ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠳᠠᠬᠢᠨᠲᠠ 450 ᠲᠦᠮᠡᠨ ᠲᠥᠭᠥᠷᠢᠭ ᠪᠠᠭᠤᠯᠭᠠᠵᠤ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠎ᠳᠤ ᠬᠦᠴᠦᠨ ᠨᠡᠮᠡᠷᠢᠯᠡᠪᠠ
2022-11-10 10:38:23
ᠵᠣᠬᠢᠶᠠᠭ᠍ᠴᠢ᠄
​ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠣᠢᠯᠠᠭᠠᠭᠰᠠᠨ᠎ᠢ᠋ᠢᠡᠷ᠂ 10 ᠰᠠᠷ᠎ᠠ᠎ᠶᠢᠨ 10᠎ᠤ ᠡᠳᠦᠷ ᠬᠥᠬᠡᠬᠣᠲᠠ᠎ᠳᠤ ᠰᠠᠭᠤᠭ᠎ᠠ ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ ᠵᠢᠴᠢ ᠲᠡᠭᠦᠨ᠎ᠦ ᠬᠠᠷᠢᠶ᠎ᠠ ᠨᠢᠭᠡᠴᠢ᠎ᠶᠢᠨ ᠠᠵᠢᠯᠴᠢᠨ᠎ᠤ ᠡᠪᠯᠡᠯ᠎ᠳᠦ 76 ᠲᠦᠮᠡᠨ ᠲᠥᠭᠥᠷᠢᠭ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠲᠤᠰᠬᠠᠢ ᠪᠡᠯᠡ ᠮᠥᠩᠭᠥ ᠪᠠᠭᠤᠯᠭᠠᠨ ᠥᠭᠭᠦᠭᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠲᠦᠷᠦᠭᠦᠭᠡᠨ ᠪᠠᠰᠠ 450 ᠲᠦᠮᠡᠨ ᠲᠥᠭᠥᠷᠢᠭ᠎ᠦᠨ ᠲᠤᠰᠬᠠᠢ ᠨᠥᠬᠥᠪᠦᠷᠢ᠎ᠶᠢᠨ ᠵᠠᠷᠤᠳᠠᠯ ᠨᠡᠮᠡᠵᠦ᠂ ᠬᠥᠬᠡᠬᠣᠲᠠ᠎ᠳᠤ ᠰᠠᠭᠤᠭ᠎ᠠ 17 ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ ᠵᠢᠴᠢ ᠲᠡᠭᠦᠨ᠎ᠦ ᠬᠠᠷᠢᠶ᠎ᠠ ᠨᠢᠭᠡᠴᠢ᠎ᠶᠢᠨ ᠠᠵᠢᠯᠴᠢᠨ᠎ᠤ ᠡᠪᠯᠡᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠳᠡᠮᠵᠢᠪᠡ᠃

ᠲᠣᠰ ᠡᠭᠡᠯᠵᠢ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠤᠨ ᠪᠠᠢᠲᠠᠯ ᠡᠭᠦᠰᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠢ ᠬᠥᠬᠡᠬᠣᠲᠠ᠎ᠳᠤ ᠰᠠᠭᠤᠭ᠎ᠠ ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ ᠵᠢᠴᠢ ᠥᠷᠭᠡᠨ ᠣᠯᠠᠨ ᠪᠠᠭ᠍ᠰᠢ ᠠᠵᠢᠯᠲᠠᠳ᠎ᠲᠠᠢ ᠬᠠᠮᠲᠤ ᠴᠢᠷᠮᠠᠢᠨ ᠳᠡᠮᠡᠴᠡᠵᠦ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ ᠂ ᠬᠦᠴᠢᠷ ᠪᠡᠷᠬᠡᠰᠢᠶᠡᠯ᠎ᠢ ᠰᠥᠷᠦᠨ ᠤᠷᠤᠭᠰᠢᠯᠠᠵᠤ ᠂ ᠪᠣᠳᠠᠲᠤ ᠠᠵᠢᠯᠯᠠᠭ᠎ᠠ᠎ᠪᠠᠷ᠎ᠢᠶᠠᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠣᠷᠣᠯᠴᠠᠵᠤ ᠂ ᠠᠵᠢᠯᠴᠢᠨ᠎ᠤ ᠡᠪᠯᠡᠯ᠎ᠤᠨ ᠬᠠᠷᠢᠭᠤᠴᠠᠯᠭ᠎ᠠ ᠡᠭᠦᠷᠭᠡᠯᠡᠯ ᠢ᠋ᠢᠡᠨ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号