ᠳᠡᠭᠡᠷ᠎ᠡ ᠳᠣᠣᠷ᠎ᠠ ᠱᠠᠳᠤ ᠪᠡᠷ ᠵᠢᠡᠨ ᠰᠡᠳᠭᠢᠯ ᠨᠢᠭᠡᠳᠴᠤ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ ᠢᠯᠡᠯᠳᠠ ᠤᠯᠤᠶ᠎ᠠ
2022-11-18 11:32:52
ᠵᠣᠬᠢᠶᠠᠭ᠍ᠴᠢ᠄
ᠯᠢᠶᠠᠨ ᠰᠢᠶᠤᠤ ᠪᠦᠸᠸ
ᠣᠩᠱᠢᠭ᠍ᠰᠠᠨ ᠣᠳᠠᠭ᠎ᠠ᠄
★★★☆☆

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠢᠯᠢᠳᠡᠭ᠌ᠵᠢᠭᠦᠯᠬᠦ᠌ ᠬᠣᠷᠢᠨ ᠵᠦᠢᠯ᠎ᠦᠨ ᠠᠷᠭ᠎ᠠ ᠬᠡᠮᠵᠢᠶ᠎ᠡ ᠪᠣᠯ ᠡᠨᠡ ᠬᠦ᠌ ᠬᠠᠲᠠᠭᠤ ᠳᠠᠢᠯᠠᠯᠳᠤᠭᠠᠨ᠎ᠢ ᠰᠠᠢᠲᠤᠷ ᠬᠢᠬᠦ᠌᠎ᠶ᠋ᠢᠨ ᠴᠢᠬᠤᠯᠠ ᠵᠢᠷᠤᠮᠯᠠᠯ ᠮᠥᠨ᠂ ᠡᠷᠬᠡᠪᠰᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ᠎ᠡᠴᠡ᠂ ᠡᠯ᠎ᠡ ᠲᠠᠯ᠎ᠠ᠎ᠶ᠋ᠢᠨ᠎ᠬᠢᠨ ᠲᠤᠤᠭᠠᠷᠪᠠᠯ ᠲᠠᠭᠤᠨ ᠨᠢᠭᠡᠳᠡᠢ ᠲᠤᠬᠳᠤᠷᠪᠠᠯ ᠬᠦᠴᠦᠨ ᠨᠢᠭᠡᠳᠡᠢ ᠪᠡᠷ ᠪᠥᠬᠥ᠌ ᠣᠷᠣᠨ᠎ᠤ ᠬᠦᠴᠦᠨ᠎ᠢ ᠳᠠᠢᠴᠢᠯᠠᠨ ᠬᠥᠬᠡᠬᠣᠲᠠ᠎ᠶ᠋ᠢ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠬᠡᠷᠡᠭ᠌ᠲᠡᠶ ᠭᠡᠵᠦ᠍ ᠲᠣᠳᠣᠷᠬᠠᠶ ᠱᠠᠭᠠᠷᠳᠠᠪᠠ᠃

ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠎ᠤ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠨᠢᠭᠡᠨᠲᠡ ᠬᠥᠬᠡᠬᠣᠲᠠ ᠎ᠳᠤ ᠪᠠᠭᠤᠵᠤ᠂ ᠨᠢᠭᠡᠳᠦᠯᠲᠡᠶ ᠵᠢᠯᠣᠭᠣᠳᠴᠤ᠌᠂ ᠨᠢᠭᠡᠳᠦᠯᠲᠡᠶ ᠲᠣᠬᠢᠷᠠᠭᠤᠯᠵᠤ ᠪᠠᠢᠨ᠎ᠠ᠃ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠬᠦᠢᠴᠡᠳᠭᠡᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠥᠷᠯᠥᠭᠡ ᠦᠳᠡᠰᠢ᠎ᠶ᠋ᠢ ᠲᠡᠮᠡᠴᠡᠨ ᠴᠠᠭ ᠮᠥᠴᠡ᠎ᠲᠡᠶ ᠤᠷᠤᠯᠳᠤᠬᠤ ᠬᠡᠷᠡᠭ᠌ᠲᠡᠢ; ᠪᠥᠬᠥ᠌ ᠣᠷᠣᠨ ᠨᠢᠭᠡ ᠬᠥᠯᠭᠡ ᠱᠢᠲᠠᠷ᠎ᠠ ᠪᠣᠯᠵᠣ᠂ ᠡᠯ᠎ᠡ ᠠᠢᠮᠠᠭ ᠬᠣᠲᠠ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠣᠷᠣᠨ᠎ᠤ ᠲᠥᠪ ᠬᠣᠲᠠ᠎ᠶ᠋ᠢᠨ ᠠᠵᠢᠯ᠎ᠢ ᠳᠡᠮᠵᠢᠬᠦ᠌᠎ᠶ᠋ᠢᠨ ᠬᠠᠮᠲᠤ ᠲᠣᠰ ᠲᠣᠰ᠎ᠤᠨ ᠬᠢᠵᠢᠭ᠎ᠢ ᠰᠡᠷᠭᠡᠢᠯᠡᠬᠦ᠌ ᠠᠵᠢᠯ᠎ᠢᠶᠠᠨ ᠰᠠᠢᠲᠤᠷ ᠬᠢᠵᠦ᠍᠂ 《ᠬᠣᠶᠠᠳᠤᠭᠠᠷ ᠲᠡᠢᠯᠠᠯᠳᠤᠭᠠᠨ ᠤ᠋ ᠲᠠᠯᠠᠪᠤᠷ》 ᠢ᠋ ᠶᠠᠭᠠᠬᠢᠭ᠍ᠰᠠᠨ ᠴᠤ᠌ ᠭᠠᠷᠭᠠᠵᠤ ᠪᠣᠯᠬᠤ ᠥᠬᠡᠶ; ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠢᠲᠡᠭᠡᠵᠦ᠍᠂ ᠤᠯᠠᠨ ᠲᠦᠮᠡᠨ᠎ᠢ ᠲᠦᠱᠢᠭ᠌ᠯᠡᠵᠦ᠍᠂ ᠠᠵᠢᠯᠯᠠᠬᠤ ᠪᠠᠢᠳᠠᠯ᠎ᠳᠠᠭᠠᠨ ᠪᠠᠢᠵᠤ᠂ ᠵᠢᠯᠤᠭᠤᠳᠤᠯᠭ᠎ᠠ᠎ᠶ᠋ᠢ ᠲᠠᠭᠠᠵᠤ᠂ ᠨᠥᠬᠥᠴᠡᠯ ᠳᠤᠷᠠᠳᠴᠤ᠂ ᠪᠤᠰᠤᠳᠴᠢ ᠱᠢᠯᠲᠠᠭᠠᠨ ᠡᠷᠢᠬᠦ᠌᠎ᠶ᠋ᠢ ᠶᠠᠭᠠᠬᠢᠭ᠍ᠰᠠᠨ ᠴᠤ᠌ ᠵᠥᠪᠱᠢᠶᠡᠷᠡᠬᠦ᠌ ᠦᠭᠡᠢ᠂ ᠨᠠᠢᠳᠠᠪᠤᠷᠢᠵᠢᠭᠤᠯᠬᠤ ᠦᠭᠡᠢ᠂ ᠤᠳᠠᠭᠠᠨ ᠨᠠᠢᠳᠠᠪᠤᠷᠢᠵᠢᠭᠤᠯᠬᠤ᠎ᠶ᠋ᠢ ᠨᠡᠩ ᠴᠤ᠌ ᠵᠥᠪᠱᠢᠶᠡᠷᠡᠬᠦ᠌ ᠦᠭᠡᠢ᠂  《ᠰᠠᠢ᠌ᠨ ᠬᠢᠬᠦ᠌ ᠮᠠᠭᠤ ᠬᠢᠬᠦ᠌ ᠨᠢ ᠨᠢᠭᠡ ᠯᠡ ᠠᠳᠠᠯᠢ》 ᠪᠠᠢᠬᠤ᠎ᠶ᠋ᠢ ᠶᠠᠭᠠᠬᠢᠭ᠍ᠰᠠᠨ ᠴᠤ᠌ ᠵᠥᠪᠱᠢᠶᠡᠷᠡᠬᠦ᠌ ᠦᠭᠡᠢ᠂ ᠲᠠᠢᠯᠠᠯᠳᠤᠭᠠᠨ᠎ᠤ ᠲᠠᠯᠠᠪᠤᠷ᠎ᠡᠴᠡ ᠳᠤᠲᠠᠭᠠᠭ᠍ᠰᠠᠳ᠎ᠲᠤ ᠶᠠᠭᠠᠬᠢᠬᠰᠡᠨ ᠴᠤ᠌ 《ᠪᠣᠳᠠᠲᠠᠢ ᠠᠱᠢᠭ ᠬᠦᠷᠲᠡᠭᠡᠵᠤ》 ᠪᠤᠯᠬᠤ ᠦᠭᠡᠢ᠃

ᠳᠡᠭᠡᠷ᠎ᠡ ᠳᠣᠣᠷ᠎ᠠ ᠱᠠᠳᠤ ᠪᠡᠷ ᠵᠢᠡᠨ ᠰᠡᠳᠭᠢᠯ ᠨᠢᠭᠡᠳᠴᠤ᠂ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠪᠠᠯ ᠢᠯᠠᠯᠲᠠ ᠣᠯᠵᠤ ᠴᠢᠳᠠᠨ᠎ᠠ᠃ ᠪᠢᠳᠡ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ᠂ ᠱᠢᠳᠤ ᠵᠠᠭᠤᠵᠤ᠂ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠰᠡᠳᠭᠢᠯ ᠨᠢᠭᠡᠳᠦᠨ ᠬᠢᠵᠢᠭ᠎ᠲᠡᠶ ᠲᠡᠮᠡᠴᠡᠬᠦ᠌᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠬᠠᠮᠤᠭ᠎ᠤᠨ ᠣᠬᠣᠷᠬᠠᠨ ᠬᠤᠭᠤᠴᠠᠭᠠᠨ᠎ᠳᠤ ᠬᠢᠵᠢᠭ᠎ᠦᠨ ᠪᠠᠢᠳᠠᠯ᠎ᠢ ᠢᠯᠠᠨ ᠲᠠᠪᠠᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号