ᠡᠨᠡ ᠬᠡᠳᠦᠨ ᠡᠳᠦᠷ᠂ ᠰᠢᠯᠢᠩᠬᠣᠲᠠ᠎ᠶᠢᠨ ᠴᠤᠬᠯᠠᠭᠠᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠠᠢ ᠮᠢᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭᠴᠢ ᠯᠢ ᠵᠢᠶᠠ ᠬᠠᠮᠲᠤ ᠠᠵᠢᠯᠯᠠᠭᠰᠠᠳ᠎ᠲᠠᠢ᠎ᠪᠠᠨ ᠮᠠᠰᠢ ᠶᠠᠭᠠᠷᠠᠯᠲᠠᠢ ᠠᠵᠢᠯᠯᠠᠵᠤ᠂ ᠪᠥᠭᠡᠮ ᠬᠦᠴᠢᠯ᠎ᠤᠨ ᠪᠠᠢᠴᠠᠭᠠᠯᠲᠠ ᠬᠢᠵᠦ᠂ ᠡᠳ᠋ ᠪᠣᠳᠠᠰ ᠬᠦᠷᠭᠡᠵᠦ᠂ ᠠᠷᠭ᠎ᠠ ᠪᠦᠬᠦᠨ᠎ᠢ ᠰᠦᠪᠡᠭᠴᠢᠯᠡᠨ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠡᠯ᠎ᠡ ᠵᠦᠢᠯ᠎ᠦᠨ ᠬᠦᠴᠢᠷᠳᠡᠯ᠎ᠢ ᠰᠢᠢᠳᠪᠦᠷᠢᠯᠡᠨ᠎ᠡ ᠁ ᠬᠡᠳᠦᠢ ᠶᠠᠭᠠᠷᠠᠯᠲᠠᠢ ᠪᠣᠯᠪᠠᠴᠤ ᠴᠠᠭ᠎ᠲᠠᠢ ᠯᠠ ᠪᠣᠯ ᠯᠢ ᠵᠢᠶᠠ ᠬᠠᠮᠲᠤ ᠠᠵᠢᠯᠯᠠᠭᠰᠠᠳ᠎ᠲᠠᠢ᠎ᠪᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠢ ᠰᠤᠷᠤᠯᠴᠠᠳᠠᠭ᠃
《ᠲᠦᠷᠦ ᠬᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠦᠷᠦ ᠬᠦᠷᠦᠨ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠲᠦᠷᠦ ᠬᠦᠷᠦᠨ ᠪᠠᠢᠭᠤᠯᠤᠨ᠂ ᠲᠦᠷᠦ ᠬᠦᠷᠦᠨ ᠢ᠋ᠢᠡᠨ ᠰᠠᠬᠢᠬᠤ᠎ᠳᠤ᠂ ᠰᠠᠬᠢᠵᠦ ᠪᠠᠢᠭ᠎ᠠ ᠨᠢ ᠠᠷᠠᠳ ᠲᠦᠮᠡᠨ᠎ᠤ ᠰᠡᠳᠬᠢᠯ ᠶᠤᠮ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠡᠬᠢ ᠡᠨᠡ ᠪᠠᠳᠠᠭ ᠦᠭᠡ ᠦᠨᠡᠬᠡᠷ ᠮᠢᠨᠤ ᠰᠡᠳᠬᠢᠯ᠎ᠳᠤ ᠬᠠᠳᠠᠩᠰᠢᠵᠠᠢ》᠂ 《2014 ᠣᠨ᠎ᠤ 1 ᠰᠠᠷ᠎ᠠ᠎ᠶᠢᠨ 27᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠮᠠᠨ᠎ᠤ ᠠᠢ ᠮᠢᠨ ᠨᠡᠢᠭᠡᠮ ᠲᠣᠭᠣᠷᠢᠭ᠋᠎ᠲᠤ ᠪᠠᠢᠴᠠᠭᠠᠨ ᠦᠵᠡᠬᠦ᠎ᠳᠡᠭᠡᠨ᠂ ᠪᠢᠳᠡᠨ᠎ᠳᠦ 〈ᠠᠷᠠᠳ ᠲᠦᠮᠡᠨ᠎ᠢ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠪᠥᠬᠥ ᠬᠦᠴᠦᠨ᠎ᠢᠶᠡᠷ᠎ᠢᠶᠡᠨ ᠣᠯᠠᠨ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠵᠦ ᠥᠭᠬᠦ ᠬᠡᠷᠡᠭᠲᠡᠢ〉 ᠭᠡᠵᠦ ᠵᠠᠬᠢᠪᠠ᠃ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠠ ᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢᠳᠡ ᠶᠡᠷᠦᠩᠬᠡᠢ ᠱᠦᠵᠢ᠎ᠶᠢᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠪᠥᠬᠥ ᠰᠡᠳᠬᠢᠯ ᠪᠥᠬᠥ ᠵᠣᠷᠢᠭ᠋᠎ᠢᠶᠠᠷ᠎ᠢᠶᠠᠨ ᠣᠯᠠᠨ ᠲᠦᠮᠡᠨ᠎ᠦ ᠲᠥᠯᠥᠭᠡ ᠪᠣᠳᠣᠯᠬᠢᠯᠠᠵᠤ᠂ ᠲᠡᠳᠡᠨ᠎ᠳᠦ ᠨᠠᠮ᠎ᠤᠨ ᠰᠠᠢᠨ ᠲᠥᠷᠥ᠍᠎ᠶᠢᠨ ᠪᠣᠳᠣᠯᠭ᠎ᠠ᠎ᠶᠢᠨ ᠠᠪᠴᠢᠷᠠᠭᠰᠠᠨ ᠬᠠᠯᠠᠭᠤᠨ ᠳᠤᠯᠠᠭᠠᠨ᠎ᠢ ᠮᠡᠳᠡᠷᠡᠭᠦᠯᠵᠦ᠂ ᠠᠷᠠᠳ ᠲᠦᠮᠡᠨ᠎ᠦ ᠰᠡᠳᠬᠢᠯ᠎ᠢ ᠰᠠᠢᠲᠤᠷ ᠰᠠᠬᠢᠨ᠎ᠠ》 ᠭᠡᠵᠦ ᠬᠡᠯᠡᠪᠡ᠃
ᠠᠢ ᠮᠢᠨ ᠨᠡᠢᠭᠡᠮ ᠲᠣᠭᠣᠷᠢᠭ᠋᠎ᠤᠨ ᠬᠠᠷᠢᠶ᠎ᠠ ᠲᠠᠯᠠᠪᠠᠶ ᠨᠢ 1.22 ᠲᠡᠭᠰᠢ ᠳᠥᠷᠪᠡᠯᠵᠢᠨ ᠺᠢᠯᠣᠮᠧᠲᠷ ᠪᠠᠢᠵᠤ᠂ ᠨᠡᠶ᠋ᠢᠲᠡ 6212 ᠡᠷᠦᠬᠡ᠂ 1.4 ᠲᠦᠮᠡ ᠭᠠᠷᠤᠢ ᠰᠠᠭᠤᠭᠠᠯᠢ ᠠᠷᠠᠳ᠎ᠲᠠᠢ᠃ 8 ᠵᠢᠯ᠎ᠦᠨ ᠲᠤᠷᠰᠢ᠂ ᠠᠢ ᠮᠢᠨ ᠨᠡᠢᠭᠡᠮ ᠲᠣᠭᠣᠷᠢᠭ᠋᠎ᠤᠨ ᠬᠢᠨ ᠶᠡᠷᠦᠩᠬᠡᠢ ᠱᠦᠵᠢ ᠰᠢ᠎ᠶᠢᠨ ᠫᠢᠩ ᠤᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠢᠮᠠᠭᠲᠠ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠬᠦᠴᠦᠨ᠎ᠢᠶᠡᠷ᠎ᠢᠶᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠵᠦ᠂ ᠰᠠᠭᠤᠭᠠᠯᠢ ᠠᠷᠠᠳ᠎ᠤᠨ ᠬᠡᠷᠡᠭ ᠵᠥᠪᠯᠡᠬᠦ ᠲᠢᠩᠬᠢᠮ᠎ᠦᠨ ᠳᠦᠷᠢᠮ᠎ᠢ ᠪᠠᠢᠭᠤᠯᠵᠤ᠂ ᠰᠠᠢᠨ ᠳᠤᠷᠠᠴᠤᠳ᠎ᠤᠨ ᠡᠩᠨᠡᠭᠡ᠎ᠶᠢ ᠪᠠᠢᠭᠤᠯᠵᠤ᠂ ᠤᠯᠠᠨ ᠲᠦᠮᠡᠨ᠎ᠳᠦ ᠦᠢᠯᠡᠴᠢᠯᠡᠬᠦ ᠨᠠᠷᠢᠨ ᠲᠠᠨᠭᠰᠠ᠎ᠶᠢ 35 ᠵᠦᠢᠯ ᠪᠠᠢᠭᠰᠠᠨ ᠡᠴᠡ 51 ᠵᠦᠢᠯ ᠪᠣᠯᠭᠠᠨ ᠨᠡᠮᠡᠭᠳᠡᠭᠦᠯᠵᠦ᠂ ᠨᠡᠢᠭᠡᠮ ᠲᠣᠭᠣᠷᠢᠭ᠋ᠲᠡᠬᠢ ᠠᠷᠠᠳ᠎ᠲᠤ ᠠᠰᠢᠭ᠋ ᠬᠦᠷᠲᠡᠭᠡᠬᠦ ᠬᠠᠮ ᠳᠡᠯᠭᠡᠭᠦᠷ᠎ᠦᠨ ᠲᠠᠸᠠᠷ ᠡᠳᠦᠷ ᠢᠷᠡᠬᠦᠶ᠎ᠡ ᠡᠯᠪᠡᠭᠵᠢᠵᠦ᠂ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ ᠨᠡᠩ ᠭᠣᠢᠳᠠ ᠰᠠᠢᠬᠠᠨ᠂ ᠦᠢᠯᠡᠴᠢᠯᠡᠭᠡᠨ᠎ᠦ ᠴᠢᠳᠠᠪᠬᠢ᠎ᠶᠢ ᠨᠡᠩ ᠪᠦᠷᠢᠨ ᠲᠡᠭᠦᠯᠳᠡᠷ ᠪᠣᠯᠭᠠᠵᠠᠢ᠃
ᠨᠠᠮ᠎ᠤᠨ ᠬᠣᠷᠢᠳᠤᠭᠠᠷ ᠤᠳᠠᠭ᠎ᠠ᠎ᠶᠢᠨ ᠪᠦᠬᠦ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠡᠬᠢᠯᠡᠬᠦ ᠦᠶ᠎ᠡ᠎ᠳᠦ᠂ ᠠᠢ ᠮᠢᠨ ᠨᠡᠢᠭᠡᠮ ᠲᠣᠭᠣᠷᠢᠭ᠋᠎ᠤᠨ ᠠᠵᠢᠯᠲᠠᠨ ᠪᠣᠯᠣᠨ ᠰᠠᠭᠤᠭᠠᠯᠢ ᠠᠷᠠᠳ ᠨᠡᠢᠭᠡᠮ ᠲᠣᠭᠣᠷᠢᠭ᠋᠎ᠤᠨ ᠬᠡᠷᠡᠭ ᠡᠷᠬᠢᠯᠡᠬᠦ ᠲᠢᠩᠬᠢᠮ᠎ᠳᠦ ᠡᠬᠢᠯᠡᠯᠲᠡ᠎ᠶᠢᠨ ᠬᠤᠷᠠᠯ᠎ᠤᠨ ᠦᠪᠡᠳᠡᠭᠰᠢ ᠪᠠᠢᠳᠠᠯ᠎ᠢ ᠬᠠᠮᠲᠤ᠎ᠪᠠᠷ ᠭᠥᠯᠢᠶᠡᠨ ᠠᠪᠴᠤ ᠦᠵᠡᠪᠡ᠃ ᠡᠨᠡ ᠬᠡᠳᠦᠨ ᠡᠳᠦᠷ᠂ ᠤᠯᠠᠨ᠎ᠢᠶᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠡᠢᠭᠡᠮ ᠲᠣᠭᠣᠷᠢᠭ᠋᠎ᠲᠤ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠠᠩᠬᠠᠷᠤᠭᠰᠠᠭᠠᠷ ᠢᠷᠡᠵᠠᠢ᠃
《ᠡᠳᠡᠭᠡᠷ ᠵᠢᠯ᠎ᠦᠳ᠎ᠲᠦ᠂ ᠮᠠᠨ᠎ᠤ ᠨᠡᠢᠭᠡᠮ ᠲᠣᠭᠣᠷᠢᠭ᠋᠎ᠤᠨ ᠬᠤᠪᠢᠷᠠᠯᠲᠠ ᠯᠤᠲᠤ ᠶᠡᠬᠡ᠂ ᠣᠷᠴᠢᠨ ᠲᠣᠭᠣᠷᠢᠨ ᠤᠯᠠᠮ ᠡᠴᠡ ᠤᠯᠠᠮ ᠰᠠᠢᠵᠢᠷᠠᠵᠤ᠂ ᠠᠷᠠᠳ ᠢᠷᠭᠡᠳ᠎ᠦᠨ ᠠᠮᠢᠳᠤᠷᠠᠯ ᠤᠯᠠᠮ ᠡᠴᠡ ᠤᠯᠠᠮ ᠵᠣᠯ ᠵᠢᠷᠭᠠᠯ᠎ᠲᠠᠢ ᠪᠣᠯᠪᠠ》᠃ ᠠᠢ ᠮᠢᠨ ᠨᠡᠢᠭᠡᠮ ᠲᠣᠭᠣᠷᠢᠭ᠋᠎ᠤᠨ ᠳᠡᠳ᠋ ᠡᠷᠬᠢᠯᠡᠭᠴᠢ ᠰᠦᠨ ᠴᠢᠶᠠᠩ ᠴᠢᠶᠠᠩ᠄ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ ᠬᠥᠮᠥᠰ᠎ᠦᠨ ᠤᠷᠮ᠎ᠠ ᠵᠣᠷᠢᠭ᠋ ᠢ᠋ ᠬᠥᠭᠵᠢᠭᠡᠵᠦ᠂ ᠠᠷᠠᠳ ᠣᠯᠠᠨ᠎ᠤ ᠠᠩᠬᠠᠷᠴᠤ ᠪᠠᠢᠭ᠎ᠠ ᠠᠷᠠᠳ᠎ᠤᠨ ᠠᠮᠢᠳᠤᠷᠠᠯ᠎ᠤᠨ ᠲᠤᠬᠠᠢ ᠮᠠᠰᠢ ᠣᠯᠠᠨ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠡᠢ᠃ ᠨᠢᠭᠡᠨ ᠵᠠᠯᠠᠭᠤ ᠬᠦᠮᠦᠨ᠂ ᠨᠢᠭᠡᠨ ᠨᠡᠢᠭᠡᠮ ᠲᠣᠭᠣᠷᠢᠭ᠋᠎ᠤᠨ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠢᠯᠡᠳᠬᠡᠯ᠎ᠦᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠠᠢᠲᠤᠷ ᠰᠤᠷᠤᠯᠴᠠᠵᠤ᠂ ᠲᠤᠬᠠᠢᠯᠠᠭᠰᠠᠨ ᠠᠵᠢᠯ᠎ᠤᠨ ᠪᠠᠢᠷᠢ ᠳᠡᠭᠡᠷ᠎ᠡ᠎ᠪᠡᠨ ᠵᠢᠱ᠌ᠢᠶᠡᠴᠢ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠵᠢᠡᠨ ᠲᠠᠭᠠᠨ ᠤᠷᠤᠬᠰᠢᠯᠠᠵᠦ᠂ ᠤᠯᠠᠨ ᠲᠦᠮᠡᠨ᠎ᠦ ᠦᠢᠯᠡᠰ᠎ᠲᠦ ᠦᠢᠯᠡᠴᠢᠯᠡᠬᠦ᠎ᠳᠦ ᠥᠪᠡᠷ᠎ᠦᠨ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃
ᠮᠦᠨ ᠬᠦ᠌ ᠳᠡᠳ᠋ ᠡᠷᠬᠢᠯᠡᠭᠴᠢ ᠢ᠋ᠢᠨ ᠲᠤᠰᠢᠶᠠᠯ᠎ᠳᠤ ᠪᠠᠢᠭ᠎ᠠ ᠵᠠᠩ ᠬᠠᠢ ᠶᠠᠨ ᠦᠭᠡ ᠶᠢ ᠨᠢ ᠵᠠᠯᠭᠠᠵᠤ ᠠᠪᠤᠭᠠᠳ᠂ ᠬᠣᠢᠰᠢᠳᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠦᠭᠴᠦ ᠂ ᠨᠠᠮ᠎ᠤᠨ ᠭᠡᠰᠢᠭᠦᠨ᠎ᠦ ᠵᠢᠱ᠌ᠢᠶᠡᠴᠢ ᠳᠠᠭᠠᠭᠤᠯᠤᠬᠴᠢ ᠦᠢᠯᠡᠳᠦᠯ ᠵᠢᠡᠨ ᠰᠠᠢᠲᠤᠷ ᠪᠠᠳᠠᠷᠠᠭᠤᠯᠵᠤ᠂ ᠰᠠᠭᠤᠭᠠᠯᠢ ᠠᠷᠠᠳ᠎ᠤᠨ ᠰᠡᠳᠬᠢᠯ᠎ᠢ ᠮᠡᠳᠡᠭᠴᠢ ᠪᠣᠯᠬᠤ᠎ᠪᠠᠷ ᠴᠢᠷᠮᠠᠢᠵᠤ᠂ ᠰᠠᠭᠤᠭᠠᠯᠢ ᠠᠷᠠᠳ᠎ᠤᠨ ᠪᠤᠳᠤᠵᠤ ᠪᠠᠢᠭ᠎ᠠ ᠵᠦᠢᠯ᠎ᠢ ᠪᠤᠳᠤᠵᠤ᠂ ᠰᠠᠭᠤᠭᠠᠯᠢ ᠠᠷᠠᠳ᠎ᠤᠨ ᠪᠠᠴᠢᠮᠳᠠᠵᠤ ᠪᠠᠢᠭ᠎ᠠ ᠵᠦᠢᠯ᠎ᠳᠦ ᠪᠠᠴᠢᠮᠳᠠᠵᠤ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢ ᠲᠠᠰᠤᠷᠠᠯᠳᠠ ᠦᠭᠡᠢ ᠠᠬᠢᠭᠤᠯᠵᠤ᠂ ᠦᠢᠯᠡᠴᠢᠯᠡᠭᠡᠨ᠎ᠦ ᠠᠷᠭ᠎ᠠ ᠵᠠᠮ᠎ᠢ ᠥᠷᠭᠡᠳᠬᠡᠨ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠨ᠎ᠠ ᠬᠡᠵᠦ ᠬᠡᠯᠡᠪᠡ᠃