ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠠᠷᠠᠳ ᠲᠦᠮᠡᠨ᠎ᠤ ᠬᠠᠨᠤᠮᠵᠢᠳᠠᠢ ᠰᠤᠷᠭᠠᠨ ᠬᠦᠮᠦᠵᠢᠯ᠎ᠢ ᠰᠠᠢᠲᠤᠷ ᠡᠷᠭᠢᠯᠡᠨ᠎ᠡ — ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠎ᠶ᠋ᠢᠨ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠬᠤᠸᠠᠩ ᠶᠠ ᠯᠢ ᠵᠢ ᠰᠤᠷᠪᠤᠯᠵᠢᠯᠠᠭᠰᠠᠨ ᠨᠢ
2022-01-09 20:19:24
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠬᠤᠢᠰᠢᠳᠡ ᠶ᠋ᠢᠨ ᠲᠠᠪᠤᠨ ᠵᠢᠯ᠎ᠦᠨ ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠤ᠋ᠨ  ᠪᠦᠳᠦᠭᠡᠨ ᠪᠠᠢᠭᠤᠯᠤᠯᠳᠠ ᠵᠢᠨ ᠰᠠᠢ᠌ᠨ ᠰᠠᠢᠬᠠᠨ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ ᠎ᠪᠠᠷ ᠵᠢᠷᠤᠭ᠍ᠯᠠᠭᠰᠠᠨ ᠨᠢ ᠮᠠᠨ᠎ᠤ ᠣᠷᠣᠨ᠎ᠤ ᠣᠳᠣᠬᠢᠴᠢᠯᠠᠬᠤ  ᠪᠦᠳᠦᠭᠡᠨ ᠪᠠᠢᠭᠤᠯᠤᠯᠲᠠ ᠎ᠶ᠋ᠢ  ᠪᠦᠬᠦ᠌ ᠲᠠᠯ᠎ᠠ᠎ᠪᠠᠷ ᠠᠬᠢᠭᠤᠯᠬᠤ᠎ᠳᠤ ᠪᠦᠬᠦ᠌ ᠲᠠᠯ᠎ᠠ᠎ᠪᠡᠷ ᠲᠥᠯᠥᠪᠵᠢᠭᠦᠯᠵᠦ᠂ ᠱᠢᠨ᠎ᠡ ᠪᠠᠢᠳᠠᠯ᠎ᠢ ᠨᠡᠭᠡᠭᠡᠭᠰᠡᠨ ᠣᠨᠴᠠᠭᠠᠢ ᠠᠴᠢ ᠬᠣᠯᠪᠣᠭ᠍ᠳᠠᠯ᠎ᠲᠠᠶ  ᠶᠤᠮ᠃  ᠬᠠᠷᠢᠭᠤᠴᠠᠯᠭ᠎ᠠ  ᠪᠣᠯ ᠶᠡᠬᠡ ᠲᠠᠯ᠎ᠠ᠂ ᠡᠭᠦᠷᠭᠡ  ᠪᠣᠯ ᠬᠥᠳᠡᠯᠭᠡᠬᠦ᠌ ᠬᠦᠴᠦᠨ ᠮᠥᠨ᠃ ᠢᠷᠡᠭᠡᠳᠦᠢ᠎ᠳᠦ᠂ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠱᠢᠰᠲᠸᠮ᠎ᠤᠨ ᠬᠢᠨ ᠬᠡᠷᠬᠢᠨ ᠴᠢᠨᠠᠷ ᠰᠠᠢᠲᠠᠢ ᠰᠤᠷᠭᠠᠨ ᠬᠥᠮᠦᠵᠢᠯ᠎ᠦᠨ ᠱᠢᠰᠲᠸᠮ᠎ᠤᠨ ᠪᠠᠢᠭᠤᠯᠤᠯᠲᠠ ᠎ᠶ᠋ᠢ ᠠᠬᠢᠭᠤᠯᠵᠤ᠂ ᠮᠠᠨ᠎ᠤ ᠣᠷᠣᠨ᠎ᠤ ᠠᠵᠤ ᠠᠬᠤᠢ ᠪᠠ ᠨᠡᠢᠭᠡᠮ᠎ᠦᠨ ᠦᠷᠭᠦᠯᠵᠢᠯᠡᠬᠦ᠌ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠪᠤᠢ? ᠡᠨᠡ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠬᠤᠷᠢᠶ᠎ᠠ ᠵᠢᠨ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ ᠎ᠦᠨ ᠳᠠᠷᠤᠭ᠎ᠠ ᠬᠤᠸᠠᠩ ᠶᠠ ᠯᠢ ᠎ᠶ᠋ᠢ ᠰᠤᠷᠪᠤᠯᠵᠢᠯᠠᠪᠠ᠃

ᠬᠤᠸᠠᠩ  ᠶᠠ ᠯᠢ᠂  ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠠᠢᠲᠤᠷ ᠰᠤᠷᠤᠯᠴᠠᠵᠤ᠂  ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠵᠤ᠂ ᠰᠠᠢᠲᠤᠷ ᠨᠠᠢᠳᠠᠪᠤᠷᠢᠵᠢᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ  ᠪᠥᠬᠥ᠌ ᠣᠷᠣᠨ᠎ᠤ ᠰᠤᠷᠭᠠᠨ ᠬᠥᠮᠦᠵᠢᠯ ᠎ᠦᠨ ᠱᠢᠰᠲ᠋ᠧᠮ ᠎ᠦᠨ ᠴᠢᠬᠤᠯᠠ ᠶᠡᠬᠡ ᠤᠯᠤᠰ ᠲᠥᠷᠥ ᠎ᠶ᠋ᠢᠨ ᠡᠭᠦᠷᠭᠡ ᠪᠣᠯᠤᠨ᠎ᠠ᠃ ᠪᠥᠬᠥ᠌ ᠣᠷᠣᠨ ᠎ᠤ ᠰᠤᠷᠭᠠᠨ ᠬᠥᠮᠦᠵᠢᠯ ᠎ᠦᠨ ᠱᠢᠰᠲ᠋ᠧᠮ᠎ᠤᠨ ᠬᠢᠨ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠤᠢᠯᠠᠭᠠᠬᠤ ᠳᠡᠭᠡᠷ᠎ᠡ ᠬᠦᠴᠦ᠍ ᠲᠠᠯᠪᠢᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳᠡᠭᠡᠷ᠎ᠡ ᠬᠦᠴᠦ᠍ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠂ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠱᠢᠰᠲ᠋ᠧᠮ ᠲᠠᠢ ᠪᠠᠢᠷᠢᠯᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠂ ᠪᠦᠬᠦᠯᠢ ᠴᠣᠭ᠍ᠴᠠ᠎ᠪᠠᠷ ᠠᠬᠢᠭᠤᠯᠬᠤ  ᠪᠡᠷ ᠳᠠᠮᠵᠢᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠵᠤ᠂ ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠵᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠬᠤ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠪᠦᠬᠦ᠌ ᠲᠠᠯ᠎ᠠ᠎ᠪᠠᠷ ᠵᠥᠪ ᠣᠨᠣᠪᠴᠢᠲᠠᠶ ᠰᠤᠷᠤᠯᠴᠠᠨ ᠲᠠᠢᠯᠪᠤᠷᠢᠯᠠᠵᠤ᠂ ᠣᠨᠴᠠᠭᠠᠢᠯᠠᠨ ᠢᠯᠡᠳᠭᠡᠯ ᠎ᠳᠦ ᠳᠤᠷᠠᠳᠤᠭ᠍ᠰᠠᠨ ᠱᠢᠨ᠎ᠡ ᠰᠡᠳᠭᠢᠴᠡ᠂ ᠱᠢᠨ᠎ᠡ ᠬᠠᠷᠠᠯᠲᠠ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ ᠵᠢ ᠪᠣᠯᠪᠠᠰᠤᠷᠠᠩᠭᠤᠶ ᠡᠵᠡᠮᠱᠢᠨ ᠪᠣᠯᠪᠠᠰᠤᠷᠠᠩᠭᠤᠶ ᠬᠡᠷᠡᠭ᠌ᠯᠡᠬᠦ ᠪᠡᠷ ᠴᠢᠷᠮᠠᠢᠵᠤ᠂ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠦᠨᠡᠨ ᠬᠦ᠌ ᠴᠢᠩᠭᠠᠳᠭᠠᠨ᠂ ᠦᠵᠡᠯ ᠰᠠᠨᠠᠭᠠᠨ᠎ᠤ ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠤᠷᠤᠭ᠍ᠰᠢᠯᠠᠨ ᠳᠠᠪᠱᠢᠬᠤ ᠬᠦᠴᠦᠨ᠎ᠢ ᠬᠥᠭ᠌ᠵᠢᠭᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠰᠤᠷᠭᠠᠨ ᠬᠥᠮᠦᠵᠢᠯ᠎ᠦᠨ ᠱᠢᠰᠲ᠋ᠧᠮ᠎ᠳᠦ ᠦᠨᠳᠦᠰᠦᠯᠡᠭᠦᠯᠦᠨ ᠴᠡᠴᠡᠭᠯᠡᠬᠦᠯᠦᠨ᠎ᠡ ᠬᠡᠵᠦ ᠬᠡᠯᠡᠪᠡ᠃

ᠬᠤᠸᠠᠩ ᠶᠠ ᠯᠢ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠢᠯᠡᠳᠭᠡᠯ ᠎ᠳᠦ 《 ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ  ᠪᠠᠢᠭᠤᠯᠬᠤ 》 ᠲᠤᠬᠠᠶ ᠪᠠᠢᠷᠢᠯᠠᠭᠤᠯᠤᠯᠲᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠦᠶ᠋ᠯᠡᠰ᠎ᠦᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠵᠢᠨ ᠴᠢᠭ᠌ᠯᠡᠯ᠎ᠢ ᠤᠯᠠᠮ ᠨᠢᠭᠡ ᠠᠯᠬᠤᠮ ᠲᠣᠳᠣᠷᠬᠠᠶ ᠵᠢᠭᠠᠵᠤ ᠥᠭ᠌ᠴᠡᠶ᠃ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ ᠎ᠶ᠋ᠢ ᠱᠢᠨᠵᠢᠯᠡᠬᠦ᠌ ᠤᠬᠠᠭᠠᠨᠴᠢ ᠎ᠪᠠᠷ ᠲᠥᠯᠥᠪᠵᠢᠭᠦᠯᠵᠦ᠍᠂ ᠦᠵᠦ᠍ ᠲᠥᠯᠥᠪᠯᠡᠭᠡ ᠪᠣᠯᠤᠨ ᠨᠢᠭᠡᠳᠦᠯᠲᠡᠢ ᠲᠥᠯᠥᠪᠵᠢᠭᠦᠯᠭᠡ᠎ᠪᠡᠨ ᠴᠢᠩᠭᠠᠳᠭᠠᠵᠤ᠂ ᠰᠤᠷᠭᠠᠨ ᠬᠥᠮᠦᠵᠢᠯ ᠎ᠦᠨ ᠦᠢᠯᠡᠰ ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠱᠠᠳᠤ ᠦᠶ᠎ᠡ᠂ ᠠᠯᠬᠤᠮ ᠲᠠᠷᠠᠭ᠎ᠠ ᠬᠤᠪᠢᠶᠠᠨ ᠠᠬᠢᠭᠤᠯᠵᠤ᠂ ᠰᠤᠷᠭᠠᠨ ᠬᠥᠮᠦᠵᠢᠯ᠎ᠦᠨ ᠦᠢᠯᠡᠰ᠎ᠦᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠢᠷᠢᠱᠢᠯ᠎ᠳᠤ ᠭᠦᠨᠵᠡᠭᠡᠢ ᠠᠭᠤᠰᠤᠯᠴᠠᠬᠤ᠎ᠶ᠋ᠢ  ᠪᠦᠬᠦ᠌ ᠬᠦᠴᠦᠨ ᠎ᠢᠶᠡᠷ ᠠᠬᠢᠭᠤᠯᠵᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ ᠎ᠳᠤ᠂ ᠪᠥᠬᠥ᠌ ᠣᠷᠣᠨ᠎ᠤ ᠰᠤᠷᠭᠠᠨ ᠬᠥᠮᠦᠵᠢᠯ ᠎ᠦᠨ ᠱᠢᠰᠲ᠋ᠧᠮ 5 ᠵᠦᠶ᠋ᠯ᠎ᠦᠨ ᠴᠢᠬᠤᠯᠠ ᠶᠡᠬᠡ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ ᠬᠠᠷᠠᠯᠲᠠ ᠡᠭᠦᠷᠭᠡ᠎ᠶ᠋ᠢ ᠪᠥᠬᠥ᠌ ᠬᠦᠴᠦᠨ ᠎ᠢᠶᠡᠷ ᠎ᠢᠶᠡᠨ ᠪᠡᠶᠡᠯᠡᠭᠦᠯᠬᠦ᠌ ᠪᠣᠯᠤᠨ᠎ᠠ ᠬᠡᠵᠦ ᠳᠠᠨᠢᠯᠴᠠᠭᠤᠯᠪᠠ᠃

ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂  ᠪᠥᠬᠥ᠌ ᠠᠵᠢᠯᠲᠠᠨ ᠪᠥᠬᠥ᠌ ᠶᠠᠪᠤᠴᠠ ᠳ᠋ᠤ  ᠪᠥᠬᠥ᠌ ᠲᠠᠯ᠎ᠠ᠎ᠪᠡᠷ ᠴᠢᠨᠠᠷ ᠰᠠᠢᠲᠠᠶ ᠬᠦᠮᠦᠵᠢᠯ ᠬᠦᠷᠳᠡᠬᠦ ᠱᠢᠰᠲ᠋ᠧᠮ᠎ᠢ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳ᠋ᠤ᠂ ᠡᠷᠬᠡᠪᠰᠢ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠰᠠᠢᠲᠤᠷ ᠭᠦᠢᠴᠡᠳᠭᠡᠬᠦ᠌ ᠬᠡᠷᠡᠭᠳᠡᠢ ᠭᠡᠵᠦ᠍ ᠵᠢᠭᠠᠵᠤ ᠭᠠᠷᠭᠠᠪᠠ᠃ ᠪᠦᠬᠦ᠌ ᠣᠷᠣᠨ᠎ᠤ ᠰᠤᠷᠭᠠᠨ ᠬᠥᠮᠦᠵᠢᠯ ᠎ᠦᠨ ᠱᠢᠰᠲᠸᠮ ᠨᠠᠮ᠎ᠤᠨ ᠰᠤᠷᠭᠠᠨ ᠬᠥᠮᠦᠵᠢᠯ ᠎ᠦᠨ ᠦᠢᠯᠡᠰ᠎ᠲᠡᠬᠢ ᠪᠦᠬᠦ᠌ ᠲᠠᠯ᠎ᠠ ᠶ᠋ᠢᠨ ᠤᠳᠤᠷᠢᠳᠤᠯᠭ᠎ᠠ ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ᠍ ᠎ᠶ᠋ᠢᠨ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠎ᠪᠠᠷ ᠰᠦᠭ ᠰᠦᠨᠡᠰᠦ ᠎ᠶ᠋ᠢ ᠱᠤᠭᠤᠵᠤ ᠬᠥᠮᠦᠨ᠎ᠢ  ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠶᠡᠬᠡ ᠲᠡᠭᠡᠳᠦ ᠳᠤᠮᠳᠠᠳᠤ ᠪᠠᠭ᠎ᠠ ᠰᠤᠷᠭᠠᠭᠤᠯᠢ ᠎ᠶ᠋ᠢ ᠨᠢᠭᠡ ᠴᠤᠭ᠍ᠴᠠᠵᠢᠭᠤᠯᠤᠭ᠍ᠰᠠᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠤᠨ᠎ᠠ᠃《ᠰᠠᠭᠤᠷᠢ ᠎ᠪᠠᠨ ᠪᠠᠲᠤᠳᠭᠠᠨ ᠦᠨᠳᠦᠰᠦ ᠎ᠪᠡᠨ ᠪᠡᠬᠢᠵᠢᠭᠦᠯᠬᠦ᠂ ᠶᠣᠰᠣ ᠰᠤᠷᠲᠠᠬᠤᠨ ᠎ᠢᠶᠠᠷ ᠰᠡᠬᠡᠭᠡᠷᠡᠭᠦᠯᠬᠦ᠂ ᠰᠡᠳᠭᠢᠯ ᠨᠢᠭᠡᠳᠦᠨ ᠬᠠᠮᠲᠤ ᠎ᠪᠠᠷ ᠴᠣᠭ᠍ᠴᠠᠯᠠᠬᠤ᠂ ᠰᠤᠶᠤᠯ ᠵᠢᠡᠷ  ᠬᠦᠮᠦᠨ  ᠬᠥᠮᠦᠵᠢᠭᠦᠯᠬᠦ᠌ 》 ᠳᠥᠷᠪᠡᠨ ᠶᠡᠬᠡ ᠠᠵᠢᠯᠯᠠᠭ᠎ᠠ ᠎ᠪᠠᠷ ᠤᠳᠤᠷᠢᠳᠤᠮᠵᠢ ᠪᠣᠯᠭᠠᠵᠤ᠂ ᠶᠡᠬᠡ ᠲᠡᠭᠡᠳᠦ ᠳᠤᠮᠳᠠᠳᠤ  ᠪᠠᠭ᠎ᠠ ᠰᠤᠷᠭᠠᠭᠤᠯᠢ ( ᠬᠡᠦᠬᠡᠳ᠎ᠦᠨ ᠴᠡᠴᠡᠷᠯᠢᠭ)᠎ᠳ᠋ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠥᠬᠥ᠌ ᠲᠠᠯ᠎ᠠ᠎ᠪᠠᠷ ᠤᠳᠠᠭᠠᠨ ᠳᠠᠭᠠᠭᠠᠮᠠᠭᠠᠶ᠎ᠪᠠᠷ ᠭᠦᠨᠵᠡᠭᠡᠶ ᠥᠷᠨᠢᠭᠦᠯᠦᠨ᠎ᠡ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠡᠷᠡᠰ ᠬᠡᠷᠡᠭ᠌ᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠰᠤᠷᠭᠠᠭᠤᠯᠢ᠎ᠶ᠋ᠢᠨ ᠭᠠᠳᠠᠨᠠᠬᠢ ᠵᠠᠰᠠᠯᠲᠠ ᠬᠢᠭᠡᠳ ᠰᠤᠷᠭᠠᠭᠤᠯᠢ᠎ᠶ᠋ᠢᠨ ᠳᠣᠲᠣᠭᠠᠳᠤ ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ ᠪᠡᠷ ᠬᠣᠯᠪᠣᠭᠠᠯᠠᠨ ᠬᠥᠳᠡᠯᠦᠯᠴᠡᠵᠦ᠂ ᠲᠦᠷᠢᠮ᠎ᠦᠨ ᠪᠠᠢᠭᠤᠯᠤᠯᠲᠠ ᠪᠠ  ᠬᠢᠨᠠᠯᠲᠠ ᠪᠠᠢᠴᠠᠭᠠᠯᠲᠠ᠎ᠶ᠋ᠢ  ᠵᠡᠷᠭᠡ ᠪᠡᠷ ᠬᠡᠷᠡᠭᠵᠢᠬᠦᠯᠬᠦ᠎ᠶ᠋ᠢ ᠪᠠᠷᠢᠮᠲᠠᠯᠠᠵᠤ᠂ 《ᠬᠣᠶᠠᠷ᠎ᠢ ᠬᠦᠩᠬᠡᠷᠡᠬᠦᠯᠬᠦ》 ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ᠎ᠡ᠃ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ 《ᠲᠠᠪᠤᠨ ᠬᠥᠮᠦᠵᠢᠯ 》 ᠢ᠋  ᠵᠡᠷᠭᠡ  ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ ᠎ᠶ᠋ᠢᠨ ᠬᠥᠳᠡᠯᠮᠦᠷᠢ ᠎ᠶ᠋ᠢᠨ ᠬᠥᠮᠦᠵᠢᠯ ᠪᠠ ᠪᠡᠶ᠎ᠡ ᠎ᠶ᠋ᠢᠨ ᠲᠠᠮᠢᠷ ᠭᠤᠤ᠎ᠠ ᠰᠠᠢᠬᠠᠨ᠎ᠤ ᠬᠥᠮᠦᠵᠢᠯ᠎ᠦᠨ ᠠᠵᠢᠯ ᠎ᠢ ᠴᠢᠩᠭᠠᠳᠭᠠᠨ ᠰᠠᠢᠵᠢᠷᠠᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠴᠢᠷᠮᠠᠢᠨ ᠬᠥᠮᠦᠵᠢᠭᠦᠯᠦᠨ᠎ᠡ᠃

ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠪᠠᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠬᠥᠭ᠌ᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ ᠵᠡᠷᠭᠡ ᠎ᠶ᠋ᠢ  ᠬᠡᠷᠡᠭ᠌ᠵᠢᠭᠦᠯᠬᠦ᠌ ᠎ᠪᠡᠷ ᠳᠠᠮᠵᠢᠭᠤᠯᠤᠨ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠬᠠᠷᠠᠭᠠᠯᠵᠠᠯ ᠬᠦᠷᠳᠡᠭᠡᠬᠦ ᠶ᠋ᠢ ᠠᠬᠢᠭᠤᠯᠤᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠷᠢᠮᠵᠢᠶᠠᠵᠢᠭᠤᠯᠬᠤ ᠪᠥᠳᠥᠭᠡᠨ ᠪᠠᠢᠭᠤᠯᠤᠯᠲᠠ᠎ᠶ᠋ᠢᠨ ᠲᠥᠷᠥᠯ ᠵᠦᠢᠯ ᠪᠠ ᠶᠠᠰᠤ ᠴᠢᠨᠠᠷ᠎ᠢ ᠶᠡᠷᠦᠩᠬᠡᠢᠯᠡᠨ ᠦᠨᠡᠯᠡᠬᠦ᠌ ᠥᠭᠡᠷᠡᠴᠢᠯᠡᠯᠲᠡ ᠵᠢ  ᠬᠡᠷᠡᠭᠵᠢᠭᠦᠯᠬᠦ᠂ ᠱᠢᠶᠠᠨ ᠎ᠤ  ᠬᠡᠪᠴᠢᠶᠡᠨ᠎ᠤ ᠠᠯᠪᠠᠨ ᠵᠢᠷᠤᠮ ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠢ ᠲᠡᠩᠴᠡᠭᠦᠷᠢᠲᠡᠢ ᠬᠥᠭ᠌ᠵᠢᠯᠳᠡ ᠎ᠶ᠋ᠢ ᠦᠨᠡᠯᠡᠨ ᠵᠢᠱ᠌ᠢᠵᠦ᠍ ᠮᠠᠭᠠᠳᠯᠠᠨ ᠲᠤᠭᠲᠠᠭᠠᠬᠤ ᠵᠡᠷᠭᠡ ᠠᠷᠭ᠎ᠠ ᠬᠡᠮᠵᠢᠶ᠎ᠡ ᠎ᠶ᠋ᠢ ᠡᠬᠢᠯᠡᠭᠦᠯᠬᠦ᠌ ᠎ᠪᠡᠷ ᠳᠠᠮᠵᠢᠭᠤᠯᠤᠨ᠂ ᠠᠯᠪᠠᠨ ᠵᠢᠷᠤᠮ ᠎ᠤᠨ ᠰᠤᠷᠭᠠᠨ ᠬᠥᠮᠦᠵᠢᠯ ᠎ᠤᠨ ᠴᠢᠨᠠᠷ ᠰᠠᠢᠲᠠᠢ ᠲᠡᠩᠴᠡᠭᠦᠷᠢᠲᠡᠢ ᠪᠠᠢᠬᠤ᠎ᠶ᠋ᠢ ᠠᠬᠢᠭᠤᠯᠤᠨ᠎ᠠ᠃ ᠱᠢᠨ᠎ᠡ ᠬᠢᠴᠢᠶᠡᠯ ᠎ᠢ  ᠬᠡᠷᠡᠭ᠌ᠵᠢᠭᠦᠯᠦᠨ᠂ ᠱᠢᠨ᠎ᠡ ᠵᠢᠭᠠᠬᠤ ᠮᠠᠲ᠋ᠧᠷᠢᠶᠠᠯ ᠎ᠢ  ᠬᠡᠷᠡᠭ᠌ᠯᠡᠵᠦ᠍᠂ ᠡᠩ ᠎ᠦᠨ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠬᠥᠮᠦᠨ ᠬᠥᠮᠦᠵᠢᠭᠦᠯᠬᠦ᠌ ᠠᠷᠭ᠎ᠠ ᠬᠡᠯᠪᠡᠷᠢ ᠵᠢᠨ ᠬᠤᠪᠢᠷᠠᠭᠤᠯᠤᠯᠲᠠ᠎ᠶ᠋ᠢ ᠠᠬᠢᠭᠤᠯᠵᠤ᠂ ᠡᠩ ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ ᠎ᠦᠨ ᠣᠯᠠᠨ ᠶᠠᠩᠵᠤᠴᠢᠯᠠᠭ᠍ᠰᠠᠨ ᠣᠨᠴᠠᠯᠢᠭ᠎ᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠲᠥᠷᠥᠯ ᠬᠡᠯᠪᠡᠷᠢ ᠎ᠶ᠋ᠢᠨ ᠰᠤᠷᠭᠠᠨ ᠬᠥᠮᠦᠵᠢᠯ᠎ᠦᠨ  ᠪᠠᠢᠷᠢ ᠲᠣᠭ᠍ᠲᠠᠭᠠᠯᠲᠠ ᠎ᠶ᠋ᠢ ᠪᠠᠷᠢᠮᠲᠠᠯᠠᠵᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ  ᠠᠬᠢᠭᠤᠯᠵᠤ᠂ ᠰᠤᠷᠭᠠᠭᠤᠯᠢ ᠪᠠ ᠠᠵᠤ ᠠᠬᠤᠢᠯᠠᠯ ᠎ᠤᠨ ᠬᠠᠮᠲᠤᠷᠠᠯᠴᠠᠭ᠎ᠠ ᠶ᠋ᠢ ᠴᠢᠩᠭᠠᠳᠭᠠᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠎ᠦᠨ 《ᠶᠠᠰᠤ ᠴᠢᠨᠠᠷ᠎ᠢ ᠳᠡᠭᠡᠭ᠌ᠰᠢᠯᠡᠭᠦᠯᠦᠨ ᠰᠢᠯᠢᠳᠡᠭ ᠎ᠢ ᠬᠦᠮᠦᠵᠢᠭᠦᠯᠬᠦ》ᠠᠵᠢᠯᠯᠠᠭᠠᠨ᠎ᠤ ᠲᠥᠯᠥᠪᠯᠡᠭᠡ᠂ ᠳᠡᠭᠡᠳᠦ ᠵᠡᠷᠭᠡ ᠎ᠶ᠋ᠢᠨ ᠠᠵᠢᠯ ᠮᠡᠷᠭᠡᠵᠢᠯ ᠎ᠦᠨ ᠰᠤᠷᠭᠠᠭᠤᠯᠢ᠎ᠶ᠋ᠢᠨ 《ᠬᠤᠤᠰ ᠥᠨᠳᠥᠷ》 ᠲᠥᠯᠥᠪᠯᠡᠭᠡ ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠣᠲᠣ ᠦᠶ᠎ᠡ᠎ᠶ᠋ᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠎ᠦᠨ ᠶᠠᠰᠤ ᠴᠢᠨᠠᠷ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠎ᠶ᠋ᠢ ᠠᠬᠢᠭᠤᠯᠤᠨ᠎ᠠ᠃ 《ᠬᠤᠤᠰ ᠲᠡᠷᠢᠭᠦᠨ ᠵᠡᠷᠭᠡ》ᠵᠢᠨ ᠪᠠᠢᠭᠤᠯᠤᠯᠲᠠ ᠎ᠪᠠᠷ ᠬᠦᠲᠦᠯᠦᠨ ᠵᠢᠯᠤᠭᠤᠳᠤᠭᠤᠯᠵᠦ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠭᠤᠯᠤᠯᠲᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠴᠢᠩᠭᠠᠳᠭᠠᠨ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠤᠳᠤᠭᠠᠳᠤ ᠠᠭᠤᠯᠬᠤᠨ ᠮᠠᠶᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠨ᠂ ᠤᠨᠴᠠᠭᠠᠢ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠲᠦᠪᠰᠢᠨ᠎ᠢ ᠳᠡᠭᠡᠭ᠌ᠰᠢᠯᠡᠭᠦᠯᠵᠦ᠍᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢ ᠵᠢᠷᠤᠮᠵᠢᠭᠤᠯᠤᠨ᠂ ᠪᠦᠬᠦ᠌ ᠠᠷᠠᠳ᠎ᠤᠨ ᠨᠠᠰᠤᠨ ᠲᠤᠷᠰᠢ ᠰᠤᠷᠤᠯᠴᠠᠬᠤ᠎ᠳᠤ ᠦᠶ᠋ᠯᠡᠴᠢᠯᠡᠬᠦ᠌ ᠰᠤᠷᠭᠠᠨ ᠬᠥᠮᠦᠵᠢᠯ᠎ᠦᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃

ᠣᠷᠣᠨ ᠪᠦᠰᠡ ᠎ᠶ᠋ᠢᠨ ᠠᠵᠤ ᠠᠬᠤᠶ ᠨᠡᠢᠭᠡᠮ ᠎ᠦᠨ ᠬᠥᠭ᠌ᠵᠢᠯᠲᠡ ᠎ᠶ᠋ᠢᠨ ᠬᠡᠷᠡᠭ᠌ᠴᠡᠭᠡ ᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠦᠶ᠋ᠯᠡᠴᠢᠯᠡᠭᠡᠨ ᠎ᠦ ᠲᠤᠯᠭᠠᠭᠤᠷᠢᠯᠠᠬᠤ ᠱᠢᠰᠲ᠋ᠧᠮ ᠎ᠢ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠎ᠳᠦ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ ᠎ᠶ᠋ᠢ ᠶᠡᠬᠡ ᠎ᠪᠡᠷ ᠬᠡᠷᠡᠭ᠌ᠵᠢᠭᠦᠯᠦᠨ᠎ᠡ ᠭᠡᠵᠦ᠍ ᠳᠤᠷᠠᠳᠤᠨ ᠭᠠᠷᠭᠠᠪᠠ᠃ ᠰᠤᠷᠭᠠᠨ ᠬᠥᠮᠦᠵᠢᠯ᠎ᠦᠨ ᠱᠢᠰᠲ᠋ᠧᠮ ᠎ᠦᠨ ᠬᠢᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠢᠶᠡᠷ ᠥᠪᠥᠷ ᠮᠣᠩᠭᠣᠯ ᠎ᠢᠶᠠᠨ ᠮᠠᠨᠳᠤᠭᠤᠯᠬᠤ》 ᠪᠠᠢᠯᠳᠤᠬᠤ ᠪᠤᠳᠤᠯᠭ᠎ᠠ ᠎ᠶ᠋ᠢᠨ ᠲᠣᠭᠣᠷᠢᠨ᠎ᠳᠤ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠦᠷᠢᠨᠱᠢᠬᠦᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠴᠢᠩᠭᠠᠳᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠤᠷᠭᠠᠨ ᠬᠥᠮᠦᠵᠢᠯ᠎ᠦᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠰᠤᠷᠭᠠᠨ ᠬᠥᠮᠦᠵᠢᠯ ᠎ᠦᠨ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠳᠦ ᠦᠢᠯᠡᠴᠢᠯᠡᠬᠦ᠌ ᠴᠢᠳᠠᠪᠤᠷᠢ ᠎ᠶ᠋ᠢ  ᠬᠦᠴᠦᠯᠡᠨ ᠳᠡᠭᠡᠭ᠌ᠰᠢᠯᠡᠭᠦᠯᠦᠨ᠎ᠡ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠬᠠᠮᠵᠢᠯᠴᠠᠨ ᠬᠥᠭ᠌ᠵᠢᠬᠦ᠌᠂ ᠬᠥᠬᠡᠬᠣᠲᠠ ᠪᠤᠭᠤᠲᠤ ᠣᠷᠳᠣᠰ ᠲᠡᠮᠡᠭᠡᠲᠦ᠎ᠶ᠋ᠢᠨ ᠠᠵᠤ ᠠᠬᠤᠶ ᠎ᠶ᠋ᠢᠨ ᠣᠷᠣᠨ᠂ ᠬᠠᠲᠤᠨ ᠭᠤᠤᠯ ᠳᠠᠭᠠᠤ᠎ᠶ᠋ᠢᠨ ᠠᠵᠤ ᠠᠬᠤᠶ ᠎ᠶ᠋ᠢᠨ ᠪᠦᠰᠡ ᠵᠡᠷᠭᠡ ᠣᠷᠣᠨ ᠪᠦᠰᠡ ᠎ᠶ᠋ᠢᠨ ᠬᠠᠮᠲᠤᠷᠠᠯᠴᠠᠭ᠎ᠠ ᠎ᠶ᠋ᠢᠨ ᠲᠣᠭᠣᠷᠢᠨ ᠎ᠳᠤ᠂《ᠥᠪᠥᠷ ᠮᠣᠩᠭᠣᠯ᠎ᠤᠨ ᠶᠡᠬᠡ ᠰᠤᠷᠭᠠᠭᠤᠯᠢ — ᠹᠦᠳᠠᠨ ᠶᠡᠬᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠱᠢᠨ᠎ᠡ᠎ᠶ᠋ᠢ ᠡᠭᠦᠳᠬᠦ᠌ ᠲᠥᠪ》 ᠵᠡᠷᠭᠡ 9 ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠦ ᠰᠤᠳᠤᠯᠭᠠᠨ᠎ᠤ ᠲᠠᠪᠴᠠᠩ᠎ᠤᠨ ᠭᠤᠤᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠰᠦ ᠎ᠶ᠋ᠢᠨ ᠦᠶ᠋ᠯᠡᠰ᠂ ᠬᠣᠪᠣᠷ ᠱᠢᠷᠣᠶ ᠱᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ᠎ᠳᠦ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠨ᠎ᠠ᠃ ᠪᠠᠰᠠ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠭᠦᠶ᠋ᠴᠡᠳ ᠠᠱᠢᠭ᠍ᠯᠠᠵᠤ᠂ ᠮᠠᠯᠵᠢᠬᠤ ᠲᠠᠷᠢᠶᠠᠯᠠᠬᠤ ᠣᠷᠣᠨ᠎ᠤ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠵᠡᠷᠭᠡ᠎ᠶ᠋ᠢ ᠥᠷᠭᠡᠨ᠎ᠢᠶᠡᠷ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃

ᠰᠤᠷᠭᠠᠨ ᠬᠥᠮᠦᠵᠢᠯ᠎ᠦᠨ ᠠᠮᠢᠵᠢᠷᠠᠯ᠎ᠤᠨ ᠬᠦᠴᠦᠨ᠎ᠢ ᠪᠦᠬᠦ᠌ ᠲᠠᠯ᠎ᠠ᠎ᠪᠠᠷ ᠬᠥᠭ᠌ᠵᠢᠭᠡᠬᠦ᠌᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠰᠤᠷᠭᠠᠨ ᠬᠥᠮᠦᠵᠢᠯ ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠬᠦ᠌ ᠪᠡᠷ ᠤᠳᠤᠷᠢᠳᠤᠮᠵᠢ ᠪᠣᠯᠭᠠᠵᠤ᠂ ᠰᠤᠷᠭᠠᠨ ᠬᠥᠮᠦᠵᠢᠯ᠎ᠦᠨ ᠬᠦᠷᠢᠶ᠎ᠡ ᠴᠠᠷᠠᠭᠠᠨ᠎ᠦ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠎ᠪᠡᠷ ᠰᠤᠷᠭᠠᠨ ᠬᠥᠮᠦᠵᠢᠯ᠎ᠦᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠬᠥᠳᠡᠯᠭᠡᠬᠦ᠌ ᠬᠦᠴᠦᠨ ᠪᠣᠯᠭᠠᠬᠤ ᠎ᠶ᠋ᠢ ᠪᠠᠷᠢᠮᠲᠠᠯᠠᠨ᠎ᠠ᠃ ᠱᠢᠨ᠎ᠡ ᠴᠠᠭ ᠦᠶ᠎ᠡ ᠎ᠶ᠋ᠢᠨ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠲᠠᠪᠤ᠎ᠶ᠋ᠢ ᠬᠦᠭᠡᠭᠡᠴᠡᠯᠳᠦᠬᠦ》ᠠᠷᠬᠠᠭ ᠬᠡᠮ ᠎ᠢ ᠲᠡᠪᠴᠢᠵᠦ᠍᠂ ᠰᠤᠷᠭᠠᠨ ᠬᠥᠮᠦᠵᠢᠯ ᠎ᠦᠨ ᠦᠨᠡᠯᠡᠯᠲᠡ ᠎ᠶ᠋ᠢᠨ ᠵᠠᠩᠭᠢᠯᠠᠭ᠎ᠠ ᠎ᠶ᠋ᠢᠨ ᠬᠦᠷᠢᠶ᠎ᠡ ᠴᠠᠷᠠᠭᠠᠨ᠎ᠳᠦ ᠮᠥᠨ ᠴᠢᠨᠠᠷ᠎ᠤᠨ ᠱᠢᠪᠲᠤᠯᠤᠯᠲᠠ ᠭᠠᠷᠭᠠᠬᠤ᠎ᠶ᠋ᠢ ᠠᠬᠢᠭᠤᠯᠤᠨ᠎ᠠ᠃ ᠱᠢᠯᠭᠠᠯᠲᠠ ᠎ᠪᠠᠷ ᠰᠣᠷᠣᠭ᠍ᠴᠢ ᠡᠯᠰᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠪᠥᠷ ᠮᠣᠩᠭᠣᠯ᠎ᠤᠨ ᠶᠡᠭᠡ ᠲᠡᠭᠡᠳᠦ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ ᠎ᠤᠨ ᠨᠢᠭᠡᠳᠦᠯᠲᠡᠢ ᠱᠢᠯᠭᠠᠯᠲᠠ ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠡᠬᠢᠯᠡᠭᠦᠯᠦᠨ ᠬᠡᠷᠡᠭ᠌ᠵᠢᠭᠦᠯᠦᠨ᠎ᠡ᠃ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠎ᠶ᠋ᠢᠨ ᠲᠥᠷᠥᠯ ᠬᠤᠪᠢᠶᠠᠨ ᠱᠢᠯᠭᠠᠬᠤ ᠎ᠶ᠋ᠢ ᠲᠦᠷᠭᠡᠳᠭᠡᠨ ᠠᠬᠢᠭᠤᠯᠵᠤ᠂ 《ᠰᠣᠶᠣᠯ᠎ᠤᠨ ᠬᠡᠪ ᠪᠤᠯᠪᠠᠰᠤᠷᠠᠯ + ᠠᠵᠢᠯ ᠮᠡᠷᠭᠡᠵᠢᠯ ᠎ᠦᠨ ᠤᠷ᠎ᠠ ᠴᠢᠳᠠᠪᠤᠷᠢ》 ᠎ᠶ᠋ᠢᠨ ᠱᠢᠯᠭᠠᠯᠲᠠ ᠬᠢᠵᠦ᠍ ᠰᠣᠷᠣᠭ᠍ᠴᠢ ᠡᠯᠰᠡᠬᠦ᠌ ᠠᠷᠭ᠎ᠠ ᠎ᠶ᠋ᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠎ᠦᠨ ᠬᠦᠷᠢᠶ᠎ᠡ ᠴᠠᠷᠠᠭ᠎ᠠ ᠎ᠶ᠋ᠢᠨ《ᠲᠠᠯᠪᠢᠬᠤ ᠬᠠᠮᠢᠶᠠᠷᠬᠤ ᠦᠶ᠋ᠯᠡᠴᠢᠯᠡᠬᠦ》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂  ᠶᠡᠬᠡ ᠳᠡᠭᠡᠳᠦ ᠰᠤᠷᠭᠠᠭᠤᠯᠢ ᠎ᠶ᠋ᠢᠨ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠂ ᠣᠷᠣᠨ ᠲᠣᠭ᠎ᠠ ᠵᠢᠴᠢ ᠠᠵᠢᠯ᠎ᠤᠨ ᠪᠠᠢᠷᠢ᠎ᠶ᠋ᠢᠨ ᠬᠠᠮᠢᠶᠠᠷᠤᠯᠲᠠ᠂ ᠬᠥᠮᠦᠨ ᠣᠷᠣᠭᠤᠯᠤᠨ ᠬᠥᠮᠦᠨ ᠬᠡᠷᠡᠭ᠌ᠯᠡᠬᠦ᠌᠂ ᠪᠠᠭ᠍ᠰᠢ᠎ᠶ᠋ᠢᠨ ᠮᠡᠷᠭᠡᠵᠢᠯ᠎ᠦᠨ ᠴᠣᠯᠠ ᠎ᠶ᠋ᠢ ᠬᠢᠨᠠᠨ ᠲᠣᠭ᠍ᠲᠠᠭᠠᠬᠤ᠂ ᠴᠠᠯᠢᠩ ᠬᠥᠯᠥᠰᠥ᠎ᠶ᠋ᠢᠨ ᠬᠤᠪᠢᠶᠠᠷᠢᠯᠠᠯᠲᠠ᠂ ᠵᠠᠷᠤᠳᠠᠯ᠎ᠤᠨ ᠬᠡᠷᠡᠭ᠌ᠯᠡᠯᠲᠡ ᠬᠠᠮᠢᠶᠠᠷᠤᠯᠲᠠ ᠵᠡᠷᠭᠡ ᠲᠠᠯ᠎ᠠ ᠎ᠪᠠᠷ ᠬᠢ ᠡᠵᠡᠨ ᠮᠡᠳᠡᠬᠦ᠌ ᠡᠷᠬᠡ ᠵᠡᠷᠭᠡ᠎ᠶ᠋ᠢ ᠨᠠᠢᠳᠠᠪᠤᠷᠢᠵᠢᠭᠤᠯᠬᠤ ᠪᠠ ᠥᠷᠭᠡᠳᠭᠡᠨ᠎ᠡ᠃

ᠠᠷᠠᠳ ᠣᠯᠠᠨ ᠎ᠤ 《ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ》 ᠪᠠᠢᠭ᠎ᠠ ᠠᠰᠠᠭᠤᠳᠠᠯ ᠪᠠ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ ᠎ᠶ᠋ᠢ  ᠪᠠᠷᠢᠮᠲᠠᠯᠠᠬᠤ ᠪᠣᠯ ᠠᠯᠢᠪᠠ ᠠᠵᠢᠯ᠎ᠤᠨ ᠵᠣᠷᠢᠯᠲᠠ ᠪᠠ ᠲᠤᠰᠤᠯᠳᠠ ᠮᠥᠨ᠃ ᠲᠠᠷᠠᠭᠠᠴᠢ᠎ᠶ᠋ᠢᠨ ᠠᠯᠬᠤᠮ ᠎ᠳᠤ᠂ ᠥᠪᠡᠷᠲᠡᠭᠡᠨ ᠵᠠᠰᠠᠬᠤ ᠣᠷᠣᠨ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠰᠠᠭᠤᠷᠢ᠎ᠪᠠᠨ ᠪᠡᠬᠢᠵᠢᠭᠦᠯᠵᠦ᠍᠂ ᠳᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠭᠤᠷᠠᠶ ᠲᠠᠯ᠎ᠠ ᠎ᠪᠠᠨ ᠬᠦᠴᠦᠷᠬᠡᠭ᠌ᠵᠢᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠥᠷᠭᠡᠳᠭᠡᠵᠦ᠍᠂ ᠬᠣᠲᠠ ᠬᠥᠳᠡᠭᠡ᠂ ᠣᠷᠣᠨ ᠪᠦᠰᠡ᠎ᠶ᠋ᠢᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠵᠥᠷᠢᠶ᠎ᠡ᠎ᠶ᠋ᠢ ᠪᠠᠭᠠᠰᠭᠠᠵᠤ᠂ ᠰᠤᠷᠭᠠᠨ ᠬᠥᠮᠦᠵᠢᠯ᠎ᠦᠨ ᠲᠦᠪ ᠭᠤᠤᠯᠴᠢ ᠭᠦᠨᠵᠡᠭᠡᠶ ᠬᠥᠭ᠌ᠵᠢᠯᠲᠡ᠎ᠶ᠋ᠢ ᠠᠬᠢᠭᠤᠯᠤᠨ᠎ᠠ᠃ ᠪᠠᠭ᠍ᠰᠢ᠎ᠶ᠋ᠢᠨ ᠡᠩᠨᠡᠭᠡ ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠪᠠᠭ᠍ᠰᠢ᠎ᠶ᠋ᠢᠨ ᠡᠩᠨᠡᠭᠡ᠎ᠶ᠋ᠢᠨ ᠪᠦᠬᠦᠯᠢ ᠴᠣᠭ᠍ᠴᠠ᠎ᠶ᠋ᠢᠨ ᠴᠢᠳᠠᠪᠤᠷᠢ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠪᠠᠲᠤ ᠪᠠᠬᠢ ᠪᠠᠲᠤᠯᠠᠭ᠎ᠠ ᠬᠠᠩᠭᠠᠨ᠎ᠠ᠃ ᠬᠢᠨᠠᠨ ᠪᠠᠢᠴᠠᠭᠠᠬᠤ ᠮᠡᠳᠡᠭᠡ ᠵᠠᠩᠭᠢᠵᠢᠯᠲᠠ᠎ᠶ᠋ᠢᠨ ᠬᠠᠮᠢᠶᠠᠷᠤᠯᠲᠠ᠎ᠶ᠋ᠢ ᠪᠥᠬᠥ᠌ ᠲᠠᠯ᠎ᠠ ᠎ᠪᠠᠷ ᠪᠡᠶᠡᠯᠡᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠬᠢᠨᠠᠨ ᠪᠠᠢᠴᠠᠭᠠᠯᠲᠠ᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠡᠶᠡᠯᠡᠭᠦᠯᠵᠦ᠍᠂ ᠰᠤᠷᠭᠠᠨ ᠬᠥᠮᠦᠵᠢᠯ᠎ᠦᠨ ᠬᠢᠨᠠᠨ ᠪᠠᠢᠴᠠᠭᠠᠯᠲᠠ᠎ᠶ᠋ᠢ ᠠᠬᠢᠭᠤᠯᠤᠨ᠎ᠠ᠃ ᠱᠢᠨ᠎ᠡ᠎ᠶ᠋ᠢ ᠡᠭᠦᠳᠴᠦ᠍ ᠦᠶ᠋ᠯᠡᠰ ᠪᠤᠰᠭᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠵᠤ᠂ ᠠᠵᠢᠯ ᠣᠯᠭᠣᠬᠤ ᠦᠶ᠋ᠯᠡᠰ ᠪᠤᠰᠭᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠭᠣᠯᠲᠠ᠎ᠶ᠋ᠢ ᠲᠣᠭ᠍ᠲᠠᠭᠤᠨ᠎ᠤ ᠳᠤᠮᠳᠠ ᠳᠡᠭᠡᠭ᠌ᠰᠢᠯᠡᠭᠦᠯᠬᠦ᠌ ᠎ᠶ᠋ᠢ ᠪᠥᠬᠥ᠌ ᠬᠦᠴᠦᠨ ᠎ᠢᠶᠡᠷ ᠪᠠᠲᠤᠯᠠᠨ᠎ᠠ᠃

《ᠰᠤᠷᠭᠠᠨ ᠬᠥᠮᠦᠵᠢᠯ᠎ᠪᠤᠯ  ᠴᠠᠭ ᠦᠶ᠎ᠡ ᠎ᠶ᠋ᠢᠨ ᠱᠢᠨ᠎ᠡ  ᠬᠥᠮᠦᠨ ᠎ᠢ  ᠬᠥᠮᠦᠵᠢᠭᠦᠯᠬᠦ᠌ ᠬᠦᠨᠳᠦ ᠡᠭᠦᠷᠭᠡ ᠎ᠶ᠋ᠢ ᠡᠭᠦᠷᠭᠡᠯᠡᠵᠦ᠍ ᠪᠠᠢᠳᠠᠭ᠂ ᠪᠢᠳᠡ  ᠬᠡᠬᠦᠳᠡᠭ ᠴᠡᠭᠡᠵᠢᠨ ᠳ᠋ᠡᠭᠡᠨ 〈ᠤᠯᠤᠰ᠎ᠤᠨ ᠶᠡᠬᠡ ᠶᠠᠪᠤᠳᠠᠯ〉 ᠎ᠢ᠋ ᠦᠨᠡᠨ ᠬᠦ᠌  ᠪᠤᠳᠤᠵᠤ᠂ ᠨᠠᠮ ᠎ᠤᠨ ᠲᠥᠯᠥᠭᠡ  ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠠᠵᠠ ᠲᠣᠬᠢᠶᠠᠯ ᠪᠣᠯᠭᠠᠵᠤ᠂ ᠠᠵᠢᠯ ᠎ᠤᠨ ᠡᠷᠴᠢ ᠵᠣᠷᠢᠭ ᠎ᠢᠶᠠᠨ ᠬᠦᠪᠴᠢᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠎ᠪᠠᠷ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠵᠤ᠂ ᠠᠷᠠᠳ ᠲᠦᠮᠡᠨ᠎ᠤ ᠬᠠᠨᠤᠮᠵᠢᠳᠠᠢ ᠰᠤᠷᠭᠠᠨ ᠬᠥᠮᠦᠵᠢᠯ᠎ᠢ ᠴᠢᠷᠮᠠᠢᠨ ᠰᠠᠢᠲᠤᠷ ᠡᠷᠭᠢᠯᠡᠨ᠎ᠡ》 ᠭᠡᠵᠦ ᠬᠤᠸᠠᠩ ᠶᠠ ᠯᠢ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号