《ᠡᠨᠡ ᠬᠦ᠌ ᠮᠡᠷᠭᠡᠵᠢᠯ᠎ᠦᠨ
ᠰᠠᠢᠵᠢᠷᠠᠭᠤᠯᠤᠯᠲᠠ᠎ᠪᠠᠷ ᠳᠡᠮᠵᠢᠨ᠂ ᠣᠬᠣᠷ ᠬᠤᠭᠤᠴᠠᠭᠠᠨ᠎ᠳᠤ 40% ᠵᠢᠨ ᠤᠭᠤᠲᠠᠲᠤ ᠬᠦᠪᠦᠷᠡᠯ᠎ᠦᠨ ᠨᠣᠷᠮ᠎ᠠ᠎ᠳᠤ ᠬᠦᠷᠴᠦ᠍
ᠴᠢᠳᠠᠨ᠎ᠠ᠂ ᠢᠩᠭᠢᠪᠡᠯ ᠪᠢᠳᠡ ᠲᠠᠷᠠᠭᠠᠴᠢ᠎ᠶ᠋ᠢᠨ ᠠᠯᠬᠤᠮ᠎ᠳᠤ ᠠᠵᠤ ᠦᠢᠯᠡᠰᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ》 ᠭᠡᠵᠦ᠍ ᠥᠪᠥᠷ ᠮᠣᠩᠭᠣᠯ᠎ᠤᠨ
ᠰᠠᠢ ᠺᠸ ᠱᠢᠩ ᠭᠡᠷ᠎ᠦᠨ ᠲᠡᠵᠢᠭᠡᠪᠦᠷᠢ᠎ᠶ᠋ᠢᠨ ᠦᠷ᠎ᠡ᠎ᠶ᠋ᠢᠨ ᠦᠢᠯᠡᠰ ᠪᠣᠯᠤᠨ ᠦᠷᠡᠵᠢᠬᠦᠯᠦᠨ ᠪᠤᠢᠵᠢᠭᠤᠯᠬᠤ ᠠᠮᠢᠳᠤ
ᠪᠣᠳᠠᠰ᠎ᠤᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠡᠭᠦᠯᠳᠡᠷ ᠪᠣᠢᠵᠢᠭᠤᠯᠬᠤ ᠲᠥᠪ᠎ᠦᠨ ᠡᠷᠬᠢᠯᠡᠭ᠌ᠴᠢ
ᠰᠦᠨ ᠸᠧᠢ ᠬᠡᠯᠡᠨ᠎ᠠ᠃ ᠲᠤᠷᠱᠢᠯᠲᠠ᠎ᠶ᠋ᠢᠨ ᠲᠠᠰᠤᠭ᠎ᠲᠤ᠂ ᠰᠤᠳᠤᠯᠤᠭ᠍ᠴᠢᠳ ᠶᠠᠭ ᠰᠠᠶᠢᠬᠠᠨ ᠠᠩᠬᠠᠷᠤᠯ᠎ᠢᠶᠠᠨ ᠲᠥᠪᠯᠡᠷᠡᠭᠦᠯᠦᠨ
ᠰᠠᠭᠠᠯᠢ᠎ᠶ᠋ᠢᠨ ᠦᠨᠢᠶᠡᠨ᠎ᠦ ᠬᠦᠪᠦᠷᠡᠯ ᠪᠣᠢᠵᠢᠭᠤᠯᠬᠤ ᠲᠤᠷᠱᠢᠯᠲᠠ ᠬᠢᠵᠦ᠍᠂ ᠲᠡᠳᠡᠨ᠎ᠦ ᠰᠤᠳᠤᠯᠤᠭ᠍ᠰᠠᠨ ᠭᠠᠷᠤᠯᠳᠠ
ᠰᠠᠢᠳᠠᠢ ᠰᠠᠭᠠᠯᠢ᠎ᠶ᠋ᠢᠨ ᠦᠨᠢᠶᠡᠨ᠎ᠦ ᠬᠦᠪᠦᠷᠡᠯ ᠨᠢ ᠦᠨᠢᠶᠡᠨ᠎ᠦ ᠰᠦ᠎ᠶ᠋ᠢᠨ ᠭᠠᠷᠤᠯᠲᠠ᠎ᠶ᠋ᠢ 30% ᠡᠴᠡ ᠢᠯᠡᠬᠦᠦ ᠳᠡᠭᠡᠭ᠌ᠰᠢᠯᠡᠭᠦᠯᠵᠦ᠍ ᠲᠡᠢᠯᠦᠨ᠎ᠠ᠃
《ᠨᠢᠭᠡ ᠰᠠᠭᠤᠷᠢ ᠡᠪᠡᠰᠦ᠎ᠡᠴᠡ
ᠨᠢᠭᠡ ᠴᠣᠮᠣ ᠰᠦ ᠬᠦᠷᠲᠡᠯ᠎ᠡ》᠂ ᠰᠤᠳᠤᠯᠤᠨ ᠨᠡᠭᠡᠭᠡᠬᠦ᠌᠎ᠡᠴᠡ ᠦᠶ᠋ᠯᠡᠳᠪᠦᠷᠢᠯᠡᠯ ᠳ᠋ᠤ
ᠬᠦᠷᠳᠡᠯ᠎ᠡ ᠳᠠᠬᠢᠭᠠᠳ ᠵᠠᠬ᠎ᠠ ᠳᠡᠯᠭᠡᠭᠦᠷ ᠲᠸ᠋ ᠭᠠᠷᠬᠤ ᠪᠥᠬᠥ᠌ ᠠᠵᠤ ᠦᠶ᠋ᠯᠡᠰ᠎ᠦᠨ ᠬᠡᠯᠬᠢᠶ᠎ᠡ ᠳ᠋ᠤ᠂ ᠬᠥᠬᠡᠬᠣᠲᠠ
ᠶᠠᠭ ᠰᠦ᠋ ᠵᠢᠨ ᠦᠶ᠋ᠯᠡᠰ᠂ ᠡᠪᠡᠰᠦᠨ᠎ᠦ ᠦᠷ᠎ᠡ᠎ᠶ᠋ᠢᠨ ᠦᠶ᠋ᠯᠡᠰ᠎ᠢᠶᠡᠷ ᠳᠠᠭᠠᠭᠤᠯᠤᠭ᠍ᠴᠢ
ᠪᠣᠯᠭᠠᠭ᠍ᠰᠠᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠵᠥ
ᠪᠤᠯᠪᠠᠰᠤᠷᠠᠭᠤᠯᠬᠤ ᠠᠵᠤ ᠦᠶ᠋ᠯᠡᠰ᠎ᠦᠨ ᠪᠦᠯᠦᠭ᠌ᠵᠢᠯ᠎ᠢ ᠪᠣᠢᠵᠢᠭᠤᠯᠵᠤ ᠪᠣᠶ᠃ ᠢᠯᠢ ᠣᠲᠣ ᠦᠶ᠎ᠡ᠎ᠶ᠋ᠢᠨ ᠣᠶᠤᠨᠴᠢ
ᠡᠷᠡᠭᠦᠯ ᠮᠡᠨᠳᠦ᠍᠎ᠶ᠋ᠢᠨ ᠬᠦᠨᠳᠡᠢ᠂ ᠮᠧᠩ ᠨᠢᠤ ᠳᠤᠮᠳᠠᠳᠤ ᠤᠯᠤᠰ᠎ᠤᠨ ᠰᠦ ᠵᠢᠨ ᠦᠶ᠋ᠯᠡᠰ᠎ᠦᠨ ᠠᠵᠤ ᠦᠶ᠋ᠯᠡᠰ᠎ᠦᠨ
ᠬᠦᠷᠢᠶᠡᠯᠡᠩ᠎ᠦᠨ ᠬᠣᠶᠠᠷ ᠶᠡᠬᠡ ᠪᠥᠬᠥ᠌ ᠬᠡᠯᠬᠢᠶ᠎ᠡ᠎ᠶ᠋ᠢ ᠲᠠᠰ ᠳᠡᠪᠱᠢᠭᠦᠯᠬᠦ᠌ ᠲᠥᠷᠥᠯ ᠵᠦᠶ᠋ᠯ᠎ᠢ ᠬᠦᠴᠦᠲᠡᠶ
ᠠᠬᠢᠭᠤᠯᠬᠤ᠎ᠶ᠋ᠢ ᠳᠠᠭᠠᠯᠳᠤᠨ᠂ 《ᠮᠢᠩᠭᠠᠨ ᠳ᠋ᠦᠩᠱᠢᠭᠤᠷ ᠲᠠᠰ᠎ᠤᠨ ᠰᠦ ᠵᠢᠨ ᠠᠵᠤ ᠦᠶ᠋ᠯᠡᠰ᠎ᠦᠨ
ᠪᠦᠯᠦᠭᠵᠢᠯ》 ᠶᠠᠭ ᠲᠦᠷᠭᠡᠨ ᠪᠦᠷᠢᠯᠳᠦᠵᠦ᠍
ᠪᠣᠶ᠃
2021 ᠣᠨ᠎ᠤ 9 ᠰᠠᠷ᠎ᠠ᠎ᠳᠤ ᠬᠤᠷᠠᠯᠳᠤᠭ᠍ᠰᠠᠨ
ᠬᠥᠬᠡᠬᠣᠲᠠ᠎ᠶ᠋ᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ
ᠣᠷᠣᠨ᠎ᠤ ᠲᠥᠪ᠎ᠬᠤᠳᠠ ᠵᠢᠨ ᠬᠣᠢᠱᠢᠳᠠ᠎ᠶ᠋ᠢᠨ ᠲᠠᠪᠤᠨ ᠵᠢᠯ᠎ᠦᠨ ᠶᠡᠷᠦᠩᠬᠡᠢ ᠬᠥᠭ᠌ᠵᠢᠯᠲᠡ᠎ᠶ᠋ᠢᠨ ᠰᠡᠳᠭᠢᠴᠡ᠎ᠳᠦ
ᠱᠢᠨ᠎ᠡ ᠱᠠᠭᠠᠷᠳᠠᠯᠭ᠎ᠠ ᠳᠤᠷᠠᠳᠴᠠᠢ᠃ ᠠᠵᠤ ᠦᠢᠯᠡᠰ᠎ᠦᠨ ᠪᠠᠢᠷᠢ ᠲᠣᠭ᠍ᠲᠠᠭᠠᠯᠲᠠ᠎ᠶ᠋ᠢᠨ ᠲᠠᠯ᠎ᠠ᠎ᠪᠠᠷ᠂ ᠪᠣᠳᠠᠲᠤ
ᠴᠣᠭ᠍ᠴᠠ᠎ᠶ᠋ᠢᠨ ᠠᠵᠤ ᠠᠬᠤᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠶᠡᠬᠡᠪᠡᠷ ᠬᠥᠭ᠌ᠵᠢᠭᠦᠯᠵᠦ᠍᠂
《ᠵᠢᠷᠭᠤᠭᠠᠨ ᠶᠡᠬᠡ ᠠᠵᠤ
ᠦᠢᠯᠡᠰ᠎ᠦᠨ ᠪᠦᠯᠦᠭ᠌ᠵᠢᠯ》 ᠢ᠋ ᠭᠣᠣᠯᠳᠠᠯᠭ᠎ᠠ᠎ᠲᠠᠶ ᠪᠣᠢᠵᠢᠭᠤᠯᠬᠤ
ᠬᠡᠷᠡᠭ᠌ᠲᠡᠢ ᠭᠡᠵᠦ᠍ ᠳᠤᠷᠠᠳᠪᠠ᠃ ᠰᠦ ᠵᠢᠨ ᠦᠢᠯᠡᠰ᠂ ᠡᠪᠡᠰᠦᠨ᠎ᠦ ᠦᠷ᠎ᠡ᠎ᠶ᠋ᠢᠨ ᠦᠢᠯᠡᠰ᠎ᠢᠶᠡᠷ ᠳᠠᠭᠠᠭᠤᠯᠤᠬᠴᠢ
ᠪᠤᠯᠭᠠᠬᠰᠠᠨ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠡᠳ᠋ᠱᠢᠭᠦᠯᠬᠦ
ᠠᠵᠤ ᠦᠢᠯᠡᠰ᠂ ᠪᠣᠬᠢᠷᠲᠤᠯ ᠦᠭᠡᠶ ᠴᠠᠬᠢᠯᠭᠠᠨ ᠬᠦᠴᠦᠨ᠎ᠢᠶᠡᠷ ᠰᠠᠭᠤᠷᠢ ᠪᠣᠯᠭᠠᠭ᠍ᠰᠠᠨ ᠴᠡᠪᠡᠷ ᠡᠨᠧᠷᠭᠢ᠎ᠶ᠋ᠢᠨ
ᠠᠵᠤ ᠦᠢᠯᠡᠰ᠂ ᠡᠨᠧᠷᠭᠢ ᠠᠷᠪᠢᠯᠠᠬᠤ ᠳᠣᠣᠷ᠎ᠠ ᠨᠡᠭᠦᠷᠡᠰᠦᠲᠦ᠋ᠷᠥᠭ᠌ᠴᠢᠪᠡᠷ ᠴᠢᠭ᠌ᠯᠡᠯ ᠪᠣᠯᠭᠠᠭ᠍ᠰᠠᠨ ᠤᠳᠤ ᠦᠶ᠎ᠡ
ᠵᠢᠨ ᠬᠢᠮᠢ ᠵᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠂ ᠡᠯᠧᠺᠲᠷᠣᠨ ᠲᠠᠰ᠎ᠤᠨ ᠴᠠᠬᠢᠭᠤᠷ᠂ ᠣᠶᠤᠨᠴᠢ ᠮᠡᠷᠭᠡᠵᠢᠯ᠎ᠢᠶᠡᠷ
ᠵᠢᠯᠣᠭᠣᠳᠤᠮᠵᠢ ᠪᠣᠯᠭᠠᠭ᠍ᠰᠠᠨ ᠱᠢᠨ᠎ᠡ ᠮᠠᠲᠧᠷᠢᠶᠠᠯ ᠪᠣᠯᠤᠨ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌
ᠦᠢᠯᠡᠰ᠂ ᠠᠮᠢᠳᠤ ᠪᠣᠳᠠᠰ᠎ᠤᠨ ᠸᠠᠺᠼᠢᠨ᠎ᠢᠶᠠᠷ ᠭᠣᠣᠯᠳᠠᠯᠭ᠎ᠠ ᠪᠣᠯᠭᠠᠭ᠍ᠰᠠᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ
ᠠᠵᠤ ᠦᠢᠯᠡᠰ᠂ ᠲᠣᠮᠣ ᠳ᠋ᠠᠢᠲ᠋ᠠ᠂ ᠡᠭᠦᠯᠡᠨ ᠪᠣᠳᠣᠯᠲᠠ᠎ᠪᠠᠷ ᠣᠨᠴᠠᠯᠢᠭ ᠪᠣᠯᠭᠠᠭ᠍ᠰᠠᠨ ᠡᠯᠧᠺᠲᠷᠣᠨ ᠮᠡᠳᠡᠭᠡ ᠵᠠᠩᠭᠢ᠎ᠶ᠋ᠢᠨ
ᠮᠡᠷᠭᠡᠵᠢᠯ᠎ᠦᠨ ᠠᠵᠤ ᠦᠢᠯᠡᠰ ᠵᠡᠷᠭᠡ ᠳᠠᠪᠠᠭᠤᠯᠢᠭ ᠠᠵᠤ ᠦᠢᠯᠡᠰ᠎ᠦᠨ ᠬᠡᠪᠴᠢᠶᠡᠵᠢᠯ᠎ᠤᠨ ᠦᠢᠯᠡᠳᠦᠯ ᠴᠢᠳᠠᠪᠬᠢ
ᠪᠣᠯᠤᠨ ᠪᠦᠯᠦᠭᠵᠢᠯ᠎ᠤᠨ ᠠᠩᠬᠠᠨ᠎ᠤ ᠲᠥᠯᠥᠪ ᠨᠢᠭᠡᠨᠲᠡ ᠠᠯᠬᠤᠮ ᠠᠯᠬᠤᠮ᠎ᠢᠶᠠᠷ ᠢᠯᠡᠷᠡᠭ᠌ᠰᠡᠨ ᠪᠠᠢᠨ᠎ᠠ᠃
ᠣᠢᠷ᠎ᠠ᠎ᠶ᠋ᠢᠨ
ᠵᠢᠯ᠎ᠳ᠋ᠤ᠂ ᠬᠥᠬᠡᠬᠣᠲᠠ ᠵᠥᠩ ᠬᠤᠸᠠᠨ ᠬᠡᠷᠡᠯᠴᠢ ᠴᠡᠨᠡᠭ᠂ ᠬᠤᠸᠠ ᠶᠣᠣ ᠬᠡᠷᠡᠯ ᠴᠠᠬᠢᠯᠭᠠᠨ᠎ᠢᠶᠠᠷ ᠲᠠᠭᠠᠭᠤᠯᠤᠬᠴᠢ
ᠪᠣᠯᠭᠠᠭ᠍ᠰᠠᠨ ᠬᠡᠷᠡᠯᠴᠢ ᠴᠡᠨᠡᠭ᠎ᠦᠨ ᠮᠠᠲ᠋ᠧᠷᠢᠶᠠᠯ ᠦᠶ᠋ᠯᠡᠳᠪᠦᠷᠢᠯᠡᠬᠦ᠌ ᠠᠵᠤ ᠠᠬᠤᠢᠯᠠᠯ᠎ᠢ ᠭᠤᠤᠯᠳᠠᠯᠭ᠎ᠠ᠎ᠲᠠᠶ
ᠪᠣᠢᠵᠢᠭᠤᠯᠵᠤ᠂ ᠨᠢᠭᠡᠨᠲᠡ ᠲᠠᠯᠠᠰᠲᠤ ᠪᠠᠶ᠎ᠠ ᠵᠢᠨ ᠦᠢᠯᠡᠤᠨᠪᠤᠷᠢᠯᠡᠯ ᠤᠨ ᠴᠢᠳᠠᠪᠬᠢ ᠨᠢ 30GW᠂ ᠲᠠᠯᠠᠰᠲᠤ ᠢᠯᠳᠡᠰᠦ ᠵᠢᠨ ᠦᠢᠯᠡᠤᠨᠪᠤᠷᠢᠯᠡᠯ᠎ᠤᠨ
ᠴᠢᠳᠠᠪᠬᠢ ᠨᠢ 6GW ᠶ᠋ᠢᠨ ᠵᠢᠯ᠎ᠦᠨ ᠦᠶ᠋ᠯᠡᠳᠪᠦᠷᠢᠯᠡᠯ᠎ᠦᠨ ᠬᠡᠪᠴᠢᠶ᠎ᠡ᠎ᠶ᠋ᠢ
ᠪᠦᠷᠢᠯᠳᠦᠭᠦᠯᠵᠦ᠍᠂ 2020
ᠣᠨ᠎ᠤ ᠦᠶ᠋ᠯᠡᠳᠬᠦᠨ᠎ᠦ
ᠥᠷᠲᠡᠭ᠎ᠨᠢ 137 ᠳ᠋ᠦᠩᠱᠢᠭᠤᠷ ᠲᠥᠭᠥᠷᠢᠭ᠎ᠲᠦ
ᠬᠦᠷᠴᠦ᠍᠂ ᠮᠡᠷᠭᠡᠵᠢᠯ᠂ ᠦᠶ᠋ᠯᠡᠳᠪᠦᠷᠢᠯᠡᠬᠦ᠌ ᠴᠢᠳᠠᠪᠤᠷᠢ᠎ᠨᠢ ᠴᠥᠮ ᠪᠥᠬᠥ᠌ ᠳᠡᠯᠡᠬᠡᠶ᠎ᠳᠦ ᠲᠡᠷᠢᠭᠦᠯᠡᠪᠡ᠃ ᠵᠥᠩ
ᠬᠤᠸᠠᠨ ᠬᠡᠷᠡᠯᠴᠢ ᠴᠡᠨᠡᠭ᠎ᠦᠨ ᠲᠠᠩ ᠲᠠᠯᠠᠰᠲᠤ ᠴᠠᠬᠢᠭᠤᠷ᠎ᠤᠨ ᠲᠠᠪᠤᠳᠤᠭᠠᠷ ᠬᠤᠭᠤᠴᠠᠭᠠᠨ᠎ᠤ ᠲᠥᠷᠥᠯ ᠵᠦᠶ᠋ᠯ
ᠠᠱᠢᠭ᠍ᠯᠠᠯᠲᠠ᠎ᠳᠤ ᠣᠷᠣᠬᠤ᠎ᠶ᠋ᠢ ᠳᠠᠭᠠᠯᠳᠤᠨ᠂ ᠬᠥᠬᠡᠬᠣᠲᠠ᠎ᠶ᠋ᠢᠨ ᠬᠡᠷᠡᠯᠴᠢ ᠴᠡᠨᠡᠭ᠎ᠦᠨ ᠲᠠᠩ ᠲᠠᠯᠠᠰᠲᠤ ᠴᠤᠭᠴᠠ᠎ᠶ᠋ᠢᠨ
ᠵᠢᠯ᠎ᠦᠨ ᠦᠶ᠋ᠯᠡᠳᠪᠦᠷᠢᠯᠡᠯ᠎ᠦᠨ ᠴᠢᠳᠠᠪᠤᠷᠢ 55GW ᠪᠤᠯᠵᠤ᠂ ᠨᠢᠭᠡᠨᠲᠡ ᠪᠥᠬᠥ᠌ ᠪᠥᠮᠪᠥᠷᠴᠡᠭ᠎ᠦᠨ ᠶᠠᠰᠤ ᠴᠢᠨᠠᠷ᠎ᠢᠶᠠᠷ ᠬᠠᠮᠤᠭ᠎ᠤᠨ ᠱᠢᠯᠢᠳᠡᠭ᠂
ᠲᠠᠩ ᠴᠣᠭ᠍ᠴᠠ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠥᠨᠳᠥᠷ ᠪᠦᠲᠦᠮᠵᠢᠲᠡᠶ ᠲᠠᠩ ᠲᠠᠯᠠᠰᠲᠤ ᠴᠠᠬᠢᠭᠤᠷ᠎ᠤᠨ
ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠪᠠ ᠦᠶ᠋ᠯᠡᠳᠬᠦ᠌ ᠲᠥᠪ᠎ᠢ ᠪᠦᠷᠢᠯᠳᠦᠭᠦᠯᠪᠡ᠃ ᠡᠯᠧᠺᠲᠷᠣᠨ ᠲᠡᠰ᠎ᠤᠨ
ᠴᠠᠬᠢᠭᠤᠷ ᠮᠠᠲ᠋ᠧᠷᠢᠶᠠᠯ᠎ᠤᠨ ᠠᠵᠤ ᠦᠢᠯᠡᠰ᠎ᠦᠨ ᠬᠡᠯᠬᠢᠶ᠎ᠡ ᠲᠦᠷᠭᠡᠨ ᠪᠦᠷᠢᠯᠳᠦᠵᠦ᠍᠂ ᠱᠢᠨ᠎ᠡ ᠡᠨᠧᠷᠭᠢ᠎ᠶ᠋ᠢᠨ
ᠢᠵᠢ ᠪᠦᠷᠢᠳᠦᠭ᠌ᠰᠡᠨ ᠠᠵᠤ ᠦᠢᠯᠡᠰ᠎ᠦᠨ ᠬᠡᠯᠬᠢᠶ᠎ᠡ ᠵᠢᠴᠢ ᠨᠡᠭᠦᠷᠡᠰᠦᠲᠥ᠋ᠷᠥᠭ᠌ᠴᠢᠲᠦ ᠱᠢᠨ᠎ᠡ ᠮᠠᠲ᠋ᠧᠷᠢᠶᠠᠯ
ᠵᠡᠷᠭᠡ ᠠᠵᠤ ᠦᠢᠯᠡᠰ᠎ᠦᠨ ᠬᠥᠭ᠌ᠵᠢᠨ ᠪᠤᠵᠠᠭᠠᠢᠷᠠᠬᠤ᠎ᠶ᠋ᠢ ᠲᠤᠢᠯ᠎ᠦᠨ ᠶᠡᠬᠡᠪᠡᠷ ᠠᠬᠢᠭᠤᠯᠪᠠ᠃
ᠣᠯᠠᠨ
ᠵᠢᠯ᠎ᠦᠨ ᠴᠢᠷᠮᠠᠢᠯᠭ᠎ᠠ᠎ᠪᠠᠷ ᠳᠡᠮᠵᠢᠨ᠂ ᠬᠥᠬᠡᠬᠣᠲᠠ᠎ᠳᠤ᠎ᠶ᠋ᠢᠨ ᠢᠦᠶ᠂ ᠳ᠋ᠠ ᠲᠠᠩ᠂ ᠵᠢᠨ ᠳ᠋ᠠ ᠸᠧᠶ ᠵᠡᠷᠭᠡ ᠨᠢᠭᠡ
ᠪᠦᠯᠦᠭ ᠤᠯᠤᠰ᠎ᠤᠨ ᠳᠣᠲᠣᠭᠠᠳᠤ᠎ᠶ᠋ᠢᠨ ᠨᠠᠷᠠᠲᠤ ᠣᠲᠣ ᠦᠶ᠎ᠡ᠎ᠶ᠋ᠢᠨ ᠡᠮ ᠡᠮᠨᠡᠯᠭᠡ᠎ᠶ᠋ᠢᠨ ᠠᠵᠤ ᠠᠬᠤᠢᠯᠠᠯ ᠲᠥᠪᠯᠡᠷᠡᠭᠰᠡᠨ
ᠪᠠᠢᠨ᠎ᠠ᠃ ᠵᠢᠨ ᠢᠦᠶ ᠪᠦᠯᠦᠭ᠌ᠯᠡᠯ᠎ᠳᠦ ᠭᠤᠷᠪᠠᠨ ᠶᠡᠬᠡ ᠤᠯᠤᠰ᠎ᠤᠨ ᠲᠠᠰ᠎ᠤᠨ ᠲᠤᠷᠱᠢᠯᠲᠠ᠎ᠶ᠋ᠢᠨ ᠲᠠᠰᠤᠭ ᠪᠠ ᠪᠥᠬᠥ᠌
ᠪᠥᠮᠪᠥᠷᠴᠡᠭ᠎ᠦᠨ ᠬᠠᠮᠤᠭ᠎ᠤᠨ ᠲᠣᠮᠣ ᠱᠢᠯᠦᠬᠡᠶ ᠡᠪᠡᠳᠴᠢᠨ᠎ᠦ ᠸᠠᠺᠼᠢᠨ᠎ᠢ ᠣᠶᠤᠨᠴᠢ᠎ᠪᠠᠷ ᠦᠶ᠋ᠯᠡᠳᠬᠦ᠌ ᠰᠠᠭᠤᠷᠢᠨ
ᠲᠠᠢ; ᠵᠢᠨ ᠳ᠋ᠡ ᠸᠧᠶ ᠪᠦᠯᠦᠭ᠌ᠯᠡᠯ᠎ᠦᠨ
ᠦᠶ᠋ᠯᠡᠳᠪᠦᠷᠢᠯᠡᠭ᠌ᠰᠡᠨ ᠳᠠᠭᠠᠯᠲᠠ ᠢᠰᠭᠡᠭᠦᠷ Q10 ᠨᠢ ᠪᠥᠬᠥ᠌ ᠳᠡᠯᠡᠬᠡᠶ᠎ᠶ᠋ᠢᠨ ᠵᠠᠬ᠎ᠠ ᠳᠡᠯᠭᠡᠭᠦᠷ᠎ᠦᠨ 60% ᠶ᠋ᠢ ᠡᠵᠡᠯᠡᠨ᠎ᠡ᠃ 2021 ᠣᠨ᠎ᠤ 11 ᠰᠠᠷ᠎ᠠ᠎ᠶ᠋ᠢᠨ 15 ᠤ᠋ ᠡᠳᠦᠷ᠂ ᠳ᠋ᠠ ᠲᠠᠩ ᠡᠮ᠎ᠦᠨ ᠦᠶ᠋ᠯᠡᠰ ᠪᠡᠭᠡᠵᠢᠩ᠎ᠦᠨ ᠦᠨᠡᠲᠦ ᠲᠡᠮᠳᠡᠭ᠌ᠲᠦ ᠠᠷᠠᠯᠵᠢᠶᠠᠯᠠᠬᠤ
ᠭᠠᠵᠠᠷ᠎ᠲᠤ ᠫᠠᠢᠰᠠ ᠡᠯᠭᠦᠨ ᠰᠲ᠋ᠤᠺᠵᠢᠡᠨ ᠵᠠᠬ᠎ᠠ ᠲᠡᠯᠭᠡᠬᠦᠷ ᠲᠤ᠌ ᠭᠠᠷᠭᠠᠵᠤ᠂ ᠪᠥᠬᠥ᠌ ᠤᠯᠤᠰ᠎ᠤᠨ ᠠᠩᠬᠠᠳᠠᠭ᠍ᠴᠢ
ᠪᠦᠯᠦᠭ 81 ᠪᠡᠭᠡᠵᠢᠩ᠎ᠦᠨ ᠦᠨᠡᠲᠦ ᠲᠡᠮᠳᠡᠭ᠌ᠲᠦ
ᠠᠷᠠᠯᠵᠢᠶᠠᠯᠠᠬᠤ ᠭᠠᠵᠠᠷ᠎ᠤᠨ ᠰᠲ᠋ᠤᠺ ᠵᠢᠡᠨ ᠵᠠᠬ᠎ᠠ ᠳᠡᠯᠭᠡᠭᠦᠷ᠎ᠲᠤ ᠭᠠᠷᠭᠠᠬᠰᠡᠨ ᠺᠣᠮᠫᠠᠨᠢ᠎ᠶ᠋ᠢᠨ ᠨᠢᠭᠡ ᠪᠣᠯᠪᠠ᠃
ᠣᠢᠯᠠᠭᠠᠭ᠍ᠰᠠᠨ᠎ᠢᠶᠠᠷ᠂
ᠢᠷᠡᠬᠦ᠌ ᠲᠠᠪᠤᠨ ᠵᠢᠯ᠎ᠳᠦ᠂ ᠬᠥᠬᠡᠬᠣᠲᠠ᠎ᠶ᠋ᠢᠨ᠎ᠬᠢᠨ ᠠᠮᠢᠳᠤ ᠪᠣᠳᠠᠰ᠎ᠤᠨ ᠸᠠᠺᠼᠢᠨ᠎ᠢᠶᠠᠷ ᠭᠤᠤᠯᠳᠠᠯᠭ᠎ᠠ ᠪᠣᠯᠭᠠᠭ᠍ᠰᠠᠨ
ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠪᠦᠯᠦᠭ᠌ᠵᠢᠯ᠎ᠢ ᠶᠡᠬᠡᠪᠡᠷ ᠪᠣᠢᠵᠢᠭᠤᠯᠵᠤ᠂ ᠠᠮᠢᠳᠤ
ᠪᠣᠳᠠᠰ᠎ᠤᠨ ᠸᠠᠺᠼᠢᠨ᠎ᠢ ᠲᠠᠰ ᠳᠡᠪᠱᠢᠭᠦᠯᠵᠦ᠍᠂ ᠲᠦᠭᠦᠬᠡᠶ ᠮᠠᠲ᠋ᠧᠷᠢᠶᠠᠯ᠎ᠤᠨ ᠡᠮ᠎ᠦᠨ ᠠᠵᠤ ᠠᠬᠤᠢᠯᠠᠯ᠎ᠢ ᠪᠡᠯᠡᠨ
ᠡᠮ ᠪᠠ ᠨᠠᠢᠷᠠᠯᠲᠠ ᠳᠠᠢᠰᠢ ᠤᠷᠲᠤᠳᠭᠠᠵᠤ᠂ ᠬᠢᠲᠠᠳ(ᠮᠣᠩᠭᠣᠯ)ᠡᠮ ᠡᠮᠨᠡᠯᠭᠡ᠎ᠶ᠋ᠢᠨ ᠬᠥᠭ᠌ᠵᠢᠨ ᠪᠤᠵᠠᠭᠠᠢᠷᠠᠬᠤ᠎ᠶ᠋ᠢ
ᠲᠡᠳᠬᠦᠨ ᠳᠡᠮᠵᠢᠬᠦ ᠪᠤᠯᠤᠨ᠎ᠠ᠃
《ᠣᠳᠣᠬᠠᠨ᠎ᠳᠤ ᠬᠥᠬᠡᠬᠣᠲᠠ᠎ᠶ᠋ᠢᠨ
ᠮᠠᠱᠢᠨ ᠲᠡᠷᠭᠡᠨ᠎ᠦ ᠲᠣᠭ᠎ᠠ 120 ᠲᠦᠮᠡ᠎ᠶ᠋ᠢ ᠳᠠᠪᠠᠵᠤ᠂ ᠡᠵᠡᠩᠨᠡᠯᠲᠡ᠎ᠶ᠋ᠢᠨ ᠴᠢᠨᠠᠷᠲᠠᠶ ᠵᠣᠭ᠍ᠰᠣᠭᠠᠯ ᠵᠥᠪᠬᠡᠨ 5 ᠲᠦᠮᠡ ᠭᠠᠷᠤᠶ ᠪᠠᠢᠵᠤ᠂
ᠣᠶᠤᠨᠳᠤ ᠮᠠᠱᠢᠨ ᠲᠡᠷᠭᠡᠨ᠎ᠦ ᠵᠣᠭ᠍ᠰᠣᠭᠠᠯ᠎ᠤᠨ ᠱᠢᠰᠲ᠋ᠧᠮ ᠪᠠᠢᠭᠤᠯᠤᠭ᠍ᠳᠠᠭ᠍ᠰᠠᠨ᠎ᠤ ᠳᠠᠷᠠᠭ᠎ᠠ᠂ ᠲᠡᠷᠭᠡᠨ ᠵᠣᠭ᠍ᠰᠣᠭᠠᠯ᠎ᠢ
ᠯᠠᠪᠯᠠᠬᠤ᠂ ᠨᠢᠭᠡ ᠳᠠᠷᠤᠪᠴᠢ᠎ᠪᠠᠷ ᠠᠶᠠᠯᠠᠯ ᠵᠠᠮᠴᠢᠯᠠᠬᠤ᠂ ᠠᠦ᠋ᠲ᠋ᠤ᠋ ᠲᠣᠭᠠᠴᠠᠭ᠎ᠠ ᠬᠢᠬᠦ᠌ ᠵᠡᠷᠭᠡ ᠦᠶ᠋ᠯᠡᠴᠢᠯᠡᠭᠡ
ᠬᠠᠩᠭᠠᠬᠤ ᠪᠣᠯᠤᠨ᠎ᠠ᠃ ᠬᠣᠲᠠ᠎ᠶ᠋ᠢᠨ ᠶᠡᠬᠡ ᠲᠠᠷᠢᠬᠢ᠎ᠨᠢ ᠨᠢᠭᠡᠨᠲᠡ ᠪᠥᠬᠥ᠌ ᠬᠣᠲᠠ᠎ᠶ᠋ᠢᠨ ᠪᠣᠶ ᠪᠥᠬᠥᠶ ᠰᠦᠶ᠋ᠳᠭᠡᠯ
ᠬᠤᠷᠢᠶᠠᠬᠤ ᠲᠡᠷᠭᠡᠨ ᠵᠣᠭ᠍ᠰᠣᠭᠠᠯ᠎ᠢ ᠨᠢᠭᠡ ᠯᠡ ᠳᠡᠭᠡᠷ᠎ᠠ ᠬᠣᠯᠪᠣᠵᠤ᠂ ᠱᠢᠰᠲ᠋ᠧᠮ᠎ᠨᠢ ᠲᠡᠷᠭᠡᠨ᠎ᠦ ᠨᠣᠮᠧᠷ᠎ᠢ
ᠠᠦ᠋ᠲ᠋ᠣ᠋᠎ᠪᠠᠷ ᠱᠢᠷᠪᠢᠬᠦ᠌᠂ ᠠᠦ᠋ᠲ᠋ᠣ᠋᠎ᠪᠠᠷ ᠵᠣᠭᠣᠰ ᠰᠠᠭᠤᠯᠭᠠᠨ ᠠᠪᠬᠤ᠂ ᠠᠦ᠋ᠲ᠋ᠣ᠋᠎ᠪᠠᠷ ᠱᠤᠩ ᠡᠷᠭᠦᠬᠦ᠌᠎ᠪᠡᠷ
ᠳᠠᠮᠵᠢᠭᠤᠯᠤᠨ᠂ ᠠᠦ᠋ᠲ᠋ᠤ᠋ ᠲᠣᠭᠠᠴᠠᠭ᠎ᠠ ᠬᠢᠬᠦ᠌᠂ ᠲᠠᠷᠤᠢᠬᠠᠨ ᠲᠠᠯᠠᠪᠤᠷ᠎ᠡᠴᠡ ᠭᠠᠷᠬᠤ᠎ᠶ᠋ᠢ ᠪᠡᠶᠡᠯᠡᠭᠦᠯᠪᠡ》᠃ ᠡᠨᠡ ᠪᠣᠯ 2021
ᠣᠨ᠎ᠤ 12 ᠰᠠᠷ᠎ᠠ᠎ᠶ᠋ᠢᠨ 21 ᠤ᠋ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠶᠡᠬᠡ ᠲᠠᠷᠢᠬᠢᠨ᠎ᠤ 2.0 ᠤ᠋ᠨ
ᠦᠷ᠎ᠡ ᠪᠦᠲᠦᠭᠡᠯ᠎ᠢ ᠨᠡᠢᠲᠡᠯᠡᠬᠦ᠌ ᠬᠤᠷᠠᠯ ᠳᠡᠭᠡᠷ᠎ᠡ᠂ ᠬᠥᠬᠡᠬᠣᠲᠠ᠎ᠶ᠋ᠢᠨ ᠶᠡᠬᠡ ᠲᠠᠷᠢᠬᠢᠨ᠎ᠤ ᠶᠡᠷᠦᠩᠬᠡᠶ ᠪᠦᠲᠦᠴᠡ᠎ᠶ᠋ᠢᠨ
ᠮᠡᠷᠭᠡᠵᠢᠯᠲᠡᠨ ᠵᠠᠩ ᠫᠸᠩ᠎ᠤᠨ ᠲᠠᠨᠢᠯᠴᠠᠭᠤᠯᠤᠬᠰᠡᠨ ᠲᠠᠰ ᠳᠡᠪᠱᠢᠭ᠌ᠰᠡᠨᠦ ᠳᠠᠷᠠᠭᠠᠬᠢ ᠬᠣᠲᠠ᠎ᠶ᠋ᠢᠨ ᠶᠡᠬᠡ
ᠲᠠᠷᠢᠬᠢᠨ᠎ᠤ ᠲᠤᠯᠭᠠᠭᠤᠷᠢᠯᠠᠯ ᠲᠤᠤᠷᠠᠬᠢ ᠣᠶᠤᠨᠳᠤ ᠦᠵᠡᠭ᠌ᠳᠡᠯ᠎ᠦᠨ ᠨᠢᠭᠡ ᠪᠣᠯᠤᠨ᠎ᠠ᠃
ᠬᠥᠬᠡᠬᠣᠲᠠ᠎ᠶ᠋ᠢᠨ
ᠶᠡᠬᠡ ᠲᠠᠷᠢᠬᠢ ᠪᠣᠯ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠬᠤᠳᠠ᠎ᠶ᠋ᠢᠨ ᠲᠡᠰ᠎ᠤᠨ ᠤᠶᠤᠨᠲᠤ ᠲᠥᠪ ᠪᠣᠯᠤᠨ᠎ᠠ᠃
ᠣᠳᠣᠬᠠᠨ ᠪᠣᠯᠲᠠᠯ᠎ᠠ᠂ ᠬᠥᠬᠡᠬᠣᠲᠠ᠎ᠶ᠋ᠢᠨ ᠶᠡᠬᠡ ᠲᠠᠷᠢᠬᠢ᠎ᠨᠢ ᠨᠡᠢᠲᠡ 31 ᠬᠤᠷᠢᠶ᠎ᠠ ᠠᠯᠪᠠᠨ ᠬᠡᠷ ᠲᠣᠪᠴᠢᠶ᠎ᠠ᠎ᠳᠤ
ᠵᠠᠯᠭᠠᠭᠳᠠᠨ ᠣᠷᠣᠵᠤ᠂ ᠲᠣᠭ᠎ᠠ ᠪᠠᠷᠢᠮᠲᠠ᠎ᠶ᠋ᠢᠨ ᠬᠡᠮᠵᠢᠶ᠎ᠡ᠎ᠨᠢ 22 ᠳ᠋ᠦᠩᠱᠢᠭᠤᠷ᠎ᠢ ᠳᠠᠪᠠᠵᠤ᠂ ᠲᠣᠭ᠎ᠠ ᠪᠠᠷᠢᠮᠲᠠ᠎ᠶ᠋ᠢ
ᠴᠠᠭ ᠲᠤᠬᠠᠶ᠎ᠳᠤᠨᠢ ᠬᠤᠷᠠᠮᠳᠤᠭᠤᠯᠬᠤ᠂ ᠬᠠᠮᠲᠤ᠎ᠪᠠᠷ ᠡᠳ᠋ᠯᠡᠵᠤ ᠬᠠᠮᠲᠤ᠎ᠪᠠᠷ ᠵᠠᠰᠠᠬᠤ᠎ᠶ᠋ᠢ ᠪᠡᠶᠡᠯᠡᠭᠦᠯᠵᠦ᠍᠂
ᠬᠣᠲᠠ᠎ᠶ᠋ᠢᠨ ᠵᠠᠰᠠᠯᠲᠠ᠎ᠳᠤ ᠡᠯ᠎ᠡ ᠲᠠᠯ᠎ᠠ᠎ᠪᠠᠷ ᠦᠶ᠋ᠯᠡᠴᠢᠯᠡᠪᠡ᠃
《ᠣᠶᠤᠨᠴᠢ ᠬᠣᠲᠠ᠎ᠶ᠋ᠢᠨ
ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ ᠭᠤᠤᠯᠳᠠᠭᠤ ᠬᠥᠬᠡᠬᠣᠲᠠ᠎ᠶ᠋ᠢᠨ ᠬᠤᠳᠠ ᠵᠢᠨ ᠶᠡᠬᠡ ᠲᠠᠷᠢᠬᠢ᠎ᠳᠤ
ᠲᠦᠱᠢᠭ᠌ᠯᠡᠨ᠂ ᠬᠣᠲᠠ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠴᠡᠭᠡ ᠪᠠ ᠠᠷᠠᠳ ᠣᠯᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ
ᠦᠨᠳᠦᠰᠦᠯᠡᠨ᠂ ᠱᠢᠨ᠎ᠡ ᠣᠶᠤᠨᠴᠢ ᠬᠡᠷᠡᠭ᠌ᠯᠡᠯᠲᠡ᠎ᠶ᠋ᠢ ᠲᠠᠰᠤᠷᠠᠯᠲᠠ ᠥᠬᠡᠶ ᠰᠤᠳᠤᠯᠤᠨ ᠨᠡᠭᠡᠭᠡᠵᠦ᠍᠂ ᠬᠣᠲᠠ᠎ᠶ᠋ᠢᠨ
ᠬᠠᠮᠢᠶᠠᠷᠤᠯᠲᠠ᠎ᠶ᠋ᠢ ᠨᠠᠩ ᠨᠠᠷᠢᠯᠢᠭ᠍ᠵᠢᠭᠤᠯᠵᠤ᠂ ᠨᠡᠩ ᠣᠳᠣᠬᠢᠴᠢᠯᠠᠭ᠍ᠰᠠᠨ ᠪᠣᠯᠭᠠᠵᠤ᠂ ᠠᠷᠠᠳ ᠣᠯᠠᠨ᠎ᠳᠤ ᠣᠶᠤᠨᠴᠢᠯᠠᠭ᠍ᠰᠠᠨ᠎ᠡᠴᠡ
ᠪᠣᠯᠤᠭ᠍ᠰᠠᠨ ᠲᠥᠬᠥᠮ ᠨᠥᠬᠥᠴᠡᠯ᠎ᠢ ᠨᠠᠩ ᠢᠯᠡᠭᠦᠦ ᠮᠡᠳᠡᠷᠡᠭᠦᠯᠦᠨ᠎ᠡ》᠃ ᠬᠥᠬᠡᠬᠣᠲᠠ᠎ᠶ᠋ᠢᠨ
ᠲᠣᠮᠣ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠱᠢᠤᠸᠠᠢ ᠬᠣᠩ ᠸᠧᠶ᠂ 《ᠲᠣᠭᠠᠴᠢᠯᠠᠭ᠍ᠰᠠᠨ ᠠᠵᠤ
ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠯ᠎ᠠ᠎ᠪᠠᠷ᠂ ᠪᠢᠳᠡ ᠲᠣᠮᠣ ᠳ᠋ᠠᠢᠲ᠋ᠠ᠂ ᠡᠭᠦᠯᠡᠨ ᠪᠤᠳᠤᠯᠲᠠ᠎ᠪᠠᠷ
ᠣᠨᠴᠠᠯᠢᠭ ᠪᠣᠯᠭᠠᠭ᠍ᠰᠠᠨ ᠡᠯᠧᠺᠲ᠋ᠷᠣᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠠᠵᠤ ᠦᠶ᠋ᠯᠡᠰ᠎ᠦᠨ ᠪᠦᠯᠦᠭᠵᠢᠯ᠎ᠦᠨ ᠬᠥᠭ᠌ᠵᠢᠯᠲᠡ᠎ᠶ᠋ᠢ ᠭᠤᠤᠯᠳᠠᠯᠭ᠎ᠠ᠎ᠲᠠᠶ ᠠᠬᠢᠭᠤᠯᠤᠨ᠎ᠠ᠃ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠬᠤᠳᠠ᠎ᠶ᠋ᠢ ᠱᠢᠯᠢᠳᠡᠭ᠌ᠵᠢᠭᠦᠯᠵᠦ᠍᠂ ᠬᠣᠷᠢᠨᠭᠡᠷ ᠱᠢᠨ᠎ᠡ ᠲᠣᠭᠣᠷᠢᠭ᠎ᠤᠨ ᠡᠭᠦᠯᠡᠨ ᠬᠥᠨᠳᠡᠢ᠎ᠶ᠋ᠢᠨ
ᠵᠠᠯᠭᠠᠯᠳᠤᠭ᠍ᠰᠠᠨ ᠣᠷᠣᠨ᠎ᠢ ᠬᠦᠴᠦᠷᠬᠡᠭ᠌ᠵᠢᠭᠦᠯᠵᠦ᠍᠂ ᠡᠯᠧᠺᠲ᠋ᠷᠣᠨ ᠮᠡᠳᠡᠭᠡ ᠵᠠᠩᠭᠢ᠎ᠶ᠋ᠢᠨ ᠠᠵᠤ ᠦᠢᠯᠡᠰ᠎ᠢ
ᠬᠥᠭ᠌ᠵᠢᠯᠲᠡ᠎ᠶ᠋ᠢᠨ ᠣᠷᠣᠨ ᠵᠠᠢᠲᠠᠶ᠂ ᠬᠥᠭ᠌ᠵᠢᠯᠲᠡ᠎ᠶ᠋ᠢᠨ ᠠᠮᠢ ᠠᠬᠤᠢ᠎ᠲᠠᠶ᠂ ᠬᠥᠭ᠌ᠵᠢᠯᠲᠡ᠎ᠶ᠋ᠢᠨ ᠴᠢᠨᠠᠷ ᠴᠢᠨᠰᠠᠭ᠎ᠠ᠎ᠲᠠᠶ
ᠪᠣᠯᠭᠠᠨ᠎ᠠ᠃ 3 ᠵᠢᠯ᠎ᠦᠨ ᠬᠤᠭᠤᠴᠠᠭ᠎ᠠ ᠵᠢ ᠬᠡᠷᠡᠭ᠌ᠰᠡᠨ᠂ ᠤᠯᠤᠰ᠎ᠤᠨ ᠲᠠᠰ᠎ᠤᠨ ᠲᠣᠭᠠᠴᠢᠯᠠᠭ᠍ᠰᠠᠨ ᠲᠥᠪ᠎ᠦᠨ ᠪᠦᠯᠦᠭᠵᠢᠯ᠎ᠢ
ᠪᠠᠢᠭᠤᠯᠵᠤ᠂ ᠤᠮᠠᠷᠠᠲᠤ ᠣᠷᠣᠨ᠎ᠤ ᠪᠤᠳᠤᠬᠤ ᠬᠦᠴᠦᠨ᠎ᠦ ᠲᠥᠪ᠎ᠢ ᠪᠠᠢᠭᠤᠯᠵᠤ᠂ ᠤᠮᠠᠷᠠᠲᠤ ᠬᠢᠯᠢ᠎ᠶ᠋ᠢᠨ ᠡᠯᠧᠺᠲ᠋ᠷᠣᠨ
ᠮᠡᠳᠡᠭᠡ ᠵᠠᠩᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠥᠨᠳᠥᠷᠯᠢᠭ᠎ᠢ ᠪᠠᠢᠭᠤᠯᠬᠤ᠎ᠪᠠᠷ ᠴᠢᠷᠮᠠᠢᠨ᠎ᠠ
》ᠭᠡᠵᠦ ᠬᠡᠯᠡᠪᠠ᠃
《ᠣᠳᠣᠬᠠᠨ᠎ᠳᠤ ᠪᠢᠳᠡ
ᠵᠢᠷᠭᠤᠭᠠᠨ ᠶᠡᠬᠡ ᠠᠵᠤ ᠦᠢᠯᠡᠰ᠎ᠦᠨ ᠪᠦᠯᠦᠭᠵᠢᠯ᠎ᠦᠨ ᠪᠦᠬᠦ᠌ ᠬᠡᠯᠬᠢᠶᠡᠨ᠎ᠦ 328 ᠲᠦᠷᠦᠯ ᠵᠦᠢᠯ ᠢ᠋ ᠶᠡᠷᠦᠩᠬᠡᠢ᠎ᠳᠦᠨᠢ
ᠲᠥᠰᠦᠪᠯᠡᠵᠦ᠍᠂ ᠡᠯ᠎ᠡ ᠪᠦᠯᠦᠭᠵᠢᠯ᠎ᠦᠨ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠎ᠢ ᠲᠣᠭ᠍ᠲᠠᠭᠠᠬᠤ᠎ᠶ᠋ᠢᠨ ᠬᠠᠮᠲᠤ
ᠵᠢᠷᠭᠤᠭᠠᠨ ᠶᠡᠬᠡ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠠᠵᠤ ᠦᠢᠯᠡᠰ᠎ᠦᠨ ᠬᠥᠭ᠌ᠵᠢᠯᠲᠡ᠂ ᠠᠷᠠᠯᠵᠢᠶᠠᠴᠢᠨ
ᠤᠷᠢᠬᠤ ᠪᠠᠢᠷᠢ ᠲᠣᠭ᠍ᠲᠠᠭᠠᠯᠲᠠ᠂ ᠲᠠᠭᠠᠭᠤᠯᠤᠭ᠍ᠴᠢ᠎ᠶ᠋ᠢᠨ ᠲᠠᠢ᠌ᠴᠢᠯᠠᠯᠳᠠ ᠵᠡᠷᠭᠡ ᠲᠠᠯ᠎ᠠ᠎ᠪᠠᠷ᠂ ᠪᠢᠳᠡ ᠨᠢᠭᠡ
ᠵᠢᠷᠤᠭ᠎ᠤᠨ ᠵᠢᠭ᠍ᠰᠠᠯ᠂ 6 ᠨᠠᠷᠢᠨ ᠲᠠᠩᠰᠠ᠎ᠶ᠋ᠢ ᠨᠠᠢᠷᠠᠭᠤᠯᠤᠨ ᠵᠣᠬᠢᠶᠠᠵᠤ᠂ ᠲᠤᠯᠤᠭᠠᠨ ᠶᠡᠬᠡ ᠴᠢᠳᠠᠮᠵᠢ᠎ᠶ᠋ᠢ
ᠪᠠᠭ᠍ᠲᠠᠭᠠᠭ᠍ᠰᠠᠨ〈ᠡᠯᠧᠺᠲ᠋ᠷᠣᠨ ᠪᠠᠢᠯᠳᠤᠭᠠᠨ᠎ᠤ
ᠲᠠᠪᠴᠠᠩ 〉 ᠤ᠋ᠨ ᠲᠦᠷᠦᠯ ᠵᠦᠢᠯ᠎ᠦᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠ》 ᠭᠡᠵᠦ᠍ ᠬᠥᠬᠡᠬᠣᠲᠠ᠎ᠶ᠋ᠢᠨ
ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠯᠢ ᠱᠢᠶᠤᠤ ᠶᠠᠨ ᠬᠡᠯᠡᠪᠡ᠃
ᠯᠢ
ᠱᠢᠶᠤᠤ ᠶᠠᠨᠦ ᠲᠠᠨᠢᠯᠴᠠᠭᠤᠯᠤᠭᠰᠠᠨ ᠵᠢᠡᠷ᠂ ᠬᠥᠬᠡᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ
ᠵᠥᠪᠯᠡᠯ 《ᠠᠷᠪᠠᠨ ᠳᠥᠷᠪᠡᠳᠦᠭᠡᠷ
ᠲᠠᠪᠤᠨ ᠵᠢᠯ》 ᠤ᠋ᠨ ᠡᠬᠢᠯᠡᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂《ᠠᠷᠪᠠᠨ ᠳᠥᠷᠪᠡᠳᠦᠭᠡᠷ
ᠲᠠᠪᠤᠨ ᠵᠢᠯ》 ᠤ᠋ᠨ ᠤᠷᠤᠨ᠎ᠤ ᠲᠥᠪ ᠬᠤᠳᠠ ᠵᠢᠨ 《 1 + N + X 》 ᠲᠥᠯᠥᠪᠵᠢᠭᠦᠯᠭᠡ᠂ 《1 + 15》 ᠲᠣᠭᠣᠷᠢᠭ ᠬᠣᠲᠠ᠎ᠶ᠋ᠢᠨ
ᠬᠠᠮᠲᠤ ᠪᠠᠷ ᠪᠠᠢᠭᠤᠯᠬᠤ ᠲᠥᠯᠥᠪᠵᠢᠭᠦᠯᠭᠡ᠂ 《ᠵᠢᠷᠭᠤᠭᠠᠨ ᠶᠡᠬᠡ ᠠᠵᠤ ᠦᠢᠯᠡᠰ᠎ᠦᠨ
ᠪᠦᠯᠦᠭᠵᠢᠯ》 ᠦ᠋ᠨ ᠲᠥᠯᠥᠪᠵᠢᠭᠦᠯᠭᠡ᠂ 《ᠬᠣᠶᠠᠷ ᠴᠠᠭᠠᠷᠢᠭ》 ᠤ᠋ᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠵᠢᠭᠦᠯᠭᠡ᠎ᠶ᠋ᠢᠨ ᠳᠥᠷᠪᠡᠨ ᠶᠡᠬᠡ ᠲᠥᠯᠥᠪᠵᠢᠭᠦᠯᠭᠡ᠎ᠶ᠋ᠢᠨ
ᠱᠢᠰᠲ᠋ᠧᠮ ᠢ᠋ ᠨᠢᠭᠡᠳᠦᠯᠲᠡᠶ ᠲᠥᠯᠥᠪᠵᠢᠭᠦᠯᠦᠨ ᠪᠠᠢᠭᠤᠯᠵᠤ᠂ ᠨᠢᠭᠡ ᠪᠦᠯᠦᠭ ᠭᠣᠣᠯᠳᠠᠯᠭ᠎ᠠ᠎ᠲᠠᠶ ᠠᠵᠢᠯ᠂ ᠭᠣᠣᠯᠳᠠᠯᠭ᠎ᠠ᠎ᠲᠠᠶ
ᠲᠥᠯᠥᠪᠵᠢᠭᠦᠯᠭᠡ᠂ ᠴᠢᠬᠤᠯᠠ ᠶᠡᠬᠡ ᠵᠦᠢᠯᠡᠰ᠎ᠢ ᠪᠦᠬᠦ᠌ ᠲᠠᠯ᠎ᠠ᠎ᠪᠠᠷ ᠰᠤᠳᠤᠯᠤᠨ ᠲᠥᠯᠥᠪᠯᠡᠭᠰᠡᠨ ᠮᠥᠷᠲᠡᠭᠡᠨ
ᠥᠪᠡᠷᠲᠡᠭᠡᠨ ᠵᠠᠰᠠᠬᠤ ᠣᠷᠣᠨ᠎ᠲᠠᠶ ᠢᠳᠡᠪᠬᠢᠲᠡᠢ ᠵᠣᠯᠭᠠᠭᠤᠯᠤᠨ᠂ ᠨᠡᠢᠲᠡ 109 ᠵᠦᠢᠯ᠎ᠦᠨ ᠭᠣᠣᠯᠳᠠᠯᠭ᠎ᠠ᠎ᠲᠠᠶ
ᠵᠦᠢᠯᠡᠰ᠎ᠢ ᠥᠪᠡᠷᠲᠡᠭᠡᠨ ᠵᠠᠰᠠᠬᠤ ᠣᠷᠣᠨ᠎ᠤ 25 ᠲᠤᠰᠭᠠᠶ ᠲᠥᠯᠥᠪᠵᠢᠭᠦᠯᠭᠡ᠎ᠳᠦ ᠵᠢᠭ᠍ᠰᠠᠭᠠᠨ ᠣᠷᠣᠭᠤᠯᠬᠤ ᠵᠢ
ᠠᠬᠢᠭᠤᠯᠵᠤ᠂ ᠣᠷᠣᠨ᠎ᠤ ᠲᠥᠪ ᠬᠤᠳᠠ ᠵᠢᠨ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠂ ᠡᠯ᠎ᠡ ᠵᠦᠶ᠋ᠯ᠎ᠦᠨ
ᠭᠤᠤᠯᠳᠠᠯᠭ᠎ᠠ᠎ᠲᠠᠶ ᠠᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠬᠤ᠂ ᠬᠦᠴᠦ᠍᠎ᠪᠡᠨ ᠬᠠᠮᠲᠤᠳᠭᠠᠨ ᠴᠢᠬᠤᠯᠠ ᠶᠡᠬᠡ
ᠬᠡᠷᠡᠭ ᠶᠠᠪᠤᠳᠠᠯ᠎ᠤᠨ ᠪᠤᠭᠤᠮᠳᠠ ᠱᠢᠪᠲᠤᠯᠬᠤ᠎ᠳᠤ ᠰᠠᠭᠤᠷᠢ ᠲᠠᠯᠪᠢᠪᠠ᠃
2021
ᠣᠨ᠎ᠳᠤ᠂ ᠬᠥᠬᠡᠬᠣᠲᠠ᠎ᠶ᠋ᠢᠨ ᠠᠵᠤ ᠠᠬᠤᠢ ᠶᠡᠷᠦᠩᠬᠡᠢ᠎ᠳᠡᠭᠡᠨ ᠲᠣᠭ᠍ᠲᠠᠭᠤᠨ᠎ᠢᠶᠠᠷ ᠰᠡᠷᠭᠦᠵᠦ᠍᠂ ᠦᠷᠭᠦᠯᠵᠢᠯᠡᠨ
ᠰᠠᠢᠵᠢᠷᠠᠪᠠ᠃ 1—11 ᠳ᠋ᠤᠭᠡᠷ ᠰᠠᠷ᠎ᠠ᠎ᠳᠤ᠂
ᠬᠥᠬᠡᠬᠣᠲᠠ᠎ᠶ᠋ᠢᠨ ᠳᠥᠷᠪᠡᠨ ᠵᠦᠶ᠋ᠯ᠎ᠦᠨ ᠭᠤᠤᠯ ᠪᠣᠯᠬᠤ ᠠᠵᠤ ᠠᠬᠤᠶ᠎ᠶ᠋ᠢᠨ ᠭᠦᠶ᠋ᠴᠡᠳᠭᠡᠯ ᠲᠣᠭ᠎ᠠ᠎ᠳᠤ 《ᠭᠤᠷᠪᠠᠨ ᠥᠨᠳᠥᠷ ᠨᠢᠭᠡ
ᠲᠣᠭ᠍ᠲᠠᠭᠤᠨ》 ᠨᠡᠮᠡᠭ᠌ᠳᠡᠯ᠎ᠦᠨ ᠪᠠᠢᠳᠠᠯ
ᠢᠯᠡᠷᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ
10.4% ᠨᠡᠮᠡᠭ᠌ᠳᠡᠵᠦ᠍᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ᠎ᠤ᠎ᠬᠢ᠎ᠡᠴᠡ
13.2% ᠨᠡᠮᠡᠭ᠌ᠳᠡᠪᠡ᠂ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠪᠤᠷᠤᠯᠠᠭᠤᠯᠤᠭᠰᠠᠨ ᠶᠡᠷᠦᠩᠬᠡᠶ
ᠲᠣᠭ᠎ᠠ 1004.4 ᠳ᠋ᠦᠩᠱᠢᠭᠤᠷ ᠲᠥᠭᠥᠷᠢᠭ᠎ᠢ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠡᠴᠡ 7.7% ᠨᠡᠮᠡᠭ᠌ᠳᠡᠪᠡ᠂
ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 209 ᠳ᠋ᠦᠩᠱᠢᠭᠤᠷ ᠲᠥᠭᠥᠷᠢᠭ᠎ᠢ ᠪᠡᠶᠡᠯᠡᠭᠦᠯᠵᠦ᠍᠂ ᠠᠳᠠᠯᠢ
ᠬᠤᠭᠤᠴᠠᠭᠠᠨ᠎ᠤ᠎ᠬᠢ᠎ᠡᠴᠡ 6.49% ᠨᠡᠮᠡᠭ᠌ᠳᠡᠪᠡ᠂ ᠡᠯ᠎ᠡ ᠵᠦᠶ᠋ᠯ᠎ᠦᠨ ᠭᠦᠶ᠋ᠴᠡᠳᠭᠡᠯ ᠲᠣᠭ᠎ᠠ᠎ᠶ᠋ᠢᠨ ᠨᠡᠷᠡᠰ᠎ᠦᠨ
ᠵᠢᠭ᠍ᠰᠠᠭᠠᠯᠲᠠ᠎ᠨᠢ ᠴᠥᠮ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ᠃ ᠡᠭᠦᠨ᠎ᠦ ᠬᠠᠮᠲᠤ᠂ ᠭᠣᠣᠯᠳᠠᠯᠭ᠎ᠠ᠎ᠲᠠᠶ
ᠲᠥᠷᠥᠯ ᠵᠦᠢᠯ᠎ᠦᠨ ᠲᠣᠭ᠎ᠠ 339 ᠪᠠᠢᠭ᠍ᠰᠠᠨ᠎ᠡᠴᠡ᠎ᠪᠠᠨ ᠨᠡᠮᠡᠭ᠌ᠳᠡᠭᠡᠳ 580 ᠪᠣᠯᠤᠭ᠍ᠰᠠᠨ ᠪᠥᠭᠡᠳ ᠪᠦᠬᠦ᠌ ᠲᠠᠯ᠎ᠠ᠎ᠪᠠᠷ
ᠠᠵᠢᠯ ᠡᠬᠢᠯᠡᠭᠦᠯᠬᠦ᠌᠎ᠶ᠋ᠢ ᠪᠡᠶᠡᠯᠡᠭᠦᠯᠵᠦ᠍᠂ 680 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ
ᠪᠡᠶᠡᠯᠡᠭᠦᠯᠪᠡ᠃ ᠲᠠᠰᠤᠷᠠᠯᠲᠠ ᠦᠭᠡᠢ ᠬᠥᠭ᠌ᠵᠢᠨ ᠪᠤᠵᠠᠭᠠᠢ᠌ᠷᠠᠭ᠍ᠰᠠᠨ 《ᠵᠢᠷᠭᠤᠭᠠᠨ ᠶᠡᠬᠡ ᠠᠵᠤ
ᠦᠢᠯᠡᠰ᠎ᠦᠨ ᠪᠦᠯᠦᠭᠵᠢᠯ 》 ᠨᠢ ᠣᠷᠣᠨ᠎ᠤ ᠲᠥᠪ᠎ᠬᠤᠳᠠ
ᠵᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠷᠭᠦᠯᠵᠢᠯᠡᠨ ᠬᠦᠴᠦᠯᠡᠵᠦ᠍ ᠪᠠᠢᠨ᠎ᠠ᠃