ᠥᠪᠡᠷᠲᠡᠭᠡᠨ ᠵᠠᠰᠠᠬᠤ ᠣᠷᠣᠨ ᠎ᠤ ᠠᠬᠠᠮᠠᠳ ᠺᠠᠳ᠋ᠷ ᠎ᠤᠨ ᠲᠣᠪᠴᠢᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠵᠦ ᠪᠤᠢ
2022-11-14 17:47:05
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠎ᠳᠦ ᠬᠢᠵᠢᠭ ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠎ᠶ᠋ᠢ ᠡᠷᠡᠰ ᠲᠤᠭᠤᠱᠢᠯᠠᠭᠤᠯᠵᠤ᠂ ᠲᠣᠪᠴᠢᠶᠠᠨ᠎ᠤ ᠱᠢᠰᠲ᠋ᠧᠮ᠎ᠦᠨ ᠺᠠᠳ᠋ᠷ ᠠᠵᠢᠯᠲᠠᠨ ᠠᠵᠢᠯᠴᠢᠨ ᠪᠣᠯᠤᠨ ᠥᠷᠭᠡᠨ ᠣᠯᠠᠨ ᠠᠵᠢᠯ ᠎ᠠᠴᠠ ᠎ᠪᠠᠨ ᠳᠠᠷᠬᠠᠯᠠᠭ᠍ᠳᠠᠭ᠍ᠰᠠᠨ ᠠᠵᠢᠯ ᠎ᠠᠴᠠ ᠎ᠪᠠᠨ ᠠᠮᠠᠷᠠᠭ᠍ᠰᠠᠨ ᠺᠠᠳ᠋ᠷᠴᠤᠳ ᠎ᠢ ᠵᠣᠬᠢᠶᠠᠨ ᠪᠠᠢᠭᠤᠯᠤᠨ ᠳᠠᠢᠴᠢᠯᠠᠵᠤ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠳᠤ ᠢᠳᠡᠪᠬᠢᠲᠡᠶ ᠣᠷᠣᠯᠴᠠᠭᠤᠯᠵᠤ ᠂ ᠪᠣᠳᠠᠲᠤ ᠠᠵᠢᠯᠯᠠᠭ᠎ᠠ ᠪᠠᠷ᠎ᠢᠶᠠᠨ᠎ᠬᠥᠬᠡᠬᠣᠲᠠ᠎ᠶ᠋ᠢᠨ᠎ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠬᠦᠴᠦᠨ ᠨᠡᠮᠡᠷᠢᠯᠡᠵᠦ ᠪᠤᠢ᠃

ᠲᠣᠪᠴᠢᠶᠠᠨ᠎ᠤ ᠤᠳᠤᠷᠢᠳᠭᠤ ᠪᠠᠭ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠭᠤᠤᠯ ᠤᠳᠤᠷᠢᠳᠤᠯᠭ᠎ᠠ ᠲᠦᠷᠦᠭᠦᠯᠡᠨ ᠲᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ ᠲᠠᠭᠠᠨ ᠭᠦᠨᠵᠡᠭᠡᠢᠷᠡᠵᠦ᠍᠂ ᠬᠢᠵᠢᠭ᠎ᠲᠡᠶ ᠲᠡᠮᠡᠴᠡᠵᠦ ᠪᠠᠢᠭ᠎ᠠ ᠡᠮᠦᠨ᠎ᠡ ᠹᠷᠣᠨᠲ᠎ᠤᠨ ᠨᠠᠮ᠎ᠤᠨ ᠭᠡᠱᠢᠭᠦᠨ ᠺᠠᠳ᠋ᠷᠴᠤᠳ᠎ᠢ ᠪᠣᠯᠭᠣᠭᠠᠨ ᠦᠵᠡᠵᠦ᠍᠂ ᠳᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ᠎ᠲᠤ ᠬᠢᠵᠢᠭ᠎ᠲᠡᠶ ᠲᠡᠮᠡᠴᠡᠬᠦ᠌ ᠡᠳ᠋ ᠪᠣᠳᠠᠰ ᠬᠠᠨᠳᠢᠪᠯᠠᠪᠠ᠃ ᠲᠣᠪᠴᠢᠶᠠᠨ᠎ᠤ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠰᠠᠨᠠᠭᠠᠴᠢᠯᠠᠭ᠎ᠠ᠎ᠠᠴᠠ ᠎ᠪᠠᠨ ᠳᠠᠭᠠᠭᠠᠴᠢᠯᠠᠨ ᠬᠠᠷᠢᠯᠴᠠᠵᠦ ᠪᠠᠢᠭ᠎ᠠ ᠢᠦᠢᠴᠢᠤᠸᠠᠨ ᠲᠣᠭᠣᠷᠢᠭ᠎ᠤᠨ ᠯᠢ ᠵᠢᠩ ᠨᠡᠢᠭᠡᠮ ᠲᠣᠭᠣᠷᠢᠭ ᠲᠠᠢ ᠵᠣᠯᠭᠠᠯᠴᠠᠵᠦ᠂ ᠨᠠᠮ᠎ᠤᠨ ᠭᠡᠱᠢᠭᠦᠨ ᠺᠠᠳ᠋ᠷᠴᠤᠳ᠎ᠢ ᠪᠦᠯᠦᠭ ᠬᠤᠪᠢᠶᠠᠨ ᠨᠡᠢᠭᠡᠮ ᠲᠣᠭᠣᠷᠢᠭ᠂ ᠰᠠᠭᠤᠭᠠᠯᠢ ᠠᠷᠠᠳ᠎ᠤᠨ ᠲᠤᠭᠤᠷᠢᠭ᠎ᠲᠤ ᠭᠦᠨᠵᠡᠭᠡᠢᠷᠡᠭᠦᠯᠵᠦ᠂ ᠪᠥᠭᠡᠮ ᠬᠦᠴᠢᠯ᠎ᠦᠨ ᠪᠠᠢᠴᠠᠭᠠᠯᠲᠠ᠂ ᠵᠢᠵᠢᠭᠦᠷᠯᠡᠨ ᠰᠠᠬᠢᠬᠤ᠂  ᠠᠷᠢᠭᠤᠳᠭᠠᠯ᠎ᠤᠨ ᠡᠳ᠋ ᠪᠣᠳᠠᠰ᠎ᠢ ᠲᠣᠬᠢᠷᠠᠭᠤᠯᠤᠨ ᠬᠦᠷᠭᠡᠬᠦ᠌ ᠵᠡᠷᠭᠡ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶᠢᠨ ᠠᠵᠢᠯᠯᠠᠭ᠎ᠠ᠎ᠳᠦ ᠣᠷᠣᠯᠴᠠᠭᠤᠯᠵᠦ ᠪᠤᠢ᠃

ᠡᠭᠦᠨ᠎ᠦ ᠬᠠᠮᠲᠤ᠂ ᠲᠤᠪᠴᠢᠶᠠᠨ᠎ᠤ ᠤᠳᠤᠷᠢᠳᠬᠤ ᠪᠠᠭ ᠵᠢᠷᠭᠢᠶ᠎ᠡ᠎ᠶ᠋ᠢᠨ ᠤᠯᠠᠨ ᠨᠡᠢᠲᠡ᠎ᠶ᠋ᠢᠨ ᠲᠡᠪᠴᠡᠩ᠂ ᠵᠢᠷᠬᠢᠶ᠎ᠡ᠎ᠶ᠋ᠢᠨ ᠪᠦᠯᠦᠭᠵᠢᠯ ᠵᠡᠷᠭᠡ᠎ᠪᠡᠷ ᠳᠠᠮᠵᠢᠨ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠯᠤᠭ᠎ᠠ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠠᠬᠠᠮᠠᠳ ᠨᠥᠬᠥᠳ᠎ᠢ ᠴᠠᠭ ᠲᠤᠬᠠᠢ᠎ᠳᠤᠨᠢ ᠬᠠᠪᠰᠤᠷᠤᠨ ᠬᠦᠴᠢᠷ ᠵᠣᠪᠠᠭᠤᠷᠢ᠎ᠶ᠋ᠢ ᠨᠢ ᠱᠢᠢᠳᠪᠦᠷᠢᠯᠡᠨ ᠥᠭ᠌ᠴᠦ᠂ ᠠᠬᠠᠮᠠᠳ ᠨᠥᠬᠥᠳ᠎ᠤᠨ ᠲᠤᠰ ᠪᠡᠶ᠎ᠡ ᠎ᠶ᠋ᠢᠨ ᠰᠡᠷᠭᠡᠢᠯᠡᠯᠲᠡ᠎ᠪᠡᠨ ᠰᠠᠢᠲᠤᠷ ᠬᠢᠬᠦ᠌᠎ᠶ᠋ᠢ ᠬᠦᠲᠦᠯᠦᠨ ᠵᠢᠯᠤᠭᠤᠳᠬᠤ᠎ᠶᠢᠨ ᠬᠠᠮᠲᠤ᠂ ᠬᠢᠵᠢᠭ᠎ᠲᠡᠶ ᠲᠡᠮᠡᠴᠡᠭ᠌ᠰᠡᠨ ᠵᠣᠬᠢᠶᠠᠯ ᠪᠦᠲᠦᠭᠡᠯ ᠪᠢᠴᠢᠬᠦ᠂ ᠬᠢᠵᠢᠭ᠎ᠢ ᠰᠡᠷᠭᠡᠢᠯᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ 《ᠠᠬᠠᠮᠠᠳ ᠺᠠᠳ᠋ᠷ᠎ᠤᠨ ᠬᠦᠴᠦᠨ ᠴᠢᠳᠠᠯ》 ᠵᠢᠡᠨ ᠨᠡᠮᠡᠷᠢᠯᠡᠪᠡ; ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠵᠦ᠍᠂ ᠬᠠᠷᠢᠶ᠎ᠠ ᠪᠥᠬᠥᠶ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ ᠎ᠶ᠋ᠢᠨ ᠱᠢᠨ᠎ᠡ ᠰᠤᠷᠭᠠᠭᠤᠯᠢ ᠎ᠶ᠋ᠢᠨ ᠲᠣᠭᠣᠷᠢᠭ᠂᠎ᠥᠪᠡᠷᠲᠡᠭᠡᠨ ᠵᠠᠰᠠᠬᠤ ᠣᠷᠣᠨ᠎ᠤ ᠨᠠᠰᠤᠵᠢᠯ ᠎ᠤᠨ ᠠᠰᠠᠷᠠᠮᠵᠢ ᠎ᠶ᠋ᠢᠨ ᠨᠡᠢᠲᠡ᠎ᠶ᠋ᠢᠨ ᠪᠠᠢᠷᠢ᠎ᠶ᠋ᠢᠨ ᠲᠠᠯᠠᠪᠤᠷ ᠭᠠᠵᠠᠷ᠎ᠢ ᠬᠥᠬᠡᠬᠣᠲᠠ᠎ᠶ᠋ᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠲᠤᠱᠢᠶᠠᠨ ᠲᠤᠰᠠᠭᠠᠷᠯᠠᠭ᠍ᠰᠠᠨ ᠲᠠᠯᠠᠪᠤᠷ ᠪᠣᠯᠭᠠᠨ ᠬᠡᠷᠡᠭ᠌ᠯᠡᠭᠦᠯᠵᠦ᠍᠂ ᠣᠷᠣᠨ᠎ᠤ ᠲᠥᠪ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠳᠡᠮᠵᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号