ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠳᠠᠭᠠᠭᠤᠯᠤᠭᠴᠢ ᠪᠤᠯᠬᠤ ᠪᠡᠷ ᠴᠢᠷᠮᠠᠢᠨ᠎ᠠ
2022-10-31 10:07:07
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

10 ᠰᠠᠷ᠎ᠠ ᠵᠢᠨ 27᠎ᠤ ᠡᠳᠦᠷ᠂ ᠰᠢᠯᠢᠡᠭᠬᠤᠳᠠ ᠵᠢᠨ ᠪᠤᠯᠠᠭᠠᠨ ᠰᠤᠮᠤ ᠬᠠᠮᠳᠦ ᠵᠢᠨ ᠰᠤᠷᠤᠯᠴᠠᠯᠭ᠎ᠠ ᠬᠢᠵᠦ᠂ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠲᠤᠰᠬᠠᠢ ᠰᠡᠳᠦᠪ ᠵᠢᠠᠷ ᠰᠤᠷᠤᠯᠴᠠᠪᠠ᠃

ᠪᠤᠯᠠᠭᠠᠨ ᠰᠤᠮᠤᠨ᠎ᠤ ᠵᠠᠰᠠᠬ᠎ᠤᠨ ᠤᠷᠳᠤᠨ᠎ᠤ ᠰᠠᠭᠤᠭ᠎ᠠ ᠭᠠᠵᠠᠷ ᠨᠢ ᠰᠢᠯᠢᠡᠭᠬᠤᠳᠠ᠎ᠳᠤ ᠪᠠᠢᠷᠢᠯᠠᠵᠤ᠂ ᠬᠠᠷᠢᠶ᠎ᠠ ᠬᠠᠮᠢᠶᠠᠷᠤᠯᠳᠠ ᠵᠢᠨ ᠤᠷᠤᠨ ᠨᠢ ᠬᠤᠳᠠ ᠵᠢᠨ ᠲᠤᠭᠤᠷᠢᠨ ᠳ᠋ᠤ ᠲᠠᠷᠬᠠᠵᠤ᠂ ᠬᠢᠵᠢᠭ᠎ᠢ ᠰᠡᠷᠭᠡᠢᠯᠡᠨ ᠡᠵᠡᠮᠳᠡᠬᠦ ᠡᠭᠦᠷᠭᠡ ᠬᠠᠷᠢᠴᠠᠡᠭᠭᠤᠢ ᠨᠡᠯᠢᠶᠡᠳ ᠬᠦᠨᠳᠤ ᠶᠤᠮ᠃ 《ᠬᠢᠵᠢᠭ᠎ᠤᠨ ᠪᠠᠢᠳᠠᠯ ᠡᠴᠡ ᠪᠤᠯᠵᠤ ᠪᠢᠳᠡᠨ᠎ᠤ ᠬᠡᠪ᠎ᠤᠨ ᠦᠢᠯᠡᠳᠪᠦᠷᠢᠯᠡᠯ ᠲᠦᠷ ᠴᠠᠭ ᠵᠤᠭᠰᠤᠭᠰᠠᠨ᠎ᠴᠦ ᠦᠵᠡᠯ ᠰᠠᠨᠠᠭ᠎ᠠ ᠤᠨᠤᠯ᠎ᠤᠨ ᠰᠤᠷᠤᠯᠴᠠᠯᠭ᠎ᠠ ᠪᠡᠨ ᠶᠠᠭᠠᠬᠢᠭᠰᠠᠨ᠎ᠴᠦ ᠰᠤᠯᠠᠷᠠᠭᠤᠯᠵᠤ ᠪᠤᠯᠬᠤ ᠦᠭᠡᠢ᠃ ᠦᠨᠦᠳᠦᠷ᠎ᠤᠨ ᠬᠤᠷᠠᠯ ᠪᠤᠯ ᠰᠤᠷᠤᠯᠴᠠᠯᠭ᠎ᠠ ᠵᠢᠨ ᠬᠤᠷᠠᠯ ᠪᠦᠭᠡᠳ ᠮᠦᠨ ᠴᠦ᠍ ᠲᠠᠢᠴᠢᠯᠠᠯᠳᠠ ᠵᠢᠨ ᠬᠤᠷᠠᠯ ᠪᠤᠯᠤᠨ᠎ᠠ᠃ ᠤᠯᠠᠨ ᠵᠢᠠᠷ ᠵᠢᠠᠨ ᠨᠦᠬᠦᠴᠡᠯ ᠪᠤᠯᠤᠮᠵᠢ ᠪᠡᠨ ᠰᠠᠢᠳᠤᠷ ᠠᠰᠢᠬᠯᠠᠵᠤ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠮᠠᠯᠴᠢᠨ ᠲᠦᠮᠡᠨ ᠳ᠋ᠡᠭᠡᠨ ᠤᠯᠠᠮᠵᠢᠯᠠᠬᠤ ᠬᠡᠷᠡᠭᠲᠡᠢ》᠃ ᠬᠤᠷᠠᠯ ᠲᠡᠭᠡᠷ᠎ᠡ ᠰᠤᠮᠤᠨ᠎ᠤ ᠨᠠᠮ᠎ᠤᠨ ᠬᠤᠷᠢᠶᠠᠨ᠎ᠤ ᠱᠦᠵᠢ ᠴᠡᠡᠭᠭᠡᠯ ᠨᠠᠮ᠎ᠤᠨ ᠭᠡᠰᠢᠭᠦᠨ ᠺᠠᠳ᠋ᠷᠴᠤᠳ ᠲᠠᠭᠠᠨ ᠴᠢᠡᠭᠭ᠎ᠠ ᠱᠠᠭᠠᠷᠳᠠᠯᠭ᠎ᠠ ᠲᠠᠯᠪᠢᠪᠠ᠃

ᠬᠠᠮᠳᠤ ᠵᠢᠨ ᠰᠤᠷᠤᠯᠴᠠᠯᠭ᠎ᠠ ᠲᠠᠭᠤᠰᠤᠭᠰᠠᠨ᠎ᠤ ᠲᠠᠷᠠᠭ᠎ᠠ᠂ ᠪᠦᠬᠦ ᠰᠤᠮᠤᠨ᠎ᠤ ᠨᠠᠮ᠎ᠤᠨ ᠭᠡᠰᠢᠭᠦᠨ ᠺᠠᠳ᠋ᠷᠴᠤᠳ᠂ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠠᠢᠳᠤᠷ ᠡᠵᠡᠮᠰᠢᠨ ᠤᠢᠯᠠᠭᠠᠵᠤ᠂ ᠠᠵᠢᠯ᠎ᠤᠨ ᠪᠠᠢᠷᠢ ᠪᠡᠨ ᠪᠠᠲᠤ ᠰᠠᠬᠢᠨ᠂ ᠴᠢᠷᠮᠠᠢᠨ ᠠᠵᠢᠯᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠢᠠᠨ ᠪᠤᠳᠠᠳᠠᠢᠵᠢᠭᠤᠯᠤᠨ ᠦᠢᠯᠡᠳᠦᠯᠭᠡᠵᠢᠭᠦᠯᠵᠦ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ ᠵᠢᠨ ᠲᠠᠢᠯᠠᠯᠳᠤᠭᠠᠨ᠎ᠤ ᠢᠯᠠᠯᠳᠠ ᠵᠢ ᠲᠡᠮᠡᠴᠡᠨ ᠤᠯᠵᠤ᠂ ᠪᠤᠳᠠᠳᠤ ᠠᠵᠢᠯᠯᠠᠭ᠎ᠠ ᠪᠡᠷ ᠵᠢᠠᠨ ᠠᠷᠠᠳ ᠤᠯᠠᠨ᠎ᠤ ᠠᠮᠤᠷ ᠵᠢᠷᠭᠠᠯᠳᠠᠢ ᠠᠵᠤ ᠲᠦᠷᠦᠬᠦ ᠵᠢ ᠪᠠᠲᠤᠯᠠᠵᠤ᠂ ᠰᠢᠨ᠎ᠡ ᠮᠠᠯᠵᠢᠬᠤ ᠤᠷᠤᠨ᠎ᠤ ᠪᠦᠳᠦᠭᠡᠨ ᠪᠠᠢᠭᠤᠯᠤᠯᠳᠠ ᠵᠢ ᠠᠬᠢᠭᠤᠯᠤᠨ᠎ᠠ ᠭᠡᠵᠦ ᠵᠤᠷᠢᠭ ᠵᠢᠠᠨ ᠢᠯᠡᠳᠭᠡᠵᠡᠭᠡᠪᠡ᠃ ᠲᠤᠰ ᠰᠤᠮᠤᠨ᠎ᠤ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠬᠤᠷᠢᠶᠠᠨ᠎ᠤ ᠱᠦᠵᠢ᠎ᠯᠤ᠌ ᡁᠢ ᠶᠦᠡᠭ ᠬᠡᠯᠡᠬᠦ ᠳ᠋ᠡᠭᠡᠨ᠂ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠤᠨᠤᠪᠴᠢᠳᠠᠢ ᠪᠦᠭᠡᠳ ᠭᠦᠨᠵᠡᠭᠡᠢ ᠰᠤᠷᠤᠯᠴᠠᠨ ᠤᠢᠯᠠᠭᠠᠵᠤ᠂ ᠲᠤᠬᠠᠢᠯᠠᠭᠰᠠᠨ ᠠᠵᠢᠯ᠎ᠤᠨ ᠪᠠᠢᠷᠢᠨ ᠲᠡᠭᠡᠷ᠎ᠡ ᠪᠡᠨ ᠴᠢᠷᠮᠠᠢᠨ ᠠᠵᠢᠯᠯᠠᠵᠤ᠂ ᠪᠤᠳᠠᠳᠤ ᠦᠢᠯᠡ ᠠᠵᠢᠯᠯᠠᠭ᠎ᠠ ᠪᠡᠷ ᠵᠢᠠᠨ ᠤᠯᠠᠨ ᠲᠦᠮᠡᠨ᠎ᠤ  ᠵᠢᠷᠭᠠᠯᠳᠦ ᠲᠦᠷᠦᠭᠳᠡᠯ ᠎ᠢ᠋ ᠲᠡᠭᠡᠭᠰᠢᠯᠡᠭᠦᠯᠵᠦ᠂ ᠲᠡᠳᠡᠨ᠎ᠳᠤ ᠲᠤᠯᠭᠠᠷᠠᠭᠰᠠᠨ ᠬᠦᠴᠢᠷ ᠲᠦᠪᠡᠭᠳᠡᠢ ᠠᠰᠠᠭᠤᠳᠠᠯ ᠎ᠢ᠋ ᠰᠢᠢᠳᠪᠦᠷᠢᠯᠡᠨ ᠦᠭᠴᠤ᠂ ᠠᠷᠠᠳ ᠤᠯᠠᠨ᠎ᠳᠤ ᠪᠤᠲᠠᠳᠤ ᠶᠠᠪᠤᠳᠠᠯ ᠬᠢᠵᠦ ᠦᠭᠭᠦ ᠡᠷᠴᠢ ᠵᠤᠷᠢᠭ ᠵᠢᠠᠨ ᠢᠮᠠᠭᠳᠠ ᠬᠦᠪᠴᠢᠯᠠᠵᠤ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ᠎ᠳᠤ ᠦᠪᠡᠷ᠎ᠤᠨ ᠨᠢᠭᠡ ᠮᠦᠷᠦᠨ᠎ᠤ ᠬᠦᠴᠦ ᠪᠠᠨ ᠡᠷᠭᠦᠨ᠎ᠡ ᠭᠡᠯ᠎ᠠ᠃

《ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠤ ᠂ ᠪᠦᠬᠦ ᠲᠠᠯ᠎ᠠ ᠪᠡᠷ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠢ ᠤᠷᠢᠳ ᠵᠢᠡᠷ ᠬᠦᠭᠵᠢᠭᠦᠯᠬᠦ ᠵᠢ ᠪᠠᠷᠢᠮᠳᠠᠯᠠᠵᠤ᠂ ᠶᠠᠳᠠᠭᠤ ᠡᠴᠡ ᠠᠡᠭᠭᠢᠵᠢᠷᠠᠭᠤᠯᠬᠤ ᠪᠤᠭᠤᠮᠳᠠ ᠰᠢᠪᠳᠤᠯᠤᠭᠰᠠᠨ ᠲᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ᠎ᠠ ᠬᠡᠵᠠᠢ᠃ ᠡᠨᠡ ᠨᠢ ᠪᠢᠳᠡᠨ᠎ᠤ ᠮᠠᠯᠵᠢᠬᠤ ᠤᠷᠤᠨ᠎ᠤ ᠬᠦᠭᠵᠢᠯᠳᠡ᠎ᠳᠤ ᠴᠢᠭᠯᠡᠯ ᠵᠢᠭᠠᠨ ᠦᠭᠭᠦᠭᠰᠡᠨ ᠵᠢᠠᠷ ᠪᠠᠷᠠᠬᠤ ᠦᠭᠡᠢ᠂ ᠬᠦᠳᠡᠭᠡ ᠲᠤᠰᠬᠤᠨ ᠮᠠᠯᠵᠢᠬᠤ ᠤᠷᠤᠨ᠎ᠤ ᠠᠵᠤ ᠦᠢᠯᠡᠰ᠎ᠤᠨ ᠲᠠᠭᠠᠭᠤᠯᠤᠭᠴᠢ ᠵᠢ ᠲᠤᠢᠯ ᠵᠢᠡᠷ ᠤᠷᠮᠠᠰᠢᠭᠤᠯᠤᠨ ᠵᠤᠷᠢᠭᠵᠢᠭᠤᠯᠤᠭᠰᠠᠨ ᠪᠠᠢᠨ᠎ᠠ᠃ ᠰᠢᠨ᠎ᠡ ᠠᠶᠠᠨ᠎ᠳᠤ ᠪᠢᠳᠡ ᠵᠠᠪᠠᠯ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠪᠤᠳᠠᠳᠠᠢ ᠠᠵᠢᠯ᠎ᠤᠨ ᠲᠤᠮᠳᠠ ᠪᠡᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠡᠷ ᠭᠠᠷᠳᠠᠴᠠ ᠪᠤᠯᠭᠠᠨ᠂ ᠰᠢᠷᠭᠠᠭᠤ ᠬᠠᠳᠠᠭᠤᠵᠢᠯᠳᠠᠢ ᠴᠢᠷᠮᠠᠢᠨ ᠲᠡᠮᠡᠴᠡᠵᠤ᠂ ᠠᠵᠤ ᠦᠢᠯᠡᠰ ᠵᠢᠡᠨ ᠬᠦᠭᠵᠢᠭᠦᠯᠦᠨ ᠠᠰᠢᠬ ᠤᠷᠤᠯᠭ᠎ᠠ ᠪᠡᠨ ᠨᠡᠮᠡᠭᠳᠡᠭᠦᠯᠵᠦ᠂ ᠦᠷᠭᠡᠨ ᠤᠯᠠᠨ ᠮᠠᠯᠴᠢᠨ ᠲᠦᠮᠡᠨ ᠵᠢᠠᠨ ᠲᠠᠭᠠᠭᠤᠯᠤᠨ ᠮᠠᠯ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢᠨ ᠰᠢᠨ᠎ᠡ ᠵᠠᠮ ᠵᠢᠠᠷ ᠵᠠᠮᠨᠠᠵᠤ᠂ ᠠᠷᠠᠳ ᠤᠯᠠᠨ᠎ᠤ ᠬᠦᠷᠳᠡᠮᠵᠢ  ᠵᠢᠨ ᠲᠦᠷᠦᠭᠳᠡᠯ᠂  ᠵᠢᠷᠭᠠᠯᠳᠦ ᠲᠦᠷᠦᠭᠳᠡᠯ᠂ ᠠᠮᠤᠷ ᠲᠦᠪᠰᠢᠨ ᠎ᠤ  ᠲᠦᠷᠦᠭᠳᠡᠯ᠎ᠢ ᠦᠨᠡᠨ ᠬᠦ᠌  ᠲᠡᠭᠡᠭᠰᠢᠯᠡᠭᠦᠯᠦᠨ᠎ᠡ》 ᠭᠡᠵᠦ ᠴᠡᠡᠭᠭᠡᠯ ᠰᠡᠳᠬᠢᠯ ᠲᠤᠭᠳᠤᠯᠤᠨ ᠬᠡᠯᠡᠵᠦ ᠪᠠᠢᠯ᠎ᠠ᠃

ᠲᠤᠰ ᠰᠤᠮᠤᠨ᠎ᠤ ᠰᠢᠷᠠᠳᠠᠯ᠎ᠠ ᠭᠠᠴᠠᠭᠠᠨ᠎ᠤ ᠮᠠᠯᠴᠢᠨ ᠪᠠᠶᠠᠰᠬᠤᠯᠠᠡᠭ ᠪᠤᠯ ᠬᠤᠯᠠ ᠤᠢᠷ᠎ᠠ ᠳ᠋ᠠᠭᠠᠨ ᠠᠯᠳᠠᠷᠳᠠᠢ ᠠᠵᠤ ᠦᠢᠯᠡᠰ᠎ᠤᠨ ᠲᠠᠭᠠᠭᠤᠯᠤᠭᠴᠢ ᠶᠤᠮ᠃ ᠤᠢᠷ᠎ᠠ ᠵᠢᠨ ᠵᠢᠯ᠎ᠳᠦ ᠲᠡᠷᠡ ᠤᠯᠠᠮᠵᠢᠯᠠᠯᠳᠤ ᠮᠠᠯᠵᠢᠯ᠎ᠤᠨ ᠠᠷᠭ᠎ᠠ ᠮᠠᠶᠢᠭ ᠵᠢᠠᠨ ᠵᠤᠷᠢᠭᠳᠠᠢ ᠬᠤᠪᠢᠷᠠᠭᠤᠯᠵᠤ᠂ ᠮᠠᠯ ᠰᠦᠷᠦᠭ᠎ᠤᠨ ᠪᠦᠲᠦᠴᠡ ᠳ᠋ᠡᠭᠡᠨ ᠲᠤᠬᠢᠷᠠᠭᠤᠯᠤᠯᠳᠠ ᠬᠢᠵᠤ ᠴᠡᠭᠡ ᠪᠤᠯᠪᠠᠰᠤᠷᠠᠭᠤᠯᠬᠤ ᠠᠵᠤ ᠦᠢᠯᠡᠰ ᠡᠷᠬᠢᠯᠡᠪᠡ᠃ 2021 ᠤᠨ᠎ᠳᠤ ᠲᠡᠷᠡ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ 《ᠴᠡᠭᠡ ᠵᠢᠨ ᠵᠢᠵᠢᠭ ᠦᠢᠯᠡᠳᠭᠡᠯ᠎ᠤᠨ ᠭᠠᠵᠠᠷ》᠎ᠤ᠋ᠨ ᠲᠦᠷᠦᠯ ᠵᠦᠢᠯ ᠵᠢᠠᠷ 200 ᠲᠡᠭᠰᠢ ᠲᠦᠷᠪᠡᠯᠵᠢᠨ ᠮᠸᠲᠷ᠎ᠤᠨ ᠤᠳᠤᠬᠢᠴᠢᠯᠠᠭᠰᠠᠨ ᠲᠦᠭᠦᠭᠡᠷᠦᠮᠵᠢ ᠪᠦᠬᠦᠢ ᠦᠢᠯᠡᠳᠭᠡᠯ᠎ᠤᠨ ᠲᠠᠰᠤᠭ ᠪᠠᠢᠭᠤᠯᠵᠤ᠂ ᠡᠳᠦᠷ᠎ᠲᠦ 1000 ᠺᠢᠯᠦᠭᠷᠠᠮ ᠭᠡᠭᠦᠦ ᠵᠢᠨ ᠰᠦ ᠪᠤᠯᠪᠠᠰᠤᠷᠠᠭᠤᠯᠵᠤ ᠂ ᠤᠷᠤᠯᠭ᠎ᠠ ᠪᠡᠨ ᠲᠤᠭᠳᠠᠪᠤᠷᠢᠳᠠᠢ ᠨᠡᠮᠡᠭᠳᠡᠭᠦᠯᠪᠡ᠃

《ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠤ ᠮᠠᠨ᠎ᠤ ᠠᠭᠤᠤ ᠶᠡᠬᠡ ᠡᠬᠡ ᠤᠯᠤᠰ᠎ᠤᠨ ᠦᠡᠭᠭᠡᠷᠡᠭᠰᠡᠨ 10 ᠵᠢᠯ᠎ᠤᠨ ᠠᠤᠭ᠎ᠠ ᠶᠡᠬᠡ ᠠᠮᠵᠢᠯᠳᠠ ᠪᠦᠲᠦᠮᠵᠢ ᠪᠠ ᠯᠤᠳᠤ ᠶᠡᠬᠡ ᠬᠤᠪᠢᠰᠤᠯᠳᠠ ᠵᠢ ᠬᠤᠷᠢᠶᠠᠡᠭᠭᠤᠢᠯᠠᠨ ᠳ᠋ᠦᠡᠭᠨᠡᠪᠡ᠃ ᠲᠡᠭᠡᠪᠡᠯ ᠮᠠᠨ᠎ᠤ ᠬᠤᠪᠢ ᠡᠷᠦᠬᠡ ᠵᠢᠨ ᠪᠠᠢᠳᠠᠯ ᠡᠴᠡ ᠠᠪᠴᠤ ᠦᠵᠡᠬᠦ᠎ᠳᠤ᠂ ᠮᠠᠨ ᠎ᠤ ᠬᠢᠨ ᠤᠷᠤᠰᠢᠨ ᠰᠠᠭᠤᠬᠤ ᠡᠴᠡ ᠵᠤᠰᠠᠯᠠᠡᠭ ᠮᠠᠶᠢᠭ᠎ᠤᠨ ᠲᠤᠬᠢᠯᠢᠭ ᠰᠠᠢᠬᠠᠨ ᠤᠷᠤᠨ ᠰᠠᠭᠤᠴᠠ ᠲᠠᠢ ᠪᠤᠯᠵᠤ᠂ ᠭᠠᠳᠠᠭᠰᠢ ᠲᠤᠳᠤᠭᠰᠢ ᠶᠠᠪᠤᠬᠤ ᠡᠴᠡ ᠬᠦᠡᠭᠭᠡᠨ  ᠰᠡᠤᠬᠡ ᠮᠠᠰᠢᠨ ᠲᠠᠪᠬᠢᠭᠤᠯᠵᠤ᠂ ᠦᠬᠢᠨ ᠮᠢᠨᠢ ᠪᠠᠰᠠ ᠶᠡᠬᠡ ᠰᠤᠷᠭᠠᠭᠤᠯᠢ᠎ᠳᠤ ᠤᠷᠤᠵᠤ ᠤᠶᠤᠳᠠᠨ ᠪᠤᠯᠴᠢᠬᠠᠯ᠎ᠠ᠃ ᠦᠢᠯᠡᠳᠪᠦᠷᠢᠯᠡᠯ ᠡᠵᠡᠡᠭᠨᠡᠯᠳᠡ ᠵᠢᠨ ᠠᠷᠭ᠎ᠠ ᠮᠠᠶᠢᠭ ᠲᠠᠭᠠᠨ᠎ᠴᠦ ᠲᠤᠬᠢᠷᠠᠭᠤᠯᠤᠯᠳᠠ ᠬᠢᠵᠦ ᠠᠵᠤ ᠦᠢᠯᠡᠰ᠎ᠤᠨ ᠰᠢᠨ᠎ᠡ ᠵᠠᠮᠨᠠᠯ᠎ᠳᠤ ᠵᠢᠯᠤᠭᠤ ᠰᠤᠡᠭᠭᠠᠯ᠎ᠠ》 ᠭᠡᠵᠦ ᠮᠠᠯᠴᠢᠨ ᠪᠠᠶᠠᠰᠬᠤᠯᠠᠡᠭ ᠰᠡᠳᠬᠢᠯ ᠬᠠᠨᠤᠮᠵᠢᠳᠠᠢ ᠶᠠᠷᠢᠭᠰᠠᠨ ᠵᠢᠠᠨ ᠵᠠᠯᠭᠠᠵᠤ᠂ ᠬᠤᠢᠰᠢᠳᠠ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠪᠡᠷ ᠵᠢᠯᠤᠭᠤᠳᠤᠮᠵᠢ ᠪᠤᠯᠭᠠᠵᠤ᠂ ᠲᠦᠷᠦᠯ ᠵᠦᠢᠯ᠎ᠤᠨ ᠪᠠᠢᠭᠤᠯᠤᠯᠳᠠ ᠵᠢ ᠲᠤᠬᠢᠳᠠᠢ ᠠᠰᠢᠬᠯᠠᠠ᠂ ᠨᠡᠡᠭ ᠤᠯᠠᠨ ᠮᠠᠯᠴᠢᠨ ᠡᠷᠦᠬᠡ ᠵᠢ ᠲᠠᠢᠴᠢᠯᠠᠨ ᠲᠠᠭᠠᠭᠤᠯᠵᠤ᠂ ᠰᠢᠷᠠᠳᠠᠯ᠎ᠠ ᠭᠠᠴᠠᠭᠠᠨ᠎ᠤ ᠪᠡᠨ ᠴᠡᠭᠡ ᠵᠢᠨ ᠦᠢᠯᠡᠰ᠎ᠢ ᠤᠯᠠᠮ ᠪᠤᠵᠠᠭᠠᠢᠷᠠᠭᠤᠯᠵᠤ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠶᠡᠬᠡ ᠦᠢᠯᠡᠰ᠎ᠤᠨ ᠬᠦᠭᠵᠢᠯ᠎ᠳᠤ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠮᠠᠯᠴᠢᠨ ᠵᠠᠯᠠᠭᠤᠰ᠎ᠤᠨ ᠬᠦᠴᠦᠨ ᠴᠢᠳᠠᠯ ᠵᠢᠠᠨ ᠨᠡᠮᠡᠷᠢᠯᠡᠨ᠎ᠡ ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号