ᠬᠠᠷᠠᠤ᠋ᠰᠤ ᠨᠠᠭᠤᠷ᠎ᠢ ᠪᠠᠰᠠ 《 ᠠᠷᠤ ᠭᠠᠵᠠᠷ᠎ᠤᠨ ᠵᠢᠶᠠᠩᠨᠠᠨ 》 ᠬᠡᠮᠡᠨ ᠳᠠᠭᠤᠳᠠᠳᠠᠭ᠃ ᠬᠠᠷᠠᠤ᠋ᠰᠤ ᠨᠠᠭᠤᠷ ᠨᠢ ᠲᠦᠮᠡᠳ ᠵᠡᠭᠦᠨ ᠬᠣᠰᠢᠭᠤᠨ ᠤ᠋ ᠬᠢᠯᠢ᠎ᠳᠤ ᠪᠠᠢᠷᠢᠰᠢᠵᠦ᠂ ᠬᠥᠬᠡᠬᠣᠲᠠ᠎ᠶᠢᠨ ᠬᠠᠷᠢᠶᠡᠨ᠎ᠳᠡᠬᠢ ᠴᠣᠷ᠎ᠤᠨ ᠭᠠᠭᠴᠠ ᠳᠣᠲᠣᠭᠠᠳᠤ ᠬᠠᠭᠤᠷᠠᠢ᠎ᠶᠢᠨ ᠨᠠᠭᠤᠷ ᠪᠣᠯᠣᠨ᠎ᠠ ᠃ ᠬᠠᠷᠠᠤ᠋ᠰᠤ ᠨᠠᠭᠤᠷ᠎ᠤᠨ ᠤᠰᠤᠨ᠎ᠤ ᠲᠠᠯᠠᠪᠠᠶ ᠨᠢ 32 ᠲᠡᠭᠰᠢ ᠳᠥᠷᠪᠡᠯᠵᠢᠨ ᠺᠢᠯᠣᠮᠧᠲᠷ ᠪᠠᠢᠵᠤ ᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠂ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠂ ᠤᠯᠤᠰ᠎ᠤᠨ ᠳᠡᠰ᠎ᠤᠨ ᠤᠳᠤᠬᠢᠴᠢᠯᠠᠭᠰᠠᠨ ᠲᠠᠷᠢᠶᠠᠯᠠᠩ᠎ᠤᠨ ᠵᠢᠱ᠌ᠢᠶ᠎ᠠ ᠦᠵᠡᠬᠦᠯᠬᠦ ᠤᠷᠤᠨ ᠪᠤᠯᠵᠦ ᠠᠯᠳᠠᠷ ᠨᠡᠷ᠎ᠠ ᠪᠠᠨ ᠬᠤᠯᠠ ᠤᠢᠷ᠎ᠠ᠎ᠳᠤ ᠳᠠᠭᠤᠷᠢᠰᠬᠠᠭᠤᠯᠤᠨᠠ ᠃

ᠲᠦᠮᠡᠳ᠎ᠤᠨ ᠲᠠᠯ᠎ᠠ ᠵᠢᠨ ᠲᠤᠪᠴᠢᠶᠠᠨ — ᠬᠠᠷᠠᠤ᠋ᠰᠤ ᠨᠠᠭᠤᠷ
ᠬᠠᠷᠠᠠᠤᠰᠤ ᠨᠠᠭᠤᠷ ᠤ᠋ᠨ ᠡᠷᠬᠢᠨ᠎ᠳᠤ ᠠᠯᠲᠠᠨ ᠲᠠᠷᠢᠶ᠎ᠠ ᠬᠠᠯᠢᠭᠤᠷᠠᠨ ᠡᠯᠪᠡᠭ ᠬᠤᠷᠢᠶᠠᠯᠳᠠ ᠵᠢᠨ ᠳᠠᠭᠤᠨ ᠡᠭᠡᠰᠢᠭᠯᠡᠨᠠ᠃ ᠡᠨᠡ ᠪᠤᠯ ᠲᠦᠮᠡᠳ ᠵᠡᠭᠦᠨ ᠬᠣᠱᠢᠭᠤᠨ᠎ᠤ ᠤᠶᠤᠨᠴᠢ ᠲᠠᠷᠢᠶᠠᠨ ᠭᠠᠵᠠᠷ ᠪᠤᠯᠤᠨ᠎ᠠ᠃ 《 ᠱᠢᠶᠤᠤ ᠼᠤᠤ ᠲᠣᠭᠠᠴᠢᠯᠠᠭ᠍ᠰᠠᠨ ᠺᠣᠮᠫᠠᠨᠢ 》 ᠶ᠋ᠢᠨ ᠦᠶ᠋ᠯᠡᠳᠬᠦᠨ᠎ᠦ ᠮᠡᠷᠭᠡᠵᠢᠯ᠎ᠦᠨ ᠬᠠᠷᠢᠭᠤᠴᠠᠯᠭᠠᠲᠠᠨ ᠶᠠᠩ ᠯᠢᠦ ᠤᠶᠤᠨᠴᠢ ᠲᠠᠷᠢᠶᠠᠨ ᠭᠠᠵᠠᠷ᠎ᠤᠨ ᠲᠣᠭᠠᠴᠢᠯᠠᠭ᠍ᠰᠠᠨ ᠲᠠᠪᠴᠠᠩ᠎ᠳᠠᠭᠠᠨ ᠤᠷᠤᠭᠠᠳ ᠲᠠᠷᠢᠶᠠᠨ ᠭᠠᠵᠠᠷ᠎ᠤᠨ ᠤᠰᠤᠯᠠᠯᠳᠠ᠂ ᠠᠷᠠᠴᠢᠯᠠᠨ ᠬᠠᠮᠠᠭᠠᠯᠠᠯᠳᠠ ᠵᠡᠷᠭᠡ ᠵᠢ ᠪᠠᠢᠴᠠᠭᠠᠨ ᠦᠵᠡᠨ᠎ᠠ᠃
— ᠮᠠᠨ᠎ᠤ ᠲᠣᠭᠠᠴᠢᠯᠠᠭ᠍ᠰᠠᠨ ᠲᠠᠪᠴᠠᠩ ᠪᠣᠯ ᠪᠥᠬᠥ᠌ ᠣᠷᠣᠨ᠎ᠤ ᠠᠩᠬᠠᠳᠠᠭ᠍ᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠣᠶᠤᠨᠴᠢ ᠡᠵᠡᠮᠳᠡᠯ᠂ ᠣᠶᠤᠨᠴᠢ ᠬᠠᠮᠢᠶᠠᠷᠤᠯᠲᠠ᠂ ᠦᠷ᠎ᠡ ᠠᠱᠢᠭ᠎ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠲᠠᠪᠴᠠᠩ ᠪᠤᠯᠤᠨ᠎ᠠ᠃ ᠪᠢᠳᠠ ᠲᠠᠷᠢᠶᠠᠨ ᠭᠠᠵᠠᠷ᠎ᠤᠨ ᠴᠢᠬᠢᠭᠢ᠋ ᠬᠡᠮᠵᠢᠭᠡᠳ ᠬᠡᠵᠢᠶ᠎ᠠ ᠤᠰᠤᠯᠠᠯᠳᠠ ᠬᠢᠬᠦ ᠂ ᠬᠡᠳᠦᠢ ᠵᠡᠷᠭᠡ ᠤᠰᠤᠯᠠᠬᠤ ᠵᠢᠴᠢ ᠴᠠᠭ ᠠᠭᠤᠷ᠎ᠤᠨ ᠪᠠᠢᠳᠠᠯ ᠲᠠᠢ ᠤᠶᠠᠯᠳᠤᠭᠤᠯᠤᠭᠰᠠᠨ ᠠᠷᠠᠴᠢᠯᠠᠨ ᠬᠠᠮᠠᠭᠠᠯᠠᠯᠳᠠ ᠪᠠᠨ ᠬᠢᠳᠡᠭ᠃ ᠡᠨᠡ ᠨᠢ ᠲᠠᠷᠢᠶᠠᠨ᠎ᠤ ᠤᠨᠠᠯᠳᠠ ᠵᠢ ᠳᠡᠭᠡᠭᠰᠢᠯᠡᠬᠦᠯᠵᠦ ᠂ ᠤᠷᠤᠯᠭ᠎ᠠ ᠵᠢ ᠨᠡᠮᠡᠭᠳᠡᠬᠦᠯᠦᠭᠰᠡᠨ ᠭᠡᠵᠦ 《ᠱᠢᠶᠤᠤ ᠼᠤᠤ ᠲᠣᠭᠠᠴᠢᠯᠠᠭ᠍ᠰᠠᠨ ᠺᠣᠮᠫᠠᠨᠢ 》 ᠶ᠋ᠢᠨ ᠦᠶ᠋ᠯᠡᠳᠬᠦᠨ᠎ᠦ ᠮᠡᠷᠭᠡᠵᠢᠯ᠎ᠦᠨ ᠬᠠᠷᠢᠭᠤᠴᠠᠯᠭᠠᠲᠠᠨ ᠶᠠᠩ ᠯᠢᠦ ᠶᠠᠷᠢᠨ᠎ᠠ ᠃
—10 ᠵᠢᠯ᠎ᠦᠨ ᠡᠮᠦᠨ᠎ᠡ᠂ ᠮᠠᠨ᠎ᠤ ᠬᠡᠷ᠎ᠦᠨ 4 ᠮᠥ᠍ ᠲᠠᠷᠢᠶᠠᠨ ᠭᠠᠵᠠᠷ᠎ᠤᠨ ᠵᠢᠯ᠎ᠦᠨ ᠣᠷᠣᠯᠭ᠎ᠠ ᠲᠦᠩᠬᠡᠵᠢ 2000 ᠲᠥᠭᠥᠷᠢᠭ ᠪᠠᠢᠪᠠ᠃ 2013 ᠣᠨ᠎ᠠᠴᠠ ᠡᠬᠢᠯᠡᠵᠦ ᠂ ᠪᠢ 4 ᠮᠥ᠍ ᠲᠠᠷᠢᠶᠠᠨ ᠭᠠᠵᠠᠷ᠎ᠢᠶᠠᠨ ᠺᠣᠮᠫᠠᠨᠢ᠎ᠳᠤ ᠳᠦᠷᠢᠶᠡᠰᠦᠯᠡᠨ ᠥᠭ᠌ᠴᠦ ᠂ ᠥᠪᠡᠷ᠎ᠢᠶᠡᠨ ᠺᠣᠮᠫᠠᠨᠢ᠎ᠳᠤ ᠬᠦᠯᠦᠰᠦᠨ ᠠᠵᠢᠯ ᠬᠢᠬᠡᠳ ᠰᠠᠷ᠎ᠠ᠎ᠵᠢᠨ 4500 ᠲᠥᠭᠥᠷᠢᠭ᠎ᠤᠨ ᠴᠠᠯᠢᠩ ᠤᠯᠳᠠᠭ᠃ ᠡᠭᠦᠨ ᠡᠴᠡ ᠭᠠᠳᠠᠨ᠎ᠠ ᠂ ᠮᠠᠨ᠎ᠤ ᠭᠢᠨ ᠪᠠᠰᠠ 5 ᠬᠦᠯᠡᠮᠵᠢ ᠲᠠᠢ ᠂ ᠵᠢᠯ᠎ᠦᠨ ᠣᠷᠣᠯᠭ᠎ᠠ 15 ᠲᠦᠮᠡᠨ ᠲᠥᠭᠥᠷᠢᠭ ᠬᠦᠷᠴᠦ ᠪᠤᠢ ᠭᠡᠵᠦ ᠲᠠᠷᠢᠶᠠᠴᠢᠨ ᠨᠠᠨ ᠶᠦᠨ ᠹᠸᠢ ᠤᠷᠮᠠᠲᠠᠢᠬᠠᠨ᠃
ᠬᠠᠷᠠᠠᠤᠰᠤ ᠨᠠᠭᠤᠷ᠎ᠤᠨ ᠤᠰᠤ ᠵᠢ ᠲᠦᠰᠢᠳᠡᠭ ᠲᠠᠷᠢᠶᠠᠨ ᠭᠠᠵᠠᠷ ᠨᠢ ᠤᠶᠤᠨᠴᠢ ᠲᠠᠷᠢᠶᠠᠨ ᠭᠠᠵᠠᠷ ᠪᠤᠯᠤᠨ ᠬᠤᠪᠢᠷᠠᠭᠠᠳ᠂ ᠲᠠᠷᠢᠶᠠᠨ᠎ᠤ ᠤᠨᠠᠯᠲᠠ ᠨᠢ 25% ᠪᠡᠷ ᠨᠡᠮᠡᠭᠳᠡᠭᠰᠡᠨ ᠪᠠᠢᠨ᠎ᠠ᠃
《 ᠠᠭᠤᠯᠠ ᠤᠰᠤᠨ᠎ᠤ ᠤᠢᠷ᠎ᠠ ᠨᠢ ᠳᠡᠭᠡᠷ᠎ᠠ 》 ᠭᠡᠳᠡᠭᠴᠢᠯᠡᠨ᠂ ᠠᠯᠢ ᠡᠷᠳᠡ ᠬᠠᠭᠤᠴᠢᠨ ᠴᠢᠯᠠᠭᠤᠨ ᠵᠡᠪᠰᠡᠭ᠎ᠤᠨ ᠦᠶ᠎ᠠ ᠡᠴᠡ ᠬᠠᠷᠠᠠᠤᠰᠤ ᠨᠠᠭᠤᠷ ᠤ᠋ᠨ ᠡᠷᠬᠢᠨ ᠲᠤᠭᠤᠷᠢᠨ᠎ᠳᠤ ᠬᠦᠮᠦᠨ ᠲᠦᠷᠦᠯᠬᠢᠳᠡᠨ ᠠᠮᠢᠳᠤᠷᠠᠵᠦ ᠪᠠᠢᠭᠰᠠᠨ ᠤᠯᠠ ᠮᠦᠷ ᠲᠠᠢ ᠪᠠᠢᠳᠠᠭ᠃ ᠤᠮᠠᠷᠠᠲᠤ ᠸᠧᠢ ᠤᠯᠤᠰ᠎ᠤᠨ 《 ᠴᠢᠯᠸᠶᠢᠨ ᠳᠠᠭᠤᠯᠠᠯ 》 ᠳ᠋ᠸ᠋ ᠂ 《 ᠬᠦᠬᠡ ᠲᠡᠭᠷᠢ ᠴᠡᠯᠮᠡᠭᠰᠢᠨ ᠂ ᠬᠦᠳᠡᠭᠡ ᠲᠠᠯ᠎ᠠ ᠨᠠᠯᠠᠢᠭᠠᠳ ᠂ ᠠᠶᠠᠰ᠎ᠤᠨ ᠰᠠᠯᠬᠢᠨ᠎ᠠ ᠦᠬᠡᠷ ᠬᠤᠨᠢᠳ ᠦᠵᠡᠭᠳᠡᠮᠦᠢ 》 ᠭᠡᠵᠦ ᠰᠢᠯᠦᠭᠯᠡᠳᠡᠭ ᠃ ᠡᠨᠡ ᠪᠤᠯ ᠲᠦᠮᠡᠳ᠎ᠤᠨ ᠲᠠᠯ᠎ᠠ ᠵᠢᠨ ᠵᠢᠷᠤᠭᠯᠠᠯ ᠪᠤᠯᠬᠤ ᠶᠤᠮ ᠃
ᠠᠯᠲᠠᠨ ᠬᠠᠭᠠᠨ᠎ᠤ ᠦᠶ᠎ᠠ ᠡᠴᠡ ᠡᠬᠢᠯᠡᠨ ᠲᠦᠮᠡᠳ᠎ᠤᠨ ᠬᠢᠵᠠᠭᠠᠷ ᠳᠡᠭᠢ ᠹᠸᠩ ᠵᠸᠦ ᠵᠢᠨ ᠲᠠᠯ᠎ᠠ᠎ᠳᠤ ᠲᠠᠷᠢᠶᠠᠯᠠᠩ ᠡᠷᠬᠢᠯᠡᠵᠦ ᠪᠠᠢᠭᠰᠠᠨ ᠡᠴᠡ ᠠᠵᠤ ᠠᠬᠤᠢ ᠶᠡᠬᠡ ᠪᠡᠷ ᠬᠦᠭᠵᠢᠵᠦ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠲᠡᠰᠢ ᠰᠢᠯᠵᠢᠭᠰᠡᠨ ᠶᠤᠮ᠃ 1546 ᠤᠨ᠎ᠳᠤ ᠂ ᠠᠯᠲᠠᠨ ᠬᠠᠭᠠᠨ ᠡᠴᠡ ᠲᠠᠷᠢᠶᠠᠯᠠᠩ ᠡᠷᠬᠢᠯᠡᠬᠦ ᠵᠢ ᠴᠢᠬᠤᠯᠠᠴᠢᠯᠠᠨ᠂ ᠡᠯ᠎ᠠ ᠭᠠᠵᠠᠷ ᠡᠴᠡ ᠢᠷᠡᠭᠰᠡᠨ ᠲᠠᠷᠢᠶᠠᠴᠢᠳ ᠱᠠᠷ ᠬᠦᠯᠯᠡᠨ ᠠᠨᠵᠢᠰᠦ ᠡᠷᠬᠢᠬᠦᠯᠵᠦ᠂ ᠪᠤᠭᠤᠳᠠᠢ ᠂ ᠲᠤᠲᠤᠷᠭ᠎ᠠ ᠂ ᠰᠤᠩᠬᠢᠨ᠎ᠠ ᠵᠡᠷᠭᠡ ᠵᠢ ᠲᠠᠷᠢᠭᠠᠳ ᠴᠡᠯᠡᠭᠡᠷ ᠲᠠᠯ᠎ᠠ ᠵᠢᠨ ᠳᠡᠨᠵᠢᠨ᠎ᠳᠤ ᠴᠡᠴᠡᠭᠯᠡᠯ᠎ᠤᠨ ᠲᠤᠶᠠᠭ᠎ᠠ ᠬᠡᠢᠵᠦ ᠪᠢᠯᠡ᠃
— ᠠᠯᠲᠠᠨ ᠬᠠᠭᠠᠨ ᠲᠠᠷᠢᠶᠠᠯᠠᠩ᠎ᠢ ᠬᠦᠭᠵᠢᠭᠦᠯᠦᠭᠰᠡᠨ ᠡᠴᠡ ᠠᠵᠤ ᠠᠬᠤᠢ ᠬᠦᠭᠵᠢᠵᠦ᠂ ᠠᠷᠠᠳ ᠢᠷᠭᠡᠳ᠎ᠤᠨ ᠠᠮᠢᠳᠤᠷᠠᠯ ᠪᠠᠶᠠᠯᠢᠭᠵᠢᠭᠰᠠᠨ ᠪᠠᠢᠳᠠᠭ ᠭᠡᠵᠦ ᠲᠦᠮᠡᠳ ᠵᠡᠬᠦᠨ ᠬᠤᠰᠢᠭᠤᠨ᠎ᠤ ᠲᠡᠤᠬᠡ ᠰᠤᠶᠤᠯ᠎ᠤᠨ ᠰᠤᠳᠤᠯᠭᠠᠨ᠎ᠤ ᠨᠡᠢᠭᠡᠮᠯᠢᠭ᠎ᠤᠨ ᠤᠤᠯ᠎ᠤᠨ ᠲᠡᠷᠢᠬᠦᠯᠡᠭᠴᠢ ᠢᠦᠢ ᠶᠦᠩ ᠹᠠ ᠶᠠᠷᠢᠨ᠎ᠠ᠃
ᠹᠸᠩ ᠵᠸᠦ ᠵᠢᠨ ᠲᠠᠯ᠎ᠠ᠎ᠳᠤ ᠲᠠᠷᠢᠶᠠᠯᠠᠩ ᠬᠦᠭᠵᠢᠵᠦ᠂ ᠰᠠᠭᠤᠷᠢᠰᠢᠯ ᠢᠷᠭᠡᠳ ᠨᠡᠮᠡᠭᠳᠡᠬᠦ ᠵᠢ ᠳᠠᠭᠠᠯᠳᠤᠨ ᠲᠤᠰᠬᠤᠨ ᠪᠤᠢ ᠪᠤᠯᠵᠡᠢ᠃ ᠠᠯᠪᠠ ᠪᠠᠷᠢᠵᠦ ᠠᠷᠠᠯᠵᠢᠶ᠎ᠠ ᠨᠡᠪᠲᠡᠷᠡᠭᠰᠡᠨ᠎ᠤ ᠳᠠᠷᠠᠭ᠎ᠠ᠂ ᠠᠯᠲᠠᠨ ᠬᠠᠭᠠᠨ 1572 ᠤᠨ ᠡᠴᠡ ᠹᠸᠩ ᠵᠸᠦ ᠵᠢᠨ ᠲᠠᠯ᠎ᠠ᠎ᠳᠤ ᠤᠳᠤ᠎ᠵᠢᠨ ᠬᠦᠬᠡᠬᠤᠳᠠ ᠵᠢ ᠡᠬᠢᠯᠡᠨ ᠪᠠᠢᠭᠤᠯᠵᠦ 1575 ᠤᠨᠳ᠋ᠸ᠋ ᠳᠠᠭᠤᠰᠬᠠᠵᠡᠢ᠃ 1582 ᠤᠨ᠎ᠳᠤ ᠂ ᠮᠢᠩ ᠱᠸᠨ᠋ᠽᠦᠩ ᠬᠠᠭᠠᠨ 《ᠭᠦᠢᠬᠤᠸᠠ》 ᠬᠡᠮᠡᠬᠦ ᠨᠡᠷ᠎ᠠ ᠦᠭᠴᠡᠢ᠃
ᠬᠦᠬᠡᠬᠤᠳᠠ ᠵᠢ ᠪᠠᠢᠭᠤᠯᠤᠭᠰᠠᠨ᠎ᠢᠶᠡᠷ ᠤᠮᠠᠷᠠᠳᠤ ᠬᠢᠯᠢ᠎ᠳᠤ ᠳᠤᠮᠳᠠᠳᠤ᠎ᠶᠢᠨ ᠦᠨᠳᠦᠰᠦᠳᠡᠨ ᠨᠤᠭᠦᠳ ᠠᠵᠤ ᠲᠦᠷᠦᠨ ᠠᠮᠢᠳᠤᠷᠠᠭᠠᠳ ᠬᠦᠭᠵᠢᠯᠳᠡ ᠵᠢᠨ ᠲᠡᠤᠬᠡᠨ ᠬᠠᠷᠭᠤᠢ ᠪᠠᠷ ᠠᠶᠠᠯᠠᠵᠡᠢ᠃ ᠲᠦᠮᠡᠳ᠎ᠤᠨ ᠲᠠᠯ᠎ᠠ᠎ᠳᠤ ᠬᠤᠪᠢᠰᠬᠠᠯ᠎ᠤᠨ ᠭᠠᠯ ᠤᠴᠢᠯᠠᠵᠦ᠂ ᠤᠯᠠᠭᠠᠨᠬᠦᠦ ᠵᠡᠷᠭᠡ ᠬᠤᠪᠢᠰᠬᠠᠯᠴᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ ᠠᠩᠬᠠᠳᠠᠭᠴᠢ ᠮᠤᠵᠢ ᠵᠢᠨ ᠱᠠᠲᠤᠨ᠎ᠤ ᠴᠦᠭᠡᠨ ᠲᠤᠭᠠᠲᠤ ᠦᠨᠳᠦᠰᠦᠲᠠᠨᠤ ᠦᠪᠡᠷᠳᠡᠭᠡᠨ ᠵᠠᠰᠠᠬᠤ ᠤᠷᠤᠨ᠎ᠢ ᠪᠠᠢᠭᠤᠯᠤᠭᠰᠠᠨ ᠶᠤᠮ ᠃ ᠦᠨᠦᠳᠦᠷ ᠬᠦᠬᠡᠬᠤᠳᠠ ᠨᠢ ᠡᠬᠡ ᠤᠯᠤᠰ᠎ᠤᠨ ᠤᠮᠠᠷᠠᠳᠤ ᠬᠢᠯᠢ᠎ᠶᠢᠨ ᠦᠵᠡᠰᠬᠦᠯᠡᠩᠲᠤ ᠬᠤᠳᠠ ᠪᠤᠯᠵᠦ ᠂ ᠦᠨᠳᠦᠰᠦᠲᠡᠨ ᠨᠤᠭᠦᠳ᠎ᠤᠨ ᠠᠷᠠᠳ ᠲᠦᠮᠡᠨ ᠬᠠᠮᠲᠤ ᠪᠠᠷ ᠠᠵᠤ ᠲᠦᠷᠦᠨ ᠠᠮᠢᠳᠤᠷᠠᠵᠦ ᠪᠠᠢᠨ᠎ᠠ᠃
ᠬᠠᠷᠠᠠᠤᠰᠤ ᠨᠠᠭᠤᠷ᠎ᠤᠨ ᠡᠷᠬᠢᠨ ᠡᠴᠡ ᠰᠢᠨ᠎ᠠ ᠴᠠᠭ ᠦᠶ᠎ᠠ ᠵᠢᠨ ᠤᠷᠠᠢ ᠬᠠᠩᠬᠢᠨᠠᠵᠦ᠂ ᠰᠢᠨᠵᠢᠯᠡᠭᠡ ᠮᠡᠷᠭᠡᠵᠢᠯ᠎ᠤᠨ ᠳᠠᠭᠤᠨ ᠴᠤᠤᠷᠢᠶᠠᠳᠤᠨ᠎ᠠ᠃ ᠲᠣᠭᠠᠴᠢᠯᠠᠭ᠍ᠰᠠᠨ ᠲᠠᠪᠴᠠᠩ᠎ᠢᠶᠡᠷ ᠵᠡᠪᠰᠡᠭᠯᠡᠭᠰᠡᠨ ᠤᠶᠤᠨᠴᠢ ᠲᠠᠷᠢᠶᠠᠨ ᠭᠠᠵᠠᠷ᠂ ᠰᠦ ᠵᠢᠨ ᠦᠢᠯᠡᠰ᠎ᠢᠶᠡᠷ ᠮᠠᠩᠯᠠᠢᠯᠠᠭᠰᠠᠨ ᠢᠯᠢ ᠪᠦᠯᠦᠭᠯᠡᠯ᠂ ᠠᠷᠢᠭᠤᠨ ᠡᠨ᠋ᠸᠷᠬᠢ ᠪᠠᠷ ᠳᠦᠷᠡᠯᠵᠡᠭᠰᠡᠨ ᠵᠢᠨᠱᠠᠨ ᠢᠯᠴᠢ ᠵᠢᠨ ᠴᠠᠬᠢᠯᠭᠠᠨ ᠦᠢᠯᠡᠳᠪᠦᠷᠢ ᠵᠡᠷᠭᠡ ᠨᠢ ᠲᠦᠮᠡᠳ᠎ᠤᠨ ᠲᠠᠯ᠎ᠠ᠎ᠳᠤ ᠰᠦᠨᠳᠡᠷᠯᠡᠵᠦ᠂ ᠴᠡᠯᠡᠭᠡᠷ ᠲᠠᠯ᠎ᠠ᠎ᠶᠢᠨ ᠰᠢᠨ᠎ᠠ ᠬᠠᠭᠤᠳᠠᠰᠤ ᠵᠢ ᠪᠢᠴᠢᠭᠯᠡᠨ᠎ᠠ᠃

《 ᠠᠷᠤ ᠭᠠᠵᠠᠷ᠎ᠤᠨ ᠵᠢᠶᠠᠩᠨᠠᠨ 》 — ᠬᠠᠷᠠᠤ᠋ᠰᠤ ᠨᠠᠭᠤᠷ
ᠡᠬᠦᠯᠡᠨ ᠭᠡ ᠲᠠᠢ ᠤᠷᠴᠢᠯᠠᠩ᠎ᠤᠨ ᠦᠵᠡᠰᠬᠦᠯᠡᠩᠲᠤ ᠴᠢᠮᠡᠭ ᠪᠤᠯᠤᠭᠰᠠᠨ ᠬᠠᠷᠠᠤ᠋ᠰᠤ ᠨᠠᠭᠤᠷ᠎ᠨᠢ ᠬᠠᠷᠠᠭᠰᠠᠨ ᠪᠦᠬᠦᠨ᠎ᠤ ᠬᠠᠷᠠᠭ᠎ᠠ ᠵᠢ ᠪᠤᠯᠢᠶᠠᠨ ᠰᠡᠳᠬᠢᠯ᠎ᠢ ᠠᠷᠢᠭᠤᠰᠬᠠᠳᠠᠭ᠎ᠤᠨ ᠤᠴᠢᠷ ᠶᠠᠭᠤᠨ ᠪᠢᠯᠡᠳᠠ? ᠬᠠᠲᠤᠨ ᠭᠤᠤᠯ ᠡᠴᠡ ᠤᠮᠳᠠᠯᠠᠭᠰᠠᠨ ᠤ᠋ ᠶᠤᠮ ᠤᠤ?
— ᠬᠠᠷᠠᠤ᠋ᠰᠤ ᠨᠠᠭᠤᠷ ᠪᠣᠯ ᠬᠠᠲᠤᠨ ᠭᠣᠣᠯ᠎ᠤᠨ ᠬᠤᠪᠢᠷᠠᠯᠲᠠ᠎ᠠᠴᠠ ᠡᠭᠦᠰᠦᠭᠰᠡᠨ ᠪᠤᠭᠤᠯᠭᠠᠨ ᠨᠠᠭᠤᠷ ᠪᠤᠯᠤᠨ᠎ᠠ ᠃ ᠬᠠᠷᠠᠤ᠋ᠰᠤ ᠭᠡᠵᠦ ᠨᠡᠷᠡᠯᠡᠳᠡᠭ ᠪᠠᠢᠭᠰᠠᠨ ᠂ ᠬᠠᠷᠠᠤ᠋ᠰᠤ ᠨᠠᠭᠤᠷ ᠭᠡᠳᠡᠭ ᠨᠡᠷ᠎ᠠ ᠵᠢ ᠰᠡᠬᠦᠯ᠎ᠳᠤᠨᠢ ᠥᠭᠴᠡᠢ ᠃ 60 ᠵᠢᠯ᠎ᠦᠨ ᠡᠮᠦᠨ᠎ᠡ ᠂ ᠬᠠᠷᠠᠤ᠋ᠰᠤ ᠨᠠᠭᠤᠷ ᠨᠢ ᠬᠠᠲᠤᠨ ᠭᠣᠣᠯ᠎ᠲᠠᠢ ᠬᠣᠯᠪᠣᠭ᠎ᠠ ᠦᠭᠡᠢ ᠪᠠᠢᠭᠰᠠᠨ ᠂ 1962 ᠣᠨ ᠡᠴᠡ ᠴᠦᠬᠦᠷᠤᠮ ᠪᠠᠷᠢᠭᠠᠳ ᠬᠠᠲᠤᠨ ᠭᠣᠣᠯ᠎ᠤᠨ ᠤᠰᠤ ᠵᠢ ᠲᠠᠲᠠᠵᠦ ᠂ ᠲᠠᠯ᠎ᠠ ᠭᠠᠵᠠᠷ᠎ᠤᠨ ᠤᠰᠤᠨ ᠴᠥᠭᠥᠷᠥᠮ ᠪᠣᠯᠭᠠᠵᠤ ᠂ ᠡᠷᠭᠢᠨ ᠲᠣᠭᠣᠷᠢᠨ᠎ᠤ ᠬᠡᠳᠦᠨ ᠲᠦᠮᠡᠨ ᠮᠦ᠍ ᠲᠠᠷᠢᠶ᠎ᠠ᠎ᠶᠢ ᠤᠰᠤᠯᠠᠳᠠᠭ ᠪᠠᠢᠭᠰᠠᠨ ᠭᠡᠵᠦ ᠲᠦᠮᠡᠳ ᠵᠡᠬᠦᠨ ᠬᠤᠰᠢᠭᠤᠨ᠎ᠤ ᠲᠡᠤᠬᠡ ᠰᠤᠶᠤᠯ᠎ᠤᠨ ᠰᠤᠳᠤᠯᠭᠠᠨ᠎ᠤ ᠨᠡᠢᠭᠡᠮᠯᠢᠭ᠎ᠤᠨ ᠤᠤᠯ᠎ᠤᠨ ᠲᠡᠷᠢᠬᠦᠯᠡᠭᠴᠢ ᠢᠦᠢ ᠶᠦᠩ ᠹᠠ ᠶᠠᠷᠢᠨ᠎ᠠ ᠃
ᠬᠡᠳᠦᠨ ᠮᠢᠩᠭᠠᠨ ᠵᠢᠯ ᠦᠷᠭᠦᠯᠵᠢᠯᠡᠭᠰᠡᠨ ᠳᠤᠮᠳᠠᠳᠤ᠎ᠶ᠋ᠢᠨ ᠪᠣᠯᠪᠠᠰᠤᠨ ᠥᠪᠡᠷᠮᠢᠴᠡ ᠦᠷᠳᠡᠭ᠎ᠦᠨ ᠱᠢᠰᠲ᠋ᠧᠮ᠎ᠲᠡᠶ ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠨᠢᠭᠡᠨᠲᠡ ᠳᠤᠮᠳᠠᠳᠤ᠎ᠶ᠋ᠢᠨ ᠦᠨᠳᠦᠰᠦᠲᠡᠨ᠎ᠦ ᠭᠧᠨ ᠪᠤᠯᠵᠤ ᠂ ᠳᠤᠮᠳᠠᠳᠤᠴᠤᠳ᠎ᠤᠨ ᠳᠣᠲᠣᠭᠠᠳᠤ ᠰᠡᠳᠭᠢᠯ᠎ᠳᠦ ᠦᠨᠳᠦᠰᠦᠯᠡᠵᠦ᠍ ᠂ ᠳᠤᠮᠳᠠᠳᠤᠴᠤᠳ᠎ᠤᠨ ᠦᠵᠡᠯ ᠰᠠᠨᠠᠭᠠᠨ᠎ᠤ ᠬᠡᠯᠪᠡᠷᠢ ᠪᠠ ᠦᠢᠯᠡ ᠠᠵᠢᠯᠯᠠᠭ᠎ᠠ᠎ᠶ᠋ᠢᠨ ᠬᠡᠯᠪᠡᠷᠢ᠎ᠶ᠋ᠢ ᠠᠶᠠᠨ᠎ᠳᠠᠭᠠᠨ ᠨᠥᠯᠥᠭᠡᠯᠡᠵᠦ᠍ ᠪᠠᠢᠳᠠᠭ ᠃ ᠳᠤᠮᠳᠠᠳᠤ᠎ᠶᠢᠨ ᠦᠨᠳᠦᠰᠦᠲᠡᠨ ᠡᠷᠳᠡᠨ ᠡᠴᠡ ᠭᠤᠤᠯ ᠤᠰᠤ ᠪᠠᠨ ᠬᠠᠢᠷᠠᠯᠠᠨ ᠬᠠᠮᠠᠭᠠᠯᠠᠵᠦ ᠂ ᠤᠰᠤᠨ᠎ᠤ ᠵᠠᠰᠠᠯᠳᠠ ᠬᠢᠵᠦ ᠪᠠᠢᠭᠰᠠᠨ ᠰᠢᠯᠢᠳᠡᠭ ᠤᠯᠠᠮᠵᠢᠯᠠᠯ ᠲᠠᠢ ᠪᠢᠯᠡ᠃
ᠵᠢᠷᠭᠠᠬᠤ ᠨᠠᠷᠠᠨ᠎ᠤ ᠰᠢᠵᠢᠷ ᠲᠤᠶᠠᠭᠠᠨ᠎ᠳᠤ ᠬᠠᠷᠠᠤ᠋ᠰᠤ ᠨᠠᠭᠤᠷ᠎ᠤᠨ ᠲᠤᠯᠬᠢᠶ᠎ᠠ ᠡᠷᠬᠢ ᠪᠠᠨ ᠲᠡᠯᠡᠨ ᠮᠡᠯᠮᠡᠷᠡᠨᠠ ᠃ ᠬᠠᠯᠢᠨ ᠨᠢᠰᠬᠦ ᠰᠢᠪᠠᠭᠤᠳ 《 ᠠᠷᠤ ᠭᠠᠵᠠᠷ᠎ᠤᠨ ᠵᠢᠶᠠᠩᠨᠠᠨ 》 ᠳ᠋ᠠᠭᠠᠨ ᠬᠤᠷᠭᠤᠳᠠᠨ ᠬᠤᠷᠭᠤᠳᠠᠨ᠎ᠠ ᠃ ᠬᠠᠷᠠᠤ᠋ᠰᠤ ᠨᠠᠭᠤᠷ ᠨᠢ ᠰᠢᠪᠠᠭᠤᠳ᠎ᠤᠨ ᠦᠷᠡᠵᠢᠨ ᠲᠦᠯᠵᠢᠬᠦ ᠲᠠᠭᠠᠳᠠᠢ ᠤᠷᠤᠨ ᠪᠦᠭᠡᠳ ᠨᠡᠭᠦᠳᠡᠯᠯᠡᠬᠦ ᠰᠢᠪᠠᠭᠤᠳ᠎ᠤᠨ ᠠᠮᠠᠷᠠᠯᠳᠠ᠎ᠶᠢᠨ ᠭᠠᠵᠠᠷ ᠪᠤᠯᠳᠠᠭ ᠃ ᠡᠨᠡ ᠬᠦ᠌ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠂ ᠭᠠᠵᠠᠷ ᠳᠣᠣᠷᠠᠬᠢ ᠤᠰᠤᠨ᠎ᠤ ᠰᠤᠷᠪᠤᠯᠵᠢ᠎ᠶᠢ ᠨᠥᠬᠥᠪᠦᠷᠢᠯᠡᠬᠦ ᠨᠢ ᠲᠡᠷᠢᠬᠦᠨ ᠴᠢᠬᠤᠯᠠ ᠠᠰᠠᠭᠤᠳᠠᠯ ᠪᠤᠯᠤᠨ᠎ᠠ ᠃
1958 ᠣᠨ᠎ᠳᠤ ᠤᠯᠠᠭᠠᠨᠴᠠᠪ ᠠᠢᠮᠠᠭ ᠂ ᠲᠣᠭᠲᠠᠬᠤ ᠰᠢᠶᠠᠨ ᠬᠠᠮᠲᠤ᠎ᠪᠠᠷ ᠤᠰᠤ ᠲᠠᠲᠠᠬᠤ ᠦᠷᠲᠡᠭᠡ ᠪᠠᠢᠭᠤᠯᠵᠤ ᠂ 《 ᠬᠠᠷᠠᠤ᠋ᠰᠤ ᠨᠠᠭᠤᠷ᠎ᠤᠨ ᠤᠰᠤ ᠲᠠᠲᠠᠬᠤ ᠬᠠᠮᠢᠶᠠᠷᠤᠯᠲᠠ᠎ᠶᠢᠨ ᠦᠷᠲᠡᠭᠡ 》 ᠬᠡᠮᠡᠨ ᠨᠡᠷᠡᠢᠳᠴᠦ ᠂ ᠤᠯᠠᠭᠠᠨᠴᠠᠪ ᠠᠢᠮᠠᠭ᠎ᠠᠴᠠ ᠬᠠᠮᠢᠶᠠᠷᠴᠤ ᠂ ᠦᠶᠡᠷ ᠵᠠᠯᠠᠬᠤ ᠰᠤᠪᠠᠭ ᠂ ᠵᠡᠭᠦᠨ ᠂ ᠪᠠᠷᠠᠭᠤᠨ ᠂ ᠡᠮᠦᠨ᠎ᠡ ᠭᠤᠷᠪᠠᠨ ᠲᠠᠯ᠎ᠠ᠎ᠶᠢᠨ ᠬᠠᠰᠢᠯᠭ᠎ᠠ ᠂ ᠦᠶᠡᠷ᠎ᠤᠨ ᠬᠠᠭᠠᠯᠲᠠ ᠵᠡᠷᠭᠡ ᠪᠠᠷᠢᠯᠭ᠎ᠠ ᠪᠠᠢᠭᠤᠯᠵᠤ ᠂ ᠲᠠᠯ᠎ᠠ ᠭᠠᠵᠠᠷ᠎ᠤᠨ ᠤᠰᠤᠨ ᠴᠥᠭᠥᠷᠥᠮ ᠪᠣᠯᠭᠠᠵᠤ᠂ 1969 ᠣᠨ᠎ᠳᠤ ᠲᠦᠮᠡᠳ ᠵᠡᠭᠦᠨ ᠬᠣᠰᠢᠭᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠲᠦ ᠬᠤᠪᠢᠳᠠᠨ ᠬᠠᠮᠢᠶᠠᠷᠤᠭᠤᠯᠪᠠ ᠃ 1970 ᠤᠨ ᠡᠴᠡ ᠬᠤᠢᠰᠢ ᠂ ᠪᠦᠬᠦ ᠲᠠᠯ᠎ᠠ᠎ᠪᠠᠷ ᠲᠥᠯᠥᠪᠵᠢᠭᠦᠯᠦᠨ ᠵᠢᠷᠤᠵᠤ ᠲᠥᠯᠥᠪᠯᠡᠬᠦ ᠪᠠ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠬᠢᠵᠦ ᠂ ᠠᠷᠠᠳ᠎ᠤᠨ ᠠᠮᠢᠳᠤᠷᠠᠯ᠎ᠤᠨ ᠤᠰᠤ ᠂ ᠦᠶᠡᠷ᠎ᠢ ᠰᠡᠷᠭᠡᠢᠯᠡᠬᠦ ᠂ ᠵᠢᠭᠠᠰᠤᠨ᠎ᠤ ᠠᠵᠤ ᠠᠬᠤᠢ ᠂ ᠬᠤᠯᠤᠰᠤᠨ᠎ᠤ ᠠᠵᠤ ᠠᠬᠤᠢ ᠵᠡᠷᠭᠡ ᠵᠢ ᠬᠦᠭᠵᠢᠬᠦᠯᠵᠡᠢ ᠃ ᠲᠦᠮᠡᠳ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ 1996 ᠣᠨ᠎ᠳᠤ ᠬᠠᠷᠠᠤ᠋ᠰᠤ ᠨᠠᠭᠤᠷ᠎ᠢ ᠬᠣᠰᠢᠭᠤ ᠰᠢᠶᠠᠨ᠎ᠤ ᠱᠠᠲᠤᠨ᠎ᠤ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠪᠣᠯᠭᠠᠵᠤ ᠂ 2003 ᠣᠨ᠎ᠳᠤ ᠬᠣᠲᠠ᠎ᠶᠢᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠂ 2007 ᠣᠨ᠎ᠳᠤ ᠂ ᠣᠷᠣᠨ᠎ᠤ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠂ 2019 ᠤᠨ᠎ᠳᠤ ᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠪᠤᠯᠪᠠ ᠃ 2015 ᠣᠨ᠎ᠳᠤ ᠂ ᠬᠠᠷᠠᠤ᠋ᠰᠤ ᠨᠠᠭᠤᠷ᠎ᠤᠨ ᠲᠦᠮᠡᠨ ᠮᠦ᠍ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠪᠡ ᠃ 2015 ᠣᠨ᠎ᠳᠤ ᠂ ᠴᠢᠶᠣᠤ ᠫᠠᠩ ᠵᠢᠶᠠ ᠲᠣᠰᠬᠣᠨ᠎ᠤ 98 ᠡᠷᠦᠬᠡ ᠰᠠᠭᠤᠭᠠᠯᠢ ᠠᠷᠠᠳ᠎ᠢ ᠨᠡᠭᠦᠯᠭᠡᠪᠡ ᠃ 2019 ᠣᠨ ᠡᠴᠡ 2020 ᠣᠨ᠎ᠤ 10 ᠰᠠᠷᠠᠪᠤᠯᠲᠠᠯᠠ ᠂ ᠬᠠᠷᠠᠤ᠋ᠰᠤ ᠨᠠᠭᠤᠷ᠎ᠤᠨ 30 ᠭᠠᠷᠤᠢ ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠲᠤᠨᠤᠮᠠᠯ ᠰᠢᠪᠠᠷ᠎ᠢ ᠱᠦᠬᠦᠵᠦ ᠭᠠᠷᠭᠠᠭᠠᠳ ᠲᠤᠭᠤᠰᠭ᠎ᠠ ᠬᠢᠵᠡᠢ ᠃
— 2021 ᠤᠨ᠎ᠳᠤ 《 ᠬᠠᠲᠤᠨ ᠭᠤᠤᠯ᠎ᠤᠨ ᠰᠠᠪᠠ ᠭᠠᠵᠠᠷ᠎ᠤᠨ ᠬᠠᠷᠠᠤ᠋ᠰᠤ ᠨᠠᠭᠤᠷ᠎ᠤᠨ ᠠᠮᠢ ᠠᠬᠤᠢ ᠵᠢ ᠵᠠᠰᠠᠬᠤ ᠲᠦᠷᠦᠯ ᠵᠦᠢᠯ 》 ᠢ᠋ ᠭᠤᠶᠤᠴᠢᠯᠠᠨ ᠤᠯᠤᠭᠠᠳ ᠵᠠᠰᠠᠯᠳᠠ ᠬᠢᠵᠦ ᠪᠤᠢ᠃ ᠮᠦᠨᠴᠤ ᠪᠠᠰᠠ 2019 ᠤᠨ ᠡᠴᠡ ᠡᠬᠢᠯᠡᠨ ᠨᠠᠭᠤᠷ᠎ᠤᠨ ᠬᠤᠯᠤᠰᠤ ᠵᠢ ᠴᠡᠪᠡᠷᠯᠡᠬᠦ ᠂ ᠲᠤᠨᠤᠮᠠᠯ ᠰᠢᠪᠡᠷᠢ ᠱᠦᠬᠦᠬᠦ ᠵᠡᠷᠭᠡ ᠠᠵᠢᠯ᠎ᠢ ᠬᠢᠭᠰᠡᠨ᠃ ᠬᠠᠷᠠᠤ᠋ᠰᠤ ᠨᠠᠭᠤᠷ᠎ᠤᠨ 30 ᠭᠠᠷᠤᠢ ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠲᠤᠨᠤᠮᠠᠯ ᠰᠢᠪᠠᠷ᠎ᠢ ᠱᠦᠬᠦᠨ ᠭᠠᠷᠭᠠᠵᠦ ᠲᠤᠭᠤᠰᠭ᠎ᠠ ᠬᠢᠵᠦ ᠳᠠᠬᠢᠨ ᠦᠷ᠎ᠠ ᠠᠰᠢᠭ ᠤᠯᠤᠭᠰᠠᠨ ᠃ ᠤᠳᠤ ᠬᠠᠷᠠᠤ᠋ᠰᠤ ᠨᠠᠭᠤᠷ᠎ᠤᠨ ᠤᠰᠤ ᠨᠢ ᠴᠡᠩᠬᠡᠷ ᠪᠤᠯᠵᠦ ᠂ ᠵᠢᠭᠠᠰᠤ ᠵᠢᠷᠠᠭᠠᠬᠠᠢ ᠦᠷᠡᠵᠢᠨ ᠂ ᠤᠰᠤᠨ᠎ᠤ ᠰᠢᠪᠠᠭᠤᠳ ᠴᠡᠩᠭᠡᠨ ᠱᠤᠮᠪᠠᠬᠤ ᠪᠤᠯᠤᠭᠰᠠᠨ ᠭᠡᠵᠦ ᠲᠦᠮᠡᠳ ᠵᠡᠬᠦᠨ ᠬᠤᠰᠢᠭᠤᠨ᠎ᠤ ᠬᠠᠷᠠᠤ᠋ᠰᠤ ᠨᠠᠭᠤᠷ᠎ᠤᠨ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠳᠠ᠎ᠵᠢᠨ ᠲᠦᠪ᠎ᠤᠨ ᠳᠡᠳ᠋ ᠡᠷᠬᠢᠯᠡᠭᠴᠢ ᠯᠢᠦ ᠡᠯ ᠵᠢᠶᠦ᠋ᠨᠶᠠᠷᠢᠨᠠ ᠃
《 ᠨᠠᠭᠤᠷ ᠠᠮᠤᠭᠤᠯᠠᠩ ᠪᠤᠯ ᠨᠤᠭᠤᠰᠤ ᠠᠮᠤᠭᠤᠯᠠᠩ 》 ᠃ ᠤᠷᠴᠢᠮ᠎ᠤᠨ ᠵᠢᠯ ᠡᠴᠡ ᠬᠠᠷᠠᠤ᠋ᠰᠤ ᠨᠠᠭᠤᠷ ᠤ᠋ᠨ ᠠᠮᠢ ᠠᠬᠤᠢ ᠰᠠᠢᠵᠢᠷᠠᠵᠦ ᠵᠢᠭᠤᠯᠴᠢᠯᠠᠯ᠎ᠤᠨ ᠤᠷᠤᠨ ᠪᠤᠯᠪᠠ ᠃ ᠬᠠᠷᠠᠤ᠋ᠰᠤ ᠨᠠᠭᠤᠷ ᠶᠡᠷᠦ ᠨᠢ ᠳᠡᠭᠡᠷ᠎ᠠ ᠵᠠᠭᠤᠨ᠎ᠤ ᠨᠠᠶᠠᠭᠠᠳ ᠣᠨ ᠡᠴᠡ ᠡᠬᠢᠯᠡᠡ ᠵᠢᠭᠤᠯᠴᠢᠯᠠᠯ᠎ᠤᠨ ᠲᠥᠯᠥᠪᠯᠡᠭᠡ ᠬᠢᠵᠦ ᠪᠠᠢᠭᠰᠠᠨ ᠶᠤᠮ ᠃ ᠡᠢᠨ ᠬᠦ᠌ 1985 ᠣᠨ᠎ᠠᠴᠠ ᠦᠨᠳᠦᠰᠦᠨ ᠪᠦᠲᠦᠭᠡᠨ ᠪᠠᠢᠭᠤᠯᠤᠯᠲᠠ ᠬᠢᠵᠦ ᠂ ᠵᠢᠭᠤᠯᠴᠢᠯᠠᠯ ᠰᠡᠯᠡᠭᠦᠴᠡᠯ᠎ᠤᠨ ᠲᠣᠰᠬᠣᠨ ᠪᠤᠯᠭᠠᠨ ᠬᠦᠭᠵᠢᠬᠦᠯᠪᠡ ᠃
2012 ᠣᠨ᠎ᠳᠤ ᠂ ᠠᠮᠢ ᠠᠬᠤᠢ᠎ᠶᠢᠨ ᠬᠠᠮᠠᠭᠠᠯᠠᠯᠲᠠ᠎ᠶᠢ ᠲᠡᠷᠢᠭᠦᠨ᠎ᠳᠦ ᠲᠠᠯᠪᠢᠬᠤ ᠂ ᠵᠢᠭᠤᠯᠴᠢᠯᠠᠯ᠎ᠤᠨ ᠲᠥᠷᠥᠯ ᠵᠦᠢᠯ᠎ᠢ ᠵᠣᠬᠢᠰᠲᠠᠢ ᠨᠡᠭᠡᠭᠡᠨ ᠬᠥᠭᠵᠢᠭᠦᠯᠬᠦ ᠵᠠᠷᠴᠢᠮ ᠶᠣᠰᠣᠭᠠᠷ ᠂ ᠠᠷᠠᠯᠵᠢᠶᠠᠴᠢᠨ ᠤᠷᠢᠵᠦ ᠪᠡᠯᠡ ᠮᠦᠩᠭᠦ ᠤᠷᠤᠭᠤᠯᠤᠨ ᠠᠪᠴᠢᠷᠠᠵᠦ ᠂ ᠥᠪᠥᠷ ᠮᠣᠩᠭᠣᠯ᠎ᠤᠨ ᠴᠡᠯᠡᠭᠡᠷ ᠲᠠᠯ᠎ᠠ ᠵᠢᠭᠤᠯᠴᠢᠯᠠᠯ᠎ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠡᠴᠡ 《 ᠭᠤᠷᠪᠠᠨ ᠬᠦᠷᠢᠶᠡᠯᠡᠩ ᠭᠤᠷᠪᠠᠨ ᠲᠣᠭᠣᠷᠢᠭ᠋ 》 ᠢ᠋ ᠪᠠᠢᠭᠤᠯᠵᠡᠢ ᠃ ᠡᠨᠳᠡ ᠢᠷᠡᠭᠰᠡᠨ ᠵᠢᠭᠤᠯᠴᠢᠯᠠᠭᠰᠠᠳ ᠨᠤᠭᠤ ᠭᠠᠵᠠᠷ᠎ᠤᠨ ᠴᠡᠴᠡᠷᠯᠢᠭ ᠂ ᠮᠠᠯ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠣᠷᠣᠨ ᠂ ᠵᠢᠭᠠᠰᠤᠨ᠎ᠤ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ᠎ᠢᠶᠡᠷ ᠲᠤᠭᠤᠷᠢᠵᠦ ᠂ ᠤᠩᠭᠤᠴᠠᠨ᠎ᠳᠤ ᠰᠠᠭᠤᠭᠠᠳ ᠤᠰᠤᠨ᠎ᠤ ᠰᠢᠪᠠᠭᠤᠳ ᠲᠠᠢ ᠤᠷᠤᠯᠳᠤᠵᠦ ᠂ ᠤᠯᠤᠰ᠎ᠤᠨ 4A ᠲᠡᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢᠶᠡᠷ ᠰᠡᠳᠬᠢᠯ ᠲᠠᠭᠠᠳᠠᠢ ᠠᠶᠠᠯᠠᠬᠤ ᠪᠤᠯᠤᠭᠰᠠᠨ ᠪᠠᠢᠨ᠎ᠠ ᠃
— ᠬᠠᠷᠠᠤ᠋ᠰᠤ ᠨᠠᠭᠤᠷ ᠲᠸ᠋ 270 ᠭᠠᠷᠤᠢ ᠲᠦᠷᠦᠯ᠎ᠤᠨ ᠰᠢᠪᠠᠭᠤᠳ ᠲᠠᠢ ᠂ ᠡᠬᠦᠨ᠎ᠳᠤ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠳᠠ᠎ᠶᠢᠨ ᠰᠢᠪᠠᠭᠤ 4 ᠲᠦᠷᠦᠯ ᠂ ᠬᠤᠶᠠᠳᠤᠭᠠᠷ ᠳᠡᠰ᠎ᠤᠨ ᠬᠠᠮᠠᠭᠠᠯᠠᠯᠳᠠ ᠵᠢᠨ ᠰᠢᠪᠠᠭᠤ 65 ᠲᠦᠷᠦᠯ ᠪᠤᠢ ᠃ ᠮᠦᠨᠴᠤ ᠪᠠᠰᠠ ᠠᠯᠠᠭᠠᠨ᠎ᠠ ᠂ ᠮᠥᠷᠭᠥ ᠵᠡᠷᠭᠡ 30 ᠭᠠᠷᠤᠢ ᠲᠦᠷᠦᠯ᠎ᠤᠨ ᠵᠢᠭᠠᠰᠤ ᠪᠤᠢ ᠬᠡᠵᠦ ᠲᠦᠮᠡᠳ ᠵᠡᠬᠦᠨ ᠬᠤᠰᠢᠭᠤᠨ᠎ᠤ ᠬᠠᠷᠠᠤ᠋ᠰᠤ ᠨᠠᠭᠤᠷ᠎ᠤᠨ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠳᠠ᠎ᠵᠢᠨ ᠲᠦᠪ᠎ᠤᠨ ᠳᠡᠳ᠋ ᠡᠷᠬᠢᠯᠡᠭᠴᠢ ᠯᠢᠦ ᠡᠯ ᠵᠢᠶᠦ᠋ᠨ ᠶᠠᠷᠢᠯ᠎ᠠ ᠃
ᠬᠠᠷᠠᠤ᠋ᠰᠤ ᠨᠠᠭᠤᠷ᠎ᠤᠨ ᠡᠷᠬᠢᠨ᠎ᠡᠴᠡ ᠠᠯᠤᠰ᠎ᠢ ᠪᠠᠷᠠᠯᠠᠬᠤᠶ᠎ᠠ ᠬᠦᠬᠡ ᠲᠡᠭᠷᠢ ᠴᠡᠩᠬᠡᠷ ᠤᠰᠤᠨ ᠵᠢᠰᠦ ᠵᠢᠰᠦ ᠪᠠᠨ ᠲᠤᠯᠢᠳᠠᠨᠠ᠃ ᠬᠥᠩᠭᠡᠨ ᠵᠠᠪᠢ ᠤᠰᠤᠨ᠎ᠤ ᠰᠢᠪᠠᠭᠤᠳ ᠲᠠᠢ ᠵᠤᠤᠵᠠᠢ ᠬᠤᠯᠪᠤᠨ ᠂ ᠵᠢᠭᠠᠰᠤᠴᠢᠨ ᠵᠠᠯᠠᠭᠤ ᠢᠨᠢᠶᠡᠮᠰᠦᠭᠯᠡᠯ ᠲᠤᠲᠤᠷᠠᠭᠤᠯᠤᠨᠠ ᠃
ᠦᠳᠡᠰᠢ ᠶᠢᠨ ᠪᠦᠷᠦᠩᠬᠦᠢ ᠳᠤ ᠰᠢᠷᠠᠭᠰᠠᠨ ᠵᠢᠭᠠᠰᠤᠨ᠎ᠤ ᠦᠨᠦᠷ ᠰᠢᠯᠦᠰᠦ ᠬᠤᠷᠠᠭᠤᠯᠤᠨ᠎ᠠ ᠃ 《 ᠬᠠᠷᠠᠤ᠋ᠰᠤ ᠨᠠᠭᠤᠷ᠎ᠤᠨ ᠠᠮᠢ ᠠᠬᠤᠢ᠎ᠶᠢᠨ ᠵᠢᠭᠠᠰᠤᠨ᠎ᠤ ᠠᠵᠤ ᠦᠢᠯᠡᠰ᠎ᠤᠨ ᠬᠥᠭᠵᠢᠯᠲᠡ᠎ᠶᠢ ᠠᠬᠢᠭᠤᠯᠬᠤ ᠲᠥᠰᠥᠯ 》 ᠤ᠋ᠨ ᠶᠤᠰᠤᠭᠠᠷ ᠂ 2021 ᠤᠨ᠎ᠳᠤ ᠬᠠᠷᠠᠤ᠋ᠰᠤ ᠨᠠᠭᠤᠷ ᠲᠸ᠋ 14 ᠲᠦᠮᠡᠨ ᠵᠢᠩ ᠵᠢᠷᠠᠭᠠᠬᠠᠢ ᠲᠠᠯᠪᠢᠵᠡᠢ ᠃ ᠡᠢᠨ ᠬᠦ᠌ ᠲᠦᠮᠡᠳ ᠵᠡᠬᠦᠨ ᠬᠤᠰᠢᠭᠤ ᠨᠢ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠦ ᠂ ᠪᠣᠬᠢᠷᠳᠤᠯ ᠦᠭᠡᠢ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ ᠂ ᠬᠠᠷᠠᠤ᠋ᠰᠤ ᠨᠠᠭᠤᠷ᠎ᠤᠨ ᠤᠰᠤᠨ ᠭᠠᠷᠤᠯᠲᠠ᠎ᠶᠢᠨ ᠲᠡᠵᠢᠭᠡᠨ ᠦᠷᠡᠵᠢᠭᠦᠯᠬᠦ ᠦᠢᠯᠡᠰ᠎ᠦᠨ ᠪᠣᠬᠢᠷᠳᠤᠯ ᠦᠭᠡᠢ ᠬᠥᠭᠵᠢᠯᠲᠡ᠎ᠶᠢᠨ ᠵᠠᠮ᠎ᠢᠶᠡᠷ ᠵᠠᠮᠨᠠᠵᠦ ᠂ ᠠᠮᠢ ᠠᠬᠤᠢ᠎ᠶᠢᠨ ᠬᠠᠮᠠᠭᠠᠯᠠᠯᠲᠠ ᠪᠠ ᠠᠵᠤ ᠠᠬᠤᠢ᠎ᠶᠢᠨ ᠬᠤᠤᠰ ᠦᠷ᠎ᠠ ᠠᠰᠢᠭ᠎ᠢ ᠬᠦᠷᠲᠡᠵᠡᠢ ᠃
ᠴᠡᠯᠡᠭᠡᠷ ᠲᠠᠯ᠎ᠠ ᠵᠢᠨ ᠴᠡᠩᠬᠡᠷ ᠮᠡᠯᠮᠡᠢ ᠨᠠᠮᠤᠷ᠎ᠤᠨ ᠰᠠᠯᠬᠢᠨ᠎ᠳᠤ ᠨᠠᠮᠤᠭᠤᠬᠠᠨ ᠲᠤᠯᠬᠢᠶᠠᠯᠠᠨᠠ ᠃ 《 ᠠᠷᠤ ᠭᠠᠵᠠᠷ᠎ᠤᠨ ᠵᠢᠶᠠᠩᠨᠠᠨ 》 ᠠᠮᠤᠭᠤᠯᠠᠩ ᠬᠦᠷᠦᠨ᠎ᠤ ᠤᠮᠠᠷᠠᠳᠤ ᠬᠢᠯᠢ ᠵᠢᠨ ᠪᠤᠯᠤᠷ ᠰᠤᠪᠤᠳ ᠪᠤᠯᠤᠨ ᠬᠢᠯᠲᠠᠭᠠᠨᠠᠨᠠ᠃