ᠴᠢᠷᠮᠠᠢᠨ ᠳᠡᠮᠡᠴᠡᠵᠥ ᠠᠮᠵᠢᠯᠳᠠ ᠪᠦᠳᠦᠮᠵᠢ ᠭᠠᠷᠭᠠᠵᠥ ᠱᠢᠨ᠎ᠡ ᠴᠠᠭ ᠦᠶ᠎ᠡ᠎ᠶ᠋ᠢᠨ ᠱᠢᠨ᠎ᠡ ᠪᠤᠭᠤᠲᠤ᠎ᠶ᠋ᠢᠨ ᠱᠢᠨ᠎ᠡ ᠱᠢᠪᠲᠤᠯᠤᠯᠲᠠ᠎ᠶ᠋ᠢ ᠬᠦᠴᠦᠯᠡᠨ ᠪᠡᠶᠡᠯᠡᠭᠦᠯᠤᠨ᠎ᠠ
2022-01-09 19:51:26
ᠵᠣᠬᠢᠶᠠᠭ᠍ᠴᠢ᠄
ᠰᠥᠩ ᠠ ᠨᠠᠨ
ᠣᠩᠱᠢᠭ᠍ᠰᠠᠨ ᠣᠳᠠᠭ᠎ᠠ᠄
★★★☆☆

ᠬᠦᠭᠡᠭᠡ ᠡᠪᠤᠯ ᠪᠤᠯᠵᠤ ᠡᠳᠤᠷ ᠬᠦᠢᠳᠡᠷᠡᠪᠡ᠃ ᠭᠡᠪᠡᠴᠦ᠍ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠱᠢᠨ᠎ᠡ ᠣᠨᠴᠠ ᠡᠨᠧᠷᠭᠢ᠎ᠶ᠋ᠢᠨ ᠥᠨᠳᠥᠷ ᠴᠡᠪᠡᠷ ᠣᠯᠠᠨ ᠲᠠᠯᠠᠰᠲᠤ ᠴᠠᠬᠢᠭᠤᠷ᠎ᠤᠨ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠲᠤᠬᠠᠶ᠎ᠶ᠋ᠢᠨ ᠭᠠᠵᠠᠷ᠎ᠲᠤ ᠮᠥᠨ ᠯᠡ ᠳᠤᠨᠤᠭ ᠳᠦᠬᠦᠬᠡᠷᠤᠮᠵᠢ ᠰᠡᠬᠦᠢᠨ ᠬᠠᠷᠠᠭᠳᠠᠵᠤ᠂ ᠮᠠᠱᠢᠨ ᠲᠤᠨᠤᠭ ᠬᠦᠩᠭᠢᠨᠡᠨ ᠬᠦᠷᠴᠢᠬᠢᠨᠡᠵᠥ᠂ ᠳᠤᠮᠳᠠᠴᠢ᠎ᠪᠠᠷ ᠡᠳᠦᠷ ᠪᠦᠷᠢ ᠬᠡᠳᠦᠨ ᠮᠢᠩᠭᠠᠨ ᠠᠵᠢᠯᠴᠢᠨ ᠴᠠᠭ ᠨᠡᠮᠡᠵᠦ᠍ ᠬᠠᠳᠠᠭᠤᠵᠢᠯᠳᠠᠢ ᠠᠵᠢᠯᠯᠠᠵᠤ᠂ ᠬᠥᠷ ᠬᠥᠭ᠌ᠵᠢᠶᠡᠨ᠎ᠲᠡᠶ ᠪᠥᠲᠥᠭᠡᠨ ᠪᠠᠢᠭᠤᠯᠤᠯᠲᠠ᠎ᠶ᠋ᠢᠨ ᠦᠵᠡᠮᠵᠢ ᠪᠠᠢᠳᠠᠯ᠎ᠢᠯᠡᠬᠡᠨ᠃

6 ᠰᠠᠷ᠎ᠠ ᠵᠢᠨ ᠳᠤᠳᠤᠷ᠎ᠠ᠂ ᠠᠭᠠᠭᠢᠮ᠎ᠠ ᠬᠠᠯᠠᠭᠤᠨ᠎ᠢ ᠳᠡᠪᠴᠢᠨ᠂ ᠬᠠᠬᠢᠷ ᠬᠦᠢᠳᠡᠨ᠎ᠢ ᠰᠥᠷᠴᠦ᠍᠂ ᠡᠵᠡᠬᠦᠢ ᠬᠤᠭᠤᠰᠤᠨ ᠪᠠᠢᠬᠰᠠᠨ ᠭᠠᠵᠠᠷ ᠡᠴᠡ ᠵᠣᠩᠬᠢᠯᠠᠬᠤ ᠤᠯᠠᠨ ᠲᠣᠭᠠᠨ᠎ᠤ ᠦᠨᠳᠦᠰᠦᠨ ᠪᠦᠳᠦᠭᠡᠨ ᠪᠠᠢᠭᠤᠯᠤᠯᠲᠠ᠎ᠶ᠋ᠢᠨ ᠪᠠᠷᠢᠯᠭ᠎ᠠ ᠵᠢᠨ ᠡᠭᠦᠷᠭᠡ᠎ᠶ᠋ᠢ ᠪᠡᠶᠡᠯᠡᠭᠦᠯᠵᠥ᠂ ᠲᠤᠨᠤᠭ ᠲᠥᠬᠥᠭᠡᠷᠦᠮᠵᠢ ᠤᠭ᠍ᠰᠠᠷᠠᠬᠤ ᠱᠠᠲᠤᠨ᠎ᠳᠤ ᠣᠷᠣᠵᠥ ᠴᠢᠳᠠᠬᠰᠠᠨ ᠬᠦᠷᠳᠡᠯ᠎ᠡ᠂ 《ᠱᠢᠨ᠎ᠡ》᠂ 《ᠣᠨᠴᠠ》 ᠬᠣᠶᠠᠷ ᠦᠰᠦᠭ ᠨᠢ ᠨᠡᠷ᠎ᠡ ᠨᠢᠳᠡᠷ᠎ᠲᠡᠬᠡᠨ ᠲᠤᠬᠢᠷᠠᠪᠠ᠃

ᠣᠳᠣᠬᠠᠨ᠎ᠤ ᠪᠤᠭᠤᠲᠤ᠎ᠳᠤ ᠬᠦᠷᠬᠦᠶ᠎ᠡ᠂ ᠥᠷᠯᠥᠭᠡ ᠦᠳᠡᠰᠢ᠎ᠶ᠋ᠢ ᠲᠡᠮᠡᠴᠡᠬᠦ᠌᠂ ᠠᠵᠢᠯ ᠬᠢᠵᠦ᠍ ᠦᠢᠯᠡᠰ ᠪᠤᠰᠭᠠᠬᠤ  ᠬᠦᠨ  ᠵᠤᠵᠠᠭᠠᠨ ᠠᠭᠤᠷ ᠠᠮᠢᠰᠭᠤᠯ ᠪᠣᠯᠤᠨ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠭ᠎ᠠ ᠬᠥᠭ᠌ᠵᠢᠯᠲᠡ᠎ᠶ᠋ᠢᠨ ᠪᠠᠢᠳᠠᠯ ᠭᠠᠵᠠᠷ ᠪᠣᠯᠭᠠᠨ᠎ᠳᠤ ᠬᠠᠷᠠᠭ᠍ᠳᠠᠨ᠎ᠠ᠃

ᠶᠠᠭ ᠬᠥᠭ᠌ᠵᠢᠶᠡᠨᠲᠡᠶ ᠶᠠᠪᠤᠭ᠍ᠳᠠᠵᠤ ᠪᠠᠢᠭ᠎ᠠ ᠥᠪᠥᠷ ᠮᠣᠩᠭᠣᠯ᠎ᠤᠨ ᠱᠠᠨ ᠱᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠯᠢᠲ᠋ᠢ ᠢᠶᠣᠨ ᠳ᠋ᠢᠶᠠᠨ ᡂᠢ᠎ᠶ᠋ᠢᠨ ᠪᠢᠯᠢᠭ ᠲᠤᠢᠯ᠎ᠤᠨ ᠮᠠᠲ᠋ᠧᠷᠢᠶᠠᠯ᠎ᠤᠨ ᠬᠣᠶᠠᠳᠤᠭᠠᠷ ᠬᠤᠭᠤᠴᠠᠭᠠᠨ᠎ᠤ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠤᠷ᠎ᠠ ᠮᠡᠷᠭᠡᠵᠢᠯ᠎ᠢᠶᠡᠷ ᠬᠠᠮᠤᠭ᠎ᠤᠨ ᠲᠡᠷᠢᠭᠦᠨ᠎ᠦ᠂ ᠤᠶᠤᠨᠴᠢᠯᠠᠭ᠍ᠰᠠᠨ ᠬᠡᠮᠵᠢᠶ᠎ᠡ᠎ᠪᠡᠷ ᠬᠠᠮᠤᠭ᠎ᠤᠨ ᠥᠨᠳᠥᠷ ᠪᠦᠬᠦᠢ ᠯᠢᠲ᠋ᠢ ᠢᠶᠣᠨ ᠳ᠋ᠢᠶᠠᠨ ᡂᠢ᠎ᠶ᠋ᠢᠨ ᠪᠢᠯᠢᠭ ᠲᠤᠢᠯ᠎ᠤᠨ ᠮᠠᠲ᠋ᠧᠷᠢᠶᠠᠯ᠎ᠤᠨ ᠦᠶ᠋ᠯᠡᠳᠪᠦᠷᠢᠯᠡᠯ᠎ᠦᠨ ᠰᠠᠭᠤᠷᠢᠨ ᠪᠣᠯᠬᠤ ᠪᠣᠯᠤᠨ᠎ᠠ; ᠵᠢᠨ ᠯᠢ ᠲᠣᠭ᠍ᠲᠠᠮᠠᠯ ᠰᠣᠷᠢᠨᠵᠢᠨ( ᠪᠤᠭᠤᠲᠤ ) ᠤ᠋ ᠬᠢᠵᠠᠭᠠᠷᠲᠤ ᠺᠣᠮᠫᠠᠨᠢ᠎ᠶ᠋ᠢᠨ ᠳᠡᠭᠡᠳᠦ ᠴᠢᠳᠠᠪᠬᠢᠳᠦ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠰᠠᠭᠤᠷᠢᠨ᠎ᠤ ᠲᠥᠷᠥᠯ ᠵᠦᠶ᠋ᠯ᠎ᠨᠢ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ᠎ᠤ ᠠᠵᠤ ᠦᠶ᠋ᠯᠡᠰ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ ᠪᠡᠷ ᠬᠠᠮᠤᠭ᠎ᠤᠨ ᠲᠦᠷᠭᠡᠨ ᠲᠡᠮᠳᠡᠭ᠌ᠯᠡᠯ᠎ᠢ ᠡᠭᠦᠳᠪᠡ ; ᠲᠦᠷᠦᠭᠦᠬᠡᠨ᠂ ᠱᠢᠨ᠎ᠡ ᠡᠨᠧᠷᠭᠢ᠎ᠶ᠋ᠢᠨ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠶ᠋ᠯᠡᠳᠬᠦ᠌ ᠳᠠᠭᠠᠭᠤᠯᠤᠭ᠍ᠴᠢ ᠠᠵᠤ ᠠᠬᠤᠢᠯᠠᠯ ᠪᠤᠯᠬᠤ ᠮᠢᠩ ᠶᠠᠩ ᠪᠦᠯᠦᠭ᠌ᠯᠡᠯ ᠪᠣᠯᠤᠨ ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠠᠮᠲᠤ᠎ᠪᠠᠷ ᠡᠬᠦᠳᠦᠨ ᠴᠣᠭ᠍ᠴᠠᠯᠠᠵᠤ᠂ ᠮᠢᠩᠭᠠᠨ ᠳ᠋ᠦᠩᠱᠢᠭᠤᠷ ᠲᠠᠰ᠎ᠤᠨ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠪᠦᠯᠦᠭ᠌ᠵᠢᠯ᠎ᠢ ᠪᠦᠷᠢᠯᠳᠦᠭᠦᠯᠬᠦ ᠪᠡᠷ ᠪᠤᠯᠪᠠ ᠁ ᠬᠠᠮᠲᠤᠷᠠᠯᠴᠠᠭᠠᠨ᠎ᠤ ᠵᠥᠪᠯᠡᠯᠴᠡᠭᠡᠷ᠎ᠢ ᠵᠠᠯᠭᠠᠭ᠎ᠠ᠎ᠪᠠᠷ ᠲᠣᠭ᠍ᠲᠠᠵᠤ ᠪᠣᠳᠠᠲᠠᠶ᠎ᠳᠤ ᠨᠠᠢᠳᠠᠪᠤᠷᠢᠵᠢᠭᠤᠯᠤᠨ ᠬᠡᠷᠡᠭ᠌ᠵᠢᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠨᠢᠬᠡᠪᠦᠷᠢ ᠳ᠋ᠤ ᠬᠥᠮᠦᠨ ᠪᠣᠳᠠᠰ ᠮᠠᠲ᠋ᠧᠷᠢᠶᠠᠯ ᠬᠣᠢᠨ᠎ᠠ ᠬᠣᠢᠨ᠎ᠠ ᠡᠴᠡ᠎ᠪᠠᠨ ᠴᠤᠪᠤᠷᠠᠵᠥ᠂ ᠰᠠᠭᠤᠷᠢ ᠰᠠᠭᠤᠷᠢ ᠦᠶ᠋ᠯᠡᠳᠪᠦᠷᠢ᠎ᠶ᠋ᠢᠨ ᠬᠡᠷ ᠪᠠᠢᠱᠢᠩ ᠵᠠᠯᠭᠠᠭ᠎ᠠ ᠪᠡᠷ ᠪᠣᠰᠴᠤ᠌᠂ ᠪᠦᠯᠦᠭ ᠪᠦᠯᠦᠭ ᠪᠦᠲᠦᠭᠡᠭ᠌ᠳᠡᠬᠦᠨ᠎ᠢ ᠠᠮᠵᠢᠯᠲᠠ᠎ᠲᠠᠶ᠎ᠪᠠᠷ ᠪᠥᠬᠥ᠌ ᠤᠯᠤᠰ᠎ᠲᠤ ᠪᠣᠷᠣᠯᠠᠭᠤᠯᠵᠥ ᠳᠠᠢᠯᠬᠦ ᠪᠣᠯᠪᠠ᠃

ᠡᠲᠡᠭᠡᠷ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠦᠨ ᠠᠷᠤ᠎ᠳᠤ ᠪᠤᠭᠤᠲᠤ ᠬᠣᠲᠠ᠎ᠶ᠋ᠢᠨ ᠺᠠᠳ᠋ᠷ ᠣᠯᠠᠨ ᠲᠦᠮᠡᠨ᠎ᠦ ᠡᠪᠦᠯ ᠬᠠᠪᠤᠷ ᠵᠣᠨ ᠨᠠᠮᠤᠷ ᠭᠡᠰᠡᠨ ᠦᠭᠡᠢ᠂ ᠬᠠᠬᠢᠷ ᠬᠦᠶ᠋ᠲᠡᠨ ᠠᠭᠠᠬᠢᠮ᠎ᠠ ᠬᠠᠯᠠᠭᠤᠨ ᠬᠡᠵᠤ ᠬᠠᠢᠬᠤᠷᠤᠭᠰᠠᠨ  ᠦᠭᠡᠢ ᠬᠠᠮᠲᠤ ᠵᠢᠨ ᠲᠡᠮᠡᠴᠡᠯ ᠪᠤᠢ᠂ ᠭᠦᠶᠦᠵᠦ ᠡᠬᠢᠯᠡᠭᠰᠡᠨ᠂ ᠴᠠᠭ᠎ᠢ ᠠᠮᠵᠢᠬᠤ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠭᠰᠠᠨ ᠱᠢᠨ᠎ᠡ ᠴᠠᠭ ᠦᠶ᠎ᠡ᠎ᠶ᠋ᠢᠨ ᠱᠢᠨ᠎ᠡ ᠪᠤᠭᠤᠲᠤ ᠪᠣᠶ᠃

ᠰᠠᠶᠢᠬᠠᠨ ᠥᠩᠭᠡᠷᠡᠭ᠌ᠰᠡᠨ 2021 ᠣᠨ᠎ᠢ ᠡᠷᠭᠢᠴᠡᠭᠦᠯᠬᠦᠶ᠎ᠡ᠂ ᠪᠤᠭᠤᠲᠤ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠦ᠂ ᠰᠠᠭᠤᠵᠤ ᠲᠤᠭᠳᠠᠬᠤ ᠦᠭᠡᠢ ᠲᠤᠯᠭᠠᠮ ᠰᠡᠳᠭᠢᠯᠭᠡ᠂ ᠠᠯᠭᠤᠷᠯᠠᠵᠤ ᠪᠣᠯᠤᠰᠢ ᠦᠭᠡᠢ ᠲᠦᠭ᠌ᠰᠢᠭᠦᠷᠢᠲᠦ ᠰᠡᠳᠭᠢᠯᠭᠡ᠂ ᠬᠦᠯᠢᠶᠡᠵᠦ᠍ ᠳᠡᠢᠯᠬᠦ᠌ ᠦᠭᠡᠢ ᠬᠠᠷᠢᠭᠤᠴᠠᠯᠭᠠᠲᠤ ᠰᠡᠳᠭᠢᠯᠭᠡ ᠪᠡᠷ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠨ᠂ ᠬᠦᠴᠦᠯᠡᠨ ᠴᠢᠷᠮᠠᠢᠵᠤ᠂ ᠪᠦᠬᠦ᠌ ᠬᠣᠲᠠ᠎ᠶ᠋ᠢᠨ ᠳᠤᠮᠳᠠ ᠤᠷᠲᠤ ᠬᠤᠭᠤᠴᠠᠭᠠᠨ᠎ᠤ ᠬᠥᠭ᠌ᠵᠢᠯᠲᠡ᠎ᠳᠦ ᠬᠣᠯᠪᠣᠭ᠍ᠳᠠᠬᠤ ᠪᠦᠬᠦ᠌ ᠲᠠᠯ᠎ᠠ᠎ᠶ᠋ᠢᠨ ᠴᠢᠨᠠᠷᠳᠠᠢ᠂ ᠰᠠᠭᠤᠷᠢ ᠴᠢᠨᠠᠷᠲᠠᠢ ᠠᠰᠠᠭᠤᠳᠠᠯ ᠳᠡᠭᠡᠷ᠎ᠡ ᠦᠷᠭᠦᠯᠵᠢᠯᠡᠨ ᠪᠣᠭᠣᠮᠲᠠ ᠱᠢᠪᠲᠤᠯᠵᠦ᠂ ᠡᠯ᠎ᠡ ᠬᠦᠷᠢᠶᠡᠨ᠎ᠦ ᠠᠵᠢᠯ᠎ᠳᠤ ᠠᠯᠢ ᠣᠯᠠᠨ ᠵᠠᠩᠭᠢᠯᠠᠭ᠎ᠠ᠎ᠶ᠋ᠢᠨ ᠴᠢᠨᠠᠷᠲᠠᠶ ᠦᠢᠯᠡᠳᠦᠯ ᠦᠵᠡᠭᠦᠯᠬᠦ᠌ ᠢᠳᠡᠪᠬᠢᠲᠡᠶ ᠬᠤᠪᠢᠷᠠᠯᠲᠠ ᠭᠠᠷᠬᠤ᠎ᠶ᠋ᠢ ᠠᠬᠢᠭᠤᠯᠵᠤ᠂ ᠪᠦᠬᠦ᠌ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ ᠡᠳᠦᠷ᠎ᠡᠴᠡ ᠡᠳᠦᠷ ᠰᠠᠢᠵᠢᠷᠠᠵᠦ᠂ ᠴᠡᠴᠡᠭ᠌ᠯᠡᠨ ᠬᠥᠭ᠌ᠵᠢᠭ᠌ᠰᠡᠨ ᠰᠠᠢ᠌ᠨ ᠪᠠᠢᠳᠠᠯ ᠢᠯᠡᠷᠡᠪᠡ᠃

1 ᠵᠢᠯ᠎ᠦᠨ ᠲᠤᠷᠰᠢ᠂ ᠪᠤᠭᠤᠲᠤ ᠬᠤᠳᠠ ᠴᠥᠬᠥᠷᠡᠰᠢ ᠦᠬᠡᠢ ᠴᠢᠷᠮᠠᠢᠯᠭ᠎ᠠ᠎ᠪᠠᠷ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠬᠠᠷᠢᠭᠤᠯᠲᠠ᠎ᠶ᠋ᠢᠨ ᠬᠠᠭᠤᠳᠠᠰᠤ᠎ᠶ᠋ᠢ ᠰᠣᠯᠢᠵᠤ ᠠᠪᠴᠢᠷᠠᠯ᠎ᠠ᠃ ᠲᠣᠭ᠎ᠠ ᠪᠠᠷᠢᠮᠲᠠ᠎ᠨᠢ ᠠᠰᠠᠭᠤᠳᠠᠯ᠎ᠢ ᠬᠠᠮᠤᠭ᠎ᠡᠴᠡ ᠲᠣᠳᠣᠷᠬᠠᠢᠯᠠᠵᠤ ᠴᠢᠳᠠᠨ᠎ᠠ᠂ 2021 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠪᠥᠬᠥ᠌ ᠬᠣᠲᠠ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 10.5% ᠎ᠪᠠᠷ ᠨᠡᠮᠡᠭ᠌ᠳᠡᠵᠦ᠍᠂ ᠪᠥᠬᠥ᠌ ᠤᠯᠤᠰ᠎ᠤᠨ ᠵᠠᠭᠤᠨ ᠬᠦᠴᠦᠷᠬᠡᠭ ᠬᠣᠲᠠ᠎ᠶ᠋ᠢᠨ ᠨᠡᠷᠡᠰ᠎ᠦᠨ ᠵᠢᠭ᠍ᠰᠠᠭᠠᠯᠲᠠ ᠎ᠳᠤ  2020 ᠣᠨ᠎ᠤ ᠰᠡᠭᠦᠯᠴᠢ ᠵᠢᠨ ᠬᠢ᠎ᠡᠴᠡ ᠪᠠᠨ 22 ᠨᠡᠷ᠎ᠡ ᠳᠡᠭᠡᠭ᠌ᠰᠢᠯᠡᠵᠦ᠍᠂ ᠨᠡᠷᠡᠰ᠎ᠦᠨ ᠵᠢᠭ᠍ᠰᠠᠭᠠᠯᠲᠠ᠎ᠨᠢ ᠬᠠᠮᠤᠭ᠎ᠤᠨ ᠲᠦᠷᠭᠡᠨ ᠳᠡᠭᠡᠭ᠌ᠰᠢᠯᠡᠭ᠌ᠰᠡᠨ ᠬᠣᠲᠠ ᠪᠣᠯᠵᠠᠶ᠃ ᠵᠢᠱ᠌ᠢᠯᠲᠡ᠎ᠪᠡᠷ ᠪᠥᠬᠥ᠌ ᠵᠢᠯ᠎ᠦᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ 14% ᠣᠷᠴᠢᠮ ᠨᠡᠮᠡᠭ᠌ᠳᠡᠭᠦᠯᠵᠦ᠍᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 20% ᠣᠷᠴᠢᠮ ᠨᠡᠮᠡᠭ᠌ᠳᠡᠭᠦᠯᠵᠦ᠍᠂ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠬᠤ ᠶᠡᠷᠦᠩᠬᠡᠶ ᠲᠣᠭ᠎ᠠ᠎ᠶ᠋ᠢ 8% ᠣᠷᠴᠢᠮ ᠨᠡᠮᠡᠭ᠌ᠳᠡᠭᠦᠯᠵᠦ᠍᠂ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ᠎ᠶ᠋ᠢ 10% ᠎ᠡᠴᠡ ᠳᠡᠭᠡᠭ᠌ᠰᠢ ᠨᠡᠮᠡᠭ᠌ᠳᠡᠭᠦᠯᠬᠦ ᠪᠤᠯᠤᠨ᠎ᠠ ᠃

1 ᠵᠢᠯ᠎ᠦᠨ ᠲᠤᠷᠰᠢ᠂ ᠪᠤᠭᠤᠲᠤ᠎ᠶ᠋ᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ《ᠬᠦᠴᠦᠲᠡᠶ ᠰᠣᠷᠢᠨᠵᠢᠨ ᠣᠷᠣᠨ》ᠤ᠋ ᠦᠢᠯᠡᠳᠦᠯ ᠲᠠᠰᠤᠷᠠᠯᠲᠠ ᠥᠬᠡᠶ ᠢᠯᠡᠷᠡᠵᠠᠢ᠃ ᠠᠩᠬᠠᠳᠤᠭᠠᠷ ᠬᠤᠭᠤᠴᠠᠭᠠᠨ᠎ᠤ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ᠂ ᠱᠠᠩᠬᠠᠶ᠎ᠶ᠋ᠢᠨ ᠠᠷᠠᠯᠵᠢᠶᠠᠴᠢᠨ ᠤᠷᠢᠬᠤ ᠲᠣᠳᠣᠷᠬᠠᠢᠯᠠᠯᠲᠠ᠎ᠶ᠋ᠢᠨ ᠬᠤᠷᠠᠯ᠂ ᠨᠠᠮᠤᠷ᠎ᠤᠨ ᠤᠯᠠᠷᠢᠯ᠎ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠲᠥᠪᠯᠡᠷᠡᠭᠦᠯᠦᠨ ᠭᠡᠷ᠎ᠡ ᠲᠣᠭ᠍ᠲᠠᠬᠤ ᠶᠡᠬᠡ ᠬᠤᠷᠠᠯ᠂ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠶᠠᠷᠢᠶᠠᠨ᠎ᠤ ᠲᠠᠪᠴᠠᠩ ᠵᠡᠷᠭᠡ ᠠᠯᠢ ᠣᠯᠠᠨ ᠴᠢᠬᠤᠯᠠ ᠶᠡᠬᠡ ᠠᠵᠢᠯᠯᠠᠭ᠎ᠠ᠎ᠶ᠋ᠢ ᠠᠮᠵᠢᠯᠲᠠ᠎ᠲᠠᠶ ᠡᠷᠭᠢᠯᠡᠵᠦ᠍᠂《ᠭᠤᠷᠪᠠᠨ 500 ᠬᠦᠴᠦᠷᠬᠡᠭ》 ᠢ᠋ ᠴᠢᠩᠭ᠎ᠠ ᠠᠩᠬᠠᠷᠴᠤ᠌᠂ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ᠂ ᠱᠢᠨ᠎ᠠ ᠰᠢᠯᠢᠳᠡᠭ ᠠᠵᠤ ᠠᠬᠤᠢᠯᠠᠯ᠂ ᠲᠤᠯᠤᠭᠠᠢᠯᠠᠬᠴᠢ ᠠᠵᠤ ᠠᠬᠤᠢᠯᠠᠯ᠂ 《ᠨᠢᠭᠤᠭ᠍ᠳᠠᠮᠠᠯ ᠮᠠᠩᠯᠠᠶ》 ᠠᠵᠤ ᠠᠬᠤᠢᠯᠠᠯ ᠪᠣᠯᠤᠨ 《ᠲᠤᠰᠭᠠᠢ ᠨᠠᠷᠢᠯᠢᠭ ᠣᠨᠴᠠᠭᠠᠢ ᠱᠢᠨ᠎ᠡ》 ᠠᠵᠤ ᠠᠬᠤᠢᠯᠠᠯ᠎ᠢ ᠴᠢᠩᠭ᠎ᠠ ᠠᠩᠬᠠᠷᠴᠤ᠌᠂ ᠳᠥᠷᠪᠡᠨ ᠵᠦᠭ ᠨᠠᠶ᠋ᠮᠠᠨ ᠵᠣᠪᠬᠢᠰ᠎ᠡᠴᠡ ᠭᠠᠷᠴᠤ᠌ ᠶᠠᠪᠤᠨ᠂ ᠤᠷᠢᠵᠤ ᠠᠪᠴᠢᠷᠠᠨ᠂ ᠨᠢᠭᠡ ᠪᠦᠯᠦᠭ ᠰᠠᠢᠨ ᠰᠠᠢᠬᠠᠨ ᠬᠥᠭ᠌ᠵᠢᠯᠲᠡ᠎ᠶ᠋ᠢᠨ ᠢᠷᠡᠭᠡᠳᠦᠶ ᠪᠠ ᠳᠠᠯᠳᠠ ᠬᠦᠴᠦᠨ᠎ᠲᠡᠶ ᠲᠣᠮᠣ ᠲᠥᠷᠥᠯ ᠵᠦᠶ᠋ᠯ᠂ ᠰᠠᠢᠨ ᠲᠥᠷᠥᠯ ᠵᠦᠶ᠋ᠯ᠎ᠢ ᠤᠷᠤᠭᠤᠯᠤᠨ ᠠᠪᠴᠢᠷᠠᠪᠠ᠃ 2021 ᠣᠨ᠎ᠳᠤ ᠪᠥᠬᠥ᠌ ᠬᠣᠲᠠ᠎ᠳᠤ ᠨᠡᠢᠲᠡ 5918 ᠠᠵᠤ ᠠᠬᠤᠢᠯᠠᠯ᠎ᠲᠠᠶ ᠵᠤᠯᠭᠠᠯᠴᠠᠵᠤ᠂ 1134 ᠲᠥᠷᠥᠯ ᠵᠦᠶ᠋ᠯ᠎ᠳᠦ ᠭᠡᠷ᠎ᠡ ᠲᠣᠭ᠍ᠲᠠᠵᠤ᠂ ᠬᠡᠯᠡᠯᠴᠡᠭᠡᠷ᠎ᠦᠨ ᠶᠡᠷᠦᠩᠬᠡᠶ ᠪᠠᠯᠠ ᠣᠷᠣᠭᠤᠯᠤᠯᠲᠠ 12493 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ 803 ᠲᠥᠷᠥᠯ ᠵᠦᠶ᠋ᠯ᠎ᠢ ᠨᠠᠢᠳᠠᠪᠤᠷᠢᠵᠢᠭᠤᠯᠪᠠ᠃

1 ᠵᠢᠯ᠎ᠦᠨ ᠲᠤᠷᠰᠢ᠂ ᠪᠤᠭᠤᠲᠤ ᠬᠣᠲᠠ ᠪᠠᠢᠳᠠᠯ᠎ᠢ ᠡᠷᠳᠡ ᠠᠵᠢᠵᠤ᠂ ᠲᠦᠷᠭᠡᠨ ᠬᠥᠳᠡᠯᠦᠯᠴᠡᠨ᠂ ᠱᠢᠨ᠎ᠡ ᠨᠢᠭᠡᠨ ᠡᠭᠡᠯᠵᠢ᠎ᠶ᠋ᠢᠨ ᠡᠨᠧᠷᠭᠢ᠎ᠶ᠋ᠢᠨ ᠦᠶ᠋ᠯᠡᠳᠪᠦᠷᠢᠯᠡᠯ ᠪᠠ ᠬᠡᠷᠡᠭ᠌ᠯᠡᠭᠡᠨ᠎ᠦ ᠬᠤᠪᠢᠰᠭᠠᠯᠲᠤ ᠴᠢᠨᠠᠷᠲᠠᠶ ᠬᠤᠪᠢᠰᠤᠯᠲᠠ᠎ᠶ᠋ᠢᠨ ᠲᠡᠦᠬᠡᠨ ᠠᠵᠠ ᠲᠣᠬᠢᠶᠠᠯ᠎ᠢ ᠠᠮᠵᠢᠵᠤ᠂ ᠬᠡᠷᠡᠭ᠌ᠵᠢᠭᠦᠯᠬᠦ᠌ ᠲᠥᠰᠦᠯ ᠪᠠ ᠲᠤᠰᠭᠠᠶ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠨ ᠨᠡᠢᠲᠡᠯᠡᠵᠦ᠍᠂ 《1 + 13 + N》ᠠᠵᠢᠯ᠎ᠤᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠢ ᠱᠠᠯᠠᠪᠳᠠᠭᠤᠯᠤᠨ ᠪᠠᠢᠷᠢᠱᠢᠭᠤᠯᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠰᠠᠭᠤᠷᠢᠨ᠎ᠤ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠪᠡᠷ ᠬᠡᠯᠪᠡᠷᠢ᠎ᠵᠢ ᠬᠤᠪᠢᠷᠠᠭᠤᠯᠬᠤ᠎ᠶ᠋ᠢ ᠠᠬᠢᠭᠤᠯᠤᠨ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ᠎ᠳᠤ ᠬᠦᠷᠬᠦ ᠨᠠᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠬᠣᠱᠢᠭᠤᠴᠢ ᠬᠣᠲᠠ᠂ ᠵᠢᠱ᠌ᠢᠶᠡᠴᠢ ᠬᠣᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠪᠠ᠃ 2021 ᠣᠨ᠎ᠤ ᠡᠬᠢᠨ᠎ᠡᠴᠡ ᠤᠳᠤ ᠪᠣᠯᠲᠠᠯ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠢᠭᠡ ᠪᠦᠯᠦᠭ ᠤᠳᠤ ᠦᠶ᠎ᠡ᠎ᠶ᠋ᠢᠨ ᠡᠨᠧᠷᠭᠢ ᠵᠢᠴᠢ ᠬᠣᠯᠪᠣᠭ᠍ᠳᠠᠯ ᠪᠦᠬᠦᠢ ᠬᠦᠷᠢᠶᠡᠨ᠎ᠦ ᠳᠠᠭᠠᠭᠤᠯᠤᠬᠴᠢ ᠠᠵᠤ ᠠᠬᠤᠢᠯᠠᠯ ᠵᠠᠯᠭᠠᠭ᠎ᠠ᠎ᠪᠠᠷ ᠪᠤᠭᠤᠲᠤ᠎ᠳᠤ ᠪᠡᠯᠡ ᠣᠷᠣᠭᠤᠯᠤᠨ ᠦᠢᠯᠡᠰ᠎ᠢᠶᠡᠨ ᠬᠥᠭ᠌ᠵᠢᠭᠦᠯᠵᠦ᠍᠂ ᠲᠤᠬᠠᠢ᠎ᠶ᠋ᠢᠨ ᠵᠢᠯ᠎ᠦᠨ ᠭᠣᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠣᠭ᠎ᠠ᠎ᠶ᠋ᠢᠨ ᠨᠡᠯᠢᠶᠡᠳ ᠥᠨᠳᠥᠷ ᠨᠡᠮᠡᠭ᠌ᠳᠡᠯ᠎ᠦᠨ ᠬᠤᠷᠳᠤᠴᠠ᠎ᠶ᠋ᠢ ᠪᠠᠲᠤᠯᠠᠬᠤ᠎ᠶ᠋ᠢ ᠱᠢᠭᠤᠳ ᠳᠠᠢᠴᠢᠯᠠᠭ᠍ᠰᠠᠨ᠎ᠪᠦᠭᠡᠳ ᠪᠠᠰᠠ ᠤᠯᠠᠨ ᠡᠱᠢᠵᠢᠭ᠌ᠰᠡᠨ ᠬᠥᠭ᠌ᠵᠢᠯᠲᠡ᠂ ᠤᠯᠠᠨ ᠲᠤᠢᠯ᠎ᠢᠶᠠᠷ ᠲᠤᠯᠭᠠᠭᠤᠷᠢᠯᠠᠭ᠍ᠰᠠᠨ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠬᠤ᠎ᠳᠤ ᠰᠠᠢ᠌ᠨ ᠰᠠᠢᠬᠠᠨ ᠰᠠᠭᠤᠷᠢ᠎ᠶ᠋ᠢ ᠲᠠᠯᠪᠢᠵᠤ ᠥᠭ᠌ᠴᠡᠢ᠃

1 ᠵᠢᠯ᠎ᠦᠨ ᠲᠤᠷᠰᠢ᠂ ᠪᠤᠭᠤᠳᠤ ᠵᠢᠨ《ᠲᠠᠨ᠎ᠳᠤ ᠲᠠᠭᠠᠱᠢᠶᠠᠭ᠍ᠳᠠᠭ᠍ᠰᠠᠨ》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠡᠳᠦᠷ ᠢᠷᠡᠬᠦᠶ᠎ᠡ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠪᠠ᠃ 2021 ᠣᠨ᠎ᠤ ᠴᠠᠭᠠᠨ ᠰᠠᠷ᠎ᠠ᠎ᠶ᠋ᠢᠨ ᠳᠠᠷᠠᠭᠠᠬᠢ ᠠᠵᠢᠯ᠎ᠳᠤ ᠭᠠᠷᠤᠭ᠍ᠰᠠᠨ ᠠᠩᠬᠠᠨ᠎ᠤ ᠡᠳᠦᠷ᠂ ᠪᠤᠭᠤᠲᠤ ᠬᠣᠲᠠ ᠪᠥᠬᠥ᠌ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠥᠨᠳᠥᠷ ᠲᠦᠪᠱᠢᠨ᠎ᠢ ᠤᠨᠢᠯᠠᠨ᠂ ᠵᠠᠰᠠᠭ᠎ᠤᠨ ᠶᠠᠪᠤᠳᠠᠯ᠎ᠤᠨ ᠲᠡᠷᠢᠭᠦᠨ ᠵᠡᠷᠭᠡ᠎ᠶ᠋ᠢᠨ ᠣᠷᠴᠢᠨ ᠨᠥᠬᠥᠴᠡᠯ᠂ ᠬᠠᠤᠯᠢᠵᠢᠯ᠎ᠤᠨ ᠣᠷᠴᠢᠨ ᠨᠥᠬᠥᠴᠡᠯ᠂ ᠠᠵᠤ ᠦᠶ᠋ᠯᠡᠰ᠎ᠦᠨ ᠠᠮᠢ ᠠᠬᠤᠶ ᠵᠢᠨ ᠣᠷᠴᠢᠨ ᠨᠥᠬᠥᠴᠡᠯ᠂ ᠬᠣᠲᠠ᠎ᠶ᠋ᠢᠨ ᠣᠷᠴᠢᠨ ᠨᠥᠬᠥᠴᠡᠯ᠎ᠢ ᠱᠠᠳᠤ ᠱᠠᠳᠤ ᠪᠡᠷ ᠪᠣᠶ ᠪᠣᠯᠭᠠᠵᠤ᠂ ᠪᠤᠭᠤᠳᠤ ᠵᠢᠨ《ᠲᠠᠨ᠎ᠳᠤ ᠲᠠᠭᠠᠱᠢᠶᠠᠭ᠍ᠳᠠᠭ᠍ᠰᠠᠨ》 ᠡᠵᠡᠩᠨᠡᠯᠲᠡ᠎ᠶ᠋ᠢᠨ ᠲᠠᠸᠠᠷ᠎ᠤᠨ ᠲᠡᠮᠳᠡᠭ᠌ᠲᠦ᠍᠎ᠶ᠋ᠢ ᠬᠦᠴᠦᠯᠡᠨ ᠪᠣᠶ ᠪᠣᠯᠭᠠᠪᠠ᠃ 1 ᠵᠢᠯ᠎ᠦᠨ ᠳᠣᠲᠣᠷ᠎ᠠ᠂ ᠪᠤᠭᠤᠲᠤ ᠠᠵᠤ ᠠᠬᠤᠢᠯᠠᠯ ᠪᠣᠯᠤᠨ ᠵᠠᠰᠠᠭ᠎ᠤᠨ ᠣᠷᠳᠣᠨ᠎ᠤ ᠵᠠᠪᠰᠠᠷ ᠥᠬᠡᠶ《ᠠᠵᠤ ᠠᠬᠤᠢᠯᠠᠯ᠎ᠤᠨ ᠳᠡᠭᠡᠳᠦ ᠲᠠᠰ᠎ᠤᠨ ᠬᠠᠮᠢᠶᠠᠷᠤᠭ᠍ᠴᠢ᠎ᠶ᠋ᠢᠨ ᠵᠢᠷᠬᠢᠶ᠎ᠠ ᠵᠢᠨ ᠴᠤᠭ᠍ᠯᠠᠷᠠᠯ》ᠢ᠋ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠱᠢᠭ᠍ᠯᠠᠵᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠳᠤ ᠦᠶ᠋ᠯᠡᠴᠢᠯᠡᠭᠡᠨ᠎ᠦ ᠲᠤᠰᠭᠠᠶ ᠠᠩᠭᠢ ᠪᠠᠢᠭᠤᠯᠵᠤ᠂ ᠪᠥᠬᠥ᠌ ᠵᠢᠯ᠎ᠳᠦ 365 ᠡᠳᠦᠷ《ᠡᠭᠦᠳᠡ᠎ᠪᠡᠨ ᠬᠠᠭᠠᠬᠤ ᠥᠬᠡᠶ》ᠪᠠᠢᠵᠤ᠂《ᠭᠦᠶ᠋ᠴᠡᠳᠭᠡᠵᠦ᠍ ᠳᠡᠢᠯᠬᠦ᠌ ᠥᠬᠡᠶ》ᠠᠰᠠᠭᠤᠳᠠᠯ᠎ᠢ ᠰᠢᠢᠳᠪᠤᠷᠢᠯᠡᠬᠦ ᠴᠤᠩᠬᠤᠪᠴᠢ ᠪᠠᠢᠭᠤᠯᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠭᠠᠷᠭᠠᠵᠤ᠂《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌᠂ ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠂ ᠲᠠᠨ᠎ᠳᠤ ᠬᠠᠪᠰᠤᠷᠤᠨ ᠭᠦᠶ᠋ᠴᠡᠳᠭᠡᠬᠦ᠌》ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠪᠡ᠃

1 ᠵᠢᠯ᠎ᠦᠨ ᠲᠤᠷᠰᠢ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠶᠠᠪᠤᠬᠤ ᠲᠤᠳᠤᠮ ᠴᠢᠩᠭᠠᠷᠠᠯ᠎ᠠ᠃ 1 ᠵᠢᠯ᠎ᠦᠨ ᠳᠣᠲᠣᠷ᠎ᠠ᠂ ᠪᠤᠭᠤᠲᠤ ᠬᠣᠲᠠ᠎ᠶ᠋ᠢᠨ ᠬᠣᠲᠠ᠎ᠶ᠋ᠢᠨ ᠱᠢᠨᠡᠴᠢᠯᠡᠯᠲᠡ᠎ᠶ᠋ᠢᠨ ᠠᠵᠢᠯᠯᠠᠭ᠎ᠠ᠎ᠶ᠋ᠢ ᠲᠦᠷᠭᠡᠨ ᠠᠬᠢᠭᠤᠯᠵᠤ᠂ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ 204 ᠲᠥᠷᠥᠯ ᠵᠦᠶ᠋ᠯ᠎ᠢ ᠪᠡᠶᠡᠯᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠠᠷᠢᠭᠤᠨ ᠴᠡᠪᠡᠷ ᠡᠷᠦᠬᠡ᠎ᠶ᠋ᠢᠨ ᠵᠣᠷᠯᠣᠩ᠎ᠢ ᠲᠦᠭᠡᠮᠡᠯᠵᠢᠭᠦᠯᠦᠭ᠌ᠰᠡᠨ ᠨᠣᠷᠮ᠎ᠠ 71.1% ᠎ᠳ᠋ᠤ ᠬᠦᠷᠴᠦ᠍᠂ ᠠᠮᠢᠳᠤᠷᠠᠯ᠎ᠤᠨ ᠬᠣᠭ ᠨᠣᠪᠰᠢ᠎ᠶ᠋ᠢᠨ ᠵᠠᠰᠠᠯᠲᠠ᠎ᠶ᠋ᠢᠨ ᠪᠦᠷᠬᠦᠴᠡ᠎ᠶ᠋ᠢᠨ ᠨᠣᠷᠮ᠎ᠠ 97.4% ᠎ᠳ᠋ᠤ ᠬᠦᠷᠴᠦ᠍᠂ ᠠᠷᠠᠳ᠎ᠤᠨ ᠠᠮᠢᠳᠤᠷᠠᠯ᠎ᠢ ᠨᠠᠩ ᠲᠠᠭᠠᠯᠠᠮᠵᠢᠲᠠᠶ ᠪᠣᠯᠭᠠᠪᠠ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠥᠬᠥᠷᠡᠰᠢ ᠦᠭᠡᠢ ᠴᠢᠩᠭᠠᠳᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠲᠠᠭᠰᠢᠯᠠᠭᠤᠯᠤᠯᠲᠠ ᠤᠷᠬᠢᠯ ᠭᠡᠮᠵᠢᠭᠲᠡᠯ ᠳ᠋ᠤ ᠬᠦᠷᠬᠦ᠌ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠠᠮᠢ ᠠᠬᠤᠢ᠎ᠶ᠋ᠢ ᠵᠠᠰᠠᠨ ᠰᠡᠷᠭᠦᠭᠡᠬᠦ᠌ ᠪᠠ ᠬᠠᠮᠠᠭᠠᠯᠠᠬᠤ᠎ᠶ᠋ᠢ ᠴᠢᠩᠭᠠᠳᠭᠠᠵᠤ᠂ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠥᠨᠢᠳᠡ ᠨᠣᠭᠣᠭᠠᠷᠠᠭᠤᠯᠵᠤ᠂ ᠠᠭᠠᠷ᠎ᠢ ᠥᠨᠢᠳᠡ ᠴᠡᠪᠡᠷᠱᠢᠭᠦᠯᠪᠠ᠃ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠱᠢᠨ᠎ᠡ ᠲᠦᠷᠦ᠍᠎ᠶ᠋ᠢᠨ ᠪᠤᠳᠤᠯᠭ᠎ᠠ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠦᠬᠦᠨ᠎ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠ᠃ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠵᠤ ᠴᠡᠭ᠌ᠴᠡᠯᠡᠨ ᠰᠠᠢᠵᠢᠷᠠᠭᠤᠯᠵᠤ ᠳᠡᠭᠡᠭ᠌ᠰᠢᠯᠡᠭᠦᠯᠬᠦ᠌ ᠪᠠ ᠬᠣᠲᠠ᠎ᠶ᠋ᠢᠨ ᠶᠡᠷᠦᠩᠬᠡᠢᠯᠡᠭ᠌ᠰᠡᠨ ᠡᠵᠡᠩᠨᠡᠯᠲᠡ ᠪᠣᠷᠣᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠬᠥᠮᠦᠨ ᠪᠦᠬᠦᠨ ᠪᠤᠭᠤᠲᠤ᠎ᠶ᠋ᠢ ᠬᠠᠢᠷᠠᠯᠠᠬᠤ᠂ ᠪᠤᠭᠤᠲᠤ᠎ᠶ᠋ᠢ ᠪᠥᠲᠥᠭᠡᠨ ᠪᠠᠢᠭᠤᠯᠬᠤ᠂ ᠪᠤᠭᠤᠲᠤ᠎ᠳ᠋ᠤ ᠬᠠᠨᠳᠢᠪᠯᠠᠬᠤ᠎ᠶ᠋ᠢ ᠶᠡᠬᠡ᠎ᠪᠡᠷ ᠰᠠᠨᠠᠭᠠᠴᠢᠯᠠᠵᠤ᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢᠨ ᠬᠢᠷᠢ ᠬᠡᠮ᠎ᠢ ᠲᠣᠭ᠍ᠲᠠᠭ᠍ᠰᠠᠨ ᠬᠤᠭᠤᠴᠠᠭᠠᠨ᠎ᠳᠤ ᠰᠡᠷᠭᠦᠭᠡᠵᠦ᠍᠂ ᠪᠤᠭᠤᠲᠤ᠎ᠶ᠋ᠢᠨ ᠨᠡᠷ᠎ᠡ ᠠᠯᠳᠠᠷ᠂ ᠢᠷᠠᠭᠤ ᠠᠯᠳᠠᠷ᠎ᠢ ᠢᠯᠡᠳᠲᠡ ᠳᠡᠭᠡᠭ᠌ᠰᠢᠯᠡᠭᠦᠯᠪᠡ᠃

1 ᠵᠢᠯ᠎ᠦᠨ ᠲᠤᠷᠰᠢ᠂ ᠪᠢᠳᠡ ᠪᠤᠭᠤᠲᠤ᠎ᠶ᠋ᠢᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠣᠶᠤᠨ ᠰᠠᠨᠠᠭᠠᠨ᠎ᠤ ᠳᠦᠷᠰᠦ ᠪᠠᠢᠳᠠᠯ ᠲᠤᠢᠯ᠎ᠤᠨ ᠶᠡᠬᠡ᠎ᠪᠡᠷ ᠳᠡᠭᠡᠭ᠌ᠰᠢᠯᠡᠭᠰᠡᠨ ᠎ᠢ ᠤᠯᠵᠤ ᠬᠠᠷᠠᠯ᠎ᠠ᠃ ᠬᠤᠷᠴᠠ ᠱᠢᠷᠦᠭᠦᠨ ᠬᠣᠲᠠ᠎ᠶ᠋ᠢᠨ ᠥᠷᠢᠰᠥᠯᠳᠦᠭᠡᠨ ᠪᠠ ᠬᠠᠲᠠᠭᠤ ᠴᠢᠩᠭ᠎ᠠ ᠬᠥᠭ᠌ᠵᠢᠯᠲᠡ᠎ᠶ᠋ᠢᠨ ᠪᠠᠢᠳᠠᠯ᠎ᠤᠨ ᠡᠮᠦᠨ᠎ᠡ᠂ ᠪᠤᠭᠤᠲᠤ ᠬᠣᠲᠠ ᠺᠠᠳ᠋ᠷ᠎ᠤᠨ ᠡᠩᠨᠡᠭᠡᠨ᠎ᠦ ᠴᠣᠭ ᠰᠦᠯᠳᠡ᠎ᠶ᠋ᠢ ᠬᠥᠭ᠌ᠵᠢᠭᠡᠬᠦ᠌᠎ᠪᠡᠷ ᠱᠢᠪᠲᠤᠯᠤᠯᠲᠠ᠎ᠶ᠋ᠢᠨ ᠴᠡᠭ ᠪᠣᠯᠭᠠᠵᠤ᠂ ᠦᠵᠡᠯ ᠰᠠᠨᠠᠭ᠎ᠠ᠎ᠪᠠᠨ ᠲᠠᠰᠤᠷᠠᠯᠲᠠ ᠦᠭᠡᠢ ᠴᠢᠯᠥᠭᠡᠯᠡᠬᠦ᠂ ᠦᠵᠡᠯᠲᠡ᠎ᠪᠡᠨ ᠱᠢᠨᠡᠳᠭᠡᠬᠦ᠂ ᠬᠠᠷᠠᠭ᠎ᠠ᠎ᠪᠠᠨ ᠥᠷᠭᠡᠳᠭᠡᠬᠦ᠂ ᠬᠢᠷᠢ ᠬᠡᠮᠵᠢᠶ᠎ᠡ᠎ᠪᠡᠨ ᠳᠡᠭᠡᠭ᠌ᠰᠢᠯᠡᠭᠦᠯᠬᠦ᠂ 《ᠬᠢᠪᠡᠯ ᠲᠡᠷᠢᠭᠦᠯᠡᠬᠦ᠂ ᠲᠡᠷᠢᠭᠦᠨ᠎ᠦ ᠬᠢ ᠪᠣᠯᠬᠤ᠂ ᠨᠢᠭᠡᠳᠦᠭᠡᠷ ᠲᠣ᠌ ᠤᠷᠤᠬᠤ ᠪᠠᠷ ᠴᠢᠷᠮᠠᠢᠬᠤ》 ᠴᠢᠩᠭ᠎ᠠ ᠤᠬᠠᠮᠰᠠᠷ᠂ 《 ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠂ ᠦᠨᠡᠨ ᠬᠦ᠌ ᠠᠳᠭᠤᠵᠤ ᠪᠣᠳᠠᠲᠠᠶ ᠬᠢᠬᠦ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌》 ᠠᠵᠢᠯ᠎ᠤᠨ ᠰᠤᠷᠲᠠᠯ ᠎ᠢ᠋ ᠳᠠᠪᠲᠠᠨ ᠪᠣᠯᠪᠠᠰᠤᠷᠠᠭᠤᠯᠵᠦ᠂ ᠣᠮᠣᠭ ᠲᠡᠭᠦᠯᠳᠡᠷ᠎ᠢᠶᠡᠷ ᠤᠷᠤᠭ᠍ᠰᠢᠯᠠᠬᠤ᠂ ᠬᠡᠵᠢᠶᠡᠳᠡ ᠴᠠᠯᠠᠭᠠᠢᠷᠠᠬᠤ ᠦᠭᠡᠢ ᠣᠶᠤᠨ ᠰᠠᠨᠠᠭᠠᠨ᠎ᠤ ᠪᠠᠶ᠋ᠢᠳᠠᠯ ᠪᠠ ᠵᠣᠷᠢᠭ᠍ᠲᠠᠶ ᠬᠢᠵᠦ᠍ ᠵᠣᠷᠢᠭ᠍ᠲᠠᠶ ᠠᠵᠢᠯᠯᠠᠬᠤ᠂ ᠪᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠪᠠᠢᠳᠠᠯ ᠵᠢᠡᠷ ᠪᠦᠬᠦ᠌ ᠬᠣᠲᠠ᠎ᠪᠠᠷ ᠵᠢᠨᠨ ᠨᠢᠭᠡ ᠰᠡᠳᠭᠢᠯ ᠨᠢᠭᠡ ᠵᠣᠷᠢᠭ᠎ᠢᠶᠠᠷ ᠬᠥᠭ᠌ᠵᠢᠯᠳᠠ ᠶ᠋ᠢ ᠪᠣᠳᠣᠯᠬᠢᠯᠠᠬᠤ᠂ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ ᠪᠦᠲᠦᠭᠡᠨ ᠪᠠᠢᠭᠤᠯᠤᠯᠲᠠ ᠬᠢᠬᠦ᠌ ᠬᠦᠴᠦᠷᠬᠡᠭ ᠶᠡᠬᠡ ᠨᠡᠢᠯᠡᠯ ᠬᠦᠴᠦᠨ ᠎ᠢ ᠨᠢᠭᠲᠠᠷᠠᠭᠤᠯᠵᠠᠢ᠃

ᠱᠢᠨ᠎ᠡ ᠠᠶᠠᠨ᠎ᠳᠤ ᠬᠠᠠᠲᠤᠵᠦ᠂ ᠪᠤᠭᠤᠲᠤ᠎ᠶ᠋ᠢᠨ ᠬᠢᠨ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯ᠎ᠤᠨ ᠤᠯᠠᠮᠵᠢᠯᠠᠯ᠎ᠢ ᠪᠠᠳᠠᠷᠠᠭᠤᠯᠵᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠴᠢᠷᠮᠠᠢᠨ ᠳᠡᠮᠡᠴᠡᠵᠥ ᠵᠢᠳᠬᠦᠯ ᠴᠢᠷᠮᠠᠢᠯᠭ᠎ᠠ ᠭᠠᠷᠭᠠᠵᠥ ᠱᠢᠨ᠎ᠡ ᠴᠠᠭ ᠦᠶ᠎ᠡ᠎ᠶ᠋ᠢᠨ ᠱᠢᠨ᠎ᠡ ᠪᠤᠭᠤᠲᠤ ᠵᠢᠨ ᠱᠢᠨ᠎ᠡ ᠱᠢᠪᠲᠤᠯᠤᠯᠲᠠ ᠵᠢ ᠪᠡᠶᠡᠯᠡᠬᠦᠯᠵᠥ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠨ ᠪᠦᠳᠦᠬᠡᠨ ᠪᠠᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠬᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠪᠤᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号