ᠤᠮᠠᠷᠠᠲᠤ ᠬᠢᠯᠢ᠎ᠳᠦ ᠭᠡᠷᠡᠯ ᠬᠢᠯᠪᠠᠭ᠎ᠠ ᠨᠡᠮᠡᠷᠢᠯᠡᠬᠦ᠌ ᠠᠵᠢᠯᠯᠠᠭ᠎ᠠ ᠵᠠᠯᠠᠭᠤᠴᠤᠳ ᠪᠠᠭᠠᠴᠤᠳ᠎ᠤᠨ ᠲᠤᠮᠳᠠ ᠢᠳᠡᠪᠬᠢᠲᠡᠢ ᠦᠷᠨᠢᠵᠦ ᠪᠤᠢ
2022-10-25 11:18:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠨᠡ ᠵᠢᠯ ᠎ᠦᠨ 7 ᠰᠠᠷ᠎ᠠ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠪᠦᠬᠦ᠌ ᠣᠷᠣᠨ ᠎ᠤ ᠥᠷᠭᠡᠨ ᠣᠯᠠᠨ ᠵᠠᠯᠠᠭᠤᠴᠤᠳ ᠪᠠᠭᠠᠴᠤᠳ ᠎ᠤᠨ ᠳᠤᠮᠳᠠ 《ᠥᠪᠥᠷ ᠮᠣᠩᠭᠣᠯ ᠎ᠢᠶᠠᠨ ᠬᠠᠢᠷᠠᠯᠠᠵᠤ᠂ ᠥᠪᠥᠷ ᠮᠣᠩᠭᠣᠯ ᠎ᠢᠶᠠᠨ ᠪᠦᠲᠦᠭᠡᠨ ᠪᠠᠢᠭᠤᠯᠤᠶ᠎ᠠ — ᠤᠮᠠᠷᠠᠲᠤ ᠬᠢᠯᠢ ᠎ᠳᠦ ᠭᠡᠷᠡᠯ ᠬᠢᠯᠪᠠᠭ᠎ᠠ ᠨᠡᠮᠡᠷᠢᠯᠡᠶ᠎ᠡ》 ᠭᠡᠮᠡᠬᠦ᠌ ᠭᠣᠣᠯ ᠰᠡᠳᠦᠪᠲᠦ ᠠᠵᠢᠯᠯᠠᠭ᠎ᠠ ᠎ᠶ᠋ᠢ ᠢᠳᠡᠪᠬᠢᠲᠡᠶ ᠥᠷᠨᠢᠭᠦᠯᠵᠦ᠍᠂ ᠵᠠᠯᠠᠭᠤᠴᠤᠳ ᠪᠠᠭᠠᠴᠤᠳ ᠎ᠤᠨ ᠴᠠᠭ ᠦᠶ᠎ᠡ ᠎ᠶ᠋ᠢᠨ ᠰᠢᠨ᠎ᠡ ᠬᠡᠪ ᠰᠤᠷᠲᠠᠯ ᠎ᠢ ᠪᠠᠳᠠᠷᠠᠭᠤᠯᠵᠤ᠂ ᠤᠮᠠᠷᠠᠲᠤ ᠬᠢᠯᠢ ᠎ᠳᠦ ᠭᠠᠪᠢᠶ᠎ᠠ ᠵᠢᠳᠬᠦᠯ ᠪᠠᠢᠭᠤᠯᠬᠤ ᠵᠢ  ᠬᠥᠲᠥᠯᠥᠨ ᠵᠢᠯᠤᠭᠤᠳᠴᠤ ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ 《ᠥᠪᠥᠷ ᠮᠣᠩᠭᠣᠯ ᠎ᠤᠨ ᠲᠦᠷᠢ ᠲᠥᠷᠬᠦ᠌ ᠎ᠶ᠋ᠢ ᠱᠤᠭᠤᠬᠤ》 ᠠᠵᠢᠯ ᠎ᠤᠨ ᠪᠠᠢᠷᠢᠯᠠᠭᠤᠯᠤᠯᠲᠠ ᠎ᠶ᠋ᠢ ᠨᠠᠢᠳᠠᠪᠤᠷᠢᠵᠢᠭᠤᠯᠵᠤ᠂  ᠪᠥᠬᠥ᠌ ᠣᠷᠣᠨ ᠎ᠤ ᠥᠷᠭᠡᠨ ᠣᠯᠠᠨ ᠵᠠᠯᠠᠭᠤᠴᠤᠳ ᠪᠠᠭᠠᠴᠤᠳ ᠎ᠢ ᠪᠦᠯᠬᠦᠮᠳᠡᠭᠦᠯᠦᠨ ᠳᠠᠭᠠᠭᠤᠯᠵᠤ᠂ ᠨᠠᠮ ᠎ᠢᠶᠠᠨ ᠬᠠᠢᠷᠠᠯᠠᠬᠤ᠂ ᠤᠯᠤᠰ ᠎ᠢᠶᠠᠨ ᠬᠠᠢᠷᠠᠯᠠᠬᠤ᠂ ᠨᠤᠲᠤᠭ ᠤᠰᠤ ᠪᠡᠨ ᠬᠠᠢᠷᠠᠯᠠᠬᠤ ᠬᠠᠢᠷ᠎ᠠ ᠰᠡᠳᠭᠢᠯᠭᠡ ᠵᠢ ᠬᠦᠭᠵᠢᠭᠡᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠤᠨ ᠪᠥᠲᠥᠭᠡᠨ ᠪᠠᠢᠭᠤᠯᠤᠯᠲᠠ ᠎ᠳᠤ ᠢᠳᠡᠪᠬᠢᠲᠡᠶ ᠣᠷᠣᠯᠴᠠᠭᠤᠯᠵᠤ᠂ ᠴᠣ᠋ ᠰᠢᠨ᠎ᠡ  ᠳᠦᠷᠢ ᠲᠥᠷᠬᠦ᠌ ᠪᠠ ᠴᠣᠭ ᠵᠢᠪᠬᠤᠭ᠎ᠠ ᠎ᠶ᠋ᠢ ᠢᠯᠡᠷᠡᠭᠦᠯᠪᠡ᠃

ᠥᠪᠥᠷ ᠮᠣᠩᠭᠣᠯ᠎ᠢᠶᠠᠨ ᠬᠠᠢᠷᠠᠯᠠᠵᠤ ᠥᠪᠥᠷ ᠮᠣᠩᠭᠣᠯ᠎ᠢᠶᠠᠨ ᠮᠠᠭ᠍ᠲᠠᠨ ᠳᠠᠭᠤᠯᠠᠬᠤ ᠵᠠᠯᠠᠭᠤ ᠨᠠᠰᠤᠨ᠎ᠤ ᠢᠷᠠᠭᠤ ᠬᠠᠭᠤᠳᠠᠰᠤ ᠵᠢ ᠪᠢᠴᠢᠭᠯᠡᠭᠰᠡᠨ ᠨᠢ

ᠰᠢᠰᠲ᠋ᠸᠮ ᠲᠠᠢ ᠲᠦᠯᠦᠪᠯᠡᠵᠦ ᠲᠤᠰᠬᠠᠢ ᠰᠡᠳᠦᠪ ᠵᠢᠡᠷ ᠪᠠᠢᠷᠢᠯᠠᠭᠤᠯᠤᠨ ᠦᠳᠳᠡᠷ ᠲᠦᠷᠭᠡᠨ ᠵᠢᠡᠷ ᠲᠠᠢᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠭᠣᠸ᠋ᠯ ᠰᠡᠳᠦᠪᠲᠦ ᠠᠵᠢᠯᠯᠠᠭ᠎ᠠ᠎ᠶ᠋ᠢ ᠲᠤᠰᠭᠠᠶ ᠰᠡᠳᠦᠪ᠎ᠢᠶᠡᠷ ᠤᠬᠠᠭᠠᠯᠠᠨ ᠪᠠᠢᠷᠢᠯᠠᠭᠤᠯᠵᠤ᠂ ᠲᠤᠰᠭᠠᠶ ᠪᠠᠭ ᠵᠢᠡᠷ ᠬᠠᠷᠢᠭᠤᠴᠠᠭᠤᠯᠤᠨ᠂ ᠡᠯ᠎ᠡ ᠱᠠᠲᠤᠨ᠎ᠤ ᠡᠪᠯᠡᠯ᠎ᠤᠨ ᠬᠤᠷᠢᠶ᠎ᠠ᠂ ᠵᠠᠯᠠᠭᠤᠴᠤᠳ ᠎ᠤᠨ ᠬᠣᠯᠪᠣᠭ᠎ᠠ᠂ ᠰᠤᠷᠤᠭ᠍ᠴᠢᠳ᠎ᠤᠨ ᠬᠣᠯᠪᠣᠭ᠎ᠠ᠂ ᠪᠠᠭᠠᠴᠤᠳ᠎ᠤᠨ ᠬᠣᠱᠢᠭᠤᠴᠢ ᠠᠩᠭᠢ ᠎ᠶ᠋ᠢ ᠵᠣᠬᠢᠶᠠᠨ ᠪᠠᠢᠭᠤᠯᠤᠨ ᠨᠢᠭᠡᠳᠦᠯᠲᠡᠶ ᠪᠠᠢᠷᠢᠯᠠᠭᠤᠯᠪᠠ᠃ ᠪᠥᠬᠥ᠌ ᠣᠷᠣᠨ᠎ᠤ ᠡᠯ᠎ᠡ ᠠᠢᠮᠠᠭ ᠬᠣᠲᠠ ᠎ᠶ᠋ᠢᠨ ᠡᠪᠯᠡᠯ ᠎ᠦᠨ ᠬᠣᠷᠢᠶ᠎ᠠ  ᠭᠠᠵᠠᠷ ᠤᠷᠤᠨ᠎ᠦ ᠪᠣᠳᠠᠲᠤ ᠪᠠᠢᠳᠠᠯ᠎ᠲᠠᠶ ᠎ᠪᠠᠨ ᠤᠶᠠᠯᠳᠤᠭᠤᠯᠤᠨ ᠲᠤᠰᠬᠠᠢ ᠲᠥᠰᠦᠯ ᠲᠤᠭᠳᠠᠭᠠᠨ ᠪᠤᠳᠠᠳᠠᠢ ᠳ᠋ᠤ ᠨᠠᠢᠳᠠᠪᠤᠷᠢᠵᠢᠭᠤᠯᠪᠠ; ᠭᠣᠣᠯ ᠰᠡᠳᠦᠪᠲᠦ ᠠᠵᠢᠯᠯᠠᠭ᠎ᠠ᠎ᠶ᠋ᠢᠨ ᠲᠤᠰᠭᠠᠢ ᠬᠡᠪᠯᠡᠯ ᠭᠠᠷᠭᠠᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠡᠯ᠎ᠡ ᠬᠦᠷᠢᠶᠡᠨ᠎ᠦ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠦᠢᠯᠡᠳᠦᠯᠭᠡ ᠪᠣᠯᠤᠨ ᠦᠷ᠎ᠡ ᠪᠦᠲᠦᠭᠡᠯ ᠎ᠢ ᠥᠷᠭᠡᠨ᠎ᠢᠶᠡᠷ ᠤᠬᠠᠭᠤᠯᠪᠠ; ᠲᠤᠰᠭᠠᠶ ᠰᠡᠳᠦᠪᠲᠦ ᠲᠤᠬᠢᠷᠠᠭᠤᠯᠤᠯᠳᠠ ᠵᠢᠨ ᠬᠤᠷᠠᠯ  ᠬᠤᠷᠠᠯᠳᠤᠭᠤᠯᠵᠤ᠂ ᠭᠤᠤᠯ ᠰᠡᠳᠦᠪᠳᠦ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠴᠡᠭ᠎ᠢᠶᠡᠷ ᠪᠦᠬᠦ ᠲᠠᠯ᠎ᠠ ᠵᠢ ᠠᠬᠢᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃

ᠪᠦᠬᠦ ᠲᠠᠯ᠎ᠠ ᠎ᠶ᠋ᠢ ᠬᠠᠮᠤᠷᠴᠤ᠌᠂ ᠭᠣᠣᠯ ᠰᠡᠳᠦᠪᠲᠦ ᠠᠵᠢᠯᠯᠠᠭ᠎ᠠ  ᠶ᠋ᠢ ᠦᠷᠭᠦᠯᠵᠢᠯᠡᠨ ᠭᠦᠨᠵᠡᠭᠡᠢᠷᠡᠭᠦᠯᠪᠡ᠃ ᠲᠥᠷᠥ ᠎ᠶ᠋ᠢᠨ ᠪᠣᠳᠣᠯᠭ᠎ᠠ ᠶ᠋ᠢᠨ ᠤᠬᠠᠭᠤᠯᠭ᠎ᠠ ᠲᠠᠢᠯᠤᠮᠵᠢ ᠪᠠ ᠠᠮᠵᠢᠯᠲᠠ ᠪᠦᠳᠦᠮᠵᠢ᠎ᠶ᠋ᠢᠨ ᠤᠬᠠᠭᠤᠯᠭ᠎ᠠ ᠬᠥᠮᠦᠵᠢᠯ᠎ᠢ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠴᠢᠬᠤᠯᠠ ᠠᠭᠤᠯᠭ᠎ᠠ ᠪᠣᠯᠭᠠᠵᠤ᠂ ᠥᠪᠥᠷ ᠮᠣᠩᠭᠣᠯ᠎ᠤᠨ ᠬᠥᠭ᠌ᠵᠢᠯᠲᠡ ᠎ᠶ᠋ᠢᠨ ᠦᠶ᠋ᠯᠡᠳᠦᠯᠭᠡ ᠎ᠪᠡᠷ ᠬᠠᠮᠤᠭ᠎ᠤᠨ ᠠᠮᠢᠳᠤᠯᠢᠭ ᠬᠢᠴᠢᠶᠡᠯ᠎ᠦᠨ ᠪᠢᠴᠢᠭ ᠪᠣᠯᠭᠠᠵᠤ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠵᠢ ᠬᠥᠲᠥᠯᠦᠨ ᠳᠠᠭᠠᠭᠤᠯᠬᠤ ᠠᠵᠢᠯ᠎ᠤᠨ ᠦᠶ᠋ᠯᠡᠳᠦᠯᠭᠡᠳᠦ ᠴᠢᠨᠠᠷ ᠪᠠ ᠢᠲᠡᠭᠡᠭᠦᠯᠬᠦ᠌ ᠬᠦᠴᠦᠨ᠎ᠢ ᠲᠠᠰᠤᠷᠠᠯᠲᠠ ᠥᠬᠡᠶ ᠲᠠᠭᠡᠭᠰᠢᠯᠡᠭᠦᠯᠪᠡ᠃ ᠪᠦᠬᠦ᠌ ᠣᠷᠣᠨ᠎ᠤ 《ᠤᠮᠠᠷᠠᠲᠤ ᠬᠢᠯᠢ ᠎ᠶ᠋ᠢᠨ ᠵᠠᠯᠠᠭᠤᠴᠤᠳ ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》 ᠂  ᠵᠠᠯᠠᠭᠤᠴᠤᠳ᠎ᠤᠨ ᠨᠡᠢᠲᠡᠯᠢᠭ ᠦᠯᠢᠭᠡᠷ ᠵᠢᠱ᠌ᠢᠶ᠎ᠡ ᠵᠢ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠤᠨ᠂ ᠰᠤᠷᠭᠠᠭᠤᠯᠢ᠂ ᠠᠵᠤ  ᠠᠬᠤᠢᠯᠠᠯ᠂  ᠮᠠᠯᠵᠢᠬᠤ ᠲᠠᠷᠢᠶᠠᠯᠠᠬᠤ ᠣᠷᠣᠨ᠂ ᠨᠡᠢᠭᠡᠮ ᠲᠣᠭᠣᠷᠢᠭ᠂ ᠪᠠᠢᠭᠤᠯᠭ᠎ᠠ ᠂  ᠴᠡᠷᠢᠭ᠎ᠦᠨ ᠬᠤᠸᠠᠷᠠᠨ᠎ᠳᠤ  ᠭᠦᠨᠵᠡᠭᠡᠢᠷᠡᠬᠦᠯᠵᠦ ᠂ ᠶᠡᠷᠦᠩᠬᠡᠢ  ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠎ᠶ᠋ᠢᠨ ᠵᠣᠷᠢᠭ ᠰᠠᠨᠠᠭ᠎ᠠ ᠶ᠋ᠢ ᠤᠬᠠᠭᠤᠯᠤᠨ ᠲᠠᠢᠯᠪᠤᠷᠢᠯᠠᠬᠤ ᠪᠠ ᠰᠤᠷᠤᠯᠴᠠᠬᠤ ᠦᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠪᠠ᠃ ᠨᠠᠮ᠎ᠤᠨ ᠦᠨᠳᠦᠰᠦᠲᠡᠨ᠎ᠦ ᠣᠨᠣᠯ ᠪᠣᠯᠤᠨ ᠦᠨᠳᠦᠰᠦᠲᠡᠨ ᠎ᠦ ᠲᠥᠷᠥ ᠎ᠶ᠋ᠢᠨ ᠪᠣᠳᠣᠯᠭ᠎ᠠ ᠎ᠶ᠋ᠢᠨ ᠰᠤᠷᠤᠯᠴᠠᠯᠭ᠎ᠠ ᠤᠬᠠᠭᠤᠯᠭ᠎ᠠ ᠎ᠶ᠋ᠢᠨ ᠠᠵᠢᠯᠯᠠᠭ᠎ᠠ ᠵᠢ ᠪᠠᠢᠩᠭᠤ ᠥᠷᠨᠢᠭᠦᠯᠵᠦ᠍᠂  《ᠤᠯᠠᠭᠠᠨ ᠪᠥᠴᠡᠲᠡᠨ ᠎ᠦ ᠱᠠᠩᠨᠠᠯ ᠎ᠤᠨ ᠲᠡᠮᠳᠡᠭ》 ᠎ᠢ᠋ ᠲᠡᠮᠡᠴᠡᠨ ᠤᠯᠬᠤ ᠠᠵᠢᠯ ᠎ᠤᠨ ᠲᠤᠮᠳᠠ 《ᠠᠨᠠᠷ ᠎ᠤᠨ ᠦᠷ᠎ᠡ ᠎ᠶ᠋ᠢᠨ ᠲᠡᠮᠳᠡᠭ》᠎ᠢ ᠲᠡᠮᠡᠴᠡᠨ ᠤᠯᠬᠤ ᠠᠵᠢᠯᠯᠠᠭ᠎ᠠ ᠵᠢ ᠠᠭᠤᠰᠬᠠᠵᠤ᠂ ᠪᠦᠬᠦ᠌ ᠣᠷᠣᠨ᠎ᠤ 146.7 ᠲᠦᠮᠡᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠦ  ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ᠎ᠵᠢ ᠣᠢᠯᠠᠭᠠᠬᠤ ᠬᠡᠮᠵᠢᠶ᠎ᠡ ᠪᠠ ᠬᠡᠪᠴᠢᠶ᠎ᠡ ᠵᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠵᠠᠯᠠᠭᠤᠴᠤᠳ ᠪᠠᠭᠠᠴᠤᠳ᠎ᠤᠨ ᠲᠤᠮᠳᠠ ᠦᠨᠳᠦᠰᠦᠲᠡᠨ ᠎ᠦ ᠪᠦᠯᠬᠦᠮᠳᠡᠯ ᠎ᠦᠨ ᠴᠡᠴᠡᠭᠡᠰ ᠎ᠢ ᠢᠮᠠᠭᠳᠠ ᠴᠡᠴᠡᠭ᠌ᠯᠡᠭᠦᠯᠦᠨ ᠲᠡᠯᠭᠡᠷᠡᠭᠦᠯᠦᠭᠰᠡᠨ ᠪᠠᠢᠨ᠎ᠠ᠃

ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠤᠯᠤᠰ᠎ᠢᠶᠠᠨ ᠬᠦᠴᠦᠷᠬᠡᠭ᠌ᠵᠢᠭᠦᠯᠬᠦ᠌ ᠵᠠᠯᠠᠭᠤ ᠨᠠᠰᠤᠨ᠎ᠤ ᠲᠠᠩᠭᠠᠷᠢᠭ ᠎ᠢ ᠦᠶ᠋ᠯᠡᠳᠦᠯᠭᠡᠵᠢᠭᠦᠯᠦᠭᠰᠡᠨ ᠨᠢ

ᠴᠡᠭ᠎ᠢᠶᠡᠷ ᠨᠡᠢᠳᠡᠮ᠎ᠢ ᠳᠠᠢᠴᠢᠯᠠᠵᠦ ᠂ ᠵᠠᠯᠠᠭᠤ ᠴᠢᠳᠠᠪᠤᠷᠢᠲᠠᠨ᠎ᠤ ᠪᠠᠢᠭᠤᠯᠤᠯᠲᠠ ᠵᠢ  ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠥᠬᠥ᠌ ᠣᠷᠣᠨ᠎ᠤ ᠴᠢᠳᠠᠪᠤᠷᠢᠲᠠᠨ᠎ᠤ ᠬᠥᠭ᠌ᠵᠢᠬᠦᠯᠦᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠨ 《ᠨᠢᠭᠡ ᠲᠥᠪ ᠣᠯᠠᠨ ᠴᠡᠭ》᠎ᠤᠨ ᠴᠢᠳᠠᠪᠤᠷᠢᠲᠠᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠂ ᠵᠠᠯᠠᠭᠤ ᠴᠢᠳᠠᠪᠤᠷᠢᠲᠠᠨ᠎ᠤ ᠪᠠᠢᠭᠤᠯᠤᠯᠲᠠ᠎ᠵᠢ ᠠᠬᠢᠭᠤᠯᠬᠤ ᠲᠠᠯ᠎ᠠ ᠪᠡᠷ ᠦᠷᠭᠦᠯᠵᠢᠯᠡᠨ ᠬᠦᠴᠦᠯᠡᠵᠦ᠍᠂《ᠡᠬᠡ ᠤᠯᠤᠰ᠎ᠤᠨ ᠤᠮᠠᠷᠠᠲᠤ ᠬᠢᠯᠢ ᠵᠢᠨ ᠠᠶᠠᠯᠠᠯ》 ᠳᠤᠮᠳᠠᠳᠤ ᠤᠯᠤᠰ᠎ᠤᠨ ᠵᠠᠯᠠᠭᠤ ᠠᠵᠤ ᠠᠬᠤᠢᠯᠠᠯᠲᠠᠨ᠎ᠤ ᠥᠪᠥᠷ ᠮᠣᠩᠭᠣᠯ᠎ᠳᠤ ᠠᠢᠯᠴᠢᠯᠠᠵᠤ ᠠᠵᠤ ᠦᠶ᠋ᠯᠡᠰ᠎ᠢᠶᠡᠷ ᠱᠢᠨᠵᠢᠯᠡᠨ ᠪᠠᠢᠴᠠᠭᠠᠬᠤ ᠠᠵᠢᠯᠯᠠᠭ᠎ᠠ ᠵᠢ ᠥᠷᠨᠢᠭᠦᠯᠵᠦ᠍ ᠂ ᠪᠥᠬᠥ᠌ ᠤᠯᠤᠰ᠎ᠤᠨ ᠡᠯ᠎ᠡ ᠭᠠᠵᠠᠷ ᠤᠷᠤᠨ᠎ᠤ  ᠠᠵᠤ ᠠᠬᠤᠢᠯᠠᠯ᠎ᠤᠨ ᠲᠥᠯᠥᠭᠡᠯᠡᠭ᠌ᠴᠢ ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠵᠠᠯᠠᠭᠤ ᠠᠵᠤ ᠠᠬᠤᠢᠯᠠᠯᠲᠠᠳ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠪᠠ ᠃ ᠲᠤᠰ ᠠᠵᠢᠯᠯᠠᠭ᠎ᠠ᠎ᠨᠢ ᠰᠦᠯᠵᠢᠶ᠎ᠡ ᠪᠠ ᠪᠤᠳᠠᠳᠤ ᠴᠤᠭᠴᠠ ᠵᠢᠨ ᠬᠡᠯᠪᠡᠷᠢ ᠪᠡᠷ  ᠪᠥᠬᠥ᠌ ᠤᠯᠤᠰ᠎ᠤᠨ 640 ᠭᠠᠷᠤᠶ ᠶᠡᠬᠡ ᠳᠡᠭᠡᠳᠦ ᠰᠤᠷᠭᠠᠭᠤᠯᠢ᠎ᠶ᠋ᠢᠨ 89 ᠲᠦᠮᠡᠨ ᠤᠶᠤᠲᠠᠨ᠎ᠢ ᠣᠷᠣᠯᠴᠠᠭᠤᠯᠵᠤ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠵᠢᠴᠢ ᠠᠵᠢᠯ ᠣᠯᠭᠤᠵᠦ ᠦᠶ᠋ᠯᠡᠰ ᠪᠤᠰᠭᠠᠬᠤ ᠰᠠᠢᠨ ᠰᠠᠢᠬᠠᠨ ᠠᠭᠤᠷ ᠠᠮᠢᠰᠭᠤᠯ᠎ᠢ ᠳᠡᠯᠭᠡᠨ ᠦᠵᠡᠭᠦᠯᠵᠦ᠂ ᠵᠠᠯᠠᠭᠤ ᠱᠢᠯᠢᠳᠡᠭ ᠴᠢᠳᠠᠪᠤᠷᠢᠲᠠᠨ᠎ᠤ ᠥᠪᠥᠷ ᠮᠣᠩᠭᠣᠯ᠎ᠳᠤ ᠢᠷᠡᠵᠦ᠍ ᠠᠵᠢᠯᠯᠠᠬᠤ ᠪᠠ ᠦᠶ᠋ᠯᠡᠰ ᠪᠤᠰᠭᠠᠬᠤ᠎ᠶ᠋ᠢ ᠲᠠᠢᠴᠢᠯᠠᠪᠠ᠃

《ᠵᠠᠯᠠᠭᠤ ᠨᠠᠰᠤᠨ᠎ᠤ ᠡᠬᠦᠳᠦᠯᠳᠡ》 ᠤᠷᠤᠯᠳᠤᠭᠠᠨ᠎ᠢ ᠡᠷᠭᠢᠯᠡᠭ᠌ᠰᠡᠨ᠎ᠡᠴᠡ ᠨᠠᠭᠠᠰᠢ᠂ 8500 ᠭᠠᠷᠤᠶ ᠦᠶ᠋ᠯᠡᠰ ᠪᠤᠰᠬᠠᠬᠤ ᠲᠦᠷᠦᠯ ᠵᠦᠢᠯ ᠳ᠋ᠤ ᠨᠡᠷ᠎ᠡ ᠮᠡᠳᠡᠭᠦᠯᠵᠦ᠍᠂ 3.1 ᠲᠦᠮᠡᠨ ᠵᠠᠯᠠᠭᠤ ᠦᠢᠯᠡᠰ ᠪᠤᠰᠬᠠᠭᠴᠢ ᠤᠷᠤᠯᠳᠤᠭᠠᠨ ᠳ᠋ᠤ ᠣᠷᠣᠯᠴᠠᠵᠠᠶ᠃ 《ᠥᠷᠢᠰᠥᠯᠳᠦᠭᠡᠨ ᠬᠤᠨᠳᠠᠭᠠᠲᠤ》 ᠤᠶᠤᠲᠠᠳ᠎ᠤᠨ ᠬᠢᠴᠢᠶᠡᠯ᠎ᠦᠨ ᠭᠠᠳᠠᠨᠠᠬᠢ ᠡᠷᠳᠡᠮ ᠱᠢᠨᠵᠢᠯᠡᠭᠡᠨ᠎ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠲᠦᠭᠡᠯ᠎ᠦᠨ ᠤᠷᠤᠯᠳᠤᠭᠠᠨ᠎ᠢ ᠵᠠᠯᠭᠠᠭ᠎ᠠ᠎ᠪᠠᠷ 10 ᠬᠤᠭᠤᠴᠠᠭ᠎ᠠ ᠡᠷᠭᠢᠯᠡᠵᠦ᠍ ᠂  6 .7 ᠲᠦᠮᠡ ᠭᠠᠷᠤᠶ ᠰᠣᠷᠣᠭ᠍ᠴᠢ ᠵᠢ ᠣᠷᠣᠯᠴᠠᠭᠤᠯᠵᠤ᠂ ᠵᠠᠯᠠᠭᠤᠴᠤᠳ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠪᠠ ᠰᠢᠨ᠎ᠡ ᠵᠢ ᠡᠬᠦᠳᠬᠦ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

ᠲᠦᠷᠦᠯ ᠬᠤᠪᠢᠶᠠᠨ ᠵᠢᠯᠤᠭᠤᠳᠴᠦ ᠵᠠᠯᠠᠭᠤᠴᠤᠳ ᠲᠠᠢ ᠬᠠᠷᠢᠯᠴᠠᠬᠤ ᠦᠢᠯᠡᠴᠢᠯᠡᠭᠡᠨ᠎ᠢ ᠰᠠᠢᠳᠤᠷ ᠬᠢᠪᠡ᠃ 《ᠤᠶᠤᠲᠠᠳ᠎ᠤᠨ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ》 ᠵᠢ ᠪᠦᠳᠦᠮᠵᠢᠳᠡᠢ ᠦᠷᠨᠢᠬᠦᠯᠵᠦ᠂ 《ᠥᠪᠥᠷ ᠮᠣᠩᠭᠣᠯ᠎ᠤᠨ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ  ᠱᠢᠭᠤᠳ ᠨᠡᠪᠲᠡᠷᠡᠭᠦᠯᠭᠡ》 ᠎ᠪᠡᠷ ᠲᠠᠮᠵᠢᠨ1600 ᠭᠠᠷᠤᠶ ᠠᠵᠤ ᠠᠬᠤᠢᠯᠠᠯ ᠡᠴᠡ 16000 ᠠᠵᠢᠯ᠎ᠤᠨ ᠪᠠᠢᠷᠢ ᠬᠠᠩᠭᠠᠵᠤ ᠂ ᠰᠢᠭᠤᠳ ᠨᠡᠪᠳᠡᠷᠡᠬᠦᠯᠭᠡ ᠵᠢ ᠬᠦᠯᠢᠶᠡᠨ ᠠᠪᠴᠤ ᠦᠵᠡᠭᠰᠡᠳ 126.31 ᠲᠦᠮᠡᠡ᠎ᠬᠦᠮᠦᠨ ᠤᠳᠠᠭ᠎ᠠ ᠳ᠋ᠤ ᠬᠦᠷᠴᠠᠢ᠃ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠣᠳᠣᠬᠢᠴᠢᠯᠠᠯᠳᠠ ᠵᠢᠨ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠪᠣᠯᠪᠠᠰᠤᠷᠠᠯ᠎ᠤᠨ ᠠᠩᠬᠢ᠎ᠶ᠋ᠢ ᠡᠷᠬᠢᠯᠡᠵᠦ᠂ ᠥᠷᠭᠡᠨ ᠤᠯᠠᠨ ᠵᠠᠯᠠᠭᠤᠴᠤᠳ᠎ᠢ ᠳᠠᠢ᠌ᠴᠢᠯᠠᠨ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠵᠠᠯᠠᠭᠤ ᠨᠠᠰᠤᠨ᠎ᠤ ᠬᠤᠪᠢ ᠨᠡᠮᠡᠷᠢ ᠪᠡᠨ ᠦᠵᠡᠬᠦᠯᠬᠦ》  ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠭᠣᠨ᠎ᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠭᠠᠪᠢᠶ᠎ᠠ ᠪᠠᠢᠭᠤᠯᠵᠤ ᠦᠢᠯᠡᠰ ᠪᠤᠰᠭᠠᠬᠤ ᠬᠠᠯᠠᠭᠤᠨ ᠬᠥᠷᠥᠰᠥ᠍ ᠪᠤᠯᠭᠠᠭᠰᠠᠨ ᠪᠠᠢᠨ᠎ᠠ᠃

ᠵᠠᠯᠠᠭᠤ ᠰᠠᠢᠨ ᠳᠤᠷᠠᠴᠤᠳ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ ᠣᠷᠣᠯᠴᠠᠬᠤ ᠠᠷᠭ᠎ᠠ ᠵᠠᠮ᠎ᠢ ᠥᠷᠭᠡᠳᠭᠡᠵᠦ᠍᠂  《ᠥᠪᠥᠷ ᠮᠣᠩᠭᠣᠯ᠎ᠢᠶᠠᠨ ᠬᠠᠢᠷᠠᠯᠠᠵᠤ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠬᠤ᠎ᠳᠤ ᠬᠡᠷᠡᠯ ᠭᠢᠯᠪᠠᠭ᠎ᠠ ᠨᠡᠮᠡᠷᠢᠯᠡᠬᠦ》 2022 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠰᠠᠢᠨ ᠳᠤᠷ᠎ᠠ᠎ᠠᠴᠠ᠎ᠪᠠᠨ ᠪᠠᠷᠠᠭᠤᠨ ᠣᠷᠣᠨ᠎ᠳ᠋ᠤ ᠦᠢᠯᠡᠴᠢᠯᠡᠬᠦ ᠲᠥᠯᠥᠪᠯᠡᠭᠡ ᠵᠢᠨ ᠮᠤᠷᠳᠠᠬᠤ ᠶᠣᠰᠣᠯᠠᠯ ᠎ᠢ ᠶᠠᠪᠤᠭᠤᠯᠵᠤ ᠂ 1099 ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠠᠢᠨ ᠳᠤᠷᠠᠴᠤᠤᠯ᠎ᠢ ᠰᠢᠨ᠎ᠡ ᠪᠡᠷ ᠡᠯᠰᠡᠵᠦ᠍ ᠂  ᠵᠠᠯᠠᠭᠤᠴᠤᠳ᠎ᠤᠨ 《ᠪᠠᠷᠠᠭᠤᠨ ᠣᠷᠣᠨ᠎ᠳᠤ ᠣᠴᠢᠬᠤ ᠂ ᠦᠨᠳᠦᠰᠦᠨ ᠱᠠᠲᠤᠨ᠎ᠳᠤ ᠣᠴᠢᠬᠤ ᠂ ᠡᠬᠡ ᠤᠯᠤᠰ᠎ᠤᠨ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠣᠴᠢᠬᠤ 》  ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠴᠤᠤᠷᠢᠶᠠᠲᠤᠭᠤᠯᠪᠠ᠃

ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠵᠦ᠍ ᠥᠭᠡᠳᠡᠷᠬᠡᠭ ᠲᠠᠪᠰᠢᠩᠭᠤᠢ ᠵᠠᠯᠠᠭᠤ ᠨᠠᠰᠤᠨ᠎ᠤ ᠴᠤᠭ ᠵᠢᠪᠬᠤᠭ᠎ᠠ᠎ᠶ᠋ᠢ ᠢᠯᠡᠷᠡᠭᠦᠯᠦᠭᠰᠡᠨ ᠨᠢ

《ᠵᠠᠯᠠᠭᠤᠴᠤᠳ᠎ᠤᠨ ᠰᠤᠨᠤᠰᠬᠠᠯ》 ᠎ᠢ ᠰᠠᠢᠲᠤᠷ ᠶᠠᠷᠢᠵᠤ᠂ ᠤᠬᠠᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠤᠯᠠᠮ ᠴᠢᠨᠠᠭᠰᠢᠲᠠ ᠳᠡᠭᠡᠭ᠌ᠰᠢᠯᠡᠭᠦᠯᠪᠡ᠃ ᠪᠥᠬᠥ᠌ ᠣᠷᠣᠨ᠎ᠤ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭᠠᠨ᠎ᠦ ᠱᠢᠯᠢᠳᠡᠭ ᠵᠠᠯᠠᠭᠤᠴᠤᠳ ᠎ᠤᠨ ᠪᠣᠳᠠᠲᠤ ᠠᠵᠢᠯᠯᠠᠭ᠎ᠠ᠎ᠪᠠᠷ᠎ᠢᠶᠠᠨ《ᠥᠪᠥᠷ ᠮᠣᠩᠭᠣᠯ᠎ᠢᠶᠠᠨ ᠬᠠᠢᠷᠠᠯᠠᠵᠤ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠬᠦ》 ᠵᠠᠯᠠᠭᠤ ᠨᠠᠰᠤᠨ᠎ᠤ ᠲᠠᠩᠭᠠᠷᠢᠭ᠎ᠵᠢᠡᠨ ᠦᠢᠯᠡᠳᠦᠯᠭᠡᠵᠢᠬᠦᠯᠬᠦ ᠵᠢ ᠠᠬᠢᠭᠤᠯᠪᠠ᠃ 《ᠥᠪᠥᠷ ᠮᠣᠩᠭᠣᠯ᠎ᠢᠶᠠᠨ ᠬᠠᠢᠷᠠᠯᠠᠵᠤ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ ᠤᠮᠠᠷᠠᠲᠤ ᠬᠢᠯᠢ᠎ᠳᠦ ᠭᠡᠷᠡᠯ ᠭᠢᠯᠪᠠᠭ᠎ᠠ ᠨᠡᠮᠡᠷᠢᠯᠡᠨ᠎ᠡ》 ᠭᠡᠬᠦ᠌ ᠱᠢᠯᠢᠳᠡᠭ ᠵᠠᠯᠠᠭᠤᠴᠤᠳ᠎ᠤᠨ ᠲᠥᠯᠥᠭᠡᠯᠡᠭ᠌ᠴᠢᠳ᠎ᠤᠨ ᠰᠤᠷᠪᠤᠯᠵᠢᠯᠠᠭ᠍ᠴᠢᠳ᠎ᠤᠨ ᠠᠭᠤᠯᠵᠠᠯᠲᠠ᠎ᠶ᠋ᠢᠨ ᠬᠤᠷᠠᠯ᠎ᠢ ᠡᠷᠬᠢᠯᠡᠵᠦ᠍᠂ ᠪᠦᠬᠦ᠌ ᠣᠷᠣᠨ᠎ᠤ ᠡᠯ᠎ᠡ ᠬᠦᠷᠢᠶ᠎ᠡ ᠴᠠᠷᠠᠭᠠᠨ᠎ᠤ ᠱᠢᠯᠢᠳᠡᠭ ᠵᠠᠯᠠᠭᠤᠴᠤᠳ᠎ᠤᠨ ᠲᠥᠯᠥᠭᠡᠯᠡᠭ᠌ᠴᠢᠳ᠎ᠢ ᠤᠷᠢᠵᠤ᠂ ᠲᠡᠳᠡᠨ᠎ᠤ ᠲᠡᠮᠡᠴᠡᠯ᠎ᠦᠨ ᠦᠯᠢᠭᠡᠷ᠎ᠢ ᠦᠷᠭᠡᠨ ᠤᠯᠠᠨ ᠵᠠᠯᠠᠭᠤᠴᠤᠳ ᠲᠠᠢ ᠬᠤᠪᠢᠶᠠᠯᠴᠠᠨ᠂ ᠥᠪᠥᠷ ᠮᠣᠩᠭᠣᠯ᠎ᠤᠨ ᠵᠠᠯᠠᠭᠤᠴᠤᠳ᠎ᠤᠨ ᠨᠠᠮ᠎ᠢᠶᠠᠨ ᠡᠷᠡᠰ ᠳᠠᠭᠠᠬᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠢᠳᠡᠪᠬᠢᠲᠡᠢ ᠣᠷᠣᠯᠴᠠᠬᠤ᠂ ᠵᠣᠷᠢᠭ᠍ᠲᠠᠢ᠎ᠪᠠᠷ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠵᠠᠯᠠᠭᠤ ᠨᠠᠰᠤᠨ᠎ᠤ ᠴᠤᠭ ᠵᠢᠪᠬᠤᠭ᠎ᠠ᠎ᠶ᠋ᠢ ᠭᠦᠢᠴᠡᠳ ᠢᠯᠡᠷᠡᠭᠦᠯᠪᠡ᠃

ᠦᠶ᠋ᠯᠡᠳᠦᠯᠭᠡ ᠎ᠪᠡᠷ ᠬᠥᠮᠦᠨ᠎ᠢ ᠬᠥᠮᠦᠵᠢᠭᠦᠯᠬᠦ᠌᠎ᠶ᠋ᠢ ᠴᠢᠬᠤᠯᠠᠴᠢᠯᠠᠵᠤ᠂ ᠵᠠᠯᠠᠭᠤᠴᠤᠳ ᠪᠠᠭᠠᠴᠤᠳ᠎ᠤᠨ ᠥᠷᠲᠡᠭ᠎ᠦᠨ ᠦᠵᠡᠯᠲᠡ᠎ᠵᠢ ᠬᠥᠲᠥᠯᠥᠨ ᠵᠢᠯᠣᠭᠣᠳᠭᠤ᠎ᠶ᠋ᠢ ᠴᠢᠩᠭᠠᠳᠬᠠᠪᠠ᠃ ᠨᠡᠢᠭᠡᠮ ᠵᠢᠷᠤᠮ᠎ᠤᠨ ᠭᠣᠣᠯᠯᠠᠭᠴᠢ ᠥᠷᠲᠡᠭ᠎ᠦᠨ ᠦᠵᠡᠯᠲᠡ᠎ᠶ᠋ᠢ ᠢᠳᠡᠪᠬᠢᠲᠡᠶ᠎ᠪᠡᠷ ᠪᠣᠢᠵᠢᠭᠤᠯᠤᠨ ᠦᠢᠯᠡᠳᠦᠯᠭᠡᠵᠢᠭᠦᠯᠵᠦ᠍᠂ ᠵᠠᠯᠠᠭᠤᠴᠤᠳ ᠪᠠᠭᠠᠴᠤᠳ᠎ᠢ ᠤᠬᠠᠮᠰᠠᠷ᠎ᠠᠴᠠ᠎ᠪᠠᠨ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ ᠵᠢ ᠴᠢᠨᠠᠭᠰᠢᠳᠠ ᠴᠢᠩᠭᠠᠳᠬᠠᠪᠠ᠃ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠬᠠᠤᠯᠢ ᠰᠤᠷᠴᠤ᠌ ᠬᠠᠤᠯᠢ᠎ᠶ᠋ᠢ ᠰᠠᠬᠢᠵᠤ ᠬᠠᠤᠯᠢ᠎ᠶ᠋ᠢ ᠬᠡᠷᠡᠭ᠌ᠯᠡᠬᠦ᠌᠎ᠶ᠋ᠢ ᠬᠥᠲᠥᠯᠥᠨ ᠵᠢᠯᠣᠭᠣᠳᠴᠤ᠌᠂ ᠬᠠᠤᠯᠢ ᠴᠠᠭᠠᠵᠠ ᠰᠠᠬᠢᠯᠭ᠎ᠠ ᠪᠠᠲᠤ᠎ᠶ᠋ᠢ ᠵᠢᠷᠤᠮᠯᠠᠭ᠍ᠰᠠᠨ ᠵᠠᠯᠠᠭᠤᠴᠤᠳ ᠪᠠᠭᠠᠴᠤᠳ᠎ᠤᠨ ᠳᠦᠷᠢ ᠲᠥᠷᠬᠦ᠌᠎ᠶ᠋ᠢ ᠱᠤᠭᠤᠪᠠ᠃

《ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ》 ᠠᠮᠢᠳᠤᠷᠠᠯ᠎ᠤᠨ ᠣᠢᠯᠠᠭᠠᠭ᠍ᠳᠠᠬᠤᠨ᠎ᠢ ᠤᠬᠠᠭᠤᠯᠤᠨ ᠳᠡᠯᠭᠡᠷᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ ᠵᠢ ᠠᠬᠢᠭᠤᠯᠪᠠ᠃ 《ᠦᠵᠡᠰᠭᠦᠯᠡᠩᠲᠦ ᠰᠠᠢᠬᠠᠨ ᠥᠪᠥᠷ ᠮᠣᠩᠭᠣᠯ》 ᠎ᠤᠨ ᠪᠦᠳᠦᠭᠡᠨ ᠪᠠᠢᠭᠤᠯᠤᠯᠳᠠ ᠵᠢᠨ ᠠᠮᠢ ᠠᠬᠤᠶ᠎ᠶ᠋ᠢᠨ ᠪᠣᠯᠪᠠᠰᠤᠨ᠎ᠤ ᠦᠶ᠋ᠯᠡᠳᠦᠯᠭᠡ᠎ᠳᠦ ᠵᠠᠯᠠᠭᠤ ᠨᠠᠰᠤᠨ ᠎ᠤ ᠬᠦᠴᠦᠨ ᠴᠢᠳᠠᠯ᠎ᠵᠢᠡᠨ ᠨᠡᠮᠡᠷᠢᠯᠡᠬᠦ᠌ ᠬᠥᠮᠦᠵᠢᠯ᠎ᠦᠨ ᠠᠵᠢᠯᠯᠠᠭ᠎ᠠ᠎ᠶ᠋ᠢ ᠵᠢ ᠦᠷᠨᠢᠬᠦᠯᠵᠦ᠂ ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠠᠮᠢ ᠠᠬᠤᠶ᠎ᠶ᠋ᠢᠨ ᠪᠣᠯᠪᠠᠰᠤᠨ᠎ᠤ ᠤᠬᠠᠭᠤᠯᠤᠨ ᠲᠠᠢᠯᠪᠤᠷᠢᠯᠠᠬᠤ ᠰᠠᠢᠨ ᠳᠤᠷᠠᠴᠤᠳ᠎ᠢ ᠵᠣᠬᠢᠶᠠᠨ ᠪᠠᠢᠭᠤᠯᠵᠤ ᠪᠥᠬᠥ᠌ ᠣᠷᠣᠨ᠎ᠤ ᠦᠶ᠋ᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ᠎ᠳᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠡᠢᠭᠡᠮ᠎ᠤᠨ ᠦᠶ᠋ᠯᠡᠳᠦᠯᠭᠡ᠎ᠶ᠋ᠢᠨ ᠳᠤᠮᠳᠠ ᠵᠠᠯᠠᠭᠤᠴᠤᠳ ᠪᠠᠭᠠᠴᠤᠳ᠎ᠤᠨ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠠᠮᠲᠤ ᠵᠢᠨ ᠲᠠᠨᠢᠯᠲᠠ᠎ᠶ᠋ᠢ ᠨᠡᠮᠡᠭ᠌ᠳᠡᠭᠦᠯᠪᠡ᠃

ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠨᠠᠢᠳᠠᠪᠤᠷᠢᠵᠢᠭᠤᠯᠤᠨ᠂ ᠳᠡᠭᠡᠳᠦ ᠳᠣᠣᠷᠠᠳᠤ ᠱᠠᠲᠤ ᠬᠣᠯᠪᠣᠭᠠᠯᠠᠨ ᠠᠳᠠᠯᠢ ᠴᠢᠭ᠌ᠯᠡᠯ᠎ᠢᠶᠡᠷ ᠬᠦᠴᠦᠯᠡᠵᠦ᠂  ᠨᠢᠭᠡ ᠱᠠᠲᠤ ᠨᠢ ᠨᠢᠭᠡ ᠱᠠᠲᠤ᠎ᠪᠠᠨ ᠠᠳᠭᠤᠬᠤ᠂ ᠱᠠᠲᠤ ᠱᠠᠲᠤ᠎ᠪᠠᠷ ᠵᠢᠱ᠌ᠢᠶ᠎ᠡ ᠦᠵᠡᠭᠦᠯᠦᠨ ᠳᠠᠢᠴᠢᠯᠠᠬᠤ᠂ ᠪᠦᠬᠦᠯᠢ ᠴᠣᠭ᠍ᠴᠠ᠎ᠪᠠᠷ ᠵᠣᠬᠢᠴᠠᠩᠭᠤᠶ ᠠᠬᠢᠭᠤᠯᠬᠤ ᠠᠵᠢᠯ᠎ᠤᠨ ᠪᠠᠢᠷᠢᠱᠢᠯ᠎ᠢ ᠪᠦᠷᠢᠯᠳᠦᠬᠦᠯᠵᠦ᠂ ᠡᠪᠯᠡᠯ᠎ᠦᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠬᠥᠲᠥᠯᠥᠨ ᠳᠠᠭᠠᠭᠤᠯᠬᠤ ᠬᠦᠴᠦᠨ ᠪᠦᠬᠦ᠌ ᠲᠠᠯ᠎ᠠ᠎ᠪᠠᠷ ᠳᠡᠭᠡᠭ᠌ᠰᠢᠯᠡᠵᠦ᠂ ᠵᠣᠬᠢᠶᠠᠨ ᠪᠠᠢᠭᠤᠯᠬᠤ ᠬᠦᠴᠦᠨ ᠪᠦᠬᠦ᠌ ᠲᠠᠯ᠎ᠠ᠎ᠪᠠᠷ ᠴᠢᠩᠭᠠᠷᠠᠵᠤ᠂ ᠦᠢᠯᠡᠴᠢᠯᠡᠭᠡᠨ᠎ᠦ ᠬᠦᠴᠦᠨ ᠪᠦᠬᠦ᠌ ᠲᠠᠯ᠎ᠠ᠎ᠪᠠᠷ ᠳᠡᠭᠡᠭ᠌ᠰᠢᠯᠡᠨ᠂ ᠶᠡᠬᠡ ᠲᠠᠯ᠎ᠠ᠎ᠳᠤ ᠬᠤᠪᠢ ᠨᠡᠮᠡᠷᠢ ᠦᠵᠡᠬᠦᠯᠦᠭᠰᠡᠨ ᠬᠡᠮᠵᠢᠶ᠎ᠡ ᠪᠥᠬᠥ᠌ ᠲᠠᠯ᠎ᠠ᠎ᠪᠠᠷ ᠲᠣᠪᠣᠢᠮ᠎ᠠ ᠪᠣᠯᠪᠠ᠃ ᠵᠠᠯᠠᠭᠤᠴᠤᠳ ᠪᠠᠭᠠᠴᠤᠳ᠎ᠤᠨ ᠬᠦᠷᠲᠡᠮᠵᠢ᠎ᠶ᠋ᠢᠨ ᠲᠥᠷᠥᠭ᠌ᠳᠡᠯ ᠪᠦᠬᠦ᠌ ᠲᠠᠯ᠎ᠠ᠎ᠪᠠᠷ ᠲᠡᠭᠡᠭᠰᠢᠯᠡᠵᠦ᠂ ᠡᠪᠯᠡᠯ᠎ᠦᠨ ᠱᠢᠨ᠎ᠡ ᠳᠦᠷᠢ ᠲᠥᠷᠬᠦ᠌᠎ᠶ᠋ᠢ ᠪᠦᠬᠦ᠌ ᠲᠠᠯ᠎ᠠ᠎ᠪᠠᠷ ᠱᠤᠭᠤᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号