ᠥᠪᠡᠷᠲᠡᠭᠡᠨ ᠵᠠᠰᠠᠬᠤ ᠣᠷᠣᠨ ᠎ᠤ ᠪᠠᠢᠴᠠᠭᠠᠬᠤ ᠬᠣᠷᠢᠶ᠎ᠠ ᠲᠡᠦᠬᠡ ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠲᠠᠢ ᠬᠠᠮᠲᠤᠷᠠᠨ ᠣᠷᠳᠣ ᠴᠠᠭᠠᠨ ᠬᠡᠷᠡᠮ ᠢ᠋ ᠬᠠᠮᠠᠭᠠᠯᠠᠬᠤ ᠶᠠᠷᠢᠯᠴᠠᠬᠤ ᠬᠤᠷᠠᠯ ᠬᠢᠪᠠ
2022-01-09 20:09:39
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠎ᠤ ᠲᠡᠦᠬᠡ ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠬᠠᠮᠲᠤᠷᠠᠨ ᠣᠷᠳᠣ ᠴᠠᠭᠠᠨ ᠬᠡᠷᠡᠮ ᠪᠤᠯᠤᠨ ᠲᠡᠦᠬᠡ ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ ᠎ᠶ᠋ᠢᠨ ᠨᠡᠢᠲᠡ ᠎ᠶ᠋ᠢᠨ ᠠᠰᠠᠷᠠᠮᠵᠢ᠎ᠶ᠋ᠢᠨ ᠵᠠᠷᠭᠤ ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ᠃

ᠨᠢᠳᠤᠨᠤᠨ᠎ᠦ 9 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠬᠠᠮᠲᠤᠷᠠᠨ《ᠪᠥᠬᠥ᠌ ᠣᠷᠣᠨ᠎ᠤ ᠣᠷᠳᠣ ᠴᠠᠭᠠᠨ ᠬᠡᠷᠡᠮ᠎ᠦᠨ ᠬᠠᠮᠠᠭᠠᠯᠠᠯᠲᠠ ᠎ᠶ᠋ᠢᠨ ᠲᠤᠰᠭᠠᠶ ᠠᠵᠢᠯᠯᠠᠭ᠎ᠠ》᠎ᠶ᠋ᠢ ᠥᠷᠨᠢᠭᠦᠯᠵᠦ᠍᠂ ᠲᠤᠰᠭᠠᠶ ᠠᠵᠢᠯᠯᠠᠭ᠎ᠠ᠎ᠶ᠋ᠢᠨ ᠤᠳᠤᠷᠢᠳᠭᠤ ᠳᠤᠭᠤᠢᠯᠠᠩ᠎ᠢ ᠬᠠᠮᠲᠤᠷᠠᠨ ᠪᠠᠢᠭᠤᠯᠵᠤ᠂ ᠭᠤᠤᠯᠳᠠᠯᠭ᠎ᠠ᠎ᠲᠠᠶ ᠠᠵᠢᠯ᠎ᠢ ᠬᠠᠮᠵᠢᠯᠴᠠᠨ ᠠᠬᠢᠭᠤᠯᠬᠤ᠂ ᠭᠤᠤᠯᠳᠠᠯᠭ᠎ᠠ᠎ᠲᠠᠶ ᠬᠡᠷᠡᠭ ᠎ᠢ ᠬᠠᠮᠵᠢᠯᠴᠠᠨ ᠬᠢᠨᠠᠨ ᠵᠢᠯᠣᠭᠣᠳᠭᠤ᠂ ᠴᠢᠬᠤᠯᠠ ᠠᠵᠢᠯ ᠎ᠢ ᠬᠠᠷᠢᠯᠴᠠᠨ ᠮᠡᠳᠡᠭ᠌ᠳᠡᠬᠦ᠌ ᠵᠡᠷᠭᠡ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠤᠭ᠍ᠰᠠᠨ ᠡᠴᠨ ᠣᠷᠳᠣ ᠴᠠᠭᠠᠨ ᠬᠡᠷᠡᠮ ᠤ᠋ᠨ ᠬᠣᠪᠣᠷ ᠨᠠᠨᠳᠢᠨ ᠲᠡᠦᠬᠡ ᠰᠣᠶᠣᠯ ᠎ᠤᠨ ᠥᠪ᠎ᠢ ᠬᠠᠮᠠᠭᠠᠯᠠᠬᠤ ᠎ᠳᠤ ᠨᠠᠩ ᠠᠱᠢᠭ ᠲᠠᠶ ᠪᠣᠯᠪᠠ᠃

ᠪᠠᠢᠴᠠᠭᠠᠬᠤ ᠪᠠᠢᠭᠤᠯᠭ᠎ᠠ ᠲᠡᠦᠬᠡ᠎ᠶ᠋ᠢᠨ ᠳᠤᠷᠠᠰᠭᠠᠯᠲᠤ ᠵᠦᠶ᠋ᠯ ᠪᠠ ᠰᠣᠶᠣᠯ ᠎ᠤᠨ ᠥᠪ ᠎ᠦᠨ ᠬᠠᠮᠠᠭᠠᠯᠠᠯᠲᠠ᠎ᠶ᠋ᠢᠨ ᠨᠡᠢᠲᠡ ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ 《ᠪᠥᠬᠥ᠌ ᠣᠷᠣᠨ᠎ᠤ ᠣᠷᠳᠣ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ ᠲᠤᠰᠭᠠᠶ ᠠᠵᠢᠯᠯᠠᠭ᠎ᠠ》 ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ ᠨᠢᠭᠡ ᠪᠦᠯᠦᠭ ᠣᠷᠳᠣ ᠴᠠᠭᠠᠨ ᠬᠡᠷᠡᠮ ᠵᠢᠴᠢ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠬᠦᠷᠢᠶᠡᠨ᠎ᠳᠡᠬᠢ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠎ᠶ᠋ᠢᠨ ᠨᠡᠢᠲᠡ 24 ᠬᠡᠷᠡᠭ ᠎ᠦᠨ ᠰᠦᠪᠡᠭ᠌ᠴᠢ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠂ 15 ᠬᠡᠷᠡᠭ ᠎ᠢ ᠬᠡᠷᠡᠭ ᠪᠣᠯᠭᠠᠨ ᠳᠡᠩᠰᠡᠯᠡᠵᠦ᠍᠂ 12 ᠬᠤᠪᠢ ᠵᠠᠭᠠᠯᠳᠤᠬᠤ ᠡᠴᠨ ᠡᠮᠦᠨᠡᠬᠢ ᠪᠠᠢᠴᠠᠭᠠᠬᠤ ᠰᠠᠨᠠᠭᠤᠯᠭ᠎ᠠ ᠭᠠᠷᠭᠠᠪᠠ᠃

ᠪᠠᠢᠴᠠᠭᠠᠬᠤ ᠪᠠᠢᠭᠤᠯᠭ᠎ᠠ ᠪᠣᠯᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠨᠢᠭᠡᠴᠢ ᠴᠠᠭ ᠲᠤᠬᠠᠢ᠎ᠳᠤᠨᠢ ᠬᠠᠮᠵᠢᠯᠴᠠᠨ ᠠᠵᠢᠯᠯᠠᠬᠤ ᠰᠠᠨᠠᠯ ᠲᠣᠭ᠍ᠲᠠᠭᠠᠵᠤ᠂ ᠬᠠᠷᠢᠯᠴᠠᠨ ᠲᠣᠮᠢᠯᠠᠵᠤ ᠲᠤᠱᠢᠶᠠᠯ ᠡᠭᠦᠷᠭᠡᠯᠡᠭᠦᠯᠬᠦ᠌᠂ ᠬᠠᠮᠲᠤᠷᠠᠨ ᠲᠣᠭᠣᠷᠢᠨ ᠪᠠᠢᠴᠠᠭᠠᠬᠤ᠂ ᠬᠠᠮᠵᠢᠯᠴᠠᠨ ᠬᠡᠷᠡᠭ ᠱᠢᠢᠳᠪᠦᠷᠢᠯᠡᠬᠦ᠌᠂ ᠲᠤᠰᠭᠠᠢ ᠮᠡᠷᠭᠡᠵᠢᠯᠲᠡᠨ᠎ᠦ ᠰᠠᠨᠠᠯ ᠎ᠤᠨ ᠪᠢᠴᠢᠭ ᠭᠠᠷᠭᠠᠬᠤ᠂ ᠬᠠᠤᠯᠢ ᠴᠠᠭᠠᠵᠠ᠎ᠶ᠋ᠢᠨ ᠯᠠᠪᠯᠠᠭ᠎ᠠ ᠥᠭ᠌ᠬᠦ ᠵᠡᠷᠭᠡ ᠎ᠪᠡᠷ ᠳᠠᠮᠵᠢᠭᠤᠯᠤᠨ᠂ ᠤᠷᠳᠤ ᠬᠤᠭᠤᠴᠠᠭᠠᠨ ᠎ᠤ ᠪᠦᠲᠦᠮᠵᠢᠲᠡᠢ ᠬᠣᠯᠪᠣᠭᠠᠯᠠᠨ ᠬᠠᠮᠵᠢᠯᠴᠠᠬᠤ ᠲᠣᠭ᠍ᠲᠠᠴᠠ ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠪᠦᠬᠦ᠌ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯᠤᠨ ᠰᠣᠶᠣᠯ᠎ᠤᠨ ᠥᠪ ᠎ᠢ ᠬᠠᠮᠠᠭᠠᠯᠠᠬᠤ ᠠᠵᠢᠯ ᠎ᠳᠤ ᠬᠠᠮᠲᠤ ᠎ᠪᠠᠷ ᠬᠦᠴᠦᠨ ᠨᠡᠮᠡᠷᠢᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号