ᠲᠦᠩᠯᠢᠶᠣᠤ ᠬᠣᠲᠠ᠎ᠶ᠋ᠢᠨ ᠮᠠᠨᠵᠤᠤᠷ᠎ᠢ ᠲᠤᠰᠠᠯᠠᠬᠤ ᠪᠡᠷ ᠮᠤᠷᠳᠠᠬᠰᠠᠨ ᠲᠦᠷᠦᠭᠦᠸ᠋ ᠪᠦᠯᠦᠭ 159 ᠡᠮ ᠡᠮᠨᠡᠯᠭᠡ᠎ᠶ᠋ᠢᠨ ᠠᠵᠢᠯᠲᠠᠨ ᠠᠮᠵᠢᠯᠳᠠ ᠲᠦᠭᠦᠷᠡᠩ ᠪᠤᠴᠠᠵᠤ ᠢᠷᠡᠪᠡ
2022-01-09 20:42:49
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠮᠠᠨᠵᠤᠤᠷ ᠬᠤᠳᠠ ᠵᠢᠨ᠎ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ ᠎ᠦᠨ ᠪᠠᠢᠳᠠᠯ᠎ᠤᠨ ᠡᠮᠥᠨ᠎ᠡ ᠹᠷᠤᠨᠲ᠎ᠲᠦ ᠲᠤᠰᠠᠯᠠᠬᠤ ᠪᠡᠷ ᠮᠤᠷᠳᠠᠬᠰᠠᠨ ᠲᠦᠩᠯᠢᠶᠣᠤ ᠬᠤᠳᠠ᠎ᠶ᠋ᠢᠨ159 ᠡᠮ ᠡᠮᠨᠡᠯᠭᠡ᠎ᠶ᠋ᠢᠨ ᠠᠵᠢᠯᠳᠠᠨ 2022 ᠤᠨ᠎ᠤ 1 ᠰᠠᠷ᠎ᠠ᠎ᠶ᠋ᠢᠨ 2  ᠤ᠋ᠠ ᠤᠷᠤᠢ ᠢᠯᠠᠯᠲᠠ᠎ᠲᠠᠶ᠎ᠪᠠᠷ  ᠪᠤᠴᠠᠵᠤ ᠢᠷᠡᠪᠡ᠃


QQ图片20220109203150.png


ᠲᠦᠩᠯᠢᠶᠣᠤ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠥ ᠵᠢᠨ ᠵᠥᠪᠯᠡᠯ᠎ᠤᠨ ᠬᠢᠨ ᠳ᠋ᠡᠴᠢᠩ ᠡᠴᠡ ᠭᠤᠸᠠᠩᠵᠧᠤ ᠬᠥᠷᠬᠥ ᠲᠦᠷᠭᠡᠨ᠎ᠤ ᠵᠠᠮ᠎ᠤᠨ ᠲᠦᠩᠯᠢᠶᠣᠤ᠎ᠶ᠋ᠢᠨ ᠰᠦᠢᠳᠭᠡᠯ ᠬᠤᠷᠢᠶᠠᠬᠤ ᠡᠮᠥᠨ᠎ᠠ ᠦᠷᠲᠡᠭᠡ᠎ᠳᠦ ᠤᠭ᠍ᠲᠤᠬᠤ ᠶᠣᠰᠣᠯᠠᠯ ᠶᠠᠪᠤᠭᠤᠯᠵᠠᠢ᠃ ᠡᠨᠡ ᠨᠢ ᠲᠥᠩᠯᠢᠶᠤᠤ ᠬᠤᠲᠠ ᠵᠢᠨ ᠲᠤᠰ ᠤᠳᠠᠭ᠎ᠠ᠎ᠶ᠋ᠢᠨ ᠮᠠᠨᠵᠤᠤᠷ ᠬᠤᠲᠠ ᠵᠢ ᠲᠤᠰᠠᠯᠠᠬᠤ ᠪᠡᠷ ᠮᠣᠷᠳᠠᠬᠰᠠᠨ ᠡᠮᠨᠡᠯᠭᠡ᠎ᠶ᠋ᠢᠨ ᠠᠵᠢᠯᠲᠠᠳ ᠲᠤᠬᠠᠢ ᠵᠢᠨ ᠭᠠᠵᠠᠷ᠎ᠤᠨ ᠬᠢᠵᠢᠭ᠎ᠤᠨ ᠪᠠᠢᠳᠠᠯ᠎ᠢ ᠦᠨᠳᠦᠰᠦᠯᠡᠨ ᠵᠠᠯᠭᠠᠪᠡᠷ ᠪᠤᠴᠠᠨ ᠢᠷᠡᠵᠤ ᠪᠠᠢᠭ᠎ᠠ ᠵᠢ ᠬᠠᠷᠠᠭᠤᠯᠵᠥ ᠪᠤᠢ᠃

2021 ᠣᠨ᠎ᠤ 11 ᠰᠠᠷ᠎ᠠ ᠳ᠋ᠤ ᠂ ᠮᠠᠨᠵᠤᠤᠷ ᠬᠤᠳᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠤᠭ᠎ᠤᠨ ᠬᠦᠴᠢᠷ ᠪᠡᠷᠬᠡᠱᠢᠶᠡᠯ᠎ᠲᠡᠶ ᠵᠠᠩᠭᠢᠯᠠᠭ᠎ᠠ᠎ᠶ᠋ᠢᠨ ᠦᠶ᠎ᠡ᠎ᠳᠦ᠂ ᠲᠦᠩᠯᠢᠶᠣᠤ ᠬᠤᠳᠠ᠎ᠶ᠋ᠢᠨ ᠤᠯᠠᠨ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢᠳ ᠢᠳᠡᠪᠬᠢᠲᠡᠢ᠎ᠪᠡᠷ ᠤᠷᠢᠶᠠᠯᠠᠭ᠎ᠠ᠎ᠶ᠋ᠢ ᠴᠤᠤᠷᠢᠶᠠᠲᠤᠨ ᠳᠠᠭᠠᠵᠤ᠂ ᠥᠪᠡᠷ᠎ᠢ ᠪᠠᠨ ᠥᠷᠡᠭᠳᠡᠭᠥᠯᠵᠤ ᠤᠯᠠᠨ᠎ᠤ ᠲᠥᠯᠥᠭᠡ ᠵᠢᠳᠬᠥᠨ᠂ ᠡᠭᠥᠷᠭᠡ ᠬᠠᠷᠢᠭᠤᠴᠠᠯᠭ᠎ᠠ ᠵᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠵᠦ᠍᠂ ᠵᠣᠷᠢᠭ᠍ᠲᠠᠢ ᠠᠵᠢᠯᠯᠠᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠤᠭ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠪᠡ᠃ ᠲᠦᠩᠯᠢᠶᠣᠤ ᠬᠤᠳᠠ᠎ᠶ᠋ᠢᠨ ᠬᠢᠨ ᠤᠷᠢᠳ ᠬᠣᠵᠢᠳ 100 ᠭᠠᠷᠤᠢ ᠡᠮᠨᠡᠯᠭᠡ᠎ᠶ᠋ᠢᠨ ᠠᠵᠢᠯᠳᠠᠨ᠎ᠢ ᠲᠣᠮᠢᠯᠠᠨ ᠮᠠᠨᠵᠤᠤᠷ᠎ᠲᠤ ᠣᠴᠢᠭᠤᠯᠵᠤ᠂ ᠪᠥᠭᠡᠮ ᠬᠦᠴᠢᠯ᠎ᠦᠨ ᠪᠠᠢᠴᠠᠭᠠᠯᠲᠡ ᠬᠢᠬᠥ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠥ ᠠᠵᠢᠯ ᠳ᠋ᠤ ᠲᠤᠰᠠᠯᠠᠬᠤ ᠠᠵᠢᠯᠯᠭ᠎ᠠ ᠥᠷᠨᠢᠭᠦᠯᠵᠡᠢ᠃ ᠡᠳᠡᠬᠡᠷ ᠡᠮᠨᠡᠯᠬᠡ ᠵᠢᠠ ᠠᠵᠢᠯᠳᠠᠳ ᠱᠢᠨ᠎ᠡ ᠴᠠᠭ ᠦᠶ᠎ᠡ᠎ᠶ᠋ᠢᠨ 《ᠬᠠᠮᠤᠭ ᠎ᠤᠨ ᠭᠤᠶᠤ ᠰᠥᠷᠥᠨ ᠤᠷᠤᠬᠰᠢᠯᠠᠬᠴᠢᠳ》 ᠤ᠋ᠠ ᠴᠤᠬ ᠵᠢᠪᠬᠤᠭ᠎ᠠ᠎ᠶ᠋ᠢ ᠭᠦᠢᠴᠡᠳ ᠢᠯᠡᠷᠡᠭᠦᠯᠥᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号