ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯᠤᠨᠤᠷᠠ ᠴᠢᠳᠠᠪᠤᠷᠢ᠎ᠶ᠋ᠢ ᠬᠢᠨᠠᠨ ᠲᠤᠭᠳᠠᠭᠠᠬᠤ ᠥᠷᠲᠡᠭᠡ 2008 ᠣᠨ᠎ᠳᠤ ᠪᠠᠢᠭᠤᠯᠤᠭ᠍ᠳᠠᠭ᠍ᠰᠠᠨ ᠡᠴᠡ ᠨᠠᠭᠠᠰᠢ᠂ ᠠᠷᠪᠠᠭᠠᠳ ᠵᠢᠯ᠎ᠦᠨ ᠲᠤᠷᠰᠢ ᠮᠠᠨ᠎ᠤ ᠤᠷᠤᠨ᠎ᠤ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠢ ᠬᠢᠨᠠᠨ ᠲᠤᠭᠳᠠᠭᠠᠬᠤ ᠠᠵᠢᠯ ᠦᠷᠨᠢᠨ ᠬᠦᠭᠵᠢᠵᠦ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠵᠢ ᠬᠢᠨᠠᠨ ᠲᠤᠭᠳᠠᠭᠠᠬᠤ ᠦᠷᠳᠡᠭᠡ᠎ᠶᠢᠨ ᠬᠢᠨ ᠪᠡᠶ᠎ᠡ ᠵᠢᠨ ᠲᠠᠮᠢᠷ᠎ᠤᠨ ᠴᠢᠳᠠᠪᠤᠷᠢᠳᠠᠨ ᠢ ᠢᠯᠡᠷᠡᠬᠦᠯᠬᠦ ᠪᠠ ᠬᠦᠮᠦᠵᠢᠬᠦᠯᠬᠦ᠂ ᠪᠡᠶ᠎ᠡ ᠵᠢᠨ ᠲᠠᠮᠢᠷ᠎ᠤᠨ ᠦᠢᠯᠡᠰ᠎ᠤᠨ ᠰᠢᠨᠵᠢᠯᠡᠬᠦ ᠤᠬᠠᠭᠠᠨᠴᠢ ᠡᠷᠡᠬᠦᠯ ᠵᠢᠡᠷ ᠬᠦᠭᠵᠢᠬᠦ ᠵᠢ ᠠᠬᠢᠭᠤᠯᠬᠤ ᠳᠡᠭᠡᠳᠦ ᠬᠡᠮᠵᠢᠶᠡᠨ᠎ᠤ ᠬᠠᠷᠢᠭᠤᠴᠠᠯᠭᠠᠳᠦ ᠰᠡᠳᠬᠢᠯᠭᠡ ᠪᠡᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠭᠡᠷ ᠢᠷᠡᠵᠠᠢ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯᠤᠨᠤᠷᠠ ᠴᠢᠳᠠᠪᠤᠷᠢ᠎ᠶ᠋ᠢ ᠬᠢᠨᠠᠨ ᠲᠤᠭᠳᠠᠭᠠᠬᠤ ᠥᠷᠲᠡᠭᠡ ᠠᠩᠬ᠎ᠠ ᠡᠬᠢᠨ ᠳ᠋ᠡᠭᠡᠨ ᠵᠢᠯ᠎ᠳᠦ ᠵᠥᠪᠬᠡᠨ ᠨᠢᠭᠡ ᠪᠦᠯᠦᠭ ᠤᠳᠠᠭ᠎ᠠ ᠂ 23 ᠬᠥᠮᠦᠨᠳ᠋ᠤ ᠠᠵᠢᠯ ᠮᠡᠷᠭᠡᠵᠢᠯ᠎ᠤᠨ ᠬᠢᠨᠠᠨ ᠲᠤᠭᠳᠠᠭᠠᠯᠳᠠ ᠬᠢᠵᠦ ᠪᠠᠢᠭᠰᠠᠨ ᠡᠴᠡ ᠠᠷᠪᠠᠨ ᠵᠢᠯ᠎ᠦᠨ ᠴᠢᠷᠮᠠᠢᠯᠭ᠎ᠠ᠎ᠪᠠᠷ ᠳᠡᠮᠵᠢᠨ᠂ 2019 ᠣᠨ ᠪᠣᠯᠬᠤ᠎ᠳᠤ ᠂ ᠵᠢᠯ ᠳ᠋ᠤ 60 ᠭᠠᠷᠤᠶ ᠪᠦᠯᠦᠭ ᠤᠳᠠᠭ᠎ᠠ᠂ 2000 ᠭᠠᠷᠤᠢ ᠬᠥᠮᠦᠨᠳ᠋ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠤᠭᠳᠠᠭᠠᠯᠳᠠ ᠬᠢᠬᠦ ᠵᠢ ᠪᠡᠶᠡᠯᠡᠬᠦᠯᠬᠦ ᠪᠤᠯᠪᠠ᠃ ᠬᠢᠨᠠᠨ ᠲᠤᠭᠳᠠᠭᠠᠬᠤ ᠬᠡᠪᠴᠢᠶᠡᠨ᠎ᠳᠦ ᠤᠮᠪᠠᠯᠲᠠ᠂ ᠵᠡᠪᠰᠡᠭ᠎ᠤᠨ ᠡᠷᠳᠡᠮ᠂ ᠥᠲᠥᠨ ᠪᠥᠮᠪᠥᠭᠡ᠂ ᠲᠤᠤᠷ ᠪᠥᠮᠪᠥᠭᠡ᠂ ᠲᠠᠢᠺᠢᠨᠳᠤᠤ᠂ ᠴᠠᠰᠤᠨ᠎ᠳᠤ ᠭᠤᠯᠭᠤᠬᠤ᠂ ᠬᠠᠲᠠᠨ᠎ᠳᠤ ᠠᠪᠠᠷᠢᠬᠤ᠂ ᠪᠡᠶ᠎ᠡ ᠴᠢᠭᠢᠷᠠᠭ᠍ᠵᠢᠭᠤᠯᠬᠤ ᠳᠠᠰᠭᠠᠯᠵᠢᠭᠤᠯᠤᠭ᠍ᠴᠢ᠂ ᠪᠡᠶ᠎ᠡ ᠴᠢᠭᠢᠷᠠᠭ᠍ᠵᠢᠭᠤᠯᠬᠤ ᠲᠠᠮᠢᠷ᠂ ᠠᠭᠤᠯᠠ ᠠᠪᠠᠷᠢᠬᠤ ᠵᠡᠷᠭᠡ ᠲᠥᠷᠥᠯ ᠵᠦᠶ᠋ᠯ᠎ᠦᠨ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ ᠵᠢᠴᠢ ᠤᠮᠪᠠᠯᠲᠠ᠎ᠶ᠋ᠢᠨ ᠠᠪᠤᠷᠠᠭ᠍ᠴᠢ᠂ ᠪᠡᠶ᠎ᠡ ᠶ᠋ᠢᠨ ᠲᠠᠮᠢᠷ᠎ᠤᠨ ᠲᠠᠯᠠᠪᠤᠷ᠎ᠤᠨ ᠠᠵᠢᠯᠴᠢᠨ᠎ᠢ ᠪᠠᠭᠲᠠᠭᠠᠪᠠ᠃ ᠣᠳᠣᠬᠠᠨ ᠪᠣᠯᠲᠠᠯ᠎ᠠ᠂ ᠲᠤᠰ ᠥᠷᠲᠡᠭᠡ 10751 ᠬᠥᠮᠦᠨ ᠳ᠋ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠤᠭᠳᠠᠭᠠᠯᠳᠠ ᠬᠢᠵᠦ ᠂ ᠬᠢᠨᠠᠨ ᠲᠤᠭᠳᠠᠭᠠᠯᠳᠠ ᠵᠢ ᠦᠩᠭᠡᠷᠡᠭᠡᠭᠰᠡᠨ ᠨᠣᠷᠮ᠎ᠠ ᠨᠢ 66.23%᠎ᠳᠦ ᠬᠦᠷᠪᠠ᠃ ᠡᠭᠦᠨ᠎ᠳᠦ ᠤᠮᠪᠠᠯᠲᠠ᠎ᠶ᠋ᠢᠨ ᠠᠪᠤᠷᠠᠭ᠍ᠴᠢ 3787 ᠬᠥᠮᠦᠨ ᠪᠠᠢᠵᠤ ᠂ 2752 ᠬᠥᠮᠦᠨ᠎ᠳᠦ ᠦᠨᠡᠮᠯᠡᠯ ᠣᠯᠭᠤᠵᠦ ᠂ ᠬᠢᠨᠠᠨ ᠲᠤᠭᠳᠠᠭᠠᠯᠳᠠ ᠵᠢ ᠦᠩᠭᠡᠷᠡᠭᠡᠭᠰᠡᠨ ᠨᠣᠷᠮ᠎ᠠ ᠨᠢ 72.67%᠎ᠳᠦ ᠬᠦᠷᠴᠠᠢ᠃ ᠨᠡᠢᠭᠡᠮ᠎ᠦᠨ ᠵᠢᠭᠠᠨ ᠵᠢᠯᠣᠭᠣᠳᠣᠭ᠍ᠴᠢ 6886 ᠬᠥᠮᠦᠨ ᠪᠠᠢᠵᠤ ᠂ 4289 ᠬᠥᠮᠦᠨ᠎ᠳᠦ ᠦᠨᠡᠮᠯᠡᠯ ᠤᠯᠭᠤᠵᠦ᠂ ᠬᠢᠨᠠᠨ ᠲᠤᠭᠳᠠᠭᠠᠯᠳᠠ ᠵᠢ ᠦᠩᠭᠡᠷᠡᠭᠡᠭᠰᠡᠨ ᠨᠣᠷᠮ᠎ᠠ ᠨᠢ 62.29% ᠳᠦ ᠬᠦᠷᠪᠡ᠃ ᠪᠡᠶ᠎ᠡ᠎ᠶ᠋ᠢᠨ ᠲᠠᠮᠢᠷ᠎ᠤᠨ ᠣᠷᠳᠣᠨ ᠲᠠᠯᠠᠪᠠᠶ᠎ᠶ᠋ᠢᠨ ᠬᠠᠮᠢᠶᠠᠷᠤᠭ᠍ᠴᠢ 78 ᠬᠥᠮᠦᠨ ᠪᠠᠢᠵᠤ ᠂ 77 ᠬᠥᠮᠦᠨᠳ᠋ᠤ ᠦᠨᠡᠮᠯᠡᠯ ᠣᠯᠭᠤᠵᠤ᠂ ᠦᠨᠡᠮᠯᠡᠯ ᠤᠯᠭᠤᠭᠰᠠᠨ ᠨᠣᠷᠮ᠎ᠠ᠎ᠨᠢ 98.72%᠎ᠳᠦ ᠬᠦᠷᠴᠡᠢ᠃
ᠠᠷᠪᠠ ᠭᠠᠷᠤᠢ ᠵᠢᠯ᠎ᠦᠨ ᠲᠤᠷᠰᠢ ᠂ ᠬᠢᠨᠠᠨ ᠲᠤᠭᠳᠠᠭᠠᠬᠤ ᠠᠵᠢᠯ᠎ᠢ ᠦᠷᠨᠢᠬᠦᠯᠦᠭᠰᠡᠨ ᠭᠡᠪᠴᠢᠶ᠎ᠡ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠪᠠᠷᠠᠭᠤᠨ ᠬᠡᠰᠡᠭ᠎ᠦᠨ ᠠᠯᠠᠱᠠ᠎ᠠᠴᠠ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠵᠡᠭᠦᠨ ᠵᠠᠬ᠎ᠠ᠎ᠶ᠋ᠢᠨ ᠬᠥᠯᠥᠨ ᠪᠤᠢ᠌ᠷ ᠬᠦᠷᠲᠡᠯ᠎ᠡ 2000 ᠭᠠᠷᠤᠢ ᠺᠢᠯᠤᠮᠸᠲᠷ ᠨᠤᠳᠤᠭ ᠲᠡᠪᠢᠰᠭᠡᠷ᠎ᠢ ᠰᠤᠨᠳᠠᠯᠠᠵᠤ᠂ 10 ᠭᠠᠷᠤᠢ ᠠᠢᠮᠠᠭ ᠬᠤᠳᠠ᠎ᠳᠤ ᠲᠦᠭᠡᠵᠠᠢ᠃
ᠣᠢᠷ᠎ᠠ᠎ᠶ᠋ᠢᠨ ᠵᠢᠯ᠎ᠦᠨ ᠲᠤᠷᠰᠢ ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠵᠢ ᠬᠢᠨᠠᠨ ᠲᠤᠭᠳᠠᠭᠠᠬᠤ ᠠᠵᠢᠯ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠦᠶ᠋ᠯᠡᠴᠢᠯᠡᠭᠡᠨ᠎ᠦ ᠲᠥᠪ᠎ᠦᠨ ᠲᠠᠪᠴᠠᠩ ᠪᠠ ᠡᠬᠢ ᠪᠠᠶᠠᠯᠢᠭ᠎ᠤᠨ ᠳᠠᠪᠠᠭᠤᠯᠢᠭ᠎ᠢ ᠭᠦᠶ᠋ᠴᠡᠳ ᠠᠱᠢᠭ᠍ᠯᠠᠵᠤ ᠂ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠬᠢᠨᠠᠨ ᠲᠤᠭᠳᠠᠭᠠᠬᠤ ᠠᠵᠢᠯ᠎ᠤᠨ ᠲᠠᠪᠠᠭᠤᠯᠢᠭ᠎ᠢ ᠪᠠᠳᠠᠷᠠᠭᠤᠯᠵᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠪᠠ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠰ ᠦᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ᠎ᠬᠢ ᠶᠡᠷᠦᠩᠬᠡᠢᠯᠡᠭ᠌ᠰᠡᠨ ᠦᠨ᠎ᠡ ᠥᠷᠲᠡᠭ᠎ᠢ ᠲᠠᠰᠤᠷᠠᠯᠲᠠ ᠥᠬᠡᠶ ᠠᠭᠤᠳᠠᠯᠤᠨ ᠢᠯᠡᠷᠡᠭᠦᠯᠵᠦ᠍ ᠂ ᠲᠤᠰᠭᠠᠶ ᠮᠡᠷᠭᠡᠵᠢᠯ᠎ᠦᠨ ᠲᠠᠮᠢᠷᠴᠢᠳ᠎ᠲᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠵᠢᠨ ᠬᠢᠨᠠᠨ ᠲᠤᠭᠳᠠᠭᠠᠯᠳᠠ ᠬᠢᠯᠭᠡᠬᠦ ᠶ᠋ᠢ ᠢᠳᠡᠪᠬᠢᠲᠡᠶ ᠤᠬᠠᠭᠤᠯᠵᠤ᠂ ᠱᠢᠷᠢᠰ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠪᠠ ᠬᠢᠨᠠᠨ ᠲᠤᠭᠳᠠᠭᠠᠯᠳᠠ᠎ᠶ᠋ᠢ ᠲᠤᠰᠭᠠᠶ ᠮᠡᠷᠭᠡᠵᠢᠯ᠎ᠦᠨ ᠪᠡᠶ᠎ᠡ᠎ᠶ᠋ᠢᠨ ᠲᠠᠮᠢᠷ ᠳᠠᠢᠰᠢ ᠭᠦᠨᠵᠡᠭᠡᠢᠷᠡᠭᠦᠯᠵᠦ᠂ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠲᠠᠮᠢᠷᠴᠢᠳ᠎ᠤᠨ ᠠᠵᠢᠯ᠎ᠤᠨ ᠪᠠᠢᠷᠢ ᠱᠢᠯᠵᠢᠬᠦ᠌ ᠪᠠ ᠳᠠᠬᠢᠨ ᠠᠵᠢᠯ ᠤᠯᠬᠤ᠎ᠶ᠋ᠢ ᠠᠬᠢᠭᠤᠯᠵᠤ ᠪᠤᠢ᠃
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯᠤᠨᠤᠷᠠ ᠴᠢᠳᠠᠪᠤᠷᠢ᠎ᠶ᠋ᠢ ᠬᠢᠨᠠᠨ ᠲᠤᠭᠳᠠᠭᠠᠬᠤ ᠥᠷᠲᠡᠭᠡ ᠡᠯ᠎ᠡ ᠲᠦᠷᠦᠯ᠎ᠤᠨ ᠲᠠᠮᠢᠷ᠎ᠤᠨ ᠠᠩᠭᠢ᠎ᠳᠤ ᠣᠯᠠᠨᠲᠠ ᠭᠦᠨᠵᠡᠭᠡᠢᠷᠡᠵᠦ᠍ ᠂ ᠲᠠᠮᠢᠷᠴᠢᠳ᠎ᠤᠨ ᠤᠷ᠎ᠠ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠴᠡᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠵᠤ᠂ ᠨᠠᠷᠢᠯᠢᠭ ᠣᠨᠣᠴᠠᠲᠠᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠂ ᠲᠠᠮᠢᠷᠴᠢᠳ᠎ᠲᠤ ᠦᠨ᠎ᠡ ᠲᠥᠯᠥᠪᠦᠷᠢ ᠥᠬᠡᠶ ᠪᠡᠷ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠪᠠ ᠬᠢᠨᠠᠨ ᠲᠤᠭᠳᠠᠭᠠᠬᠤ ᠲᠣᠬᠢᠶᠠᠯ ᠬᠠᠩᠭᠠᠵᠤ᠂ ᠲᠠᠮᠢᠷᠴᠢᠳ᠎ᠤᠨ ᠪᠡᠶ᠎ᠡ᠎ᠶ᠋ᠢᠨ ᠲᠠᠮᠢᠷ᠎ᠤᠨ ᠠᠵᠢᠯ᠎ᠠᠴᠠ᠎ᠪᠠᠨ ᠪᠠᠭᠤᠵᠤ ᠳᠠᠬᠢᠨ ᠠᠵᠢᠯ ᠤᠯᠬᠤ᠎ᠳᠤ ᠲᠠᠪᠴᠠᠩ ᠬᠠᠩᠭᠠᠵᠤ᠂ ᠰᠤᠷᠤᠯᠴᠠᠬᠤ ᠨᠥᠬᠥᠴᠡᠯ ᠡᠭᠦᠳᠴᠦ᠍᠂ ᠪᠡᠶ᠎ᠡ᠎ᠶ᠋ᠢᠨ ᠲᠠᠮᠢᠷ᠎ᠤᠨ ᠠᠵᠢᠯ᠎ᠠᠴᠠ᠎ᠪᠠᠨ ᠪᠠᠭᠤᠭ᠍ᠰᠠᠨ ᠲᠠᠮᠢᠷᠴᠢᠳ᠎ᠤᠨ ᠳᠡᠬᠢᠨ ᠦᠢᠯᠡᠰ ᠪᠤᠰᠬᠠᠬᠤ᠎ᠳᠦ ᠪᠠᠲᠤᠯᠠᠭ᠎ᠠ ᠬᠠᠩᠭᠠᠪᠠ᠃
ᠬᠢᠨᠠᠨ ᠲᠣᠭ᠍ᠲᠠᠭᠠᠬᠤ ᠠᠵᠢᠯ᠎ᠤᠨ ᠳᠦᠷᠢᠮᠵᠢᠯᠳᠦ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯᠤᠨᠤᠷᠠ ᠴᠢᠳᠠᠪᠤᠷᠢ᠎ᠶ᠋ᠢ ᠬᠢᠨᠠᠨ ᠲᠤᠭᠳᠠᠭᠠᠬᠤ ᠥᠷᠲᠡᠭᠡ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠲᠦᠷᠢᠮ᠎ᠦᠨ ᠬᠠᠮᠢᠶᠠᠷᠤᠯᠲᠠ᠎ᠶ᠋ᠢᠨ ᠠᠷᠭ᠎ᠠ(ᠲᠦᠷ ᠬᠡᠷᠡᠭ᠌ᠵᠢᠭᠦᠯᠬᠦ᠌)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠣᠨᠴᠠ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠬᠢᠨᠠᠨ ᠲᠣᠭ᠍ᠲᠠᠭᠠᠬᠤ ᠱᠢᠯᠭᠠᠨ ᠦᠨᠡᠯᠡᠬᠦ᠌ ᠠᠵᠢᠯᠲᠠᠨ᠎ᠢ ᠰᠣᠩᠭᠣᠨ ᠲᠣᠮᠢᠯᠠᠬᠤ ᠠᠷᠭ᠎ᠠ 》᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠲᠥᠷᠥᠯ᠎ᠢ ᠬᠢᠨᠠᠨ ᠲᠣᠭ᠍ᠲᠠᠭᠠᠬᠤ ᠲᠥᠰᠦᠯ》 ᠵᠡᠷᠭᠡ ᠱᠢᠷᠢᠰ ᠪᠢᠴᠢᠭ ᠮᠠᠲ᠋ᠧᠷᠢᠶᠠᠯ᠎ᠢ ᠨᠡᠢᠲᠡᠯᠡᠵᠦ ᠬᠡᠷᠡᠭᠵᠢᠬᠦᠯᠪᠡ᠃
ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢ ᠪᠠᠢᠩᠭᠤᠵᠢᠭᠤᠯᠤᠭᠰᠠᠨ ᠪᠠᠢᠳᠠᠯ ᠳᠣᠣᠷ᠎ᠠ᠂ ᠠᠮᠤᠷ ᠲᠦᠪᠱᠢᠨ᠎ᠦ ᠮᠡᠳᠡᠯᠭᠡ ᠪᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠥᠮᠦᠵᠢᠯ᠂ ᠠᠮᠤᠷ ᠲᠦᠪᠱᠢᠨ᠎ᠦ ᠤᠬᠠᠮᠰᠠᠷ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃
ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠮᠠᠨ᠎ᠤ ᠣᠷᠣᠨ᠎ᠳᠤ ᠠᠮᠤᠷ ᠲᠦᠪᠱᠢᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠥᠪ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢᠲᠠᠨ᠎ᠤ ᠬᠠᠮᠢᠶᠠᠷᠤᠯᠲᠠ ᠪᠠ ᠠᠵᠢᠯ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠰᠤᠷᠭᠠᠨ ᠬᠥᠮᠦᠵᠢᠯ᠎ᠦᠨ ᠦᠶ᠋ᠯᠡᠴᠢᠯᠡᠭᠡ᠎ᠶ᠋ᠢ ᠤᠯᠠᠮ ᠨᠢᠭᠡ ᠠᠯᠬᠤᠮ ᠠᠬᠢᠭᠤᠯᠵᠤ ᠂ ᠴᠢᠳᠠᠪᠤᠷᠢᠲᠠᠨ᠎ᠤ ᠦᠰᠦᠨ ᠪᠣᠢᠵᠢᠬᠤ ᠵᠠᠮ᠎ᠢ ᠰᠢᠯᠤᠭᠤᠳᠬᠠᠨ᠂ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢᠨ ᠬᠥᠭ᠌ᠵᠢᠯᠲᠡ᠎ᠶ᠋ᠢ ᠳᠠᠢᠴᠢᠯᠠᠭᠰᠠᠨ ᠪᠠᠢᠨ᠎ᠠ᠃
2013 ᠣᠨ᠎ᠠᠴᠠ ᠨᠠᠭᠠᠰᠢ ᠂ ᠲᠠᠪᠤᠨ ᠬᠤᠭᠤᠴᠠᠭ᠎ᠠ ᠳᠠᠷᠠᠭᠠᠯᠠᠨ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠠᠵᠢᠯ ᠲᠦᠷᠦᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠳᠤ ᠣᠷᠣᠯᠴᠠᠭᠰᠠᠨ ᠪᠦᠭᠡᠳ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠩᠬᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠤᠭᠤᠳᠬᠤ(ᠪᠡᠶ᠎ᠡ ᠴᠢᠭᠢᠷᠠᠭ᠍ᠵᠢᠭᠤᠯᠬᠤ) ᠲᠦᠷᠦᠯ ᠵᠦᠢᠯ᠎ᠦᠨ ᠱᠢᠢᠳᠪᠦᠷᠢᠲᠦ ᠤᠷᠤᠯᠳᠤᠭᠠᠨ᠎ᠳᠤ ᠣᠷᠣᠯᠴᠠᠪᠠ᠃ ᠡᠬᠦᠨ᠎ᠤ ᠲᠠᠭᠠᠤ ᠥᠪᠡᠷᠲᠡᠭᠡᠨ ᠵᠠᠰᠠᠬᠤ ᠣᠷᠣᠨ᠎ᠤ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠠᠵᠢᠯᠯᠠᠭ᠎ᠠ᠎ᠶ᠋ᠢ ᠢᠳᠡᠪᠬᠢᠲᠡᠶ ᠡᠷᠭᠢᠯᠡᠪᠡ᠃ ᠤᠷᠤᠯᠳᠤᠭᠠᠨ᠎ᠤ ᠲᠦᠷᠦᠯ ᠵᠦᠢᠯ ᠨᠢ ᠤᠮᠪᠠᠯᠲᠠ ᠂ ᠠᠪᠤᠷᠠᠯᠳᠠ ᠂ ᠴᠠᠰᠤᠨ᠎ᠳᠤ ᠭᠤᠯᠭᠤᠬᠤ᠂ ᠪᠡᠶ᠎ᠡ ᠴᠢᠭᠢᠷᠠᠭ᠍ᠵᠢᠭᠤᠯᠬᠤ᠂ ᠥᠲᠥᠨ ᠪᠥᠮᠪᠥᠭᠡ ᠵᠡᠷᠭᠡ ᠲᠠᠪᠤᠨ ᠲᠥᠷᠥᠯ ᠵᠦᠶ᠋ᠯ ᠢ ᠬᠠᠮᠤᠷᠴᠤ᠂ ᠨᠡᠢᠲᠡ 500 ᠭᠠᠷᠤᠶ ᠲᠠᠮᠢᠷᠴᠢᠨ ᠣᠷᠣᠯᠴᠠᠵᠤ᠂ 4000 ᠭᠠᠷᠤᠶ ᠬᠦᠮᠦᠨ᠎ᠢ ᠨᠦᠯᠦᠭᠡᠯᠡᠨ ᠲᠠᠢᠴᠢᠯᠠᠵᠠᠢ᠃ ᠡᠨᠡ ᠬᠤᠭᠤᠴᠠᠭᠠᠨ᠎ᠳᠤ ᠮᠤᠵᠢ᠎ᠶ᠋ᠢᠨ ᠲᠠᠰ᠎ᠤᠨ 《5·1》 ᠤ ᠬᠥᠳᠡᠯᠮᠦᠷᠢ᠎ᠶ᠋ᠢᠨ ᠵᠢᠱ᠌ᠢᠶᠡᠴᠢ ᠵᠢᠨ ᠱᠠᠩᠨᠠᠯ᠎ᠤᠨ ᠮᠧᠳᠠᠯ ᠭᠥᠷᠳᠡᠭ᠌ᠴᠢ 1 ᠬᠦᠮᠦᠨ ᠂ ᠮᠤᠵᠢ᠎ᠶ᠋ᠢᠨ ᠲᠠᠰ᠎ᠤᠨ ᠮᠡᠷᠭᠡᠵᠢᠯ᠎ᠦᠨ ᠴᠢᠳᠠᠪᠤᠷᠢᠲᠠᠨ 2 ᠨᠡᠷ᠎ᠡ ᠴᠤᠯᠭᠤᠷᠠᠨ ᠭᠠᠷᠤᠭᠰᠠᠨ ᠪᠠᠢᠨ᠎ᠠ᠃
ᠡᠳᠡᠭᠡᠷ ᠮᠡᠷᠭᠡᠵᠢᠯ ᠴᠢᠳᠠᠪᠤᠷᠢ᠎ᠶ᠋ᠢᠨ ᠤᠷᠤᠯᠳᠤᠭᠠᠨ᠎ᠢ ᠡᠷᠬᠢᠯᠡᠬᠦ᠌ ᠪᠠ ᠣᠷᠣᠯᠴᠠᠬᠤ᠎ᠪᠠᠷ ᠳᠠᠮᠵᠢᠭᠤᠯᠤᠨ᠂ ᠥᠷᠭᠡᠨ ᠣᠯᠠᠨ ᠪᠡᠶ᠎ᠡ᠎ᠶ᠋ᠢᠨ ᠲᠠᠮᠢᠷ ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ ᠴᠢᠳᠠᠪᠤᠷᠢ᠎ᠪᠠᠨ ᠢᠯᠡᠷᠡᠭᠦᠯᠬᠦ᠌ ᠢᠳᠡᠪᠬᠢᠵᠢᠯ᠎ᠢ ᠳᠠᠢᠴᠢᠯᠠᠵᠤ᠂ ᠪᠡᠶ᠎ᠡ᠎ᠶ᠋ᠢᠨ ᠲᠠᠮᠢᠷ᠎ᠤᠨ ᠲᠤᠰᠭᠠᠶ ᠮᠡᠷᠭᠡᠵᠢᠯ᠎ᠦᠨ ᠬᠦᠷᠢᠶᠡᠨ᠎ᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ᠍ ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠤ ᠬᠢᠨᠠᠭ᠍ᠴᠢ ᠪᠠ ᠲᠠᠮᠢᠷᠴᠢᠳ᠎ᠤᠨ ᠡᠩᠨᠡᠭᠡ᠎ᠶ᠋ᠢ ᠪᠣᠯᠪᠠᠰᠤᠷᠠᠭᠤᠯᠵᠤ᠂ ᠮᠡᠷᠭᠡᠵᠢᠯ ᠴᠢᠳᠠᠪᠤᠷᠢ᠎ᠶ᠋ᠢ ᠬᠦᠨᠳᠦᠳᠭᠡᠬᠦ᠌ ᠂ ᠮᠡᠷᠭᠡᠵᠢᠯ ᠴᠢᠳᠠᠪᠤᠷᠢ᠎ᠶ᠋ᠢ ᠡᠷᠬᠢᠮᠯᠡᠬᠦ᠌ ᠂ ᠮᠡᠷᠭᠡᠵᠢᠯ ᠴᠢᠳᠠᠪᠤᠷᠢ ᠵᠢ ᠰᠤᠷᠤᠯᠴᠠᠬᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠭ᠍ᠰᠠᠨ ᠪᠠᠢᠨ᠎ᠠ᠃
14 ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯᠤᠨᠤᠷᠠ ᠴᠢᠳᠠᠪᠤᠷᠢ᠎ᠶ᠋ᠢ ᠬᠢᠨᠠᠨ ᠰᠢᠯᠭᠠᠬᠤ ᠥᠷᠲᠡᠭᠡ ᠥᠪᠡᠷᠲᠡᠭᠡᠨ ᠵᠠᠰᠠᠬᠤ ᠣᠷᠣᠨ᠎ᠤ 10 ᠭᠠᠷᠤᠶ ᠠᠢᠮᠠᠭ ᠬᠣᠲᠠ᠎ᠪᠠᠷ ᠬᠦᠨᠵᠡᠭᠡᠢᠷᠡᠵᠦ᠂ ᠪᠡᠶ᠎ᠡ᠎ᠶ᠋ᠢᠨ ᠲᠠᠮᠢᠷ᠎ᠤᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠬᠢᠨᠠᠨ ᠲᠣᠭ᠍ᠲᠠᠭᠠᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠲᠤ ᠳᠥᠯᠭᠢᠨ ᠠᠬᠢᠭᠤᠯᠬᠤ ᠵᠢᠨ ᠬᠠᠮᠳᠤ᠂ ᠠᠵᠢᠯ᠎ᠤᠨ ᠬᠢᠷᠢ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠂ ᠬᠦᠴᠢᠷ ᠪᠡᠷᠬᠡᠱᠢᠶᠡᠯ᠎ᠡᠴᠡ ᠠᠶᠤᠬᠤ ᠥᠬᠡᠶ ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠵᠢ ᠬᠢᠨᠠᠨ ᠲᠤᠭᠳᠠᠭᠠᠬᠤ ᠠᠵᠢᠯ᠎ᠤᠨ ᠬᠡᠷᠡᠯ ᠰᠠᠴᠤᠷᠠᠩᠭᠤᠶ ᠱᠢᠨ᠎ᠡ ᠬᠠᠭᠤᠳᠠᠰᠤ ᠵᠢ ᠪᠢᠴᠢᠭᠯᠡᠵᠡᠢ᠃
(ᠬᠡᠷᠡᠯ ᠵᠢᠷᠤᠭ ᠢ ᠮᠦᠨᠭᠬᠡᠴᠢᠯᠠᠭᠤ ᠬᠠᠨᠭᠭᠠᠪᠠ)