠲᠡᠨ ᠤᠷᠢᠬᠤ ᠵᠠᠷᠯᠢᠭ》 ᠎ᠢ᠋ ᠨᠡᠢᠲᠡᠯᠡᠵᠦ᠍᠂ ᠨᠥᠬᠥᠴᠡᠯ᠎ᠳᠦ ᠨᠡᠢᠴᠡᠬᠦ᠌ ᠳᠡᠭᠡᠳᠦ ᠲᠠᠰ᠎ᠤᠨ ᠴᠢᠳᠠᠪᠤᠷᠢᠲᠠᠨ᠎ᠳᠤ 20 ᠵᠦᠶ᠋ᠯ᠎ᠤᠨ ᠦᠶ᠋ᠯᠡᠴᠢᠯᠡᠭᠡᠨ᠎ᠤ ᠪᠠᠲᠤᠯᠠᠭ᠎ᠠ ᠬᠠᠩᠭᠠᠬᠰᠠᠨ ᠪᠠᠢᠨ᠎ᠠ᠃ 4 ᠰᠠᠷ᠎ᠠ᠎ᠳᠤᠨᠢ᠂ ᠪᠤᠭᠤᠲᠤ ᠬᠣᠲᠠ ᠭᠠᠵᠠᠷ ᠬᠡᠷᠡᠭ᠌ᠯᠡᠬᠦ᠌᠂ ᠪᠠᠯᠠ ᠣᠷᠣᠭᠤᠯᠤᠯᠲᠠ᠂ ᠴᠠᠬᠢᠯᠭᠠᠨ᠎ᠤ ᠦᠨ᠎ᠡ᠂ ᠮᠥᠩᠭᠥᠨ ᠭᠦᠶ᠋ᠯᠭᠡᠭᠡ᠂ ᠡᠳ᠋᠎ᠦᠨ ᠵᠠᠰᠠᠭ ᠭᠠᠢᠯᠢ ᠵᠡᠷᠭᠡ 7 ᠲᠠᠯ᠎ᠠ᠎ᠪᠠᠷ ᠭᠤᠤᠯᠳᠠᠭᠤᠯᠤᠨ《ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠠᠮᠤᠭ᠎ᠤᠨ ᠱᠢᠯᠢᠳᠡᠭ ᠲᠥᠷᠥ᠎ᠶ᠋ᠢᠨ ᠪᠣᠳᠣᠯᠭ᠎ᠠ》 ᠎ᠶ᠋ᠢ ᠨᠡᠢᠲᠡᠯᠡᠪᠡ᠃

8ᠰᠠᠷ᠎ᠠ᠎ᠳᠤ᠂ ᠪᠤᠭᠤᠲᠤ ᠬᠣᠲᠠ《ᠳᠡᠭᠡᠳᠦ ᠲᠠᠰ᠎ᠤᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠣᠷᠣᠭᠤᠯᠤᠨ ᠠᠪᠴᠢᠷᠠᠬᠤ᠎ᠶ᠋ᠢ ᠲᠦᠷᠭᠡᠳᠭᠡᠬᠦ᠌ ᠠᠷᠪᠠᠨ ᠲᠠᠪᠤᠨ ᠵᠤᠷᠪᠤᠰ ᠠᠵᠢᠯ᠎ᠤᠨ ᠠᠷᠭ᠎ᠠ ᠬᠡᠮᠵᠢᠶ᠎ᠡ》 ᠵᠡᠷᠭᠡ《ᠬᠦᠨᠳᠤ ᠵᠢᠨ ᠵᠢᠩ ᠶᠡᠬᠡ》 ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠲᠤᠯᠠᠭ᠎ᠠ ᠬᠠᠩᠭᠠᠪᠠ᠃

ᠨᠠᠩ ᠴᠢᠩᠭ᠎ᠠ ᠲᠥᠷᠥ᠎ᠶ᠋ᠢᠨ ᠪᠣᠳᠣᠯᠭ᠎ᠠ᠎ᠪᠠᠷ ᠠᠵᠤ ᠦᠶ᠋ᠯᠡᠰ᠎ᠦᠨ ᠥᠨᠳᠥᠷ ᠲᠦᠪᠱᠢᠨ ᠪᠥᠬᠥᠶ ᠱᠢᠨ᠎ᠡ ᠡᠭᠦᠳᠦᠯᠲᠡ᠎ᠶ᠋ᠢ ᠨᠢᠭ᠍ᠲᠠᠷᠠᠭᠤᠯᠵᠤ᠂ ᠨᠠᠩ ᠱᠢᠯᠢᠳᠡᠭ ᠣᠷᠴᠢᠨ ᠨᠦᠬᠦᠴᠡᠯ᠎ᠢᠶᠠᠷ ᠬᠣᠪᠣᠷ ᠱᠢᠷᠣᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ᠂ ᠪᠤᠭᠤᠲᠤ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠠᠵᠤ ᠦᠶ᠋ᠯᠡᠰ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠣᠨᠴᠠᠯᠢᠭ ᠢᠯᠡ ᠲᠣᠳᠣ᠂ ᠪᠦᠲᠦᠴᠡ ᠵᠦᠶ ᠵᠣᠬᠢᠰᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠠᠵᠤ ᠦᠶ᠋ᠯᠡᠰ ᠬᠠᠮᠲᠤ᠎ᠪᠠᠷ ᠣᠷᠣᠱᠢᠵᠤ ᠬᠣᠯᠪᠣᠯᠳᠤᠭ᠍ᠰᠠᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号