ᠶᠡᠬᠡ ᠭᠣᠣᠯ ᠎ᠤᠨ ᠠᠮᠢᠨ ᠴᠢᠳᠭᠤᠯᠠᠩ — ᠳᠠᠭ᠎ᠠ ᠎ᠶ᠋ᠢᠨ ᠨᠠᠭᠤᠷ
2022-10-05 13:24:32
ᠵᠣᠬᠢᠶᠠᠭ᠍ᠴᠢ᠄
​ᠪᠤᠤ ᠰᠠᠷᠠᠭᠤᠯ᠂ ᠰᠡᠷᠭᠦᠯᠡᠩᠴᠡᠴᠡᠭ᠂ ᠴᠤᠯᠮᠤᠨ᠂ ᠴᠤᠪᠤᠭᠤ
ᠣᠩᠱᠢᠭ᠍ᠰᠠᠨ ᠣᠳᠠᠭ᠎ᠠ᠄
★★★☆☆

9 ᠰᠠᠷ᠎ᠠ ᠵᠢᠨ 20 ᠤ᠋ ᠡᠳᠦᠷ ᠂  ᠬᠠᠲᠤᠨ ᠭᠤᠤᠯ᠎ᠤᠨ ᠤᠰᠤ ᠳᠠᠭ᠎ᠠ ᠵᠢᠨ ᠨᠠᠭᠤᠷ ᠲᠸ᠋ ᠳᠠᠪᠠᠯᠭᠠᠯᠠᠨ  ᠤᠷᠤᠵᠦ ᠂ ᠳᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ  ᠠᠮᠢ ᠠᠬᠤᠢ ᠵᠢᠨ ᠵᠠᠰᠠᠯᠲᠠ ᠵᠢᠨ ᠰᠢᠨ᠎ᠠ ᠬᠠᠭᠤᠳᠠᠰᠤ ᠵᠢ ᠰᠡᠬᠦᠯ᠎ᠠ !


ᠦᠨᠳᠦᠷᠰᠦᠷᠯᠢᠭ ᠠᠭᠤᠯᠠᠰ ᠤ᠋ᠨ ᠬᠣᠷᠮᠣᠢ ᠳ᠋ᠤ᠌ ᠴᠢᠮᠡᠭ ᠪᠣᠯᠣᠨ ᠲᠣᠷᠮᠣᠢᠵᠤ ᠂ ᠣᠭ᠌ᠶᠤ ᠨᠣᠭᠣᠭᠠᠨ ᠲᠠᠩ ᠭᠠᠵᠠᠷ ᠤ᠋ᠨ ᠳᠤᠮᠳᠠ ᠱᠤᠭᠤᠵᠤ ᠰᠢᠭᠢᠳᠬᠡᠭᠰᠡᠨ ᠮᠥᠩᠭᠥᠨ ᠲᠣᠯᠢ ᠭᠡᠮᠡᠷ ᠮᠡᠯᠲᠡᠢᠨ ᠬᠠᠷᠠᠭᠳᠠᠬᠤ ᠲᠠᠭ᠎ᠠ ᠵᠢᠨ ᠨᠠᠭᠤᠷ ᠨᠢ 《 ᠲᠠᠯ᠎ᠠ ᠨᠤᠲᠤᠭ ᠤ᠋ᠨ ᠠᠷᠰᠢ ᠵᠢᠨ ᠨᠠᠭᠤᠷ 》 ᠂ 《 ᠪᠣᠭᠣᠮᠲᠠ ᠵᠢᠨ ᠭᠠᠳᠠᠨᠠᠬᠢ ᠲᠡᠭᠷᠢ ᠵᠢᠨ ᠨᠠᠭᠤᠷ 》 ᠵᠡᠷᠭᠡ ᠤᠯᠠᠨ ᠰᠠᠢᠬᠠᠨ ᠠᠯᠳᠠᠷ  ᠲᠠᠢ  ᠪᠢᠯᠡ ᠃

ᠤᠯᠠᠭᠠᠨᠴᠠᠪ ᠬᠤᠳᠠ ᠵᠢᠨ ᠯᠢᠶᠡᠩᠴᠧᠩ ᠰᠢᠶᠠᠨ ᠤ᠋ ᠵᠡᠭᠦᠨ ᠡᠮᠦᠨ᠎ᠡ ᠵᠠᠬ᠎ᠠ ᠳ᠋ᠤ᠌ ᠪᠠᠢᠷᠢᠯᠠᠵᠤ ᠂  ᠮᠠᠨ ᠤ᠋ ᠣᠷᠣᠨ ᠤ᠋ ᠳᠤᠮᠳᠠ ᠬᠡᠰᠡᠭ ᠭᠠᠵᠠᠷ ᠣᠷᠣᠨ ᠤ᠋ ᠬᠠᠮᠤᠭ ᠤ᠋ᠨ ᠲᠣᠮᠣ᠌ ᠳᠣᠲᠣᠭᠠᠳᠤ ᠬᠠᠭᠤᠷᠠᠢ ᠵᠢᠨ ᠨᠠᠭᠤᠷ ᠪᠣᠯᠤᠭᠰᠠᠨ ᠲᠠᠭ᠎ᠠ ᠵᠢᠨ ᠨᠠᠭᠤᠷ ᠨᠢ ᠤᠯᠤᠰ ᠤ᠋ᠨ ᠲᠥᠯᠦᠪᠵᠢᠭᠦᠯᠭᠡ ᠵᠢᠨ ᠬᠠᠮᠠᠭᠠᠯᠠᠯᠲᠠ ᠳ᠋ᠤ᠌ ᠣᠷᠣᠭᠰᠠᠨ 365 ᠤᠰᠤᠨ ᠤ᠋ ᠴᠢᠨᠠᠷ ᠵᠢᠡᠷ ᠨᠡᠯᠢᠶᠡᠳ ᠰᠠᠢᠨ ᠨᠠᠭᠤᠷ ᠤ᠋ᠨ ᠨᠢᠭᠡ ᠂ ᠤᠯᠤᠰ ᠤ᠋ᠨ 179 ᠴᠢᠬᠤᠯᠠ ᠨᠤᠭᠤ ᠭᠠᠵᠠᠷ ᠤ᠋ᠨ ᠨᠢᠭᠡ ᠪᠠᠢᠵᠤ ᠂ ᠡᠯ᠎ᠡ ᠦᠨᠳᠦᠰᠦᠲᠡᠨ ᠵᠢᠡᠷ ᠪᠦᠷᠢᠯᠳᠦᠭᠰᠡᠨ 24 ᠲᠦᠮᠡᠨ ᠢᠷᠭᠡᠳ ᠤ᠋ᠨ ᠵᠢᠡᠨ ᠡᠵᠢ ᠨᠠᠭᠤᠷ ᠂ ᠰᠦᠭ ᠰᠦᠨᠡᠰᠦ ᠂ ᠠᠮᠢᠨ ᠰᠤᠳᠠᠰᠤ᠂ ᠮᠥᠨ ᠴᠤ᠌ ᠬᠦᠰᠡᠯ ᠢᠷᠡᠭᠡᠳᠦᠢ  ᠪᠣᠯᠣᠭᠰᠠᠭᠠᠷ ᠢᠷᠡᠭᠰᠡᠨ ᠶᠤᠮ ᠃

   

ᠪᠦᠯᠬᠦᠮᠳᠡᠯ ᠨᠢᠭᠲᠠᠷᠠᠯ ᠤ᠋ᠨ ᠲᠡᠦᠬᠡ ᠶ᠋ᠢ ᠬᠦᠦᠷᠨᠢᠭᠡ — ᠲᠠᠭ᠎ᠠ ᠵᠢᠨ ᠨᠠᠭᠤᠷ


ᠨᠠᠷᠠ ᠬᠠᠨ᠎ᠠ ᠵᠢᠨ ᠲᠣᠯᠣᠭᠠᠢ ᠳ᠋ᠤ᠌ ᠲᠤᠰᠬᠤ ᠪᠡᠷ ᠣᠨᠢᠰᠤᠲᠠᠢ ᠮᠣᠲ᠋ᠣᠷ ᠵᠢᠡᠨ ᠵᠠᠢᠳᠠᠯᠠᠨ ᠲᠠᠭ᠎ᠠ ᠵᠢᠨ ᠨᠠᠭᠤᠷ ᠢ᠋ ᠴᠢᠭᠯᠡᠵᠦ ᠨᠢᠭᠡ ᠡᠳᠦᠷ ᠤ᠋ᠨ ᠶᠠᠭᠠᠷᠠᠯᠲᠠᠢ ᠠᠵᠢᠯ ᠵᠢᠡᠨ ᠡᠬᠢᠯᠡᠭᠦᠯᠦᠨ᠎ᠡ ᠃ ᠣᠨᠢᠰᠤᠲᠠᠢ ᠲᠠᠭ᠎ᠠ ᠵᠢᠨ ᠨᠠᠭᠤᠷ ᠲᠤ᠌ ᠢᠷᠡᠵᠤ ᠣᠩᠭᠣᠴᠠᠨ ᠳᠠᠷᠤᠭ᠎ᠠ ᠪᠡᠷ ᠠᠵᠢᠯᠯᠠᠭᠠᠳ ᠠᠷᠪᠠ ᠭᠠᠷᠤᠢ ᠵᠢᠯ ᠪᠣᠯᠵᠤ ᠪᠤᠢ ᠂ ᠤ᠌ᠭ ᠡᠴᠡ ᠪᠡᠨ ᠬᠥᠳᠡᠭᠡ ᠥᠰᠴᠦ ᠬᠣᠨᠢ ᠮᠠᠯ ᠵᠢᠡᠨ ᠠᠬᠤᠢᠯᠠᠵᠤ ᠪᠠᠢᠭᠰᠠᠨ ᠲᠡᠷᠡ ᠪᠡᠷ  ᠠᠷᠪᠠᠨ ᠵᠢᠯ ᠤ᠋ᠨ ᠡᠮᠦᠨ᠎ᠡ ᠂ ᠬᠦᠦ ᠨᠢ ᠯᠢᠶᠡᠩᠴᠧᠩ ᠰᠢᠶᠠᠨ ᠳ᠋ᠤ᠌ ᠠᠵᠢᠯ ᠠᠯᠪᠠ ᠲᠠᠢ ᠪᠤᠯᠬᠤ ᠶ᠋ᠢ ᠳᠠᠭᠠᠯᠳᠤᠨ ᠲᠠᠭ᠎ᠠ ᠵᠢᠨ ᠨᠠᠭᠤᠷ ᠤ᠋ᠨ ᠵᠠᠬ᠎ᠠ ᠳ᠋ᠤ᠌ ᠢᠷᠡᠵᠤ ᠤᠰᠤ ᠣᠩᠭᠣᠴᠠ ᠲᠠᠢ ᠨᠥᠬᠥᠷᠯᠡᠨ᠂ ᠮᠠᠯᠴᠢᠨ ᠡᠴᠡ ᠪᠡᠨ ᠵᠢᠭᠠᠰᠤᠴᠢᠨ ᠪᠣᠯᠤᠭᠰᠠᠨ ᠨᠢ ᠡᠨᠡ ᠪᠠᠢᠵᠠᠢ ᠃

— ᠠᠩᠬ᠎ᠠ ᠡᠬᠢᠯᠡᠭᠡᠳ ᠬᠥᠮᠥᠨ ᠤ᠋ ᠣᠩᠭᠣᠴᠠ ᠶ᠋ᠢ ᠲᠦᠷᠢᠶᠡᠰᠦᠯᠡᠭᠡᠳ ᠬᠡᠷᠡᠭᠯᠡᠵᠦ ᠪᠠᠢᠭᠰᠠᠨ ᠂ ᠰᠡᠭᠦᠯᠡᠷ ᠨᠢ ᠤᠷᠤᠯᠭ᠎ᠠ ᠵᠦᠭᠡᠷ ᠪᠣᠯᠬᠣᠷ ᠦᠪᠡᠰᠦᠪᠡᠨ 80 ᠲᠦᠮᠡ ᠵᠠᠷᠤᠴᠠᠭᠤᠯᠵᠤ ᠨᠢᠭᠡ ᠲᠣᠮᠣ ᠣᠩᠭᠣᠴᠠ ᠬᠤᠳᠠᠯᠳᠤᠭᠠᠳ ᠠᠪᠤᠴᠢᠬᠠᠭᠰᠠᠨ ᠂ ᠤᠳᠤ ᠣᠷᠣᠭᠤᠯᠤᠭᠰᠠᠨ ᠪᠡᠯᠡ ᠮᠥᠩᠭᠥ ᠪᠡ ᠪᠠᠷᠤᠭ ᠲᠥᠯᠥᠪ ᠣᠯᠴᠢᠬᠠᠭᠰᠠᠨ ᠃ ᠡᠨᠡ ᠬᠣᠶᠠᠷ ᠵᠢᠯ ᠬᠢᠵᠢᠭ᠌ ᠡᠪᠡᠳᠴᠢᠨ ᠳᠡᠯᠭᠡᠷᠡᠭᠰᠡᠨ ᠡᠴᠡ ᠤᠷᠤᠯᠭ᠎ᠠ ᠪᠠᠭ᠎ᠠ᠎ᠠᠠᠨᠠᠢ ᠂ ᠲᠠᠭ᠎ᠠ ᠵᠢᠨ ᠨᠠᠭᠤᠷ ᠲᠤ᠌ ᠢᠷᠡᠵᠤ ᠨᠠᠭᠠᠳᠬᠤ ᠬᠥᠮᠥᠰ ᠴᠤ᠌ ᠲᠤᠩ ᠪᠠᠭᠠᠰᠴᠠᠢ ᠂ ᠦᠭᠡᠢ ᠪᠣᠯ ᠤᠤᠯ  ᠨᠢ 5 ᠰᠠᠷ᠎ᠠ ᠡᠴᠡ ᠡᠬᠢᠯᠡᠭᠡᠳ 10 ᠰᠠᠷ᠎ᠠ ᠬᠦᠷᠳᠡᠯ᠎ᠡ ᠵᠢᠭᠤᠯᠴᠢᠯᠠᠭᠰᠠᠳ ᠳᠦᠭᠦᠷᠦᠭᠡᠳ ᠶᠣᠰᠣᠲᠠᠢ ᠬᠥᠭᠵᠢᠶᠡᠨᠲᠠᠢ ᠪᠠᠢᠳᠠᠭ ᠰᠢᠤ ᠃ ᠣᠢᠷ᠎ᠠ ᠵᠢᠨ ᠵᠢᠯ ᠲᠠᠭ᠎ᠠ ᠵᠢᠨ ᠨᠠᠭᠤᠷ ᠤ᠋ᠨ ᠠᠮᠢ ᠠᠬᠤᠢ ᠶ᠋ᠢ ᠲᠦᠷᠦ ᠵᠠᠰᠠᠭ ᠡᠴᠡ ᠮᠠᠰᠢ ᠴᠢᠬᠤᠯᠠᠴᠢᠯᠠᠨ ᠦᠵᠡᠵᠦ ᠪᠠᠢᠬᠤ ᠪᠣᠯᠬᠣᠷ ᠨᠠᠳᠠᠳᠤ ᠪᠠᠰᠠ ᠨᠢᠭᠡᠨ ᠰᠢᠨ᠎ᠡ ᠡᠭᠦᠷᠭᠡ ᠲᠠᠢ ᠪᠣᠯᠤᠭᠰᠠᠨ ᠂ ᠳᠠᠷᠤᠢ ᠡᠳᠦᠷᠵᠢᠨ ᠣᠩᠭᠣᠴᠠ ᠪᠡᠨ ᠪᠠᠷᠢᠵᠤ ᠤᠰᠤᠨ ᠤ᠋ ᠴᠢᠨᠠᠷ ᠢ᠋ ᠰᠢᠯᠭᠠᠨ ᠪᠠᠢᠴᠠᠭᠠᠬᠤ ᠪᠡᠷ ᠢᠷᠡᠭᠰᠡᠨ ᠮᠡᠷᠭᠡᠵᠢᠯᠲᠡᠳ ᠢ᠋ ᠳᠠᠭᠠᠭᠤᠯᠤᠨ ᠨᠠᠭᠤᠷ ᠲᠤ᠌ ᠭᠠᠷᠴᠤ ᠤᠰᠤᠨ ᠤ᠋ ᠬᠡᠪ ᠵᠠᠭᠪᠤᠷ ᠠᠪᠬᠤ ᠪᠣᠯᠣᠨ᠎ᠠ ᠭᠡᠵᠦ ᠣᠨᠢᠰᠤᠲᠠᠢ ᠬᠡᠯᠡᠨ᠎ᠡ᠃

ᠲᠡᠦᠬᠡ ᠶ᠋ᠢ ᠠᠷᠠᠳ ᠲᠦᠮᠡᠨ ᠪᠦᠲᠦᠭᠡᠭᠰᠡᠨ ᠭᠡᠳᠡᠭ᠃ ᠲᠡᠦᠬᠡ ᠂ ᠰᠣᠶᠣᠯ ᠡᠳᠡᠭᠡᠷ ᠣᠨ ᠴᠠᠭ ᠤ᠋ᠨ ᠤᠷᠳᠤ ᠳ᠋ᠤ ᠪᠦᠷᠢᠯᠳᠦᠭᠰᠡᠨ ᠪᠣᠳᠠᠲᠠᠢ  ᠨᠡᠷᠡᠰ ᠤ᠋ᠳ ᠪᠣᠯ ᠪᠦᠷ ᠨᠢᠭᠡ ᠨᠢᠭᠡ ᠡᠭᠡᠯ ᠵᠢᠷ ᠤ᠋ᠨ ᠬᠥᠮᠥᠰ ᠤ᠋ᠨ ᠠᠳᠠᠯ ᠠᠮᠢᠳᠤᠷᠠᠯ ᠵᠢᠡᠨ ᠠᠬᠤᠢᠯᠠᠵᠤ ᠂ ᠨᠠᠭᠠᠰᠢ ᠴᠠᠭᠠᠰᠢ ᠨᠡᠭᠦᠳᠡᠯᠯᠡᠨ ᠰᠢᠯᠵᠢᠬᠦ ᠠᠶᠠᠨᠳᠠᠭᠠᠨ ᠤ᠋ ᠶᠠᠪᠤᠴᠠ ᠳ᠋ᠤ᠌ ᠠᠭᠤᠰᠤᠯᠴᠠᠨ ᠬᠥᠭᠵᠢᠭᠰᠡᠭᠡᠷ ᠢᠷᠡᠭᠰᠡᠨ ᠵᠦᠢᠯ ᠪᠤᠯᠬᠤ ᠶᠤᠮ ᠃

ᠯᠢᠶᠡᠩᠴᠧᠩ ᠰᠢᠶᠠᠨ ᠨᠢ ᠬᠤᠸᠠᠪᠧᠢ ᠵᠢᠨ ᠲᠡᠨᠵᠢ ᠭᠠᠵᠠᠷ ᠤ᠋ᠨ ᠬᠣᠢᠲᠤ ᠵᠠᠬ᠎ᠠ ᠳ᠋ᠤ᠌ ᠪᠠᠢᠷᠢᠯᠠᠵᠤ ᠂ ᠬᠣᠢᠭᠤᠷ ᠵᠢᠡᠨ ᠮᠤᠨᠢ ᠠᠭᠤᠯᠠ ᠶ᠋ᠢ ᠲᠦᠰᠢᠨ ᠂ ᠡᠩᠭᠡᠷ ᠲᠤᠨᠢ ᠬᠡᠪᠲᠡᠭᠡ ᠲᠠᠭ᠎ᠠ ᠵᠢᠨ ᠨᠠᠭᠤᠷ ᠤ᠋ᠨ ᠰᠠᠪᠠ ᠭᠠᠵᠠᠷ ᠨᠢ ᠡᠷᠲᠡᠨ ᠡᠴᠡ ᠠᠪᠤᠭᠠᠳ ᠲᠠᠷᠢᠶᠠᠯᠠᠬᠤ ᠰᠣᠶᠣᠯ  ᠪᠣᠯᠣᠨ ᠨᠡᠭᠦᠳᠡᠯ ᠰᠣᠶᠣᠯ ᠤ᠋ᠨ ᠠᠭᠤᠯᠵᠠᠷ ᠣᠷᠣᠨ ᠪᠠᠢᠵᠤ ᠂ ᠳᠤᠮᠳᠠᠳᠤ᠎ᠶᠢᠨ ᠦᠨᠳᠦᠰᠦᠲᠡᠨ᠎ᠦ ᠠᠭᠤᠰᠤᠯᠴᠠᠯ ᠪᠦᠷᠢᠯᠳᠦᠯ ᠤ᠋ᠨ ᠴᠢᠬᠤᠯᠠ ᠡᠬᠢ ᠡᠭᠦᠰᠪᠦᠷᠢ ᠵᠢᠨ ᠨᠢᠭᠡ ᠪᠣᠯᠵᠠᠢ ᠃

— ᠲᠠᠭ᠎ᠠ ᠵᠢᠨ ᠨᠠᠭᠤᠷ ᠤ᠋ᠨ ᠰᠠᠪᠠ ᠭᠠᠵᠠᠷ ᠤ᠋ᠨ ᠪᠠᠢᠭᠠᠯᠢ ᠵᠢᠨ ᠨᠥᠬᠥᠴᠡᠯ ᠲᠠᠷᠢᠶᠠᠯᠠᠩ ᠦᠢᠯᠡᠳᠪᠦᠷᠢᠯᠡᠯ  ᠳ᠋ᠤ᠌ ᠮᠠᠰᠢ ᠲᠣᠬᠢᠷᠠᠵᠤ  ᠳᠤᠮᠳᠠᠳᠤ ᠵᠢᠨ  ᠦᠨᠳᠦᠰᠦᠲᠡᠨ ᠤ᠋ ᠡᠭᠦᠰᠦᠯ ᠤ᠋ᠨ ᠭᠠᠵᠠᠷ ᠪᠤᠯᠬᠤ ᠵᠦᠩᠶᠤᠸᠠᠨ ᠣᠷᠣᠨ ᠳ᠋ᠤ᠌᠂ ᠲᠠᠷᠢᠶᠠᠯᠠᠩ ᠤ᠋ᠨ ᠪᠣᠯᠪᠠᠰᠤᠨ ᠡᠬᠢᠯᠡᠵᠦ ᠪᠤᠢ ᠪᠣᠯᠤᠭᠰᠠᠨ ᠲᠡᠷᠡ ᠦᠶ᠎ᠡ ᠡᠴᠡ ᠲᠠᠭ᠎ᠠ ᠵᠢᠨ ᠨᠠᠭᠤᠷ ᠤ᠋ᠨ ᠤᠢᠷᠠᠯᠴᠠᠭ᠎ᠠ ᠲᠠᠷᠢᠶᠠᠯᠠᠬᠤ ᠰᠣᠶᠣᠯ ᠲᠠᠢ ᠠᠢᠮᠠᠭ ᠤᠭᠰᠠᠭ᠎ᠠ ᠠᠵᠤ ᠲᠦᠷᠦᠨ ᠠᠮᠢᠳᠤᠷᠠᠵᠤ ᠪᠠᠢᠭᠰᠠᠨ ᠢ᠋ ᠬᠠᠭᠤᠴᠢ ᠰᠤᠳᠤᠯᠤᠭᠠᠴᠢᠳ ᠭᠡᠷᠡᠴᠢᠯᠡᠭᠰᠡᠨ ᠪᠠᠢᠨ᠎ᠠ ᠭᠡᠵᠦ ᠯᠢᠶᠡᠩᠴᠧᠩ ᠰᠢᠶᠠᠨ ᠤ᠋ ᠬᠠᠭᠤᠴᠢ ᠪᠣᠳᠠᠰ  ᠢ᠋ ᠬᠠᠮᠠᠭᠠᠯᠠᠬᠤ ᠲᠥᠪ ᠤ᠋ᠨ ᠡᠷᠬᠢᠯᠡᠭᠴᠢ ᠹᠠᠩ ᠬᠤᠩ ᠮᠢᠩ ᠶᠠᠷᠢᠯ᠎ᠠ ᠃

ᠳᠠᠭ᠎ᠠ᠎ᠶᠢᠨ ᠨᠠᠭᠤᠷ ᠤ᠋ᠨ ᠤᠢᠷᠠᠯᠴᠠᠭᠠᠬᠢ  578 ᠡᠷᠲᠡᠨ᠎ᠤ ᠪᠠᠭᠤᠷᠢ ᠡᠴᠡ ᠳᠤᠮᠳᠠᠳᠤ᠎ᠶᠢᠨ ᠦᠨᠳᠦᠰᠦᠲᠡᠨ᠎ᠤ ᠣᠷᠣᠰᠢᠨ ᠠᠮᠢᠳᠤᠷᠠᠵᠤ ᠪᠠᠢᠭᠰᠠᠨ ᠤᠯᠠ ᠮᠥᠷ ᠬᠠᠷᠠᠭᠳᠠᠨ᠎ᠠ᠃ᠵᠢᠱᠢᠶᠡᠯᠡᠪᠡᠯ᠄ ᠪᠠᠷᠰ ᠠᠭᠤᠯᠠ᠎ᠶᠢᠨ ᠰᠣᠶᠣᠯ ᠂ᠶᠠᠩ ᠱᠤᠤ ᠵᠢᠨ ᠰᠣᠶᠣᠯ᠂ ᠰᠢᠶᠠ ᠤᠯᠤᠰ᠎ᠤᠨ ᠳᠤᠮᠳᠠᠴᠢ ᠰᠡᠭᠦᠯᠴᠢ ᠵᠢᠨ ᠦᠶ᠎ᠡ ᠵᠢᠨ ᠦᠯᠡᠳᠡᠭᠳᠡᠯ ᠁

ᠬᠡᠳᠦᠨ ᠮᠢᠩᠭᠠᠨ ᠵᠢᠯ ᠤ᠋ᠨ ᠲᠤᠷᠰᠢ ᠂ ᠤᠮᠠᠷᠠᠲᠤ ᠵᠢᠨ ᠤᠯᠠᠨ ᠦᠨᠳᠦᠰᠦᠲᠡᠨ ᠨᠦ᠍ᠭᠦᠳ ᠯᠢᠶᠡᠩᠴᠧᠩ ᠤ᠋ᠨ ᠣᠢᠷ᠎ᠠ ᠬᠠᠪᠢ ᠳ᠋ᠤ᠌ ᠠᠵᠤ ᠲᠦᠷᠦᠨ ᠠᠮᠢᠳᠤᠷᠠᠵᠤ᠂ ᠢᠳᠡᠭᠡᠨ ᠤᠮᠳᠠᠭᠠᠨ᠂ ᠡᠮᠦᠰᠬᠡᠯ ᠵᠠᠰᠠᠯ ᠂ ᠠᠵᠢᠯ ᠠᠯᠪᠠ ᠂ ᠠᠵᠤ ᠠᠬᠤᠢ ᠂ ᠰᠣᠶᠣᠯ ᠢᠷᠭᠡᠨᠰᠢᠯ ᠁ ᠤᠯᠠᠨ ᠲᠠᠯ᠎ᠠ ᠪᠡᠷ ᠠᠭᠤᠰᠤᠯᠴᠠᠨ ᠬᠥᠭᠵᠢᠭᠰᠡᠭᠡᠷ ᠲᠤᠮᠳᠠᠳᠤ ᠵᠢᠨ ᠦᠨᠳᠦᠰᠦᠲᠡᠨ ᠤ᠋ ᠲᠣᠮᠣ᠌ ᠭᠡᠷ ᠪᠦᠯᠢ ᠵᠢᠨ ᠴᠢᠬᠤᠯᠠ ᠨᠢᠭᠡᠨ ᠲᠡᠦᠬᠡᠨ ᠬᠠᠭᠤᠳᠠᠰᠤ ᠶ᠋ᠢ ᠪᠢᠴᠢᠭᠯᠡᠵᠦ ᠂ ᠡᠷᠬᠢᠨ ᠣᠷᠴᠢᠬᠤ ᠲᠡᠦᠬᠡ ᠵᠢᠨ ᠨᠤᠬᠤᠴᠠᠭᠠᠨ ᠳ᠋ᠤ᠌ ᠵᠤᠤ ᠤᠯᠤᠰ( ᠪᠠᠢᠯᠳᠤᠭᠠᠨᠲᠤ ᠤᠯᠤᠰ)᠂ ᠲᠣᠪᠠ ᠰᠢᠶᠡᠨᠪᠧᠢ ᠭᠡᠬᠦ ᠮᠡᠲᠦᠴᠢᠯᠡᠨ ᠡᠷᠴᠢ ᠬᠦᠴᠦ ᠶ᠋ᠢ ᠬᠥᠪᠴᠢᠯᠡᠭᠰᠡᠨ ᠂ ᠡᠯᠢᠭᠡ ᠵᠢᠷᠦᠬᠡ ᠶ᠋ᠢ ᠤᠶᠠᠷᠠᠭᠤᠯᠤᠭᠰᠠᠨ ᠤᠯᠠᠨ ᠰᠠᠢᠬᠠᠨ ᠦᠯᠢᠭᠡᠷ ᠲᠡᠦᠬᠡ ᠶ᠋ᠢ ᠪᠦᠲᠦᠭᠡᠭᠰᠡᠭᠡᠷ ᠢᠷᠡᠭᠰᠡᠨ ᠨᠢ ᠲᠠᠭ᠎ᠠ ᠵᠢᠨ ᠨᠠᠭᠤᠷ   ᠡᠴᠡ ᠰᠠᠯᠵᠤ ᠴᠢᠳᠠᠰᠢ ᠦᠭᠡᠢ ᠶᠤᠮ᠃

 

ᠡᠯᠪᠡᠭ ᠪᠠᠶᠠᠯᠢᠭ᠋ ᠠᠭᠤᠯᠤᠭᠳᠠᠴᠠ ᠪᠡᠨ ᠤᠨᠳᠤᠷᠤᠭᠤᠯᠤᠭ᠎ᠠ — ᠲᠠᠭ᠎ᠠ ᠵᠢᠨ ᠨᠠᠭᠤᠷ

 

ᠳᠠᠭ᠎ᠠ᠎ᠶᠢᠨ ᠨᠠᠭᠤᠷ᠎ᠤᠨ ᠨᠡᠷᠡᠢᠳᠦᠯ ᠤ᠋ᠨ ᠲᠤᠬᠠᠢ ᠲᠡᠮᠳᠡᠭᠯᠡᠯ ᠠᠯᠢ ᠡᠷᠲᠡ ᠴᠦᠨ ᠴᠢᠦ ᠪᠠᠢᠯᠳᠤᠭᠠᠨᠲᠤ ᠤᠯᠤᠰ᠎ᠤᠨ ᠦᠶ᠎ᠡ ᠡᠴᠡ ᠤᠯᠠ ᠮᠥᠷ ᠲᠠᠢ ᠪᠠᠢᠵᠤ ᠂        《 ᠪᠣᠭᠣᠮᠲᠠ᠎ᠶᠢᠨ ᠭᠠᠳᠠᠨᠠᠬᠢ ᠪᠣᠭᠳᠠ ᠨᠠᠭᠤᠷ 》 ᠬᠡᠮᠡᠨ ᠨᠡᠷᠡᠯᠡᠳᠡᠭ ᠪᠠᠢᠭᠰᠠᠨ ᠵᠢᠡᠨ ᠣᠯᠠᠨ ᠲᠦᠷᠦ ᠵᠢᠨ ᠣᠷᠴᠢᠯ ᠳ᠋ᠤ᠌ ᠥᠭᠡᠷᠡᠴᠢᠯᠡᠭᠳᠡᠨ ᠨᠡᠷᠡᠢᠳᠦᠭᠳᠡᠭᠰᠡᠭᠡᠷ ᠴᠢᠩ   ᠬᠦᠷᠦᠨ  ᠤ᠋   ᠪᠠᠳᠠᠷᠠᠭᠤᠯᠲᠤ   ᠲᠥᠷᠥ᠍ ᠎ᠶᠢᠨ  ᠡᠬᠢᠨ᠎ᠦ ᠦᠶ᠎ᠡ᠎ᠡᠴᠡ ᠰᠠᠶᠢ  《 ᠳᠠᠭ᠎ᠠ᠎ᠶᠢᠨ ᠨᠠᠭᠤᠷ 》 ᠭᠡᠵᠦ ᠨᠡᠷᠡᠯᠡᠭᠳᠡᠬᠦ ᠪᠣᠯᠵᠠᠢ  ᠃

ᠳᠠᠭ᠎ᠠ᠎ᠶᠢᠨ ᠨᠠᠭᠤᠷ᠎ᠤᠨ ᠰᠠᠪᠠ ᠭᠠᠵᠠᠷ ᠨᠢ ᠠᠽᠢᠶ᠎ᠠ ᠲᠢᠪ᠎ᠦᠨ ᠤᠮᠠᠷᠠᠲᠤ ᠬᠠᠭᠠᠰ ᠪᠥᠮᠪᠥᠷᠴᠡᠭ᠎ᠦᠨ ᠡᠮᠦᠨᠡᠲᠦ ᠤᠮᠠᠷᠠᠲᠤ᠎ᠶᠢᠨ ᠠᠮᠢ ᠠᠬᠤᠢ᠎ᠶᠢᠨ ᠬᠣᠩᠭᠢᠯ᠎ᠤᠨ ᠵᠠᠩᠭᠢᠯᠠᠭ᠎ᠠ᠎ᠶᠢᠨ ᠴᠡᠭ ᠂ ᠮᠥᠨ ᠴᠤ᠌ ᠪᠡᠭᠡᠵᠢᠩ ᠲᠢᠶᠠᠨᠵᠢᠨ᠎ᠢ ᠲᠣᠭᠣᠷᠢᠭ᠍ᠰᠠᠨ ᠴᠢᠬᠤᠯᠠ ᠪᠠᠷᠠᠭᠤᠨ ᠬᠡᠰᠡᠭ᠎ᠦᠨ ᠬᠠᠯᠬᠠᠪᠴᠢ ᠪᠠᠢᠵᠤ ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠴᠢᠳᠠᠮᠵᠢ᠎ᠲᠠᠢ ᠪᠠᠢᠳᠠᠭ ᠃

ᠲᠠᠭ᠎ᠠ ᠵᠢᠨ ᠨᠠᠭᠤᠷ ᠤ᠋ᠨ ᠲᠠᠯᠠᠪᠠᠢ 160 ᠲᠡᠭᠰᠢ ᠳᠥᠷᠪᠡᠯᠵᠢᠨ ᠺᠢᠯᠣᠮᠧᠲᠷ ᠂ ᠲᠦᠷᠪᠡᠨ ᠵᠦᠭ ᠲᠤ᠌ ᠲᠠᠩ ᠭᠠᠵᠠᠷ ᠨᠠᠯᠠᠢᠨ ᠂ ᠤ᠌ᠢ ᠮᠣᠳᠣ᠌ ᠢᠭ᠍ᠴᠤ ᠰᠠᠬᠤᠯᠢᠭ᠋ ᠪᠠᠢᠳᠠᠭ ᠵᠢᠡᠷ ᠡᠲᠡᠭᠡᠳ ᠰᠠᠢᠬᠠᠨ ᠪᠠᠢᠭᠠᠯᠢ ᠵᠢᠨ ᠥᠩᠭᠡ ᠦᠵᠡᠮᠵᠢ ᠶ᠋ᠢ  ᠪᠦᠷᠢᠯᠳᠦᠭᠦᠯᠵᠡᠢ ᠃ ᠲᠠᠭ᠎ᠠ ᠵᠢᠨ ᠨᠠᠭᠤᠷ ᠤ᠋ᠨ ᠤᠰᠤᠨ ᠤ᠋ ᠭᠠᠷᠤᠯᠲᠠ ᠡᠯᠪᠡᠭ ᠪᠠᠶᠠᠯᠢᠭ᠋ ᠂ ᠭᠤᠴᠢ ᠰᠢᠬᠠᠮ ᠲᠦᠷᠦᠯ ᠤ᠋ᠨ ᠵᠢᠭᠠᠰᠤ ᠂ 52 ᠲᠦᠷᠦᠯ ᠤ᠋ᠨ ᠵᠠᠮᠠᠭ ᠤᠷᠭᠤᠮᠠᠯ ᠂ 188 ᠲᠦᠷᠦᠯ ᠤ᠋ᠨ ᠡᠪᠡᠰᠦ ᠂ 150 ᠭᠠᠷᠤᠢ ᠲᠦᠷᠦᠯ ᠤ᠋ᠨ ᠡᠮᠲᠦ ᠤᠷᠭᠤᠮᠠᠯ ᠠᠭᠤᠯᠤᠭᠳᠠᠵᠤ ᠪᠠᠢᠳᠠᠭ ᠃

ᠠᠯᠢ ᠡᠷᠲᠡ ᠵᠢᠷᠭᠤᠳᠤᠭᠠᠷ ᠵᠠᠭᠤᠨ ᠤ᠋ ᠡᠬᠢ ᠪᠡᠷ ᠂ ᠮᠠᠨ ᠤ᠋ ᠤᠯᠤᠰ ᠤ᠋ᠨ ᠡᠷᠲᠡᠨ ᠤ᠋ ᠠᠯᠳᠠᠷᠲᠤ ᠭᠠᠵᠠᠷ ᠵᠦᠢ ᠵᠢᠨ ᠤᠬᠠᠭᠠᠨᠲᠠᠨ ᠯᠢ ᠳ᠋ᠣᠣ ᠶᠤᠸᠠᠨ ᠲᠠᠭ᠎ᠠ ᠵᠢᠨ ᠨᠠᠭᠤᠷ ᠲᠤ᠌ ᠢᠷᠡᠭᠡᠳ ᠡᠨᠳᠡᠬᠢ ᠦᠵᠡᠮᠵᠢ ᠳ᠋ᠤ ᠰᠣᠭᠲᠣᠭᠤᠷᠠᠵᠤ ᠂  ᠥᠪᠡᠷ ᠤ᠋ᠨ ᠪᠦᠲᠦᠭᠡᠯ    《 ᠪᠣᠯᠣᠷ ᠡᠷᠢᠭᠡ 》  ᠳ᠋ᠡᠭᠡᠨ 《 ᠨᠠᠭᠤᠷ ᠤ᠋ᠨ ᠭᠠᠳᠠᠷᠭᠤ ᠨᠢ ᠲᠤᠩᠭᠠᠯᠠᠭ ᠳᠥᠯᠭᠡᠬᠡᠨ ᠂ ᠤᠰᠤ ᠨᠢ ᠭᠦᠨ ᠪᠤᠯᠪᠠᠴᠤ ᠤᠷᠤᠰᠬᠠᠯ ᠲᠣᠭᠲᠠᠭᠤᠨ ᠂ ᠦᠵᠡᠭᠰᠡᠨ ᠪᠦᠬᠦᠨ ᠤ᠋ ᠰᠡᠳᠬᠢᠯ ᠢ᠋ ᠰᠡᠷᠭᠦᠭᠡᠵᠦ ᠂ ᠠᠬᠢᠨ ᠲᠠᠬᠢᠨ ᠪᠠᠷᠠᠯᠠᠶ᠎ᠠ ᠭᠡᠵᠦ ᠰᠠᠨᠠᠭᠳᠠᠭᠤᠯᠤᠨ᠎ᠠ 》 ᠭᠡᠵᠦ ᠪᠢᠴᠢᠭᠰᠡᠨ ᠪᠠᠢᠳᠠᠭ ᠃

ᠳᠠᠭ᠎ᠠ᠎ᠶᠢᠨ ᠨᠠᠭᠤᠷ᠎ᠢ ᠪᠠᠰᠠ 《 ᠪᠣᠭᠣᠮᠲᠠ᠎ᠶᠢᠨ ᠭᠠᠳᠠᠨᠠᠬᠢ ᠵᠢᠭᠠᠰᠤ ᠠᠮᠤ᠎ᠶᠢᠨ ᠨᠤᠲᠤᠭ 》 ᠬᠡᠮᠡᠳᠡᠭ  ᠃ ᠳᠠᠭ᠎ᠠ ᠵᠢᠨ ᠨᠠᠭᠤᠷ ᠨᠢ ᠡᠷᠲᠡᠨ᠎ᠡᠴᠡ ᠠᠪᠤᠭᠠᠳ ᠤᠮᠠᠷᠠᠲᠤ᠎ᠶᠢᠨ ᠥᠨᠳᠥᠷᠯᠢᠭ ᠳᠡᠭᠢ ᠴᠢᠬᠤᠯᠠ ᠠᠮᠤ ᠪᠤᠳᠠᠭᠠᠨ᠎ᠤ ᠭᠠᠷᠤᠯᠲᠠ᠎ᠶᠢᠨ ᠣᠷᠣᠨ ᠪᠠᠢᠵᠤ᠂ ᠬᠠᠨ ᠤᠯᠤᠰ᠎ᠤᠨ ᠦᠶ᠎ᠡ᠎ᠳᠦ ᠨᠡᠯᠢᠶᠡᠳ ᠬᠡᠪᠴᠢᠶ᠎ᠡ ᠲᠠᠢ ᠲᠠᠷᠢᠶᠠᠯᠠᠩ᠎ᠤᠨ ᠦᠢᠯᠡᠳᠪᠦᠷᠢᠯᠡᠯ ᠢ᠋ ᠡᠷᠬᠢᠯᠡᠵᠤ ᠂ ᠤᠮᠠᠷᠠᠲᠤ ᠸᠧᠢ ᠤᠯᠤᠰ᠎ᠤᠨ ᠦᠶ᠎ᠡ ᠪᠤᠯᠬᠤ ᠳ᠋ᠤ᠌   《 ᠨᠡᠢᠰᠯᠡᠯ᠎ᠦᠨ ᠲᠠᠷᠢᠶ᠎ᠠ 》 ᠬᠡᠮᠡᠭᠳᠡᠵᠦ ᠂ ᠯᠢᠶᠣᠤ ᠤᠯᠤᠰ ᠂ ᠠᠯᠲᠠᠨ ᠤᠯᠤᠰ ᠤ᠋ᠨ ᠦᠶ᠎ᠡ ᠳ᠋ᠤ᠌ ᠨᠠᠷᠢᠮᠤ ᠂ ᠪᠤᠭᠤᠳᠠᠢ ᠂ ᠰᠢᠰᠢ ᠂ ᠰᠠᠭᠠᠭ ᠵᠡᠷᠭᠡ ᠶ᠋ᠢ ᠡᠬᠢᠯᠡᠨ ᠲᠠᠷᠢᠵᠤ ᠡᠨᠡ ᠨᠢ ᠤᠳᠤ ᠪᠤᠯᠳᠠᠯ᠎ᠠ ᠦᠷᠭᠦᠯᠵᠢᠯᠡᠭᠰᠡᠭᠡᠷ  ᠁ 

ᠮᠢᠩ ᠤᠯᠤᠰ᠎ᠤᠨ ᠰᠡᠭᠦᠯᠴᠢ ᠡᠴᠡ ᠤᠯᠤᠰ ᠪᠠᠢᠭᠤᠯᠤᠭᠳᠠᠬᠤ ᠵᠢᠨ ᠡᠬᠢᠨ ᠪᠤᠯᠳᠠᠯ᠎ᠠ ᠂ ᠤᠷᠲᠤ ᠴᠠᠭᠠᠨ ᠬᠡᠷᠡᠮ᠎ᠤᠨ ᠡᠮᠦᠨᠡᠬᠢ ᠢᠷᠭᠡᠳ ᠲᠠᠰᠤᠷᠠᠯ ᠦᠭᠡᠢ ᠤᠮᠠᠷᠠᠰᠢ ᠨᠡᠭᠦᠳᠡᠯᠯᠡᠬᠦ ᠶ᠋ᠢ ᠳᠠᠭᠠᠯᠳᠤᠨ  ᠲᠡᠷᠢᠭᠦᠨ᠎ᠦ ᠲᠠᠷᠢᠶᠠᠯᠠᠬᠤ ᠮᠡᠷᠭᠡᠵᠢᠯ ᠴᠤ᠌ ᠴᠠᠭᠠᠨ ᠬᠡᠷᠡᠮ᠎ᠦᠨ ᠤᠮᠠᠷᠠᠲᠤ ᠳ᠋ᠤ᠌ ᠳᠠᠮᠵᠢᠭ᠍ᠳᠠᠨ ᠢᠷᠡᠵᠤ ᠂ ᠳᠠᠭ᠎ᠠ᠎ᠶᠢᠨ ᠨᠠᠭᠤᠷ ᠨᠢ ᠨᠢᠭᠡ ᠦᠶ᠎ᠡ ᠠᠯᠲᠠᠨ ᠲᠠᠷᠢᠶ᠎ᠠ ᠬᠠᠯᠢᠭᠤᠷᠠᠭᠰᠠᠨ ᠲᠠᠷᠢᠶᠠᠯᠠᠩ ᠤ᠋ᠨ ᠭᠠᠷᠤᠯᠲᠠ ᠵᠢᠨ ᠣᠷᠣᠨ ᠪᠣᠯᠵᠠᠢ ᠃ ᠴᠢᠯᠦᠭᠡᠯᠡᠭᠳᠡᠭᠰᠡᠨ᠎ᠦ ᠲᠠᠷᠠᠭ᠎ᠠ ᠂ ᠳᠠᠭ᠎ᠠ᠎ᠶᠢᠨ ᠨᠠᠭᠤᠷ᠎ᠤᠨ ᠰᠠᠪᠠ ᠭᠠᠵᠠᠷ᠎ᠤᠨ ᠠᠲᠠᠷ ᠭᠠᠵᠠᠷ ᠢ᠋ ᠵᠠᠰᠠᠨ ᠪᠠᠰᠠ ᠬᠠᠭᠠᠯᠪᠤᠷᠢᠯᠠᠵᠤ ᠂ ᠰᠢᠨᠵᠢᠯᠡᠬᠦ ᠤᠬᠠᠭᠠᠨ ᠮᠡᠷᠭᠡᠵᠢᠯ᠎ᠢ ᠲᠦᠭᠡᠮᠡᠯᠵᠢᠭᠦᠯᠦᠨ᠂ ᠲᠠᠷᠢᠮᠠᠯ᠎ᠤᠨ ᠪᠦᠲᠦᠴᠡ᠎ᠳᠦ ᠲᠣᠬᠢᠷᠠᠭᠤᠯᠤᠯᠲᠠ ᠬᠢᠵᠦ ᠡᠷᠳᠡᠨᠢ ᠰᠢᠰᠢ ᠂ ᠲᠥᠮᠥᠰᠥ᠍ ᠵᠡᠷᠭᠡ ᠶ᠋ᠢ ᠶᠡᠬᠡ ᠬᠡᠮᠵᠢᠶ᠎ᠡ ᠪᠡᠷ ᠳᠠᠷᠢᠭ᠍ᠰᠠᠨ ᠵᠢᠡᠷ ᠯᠢᠶᠡᠩᠴᠧᠩ ᠰᠢᠶᠠᠨ ᠨᠢ ᠪᠦᠭᠦ ᠤᠯᠤᠰ᠎ᠤᠨ ᠵᠠᠭᠤᠨ ᠲᠣᠮᠣ᠌ ᠠᠮᠤ ᠪᠤᠳᠠᠭᠠᠨ᠎ᠤ ᠭᠠᠷᠤᠯᠲᠠ᠎ᠶᠢᠨ ᠰᠢᠶᠠᠨ᠎ᠤ ᠡᠩᠨᠡᠭᠡᠨ ᠳ᠋ᠤ᠌ ᠣᠷᠣᠵᠠᠢ ᠃

ᠥᠨᠥᠳᠥᠷ ᠤ᠋ᠨ ᠲᠠᠭ᠎ᠠ ᠵᠢᠨ ᠨᠠᠭᠤᠷ ᠢ᠋ ᠲᠤᠬᠠᠢ ᠵᠢᠨ ᠵᠢᠯ ᠤ᠋ᠨ ᠯᠢ ᠳ᠋ᠣᠣ ᠶᠤᠸᠠᠨ ᠤ᠋ ᠣᠯᠵᠤ ᠬᠠᠷᠠᠭᠰᠠᠨ ᠲᠠᠭ᠎ᠠ ᠵᠢᠨ ᠨᠠᠭᠤᠷ ᠲᠠᠢ ᠬᠠᠷᠢᠴᠠᠭᠤᠯᠪᠠᠯ ᠥᠩᠭᠡ ᠦᠵᠡᠮᠵᠢ ᠂ ᠠᠮᠢ ᠠᠬᠤᠢ ᠡᠯ᠎ᠡ ᠲᠠᠯ᠎ᠠ ᠪᠡᠷ ᠶᠠᠭᠠᠬᠢᠬᠤ ᠵᠢᠨ ᠠᠷᠭ᠎ᠠ ᠦᠭᠡᠢ ᠬᠤᠪᠢᠷᠠᠯᠲᠠ ᠭᠠᠷᠤᠭᠰᠠᠨ ᠨᠢ ᠦᠨᠡᠨ  ᠃ ᠠᠭᠤᠷ ᠠᠮᠢᠰᠬᠤᠯ ᠵᠢᠴᠢ ᠬᠥᠮᠥᠨ ᠤ᠋ ᠨᠥᠯᠥᠭᠡ ᠡᠴᠡ ᠪᠣᠯᠵᠤ ᠂ ᠨᠠᠭᠤᠷ ᠤ᠋ᠨ ᠤᠢᠷ᠎ᠠ ᠤᠷᠴᠢᠮ᠎ᠤᠨ ᠠᠮᠢ ᠠᠬᠤᠢ ᠵᠢᠨ ᠰᠢᠰᠲᠸᠮ ᠶᠡᠬᠡ ᠪᠡᠷ ᠡᠪᠳᠡᠭᠳᠡᠨ ᠂ ᠬᠤᠵᠢᠷᠰᠢᠨ ᠲᠠᠳᠠᠷᠰᠢᠬᠤ ᠪᠠᠢᠳᠠᠯ ᠬᠦᠨᠳᠦ ᠨᠣᠴᠢᠲᠠᠢ ᠪᠣᠯᠵᠤ ᠡᠬᠢᠯᠡᠪᠡ ᠃ ᠡᠳᠡᠭᠡᠷ ᠨᠢ  ᠯᠢᠶᠡᠩᠴᠧᠩ ᠰᠢᠶᠠᠨ᠎ᠤ ᠠᠮᠢ ᠠᠬᠤᠢ ᠂ ᠠᠵᠤ ᠠᠬᠤᠢ ᠂ ᠵᠢᠭᠤᠯᠴᠢᠯᠠᠯ ᠤ᠋ᠨ ᠦᠢᠯᠡᠰ ᠵᠡᠷᠭᠡ ᠡᠯ᠎ᠡ ᠲᠠᠯ᠎ᠠ ᠵᠢᠨ ᠬᠥᠭᠵᠢᠯᠲᠡ ᠶ᠋ᠢ ᠪᠦᠷ ᠶᠡᠬᠡᠬᠡᠨ ᠨᠥᠯᠥᠭᠡᠯᠡᠵᠦ ᠡᠬᠢᠯᠡᠭᠰᠡᠨ ᠶᠤᠮ ᠃ 


ᠶᠡᠬᠡ ᠭᠣᠣᠯ ᠤ᠋ᠨ ᠤᠷᠤᠰᠬᠠᠯ ᠳ᠋ᠤ᠌ ᠤᠮᠳᠠᠯᠠᠭᠳᠠᠭ᠎ᠠ — ᠲᠠᠭ᠎ᠠ ᠵᠢᠨ ᠨᠠᠭᠤᠷ


2018  ᠪᠠ  2019 ᠣᠨ᠎ᠳᠤ ᠂ ᠶᠡᠷᠦᠩᠬᠡᠢ ᠱᠦᠵᠢ ᠰᠢ ᠵᠢᠨ ᠫᠢᠩ ᠬᠣᠶᠠᠷ ᠤᠳᠠᠭ᠎ᠠ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ᠌ ᠣᠷᠤᠯᠴᠠᠬᠤ ᠳ᠋ᠠᠭᠠᠨ ᠴᠥᠮ ᠲᠠᠭ᠎ᠠ ᠵᠢᠨ ᠨᠠᠭᠤᠷ ᠤ᠋ᠨ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠥᠭᠴᠦ ᠂ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠬᠠᠬᠤ ᠪᠠᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠢ᠋ ᠪᠠᠲᠤᠯᠠᠵᠤ ᠂ ᠠᠭᠤᠯᠠ ᠤᠰᠤ ᠤ᠌ᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ᠋ ᠵᠠᠰᠠᠬᠤ ᠠᠵᠢᠯ ᠢ᠋ ᠨᠢᠭᠡᠳᠦᠯᠲᠡᠢ ᠲᠥᠰᠥᠪᠯᠡᠨ ᠲᠠᠭ᠎ᠠ ᠵᠢᠨ ᠨᠠᠭᠤᠷ ᠤ᠋ᠨ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠠᠵᠢᠯ ᠢ᠋ ᠰᠠᠢᠲᠤᠷ ᠠᠳᠬᠤᠵᠤ ᠂   ᠨᠠᠢᠳᠠᠪᠤᠷᠢᠵᠢᠭᠤᠯᠤᠯᠲᠠ ᠶ᠋ᠢ ᠦᠨᠡᠨ ᠬᠦ᠌ ᠪᠠᠲᠤᠲᠠᠢ ᠠᠳᠬᠤᠵᠤ ᠂ ᠡᠬᠡ ᠤᠯᠤᠰ ᠤ᠋ᠨ ᠤᠮᠠᠷᠠᠲᠤ ᠵᠢᠨ ᠡᠨᠡ ᠬᠦ᠌ ᠦᠵᠡᠰᠬᠦᠯᠡᠩᠲᠦ ᠰᠠᠢᠬᠠᠨ ᠦᠵᠡᠮᠵᠢ ᠵᠢᠨ ᠣᠷᠣᠨ ᠢ᠋ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠃

ᠳᠠᠭ᠎ᠠ ᠵᠢᠨ ᠨᠠᠭᠤᠷ 20 ᠳ᠋ᠤᠭᠠᠷ ᠵᠠᠭᠤᠨ᠎ᠳᠤ ᠨᠡᠢ᠍ᠢᠳᠡ ᠲᠠᠪᠤ ᠤᠳᠠᠭᠠᠨ᠎ᠤ ᠬᠤᠪᠢᠷᠠᠯᠲᠠ ᠶ᠋ᠢ ᠲᠤᠭᠤᠯᠪᠠ ᠃ ᠲᠤᠬᠠᠢᠯᠠᠪᠠᠯ ᠂ 20 ᠳ᠋ᠤᠭᠠᠷ ᠵᠠᠭᠤᠨ᠎ᠤ ᠡᠬᠢ᠎ᠪᠡᠷ ᠂ ᠳᠠᠭ᠎ᠠ᠎ᠶᠢᠨ ᠨᠠᠭᠤᠷ᠎ᠤᠨ ᠰᠠᠪᠠ ᠭᠠᠵᠠᠷ᠎ᠲᠤ ᠬᠤᠷ᠎ᠠ ᠲᠤᠨᠳᠠᠰᠤ ᠡᠯᠪᠡᠭ᠂ ᠨᠠᠭᠤᠷ ᠤ᠋ᠨ ᠲᠠᠯᠠᠪᠠᠶ 200 ᠲᠡᠭᠰᠢ ᠳᠥᠷᠪᠡᠯᠵᠢᠨ ᠺᠢᠯᠣᠮᠧᠲᠷ ᠪᠠᠢᠪᠠ ᠃ 1926 — 1929 ᠣᠨ ᠤ᠋ 4 ᠵᠢᠯ ᠳᠠᠷᠠᠭᠠᠯᠠᠭᠰᠠᠨ ᠶᠡᠬᠡ ᠭᠠᠩ ᠢ᠋ ᠥᠩᠭᠡᠷᠡᠭᠡᠳ ᠨᠠᠭᠤᠷ ᠤ᠋ᠨ ᠭᠠᠳᠠᠷᠭᠤ ᠨᠢ 50 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ;1930 —1959 ᠣᠨ ᠤ᠋ ᠬᠣᠭᠣᠷᠣᠨᠳᠤ ᠂  ᠵᠠᠯᠭᠠᠭ᠎ᠠ ᠪᠡᠷ ᠣᠯᠠᠨᠲᠠ ᠦᠶᠡᠷᠯᠡᠭᠰᠡᠨ ᠵᠢᠡᠷ ᠤᠰᠤᠨ ᠲᠦᠪᠰᠢᠨ ᠮᠠᠰᠢ ᠲᠦᠷᠭᠡᠨ ᠳᠡᠭᠡᠭᠰᠢᠯᠡᠵᠦ ᠂ ᠲᠡᠭᠡᠷ᠎ᠡ ᠵᠠᠭᠤᠨ ᠎ᠤ ᠲᠠᠪᠢᠭᠠᠳ ᠣᠨ ᠪᠤᠯᠬᠤ ᠳ᠋ᠤ᠌ ᠨᠠᠭᠤᠷ ᠤ᠋ᠨ ᠲᠠᠯᠠᠪᠠᠢ 200 ᠲᠡᠭᠰᠢ ᠳᠥᠷᠪᠡᠯᠵᠢᠨ ᠺᠢᠯᠣᠮᠧᠲᠷ ᠪᠣᠯᠪᠠ ;1960 — 2004 ᠣᠨ ᠪᠤᠯᠳᠠᠯ᠎ᠠ ᠂ ᠬᠡᠳᠦᠨ ᠤᠳᠠᠭᠠᠨ ᠤ᠋ ᠶᠡᠬᠡ ᠭᠠᠩ ᠢ᠋ ᠳᠠᠮᠵᠢᠭᠠᠳ 2004 ᠣᠨ ᠪᠤᠯᠬᠤ ᠳ᠋ᠤ᠌ ᠨᠠᠭᠤᠷ ᠤ᠋ᠨ ᠭᠠᠳᠠᠷᠭᠤ ᠪᠠᠭᠠᠰᠤᠭᠠᠳ 102 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠣᠯᠪᠠ;2005 — 2015 ᠣᠨ ᠪᠤᠯᠬᠤ ᠳ᠋ᠤ᠌ ᠂ ᠳᠤᠮᠳᠠᠴᠢ᠎ᠪᠠᠷ ᠵᠢᠯ ᠪᠦᠷᠢ 2.6 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ ᠂ 2015 ᠣᠨ ᠪᠤᠯᠬᠤ ᠳ᠋ᠤ ᠨᠠᠭᠤᠷ᠎ᠤᠨ ᠭᠠᠳᠠᠷᠭᠤ 56.8 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ ;2016 ᠣᠨ ᠳ᠋ᠤ᠌ ᠂ 0.45 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ ᠂ ᠨᠠᠭᠤᠷ ᠤ᠋ᠨ ᠲᠠᠯᠠᠪᠠᠶ 56.35 ᠲᠡᠭᠰᠢ ᠳᠥᠷᠪᠡᠯᠵᠢᠨ ᠺᠢᠯᠣᠮᠧᠲᠷ ᠪᠣᠯᠪᠠ ᠃

ᠳᠣᠯᠭᠢᠶᠠᠯᠠᠨ ᠤᠷᠤᠰᠬᠤ ᠬᠠᠳᠤᠨ ᠭᠣᠣᠯ ᠤ᠋ᠨ ᠤᠰᠤ  ᠲᠠᠭ᠎ᠠ ᠵᠢᠨ ᠨᠠᠭᠤᠷ ᠲᠸ᠋ ᠳᠠᠪᠠᠯᠭᠠᠯᠠᠨ ᠣᠷᠣᠵᠤ ᠂ ᠲᠠᠭ᠎ᠠ ᠵᠢᠨ ᠨᠠᠭᠤᠷ ᠤ᠋ᠨ ᠠᠮᠢ ᠠᠬᠤᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ ᠵᠢᠩᠬᠢᠨᠢ ᠪᠡᠷ ᠪᠦᠬᠦ ᠱᠤᠭᠤᠮ ᠵᠢᠡᠷ ᠤᠰᠤ ᠨᠡᠪᠳᠡᠷᠡᠵᠦ ᠂ ᠲᠠᠭ᠎ᠠ ᠵᠢᠨ ᠨᠠᠭᠤᠷ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠵᠠᠰᠠᠯᠲᠠ ᠵᠢᠨ ᠰᠢᠨ᠎ᠡ ᠬᠠᠭᠤᠳᠠᠰᠤ ᠶ᠋ᠢ ᠰᠡᠬᠦᠪᠡ ᠃

— ᠣᠢᠷ᠎ᠠ ᠵᠢᠨ ᠵᠢᠯ᠂ ᠠᠭᠤᠷ ᠠᠮᠢᠰᠬᠤᠯ ᠤ᠋ᠨ ᠬᠤᠪᠢᠷᠠᠯᠲᠠ ᠪᠠ ᠬᠥᠮᠥᠨ ᠲᠥᠷᠥᠯᠬᠢᠲᠡᠨ ᠤ᠋ ᠠᠵᠢᠯᠯᠠᠭ᠎ᠠ ᠵᠢᠨ ᠨᠥᠯᠥᠭᠡ ᠵᠡᠷᠭᠡ ᠡᠴᠡ ᠪᠣᠯᠵᠤ ᠂ ᠲᠠᠭ᠎ᠠ ᠵᠢᠨ ᠨᠠᠭᠤᠷ ᠤ᠋ᠨ ᠲᠠᠯᠠᠪᠠᠢ ᠪᠠᠭᠠᠰᠴᠤ  ᠬᠤᠵᠢᠷᠰᠢᠬᠤ ᠬᠡᠮᠵᠢᠶ᠎ᠡ ᠨᠢ ᠰᠢᠷᠦᠭᠦᠰᠴᠦ ᠂ ᠤᠰᠤᠨ ᠤ᠋ ᠴᠢᠨᠠᠷ ᠨᠢ ᠮᠠᠭᠤᠳᠠᠵᠤ ᠂ ᠤᠰᠤᠨ ᠤ᠋ ᠠᠮᠢ ᠠᠬᠤᠢ ᠵᠢᠨ ᠰᠢᠰᠲᠸᠮ ᠬᠦᠨᠳᠦ ᠨᠣᠴᠢᠲᠠᠢ ᠡᠪᠳᠡᠭᠳᠡᠵᠦ ᠂ ᠠᠮᠢ ᠠᠬᠤᠢ ᠮᠠᠭᠤᠳᠠᠬᠤ ᠠᠰᠠᠭᠤᠳᠠᠯ ᠬᠦᠨᠳᠦ ᠨᠣᠴᠢᠲᠠᠢ  ᠪᠠᠢᠳᠠᠯ  ᠳ᠋ᠤ  ᠣᠷᠣᠪᠠ ᠃ ᠶᠡᠷᠦᠩᠬᠡᠢ  ᠱᠦᠵᠢ  ᠰᠢ   ᠵᠢᠨ  ᠫᠢᠩ   ᠤ᠋ᠨ 《 ᠲᠠᠭ᠎ᠠ ᠵᠢᠨ ᠨᠠᠭᠤᠷ ᠤ᠋ᠨ ᠤᠰᠤᠨ ᠤ᠋ ᠠᠮᠢ ᠠᠬᠤᠢ ᠶ᠋ᠢ ᠶᠡᠷᠦᠩᠬᠡᠢᠯᠡᠨ ᠵᠠᠰᠠᠬᠤ 》 ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ᠋ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠥᠯᠥᠭᠡ ᠂ ᠤᠯᠠᠭᠠᠨᠴᠠᠪ ᠬᠤᠳᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ᠋ ᠵᠣᠬᠢᠶᠠᠨ  ᠪᠠᠢᠭᠤᠯᠵᠤ 《  ᠲᠠᠭ᠎ᠠ ᠵᠢᠨ ᠨᠠᠭᠤᠷ ᠤ᠋ᠨ ᠤᠰᠤᠨ ᠤ᠋ ᠠᠮᠢ ᠠᠬᠤᠢ ᠶ᠋ᠢ ᠬᠠᠮᠠᠭᠠᠯᠠᠬᠤ ᠲᠥᠯᠦᠪᠵᠢᠭᠦᠯᠭᠡ 》 ᠶ᠋ᠢ ᠵᠠᠰᠠᠨ ᠨᠠᠢᠷᠠᠭᠤᠯᠵᠤ᠂ ᠨᠡᠢᠳᠡ 24 ᠵᠠᠰᠠᠯᠲᠠ ᠵᠢᠨ ᠲᠦᠷᠦᠯ ᠵᠦᠢᠯ ᠢ᠋ ᠬᠡᠷᠡᠭᠵᠢᠭᠦᠯᠵᠦ ᠂ ᠲᠠᠭ᠎ᠠ ᠵᠢᠨ ᠨᠠᠭᠤᠷ ᠤ᠋ᠨ ᠠᠮᠢ ᠠᠬᠤᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ ᠢ᠋ ᠬᠡᠷᠡᠭᠵᠢᠭᠦᠯᠦᠭᠰᠡᠨ ᠶᠤᠮ ᠭᠡᠵᠦ ᠯᠢᠶᠡᠩᠴᠧᠩ ᠰᠢᠶᠠᠨ ᠤ᠋ ᠳᠡᠳ᠋ ᠰᠢᠶᠠᠨ ᠤ᠋ ᠳᠠᠷᠤᠭ᠎ᠠ ᠵᠢᠶᠠ ᠰᠢᠶᠣᠣ ᠫᠢᠩ ᠶᠠᠷᠢᠯ᠎ᠠ ᠃

ᠡᠨᠡ ᠬᠦ᠌ ᠢᠨᠵᠧᠨᠧᠷᠢᠩ ᠢ᠋ 2020 ᠣᠨ ᠤ᠋ 11 ᠰᠠᠷ᠎ᠠ ᠵᠢᠨ 16 ᠡᠳᠦᠷ ᠡᠴᠡ ᠵᠢᠩᠬᠢᠨᠢ ᠪᠡᠷ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ ᠂ 《  ᠭᠤᠷᠪᠠᠨ ᠱᠠᠲᠤᠨ ᠤ᠋ ᠳᠠᠷᠤᠯᠲᠠ ᠨᠡᠮᠡᠬᠦ  +  ᠬᠣᠶᠠᠷ ᠱᠠᠲᠤᠨ ᠤ᠋ ᠬᠦᠨᠳᠦ ᠵᠢᠨ ᠬᠦᠴᠦᠨ 》 ᠤ᠋ ᠤᠰᠤ ᠳᠠᠮᠵᠢᠭᠤᠯᠬᠤ ᠲᠥᠰᠥᠯ ᠢ᠋ ᠬᠡᠷᠡᠭᠯᠡᠵᠦ ᠂ ᠤᠰᠤ ᠳᠠᠮᠵᠢᠭᠤᠯᠬᠤ ᠶᠡᠷᠦᠩᠬᠡᠢ ᠵᠠᠢ ᠨᠢ 134.24 ᠺᠢᠯᠣᠮᠧᠲᠷ ᠪᠠᠢᠵᠤ ᠂ ᠭᠣᠣᠯᠳᠠᠬᠤ 3 ᠨᠦᠭᠡᠨ ᠵᠠᠮ( 11.15 ᠺᠢᠯᠣᠮᠧᠲᠷ ) ᠂  3  ᠬᠥᠭᠥᠷᠭᠡ ᠵᠢᠨ ᠦᠷᠳᠡᠭᠡ ᠪᠠ 123.09  ᠺᠢᠯᠣᠮᠧᠲᠷ ᠬᠣᠭᠣᠯᠠᠢ ᠱᠤᠭᠤᠮ ᠢ᠋ ᠪᠠᠭᠲᠠᠭᠠᠵᠤ᠂ ᠵᠢᠷᠤᠵᠤ ᠲᠥᠯᠥᠪᠯᠡᠭᠰᠡᠨ ᠤᠰᠤ ᠲᠠᠲᠠᠬᠤ ᠤᠷᠤᠰᠴᠠ ᠨᠢ ᠰᠸᠺᠦ᠋ᠨ᠋ᠳ᠋ ᠪᠦᠷᠢ 3.02 ᠲᠡᠭᠰᠢ ᠳᠥᠷᠪᠡᠯᠵᠢᠨ ᠮᠸᠲᠷ ᠪᠠᠢᠵᠤ ᠂ ᠵᠢᠯ ᠤ᠋ᠨ ᠤᠰᠤ ᠲᠠᠲᠠᠬᠤ ᠬᠡᠪᠴᠢᠶ᠎ᠡ ᠨᠢ 4466 ᠲᠦᠮᠡᠨ ᠲᠡᠭᠰᠢ ᠳᠥᠷᠪᠡᠯᠵᠢᠨ ᠮᠸᠲᠷ ᠪᠣᠯᠣᠨ᠎ᠠ ᠃19 ᠰᠠᠷ᠎ᠠ ᠴᠢᠷᠮᠠᠢᠨ ᠲᠡᠮᠡᠴᠡᠭᠡᠳ ᠡᠴᠦᠰ ᠲᠡᠭᠡᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠶ᠋ᠢ ᠪᠡᠶᠡᠯᠡᠭᠦᠯᠵᠦ ᠂ ᠣᠷᠣᠨ ᠪᠦᠰᠡ ᠠᠯᠤᠰᠯᠠᠨ ᠤᠰᠤ ᠲᠠᠲᠠᠬᠤ ᠲᠣᠮᠣ᠌ ᠬᠡᠯᠪᠡᠷᠢ ᠵᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢᠨ ᠬᠤᠷᠳᠤᠴᠠ ᠶ᠋ᠢ ᠰᠢᠨᠡᠳᠬᠡᠪᠡ ᠃

ᠲᠠᠭ᠎ᠠ ᠵᠢᠨ ᠨᠠᠭᠤᠷ ᠤ᠋ᠨ ᠠᠮᠢ ᠠᠬᠤᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ ᠨᠢ ᠲᠠᠭ᠎ᠠ ᠵᠢᠨ ᠨᠠᠭᠤᠷ ᠤ᠋ᠨ ᠤᠰᠤᠨ ᠤ᠋ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠂ ᠦᠨᠳᠦᠰᠦ ᠡᠴᠡ ᠨᠢ ᠵᠠᠰᠠᠬᠤ ᠢᠨᠵᠧᠨᠧᠷᠢᠩ ᠪᠣᠯᠤᠭᠰᠠᠨ ᠤ᠋ ᠬᠤᠪᠢ ᠳ᠋ᠤ᠌ ᠂ ᠠᠰᠢᠭ᠍ᠯᠠᠯᠲᠠ ᠳ᠋ᠤ᠌ ᠣᠷᠣᠭᠤᠯᠤᠭᠰᠠᠨ ᠤ᠋ ᠲᠠᠷᠠᠭ᠎ᠠ ᠂ ᠰᠢᠨ᠎ᠡ ᠰᠣᠷᠭᠣᠭ ᠤᠰᠤᠨ ᠤ᠋ ᠡᠬᠢ ᠰᠤᠷᠪᠤᠯᠵᠢ ᠬᠠᠩᠭᠠᠬᠤ ᠪᠡᠷ ᠳᠠᠮᠵᠢᠭᠤᠯᠤᠨ ᠂ ᠲᠠᠭ᠎ᠠ ᠵᠢᠨ ᠨᠠᠭᠤᠷ ᠤ᠋ᠨ ᠤᠰᠤᠨ ᠤ᠋ ᠴᠢᠨᠠᠷ ᠢ᠋ ᠲᠠᠰᠤᠷᠠᠯᠳᠠ ᠦᠭᠡᠢ ᠰᠠᠢᠵᠢᠷᠠᠭᠤᠯᠵᠤ ᠂ ᠲᠠᠭ᠎ᠠ ᠵᠢᠨ ᠨᠠᠭᠤᠷ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠣᠷᠴᠢᠨ ᠲᠣᠭᠣᠷᠢᠨ ᠤ᠋ ᠪᠦᠬᠦᠯᠢ ᠴᠣᠭᠴᠠ ᠵᠢᠨ ᠶᠠᠰᠤ ᠴᠢᠨᠠᠷ ᠢ᠋ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠥᠪᠡᠷᠲᠡᠭᠡᠨ ᠵᠠᠰᠠᠬᠤ ᠣᠷᠣᠨ ᠤ᠋ ᠡᠬᠡ ᠤᠯᠤᠰ ᠤ᠋ᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠣᠭᠴᠠᠯᠠᠬᠤ ᠳ᠋ᠤ᠌ ᠬᠦᠴᠦᠨ ᠨᠡᠮᠡᠷᠢᠯᠡᠪᠡ ᠃

ᠶᠡᠬᠡ ᠭᠣᠣᠯ ᠤ᠋ᠨ ᠤᠷᠤᠰᠬᠠᠯ ᠳᠠᠭ᠎ᠠ ᠵᠢᠨ ᠨᠠᠭᠤᠷ ᠲᠸ᠋ ᠴᠢᠳᠬᠤᠯᠠᠨ ᠠᠮᠢᠯᠠᠯ᠎ᠤᠨ ᠨᠤᠮᠢᠨ ᠳᠤᠯᠬᠢᠶ᠎ᠠ ᠮᠢᠷᠠᠯᠵᠠᠭᠤᠯᠤᠭᠰᠠᠭᠠᠷ ᠪᠠᠢᠭᠠᠯᠢ ᠲᠡᠯᠡᠭᠡᠢ ᠬᠦᠮᠦᠨ  ᠠᠷᠠᠳ ᠲᠠᠭᠠᠨ ᠪᠤᠶᠠᠨ ᠭᠡᠰᠢᠭ ᠵᠢᠡᠨ ᠲᠦᠭᠡᠭᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号