ᠣᠢᠷ᠎ᠠ ᠵᠢᠨ ᠨᠢᠭᠡ ᠬᠤᠭᠤᠴᠠᠭᠠᠨ ᠡᠴᠡ ᠨᠡᠭᠠᠰᠢ᠂ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠢ᠎ᠠ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠨᠠᠮᠤᠷ ᠤ᠋ᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ᠋ ᠵᠡᠷᠬᠡ ᠪᠡᠷ ᠴᠢᠩᠭ᠎ᠠ ᠠᠳᠭᠤᠵᠤ᠂《ᠠᠮᠤ ᠬᠦᠨᠡᠰᠤ ᠠᠪᠴᠤ ᠳᠡᠢᠯᠬᠦ》 ᠪᠠ 《ᠠᠮᠤ ᠪᠤᠳᠠᠭ᠎ᠠ ᠪᠠᠨ ᠬᠤᠳᠠᠯᠳᠤᠵᠤ ᠳᠡᠢᠯᠬᠦ》ᠵᠢ ᠪᠠᠲᠤᠯᠠᠨ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠡᠳ᠋ ᠪᠣᠳᠠᠰ ᠤ᠋ᠨ ᠬᠠᠩᠭᠠᠯᠭ᠎ᠠ ᠵᠢᠨ《ᠡᠭᠦᠳᠡ ᠪᠡᠨ ᠳᠠᠷᠤᠬᠤ ᠦᠭᠡᠢ》 ᠪᠠᠢᠬᠤ ᠵᠢ ᠪᠠᠲᠤᠯᠠᠵᠤ ᠪᠤᠢ ᠃
ᠣᠢᠯᠠᠭᠠᠭᠰᠠᠨ ᠵᠢᠠᠷ᠂ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠪᠦᠬᠦ ᠣᠷᠣᠨ ᠤ᠋ ᠠᠮᠤ ᠪᠤᠳᠠᠭ᠎ᠠ ᠪᠠ ᠢᠳᠡᠭᠡᠨ ᠤ᠋ ᠲᠣᠰᠣ ᠵᠢ ᠬᠢᠨᠠᠨ ᠬᠡᠮᠵᠢᠬᠦ 114 ᠴᠡᠭ ᠲᠦ᠍ ᠲᠣᠬᠢᠷᠠᠭᠤᠯᠤᠯᠲᠠ ᠬᠢᠵᠦ ᠠᠮᠤ ᠪᠤᠳᠠᠭ᠎ᠠ ᠪᠠ ᠢᠳᠡᠭᠡᠨ ᠤ᠋ ᠲᠣᠰᠣ ᠵᠢᠨ ᠵᠠᠬ᠎ᠠ ᠳᠡᠯᠭᠡᠭᠦᠷ ᠤ᠋ᠨ ᠬᠢᠨᠠᠨ ᠬᠡᠮᠵᠢᠯᠲᠡ ᠵᠢ ᠴᠢᠩᠭᠠᠳᠭᠠᠨ᠂ ᠬᠥᠬᠡᠬᠣᠲᠠ ᠵᠢᠨ ᠪᠠᠴᠢᠮ ᠪᠠᠢᠳᠠᠯ ᠢ᠋ ᠠᠷᠭᠠᠴᠠᠭᠠᠬᠤ ᠠᠵᠤ ᠠᠬᠤᠢᠯᠠᠯ᠂ ᠪᠠᠴᠢᠮ ᠪᠠᠢᠳᠠᠯ ᠢ᠋ ᠠᠷᠭᠠᠴᠠᠭᠠᠬᠤ ᠬᠠᠩᠭᠠᠯᠭ᠎ᠠ ᠵᠢᠨ ᠲᠣᠣᠷ ᠴᠡᠭ ᠲᠦ᠍ ᠭᠣᠣᠯᠳᠠᠯᠭ᠎ᠠ ᠲᠠᠢ ᠲᠣᠬᠢᠷᠠᠭᠤᠯᠤᠯᠲᠠ ᠬᠢᠵᠦ᠂ ᠠᠮᠤ ᠪᠤᠳᠠᠭᠠᠨ ᠤ᠋ ᠪᠠᠴᠢᠮ ᠪᠠᠢᠳᠠᠯ ᠢ᠋ ᠠᠷᠭᠠᠴᠠᠭᠠᠬᠤ ᠲᠥᠰᠦᠯ ᠪᠤᠯᠤᠨ ᠪᠠᠴᠢᠮ ᠪᠠᠢᠳᠠᠯ ᠢ᠋ ᠠᠷᠭᠠᠴᠠᠭᠠᠬᠤ ᠬᠠᠩᠭᠠᠯᠭ᠎ᠠ ᠵᠢᠨ ᠪᠠᠲᠤᠯᠠᠭ᠎ᠠ ᠵᠢ ᠡᠬᠢᠯᠡᠭᠦᠯᠬᠦ ᠪᠡᠷ ᠴᠠᠭ ᠢᠮᠠᠭᠲᠠ ᠪᠡᠯᠡᠬᠡᠨ ᠪᠠᠢᠵᠤ ᠂ ᠠᠮᠤ ᠪᠤᠳᠠᠭ᠎ᠠ ᠪᠠ ᠢᠳᠡᠭᠡᠨ ᠤ᠋ ᠲᠣᠰᠣ ᠵᠢᠨ ᠬᠠᠩᠭᠠᠯᠭ᠎ᠠ ᠪᠣᠷᠣᠯᠠᠭᠤᠯᠭ᠎ᠠ ᠲᠠᠰᠤᠷᠠᠬᠤ ᠥᠬᠡᠢ ᠪᠠᠢᠬᠤ ᠵᠢ ᠦᠨᠡᠨ ᠬᠦ᠌ ᠪᠠᠲᠤᠯᠠᠵᠤ ᠪᠠᠢᠨ᠎ᠠ᠃ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠨᠠᠮᠤᠷ ᠤ᠋ᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ᠋ ᠨᠢᠭᠡᠳᠦᠯᠲᠡᠢ ᠲᠥᠯᠥᠪᠵᠢᠭᠦᠯᠵᠦ ᠂ ᠮᠠᠨ ᠤ᠋ ᠣᠷᠣᠨ ᠤ᠋ ᠨᠠᠮᠤᠷ ᠤ᠋ᠨ ᠬᠤᠷᠢᠶᠠᠯᠲᠠ ᠵᠢᠨ ᠠᠬᠢᠴᠠ ᠪᠤᠯᠤᠨ ᠨᠠᠮᠤᠷ ᠤ᠋ᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ᠋ ᠴᠠᠭ ᠲᠤᠬᠠᠢ ᠳ᠋ᠤᠨᠢ ᠬᠢᠨᠠᠨ ᠬᠡᠮᠵᠢᠵᠦ ᠂《ᠠᠮᠤ ᠪᠤᠳᠠᠭ᠎ᠠ ᠬᠤᠷᠢᠶᠠᠬᠤ ᠬᠥᠮᠦᠨ ᠲᠡᠢ᠂ ᠠᠮᠤ ᠪᠤᠳᠠᠭ᠎ᠠ ᠬᠤᠷᠢᠶᠠᠬᠤ ᠵᠣᠭᠣᠰ ᠲᠠᠢ᠂ ᠠᠮᠤ ᠪᠤᠳᠠᠭ᠎ᠠ ᠬᠥᠮᠥᠷᠭᠡᠯᠡᠬᠦ ᠰᠠᠩ ᠬᠦᠮᠦᠷᠭᠡ ᠲᠠᠢ᠂ ᠠᠮᠤ ᠪᠤᠳᠠᠭ᠎ᠠ ᠲᠡᠭᠡᠭᠡᠪᠦᠷᠢᠯᠡᠬᠦ ᠲᠡᠷᠭᠡ ᠬᠦᠰᠬᠡ ᠳᠠᠢ》ᠪᠠᠢᠬᠤ ᠵᠢ ᠦᠨᠡᠨ ᠬᠦ᠌ ᠪᠠᠲᠤᠯᠠᠵᠤ ᠪᠤᠢ᠃ ᠲᠦᠩᠯᠢᠶᠣᠣ ᠵᠢᠨ ᠤᠯᠤᠰ ᠤ᠋ᠨ ᠠᠮᠤ ᠪᠤᠳᠠᠭᠠᠨ ᠤ᠋ ᠠᠷᠠᠯᠵᠢᠶ᠎ᠠ ᠵᠢᠨ ᠲᠥᠪ ᠢ᠋ ᠢᠳᠡᠪᠬᠢᠲᠡᠢ ᠵᠣᠬᠢᠴᠠᠭᠤᠯᠵᠤ ᠪᠠᠢᠭᠠᠳ ᠲᠤᠰᠭᠠᠢ ᠠᠷᠠᠯᠵᠢᠶ᠎ᠠ ᠵᠢᠨ ᠴᠤᠭᠯᠠᠭᠠᠨ ᠢ᠋ ᠵᠣᠬᠢᠶᠠᠨ ᠪᠠᠢᠭᠤᠯᠵᠤ ᠂ ᠠᠮᠤ ᠪᠤᠳᠠᠭ᠎ᠠ ᠡᠳ᠋ᠰᠢᠭᠦᠯᠤᠨ ᠪᠤᠯᠪᠠᠰᠤᠷᠠᠭᠤᠯᠬᠤ ᠠᠵᠤ ᠠᠬᠤᠢᠯᠠᠯ ᠤ᠋ᠨ ᠦᠢᠯᠡᠳᠪᠦᠷᠢᠯᠡᠯ ᠪᠤᠯᠤᠨ ᠠᠮᠤ ᠪᠤᠳᠠᠭᠠᠨ ᠤ᠋ ᠵᠠᠬ᠎ᠠ ᠳᠡᠯᠭᠡᠭᠦᠷ ᠤ᠋ᠨ ᠬᠠᠩᠭᠠᠯᠭ᠎ᠠ ᠪᠠ ᠬᠡᠷᠡᠭᠴᠡᠭᠡ ᠱᠠᠭᠠᠷᠳᠠᠯᠭ᠎ᠠ ᠵᠢ ᠦᠨᠡᠨ ᠬᠦ᠌ ᠪᠠᠲᠤᠯᠠᠪᠠ ᠃ 11 ᠰᠠᠷ᠎ᠠ ᠵᠢᠨ 10 ᠪᠣᠯᠲᠠᠯ᠎ᠠ ᠂ ᠪᠦᠬᠦ ᠣᠷᠣᠨ ᠤ᠋ ᠪᠦᠷᠢᠳᠭᠡᠯ ᠳ᠋ᠦ᠍ ᠣᠷᠣᠭᠰᠠᠨ ᠠᠵᠤ ᠠᠬᠤᠢᠯᠠᠯ ᠨᠡᠢᠲᠡ 190 ᠲᠦᠮᠡᠨ ᠲᠤᠨ ᠠᠮᠤ ᠪᠤᠳᠠᠭ᠎ᠠ ᠬᠤᠳᠠᠯᠳᠤᠨ ᠠᠪᠴᠠᠢ ᠃ ᠡᠭᠦᠨ ᠳ᠋ᠦ᠍ ᠡᠷᠳᠡᠨᠢ ᠰᠢᠰᠢ 185 ᠲᠦᠮᠡᠨ ᠲᠤᠨ ᠂ ᠰᠢᠷ᠎ᠠ ᠪᠤᠷᠴᠠᠭ 5 ᠲᠦᠮᠡᠨ ᠲᠤᠨ ᠪᠠᠢᠵᠤ ᠂ ᠬᠢᠵᠢᠭ ᠤ᠋ᠨ ᠨᠥᠯᠥᠭᠡ ᠡᠴᠡ ᠪᠣᠯᠵᠤ ᠠᠮᠤ ᠪᠤᠳᠠᠭ᠎ᠠ ᠬᠤᠳᠠᠯᠳᠤᠬᠤ ᠳ᠋ᠤ᠌ ᠬᠦᠴᠢᠷᠲᠡᠢ ᠠᠰᠠᠭᠤᠳᠠᠯ ᠭᠠᠷᠤᠭᠰᠠᠨ ᠥᠬᠡᠢ᠃
10 ᠰᠠᠷ᠎ᠠ ᠵᠢᠨ 2 ᠡᠴᠡ ᠨᠡᠭᠠᠰᠢ᠂ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠪᠠᠰᠠ ᠪᠠᠴᠢᠮ ᠪᠠᠢᠳᠠᠯ ᠢ᠋ ᠠᠷᠭᠠᠴᠠᠭᠠᠬᠤ ᠨᠥᠭᠡᠴᠡ ᠳ᠋ᠤ ᠲᠦᠰᠢᠭᠯᠡᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠡᠳ᠋ ᠪᠣᠳᠠᠰ ᠢ᠋ ᠦᠷᠭᠦᠯᠵᠢᠯᠡᠨ ᠰᠢᠯᠵᠢᠭᠦᠯᠦᠨ ᠲᠡᠭᠡᠭᠡᠪᠦᠷᠢᠯᠡᠵᠦ ᠂ ᠬᠥᠬᠡᠬᠣᠲᠠ ᠂ ᠪᠤᠭᠤᠲᠤ ᠬᠣᠲᠠ ᠂ ᠤᠯᠠᠭᠠᠨᠴᠠᠪ ᠬᠣᠲᠠ ᠂ ᠥᠪᠡᠷᠲᠡᠭᠡᠨ ᠵᠠᠰᠠᠬᠤ ᠣᠷᠣᠨ ᠤ᠋ ᠪᠠᠢᠭᠤᠯᠭ᠎ᠠ ᠵᠢᠨ ᠶᠠᠪᠤᠳᠠᠯ ᠤ᠋ᠨ ᠬᠠᠮᠢᠶᠠᠷᠤᠯᠲᠠ ᠵᠢᠨ ᠲᠣᠪᠴᠢᠶ᠎ᠠ ᠂ ᠰᠤᠷᠭᠠᠨ ᠬᠥᠮᠦᠵᠢᠯ ᠤ᠋ᠨ ᠲᠢᠩᠬᠢᠮ ᠂ ᠬᠠᠤᠯᠢ ᠴᠠᠭᠠᠵᠠ ᠵᠢᠨ ᠲᠢᠩᠬᠢᠮ ᠂ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ ᠂ ᠠᠷᠠᠳ ᠤ᠋ᠨ ᠠᠭᠠᠷ ᠤ᠋ᠨ ᠰᠡᠷᠭᠡᠢᠯᠡᠯᠲᠡ ᠵᠢᠨ ᠠᠯᠪᠠᠨ ᠭᠡᠷ ᠂ ᠰᠢᠤᠳᠠᠨ ᠬᠤᠯᠪᠤᠭᠠᠨ ᠤ᠋ ᠬᠠᠮᠢᠶᠠᠷᠤᠯᠲᠠ ᠵᠢᠨ ᠲᠣᠪᠴᠢᠶ᠎ᠠ ᠂ ᠬᠥᠬᠡᠬᠣᠲᠠ ᠳ᠋ᠤ᠌ ᠰᠠᠭᠤᠭ᠎ᠠ ᠶᠡᠭᠡ ᠳᠡᠭᠡᠳᠦ ᠰᠤᠷᠭᠠᠭᠤᠯᠢ ᠂ ᠪᠠᠲᠤᠯᠠᠭᠠᠲᠤ ᠡᠳ᠋ ᠪᠠᠷᠠᠭᠠᠨ ᠤ᠋ ᠭᠦᠢᠯᠭᠡᠭᠡ ᠵᠢᠨ ᠠᠵᠤ ᠠᠬᠤᠢᠯᠠᠯ ᠳ᠋ᠤ᠌ ᠬᠥᠪᠥᠩ ᠳ᠋ᠠᠴᠠᠩ ᠂ ᠬᠥᠪᠥᠩ ᠮᠠᠢᠬᠠᠨ᠂ ᠬᠥᠪᠥᠩ ᠬᠥᠨᠵᠢᠯᠡ ᠂ ᠡᠪᠬᠡᠮᠡᠯ ᠣᠷᠣ ᠂ ᠴᠠᠬᠢᠯᠭᠠᠨ ᠳᠤᠯᠠᠭᠠᠯᠠᠮᠵᠢ ᠵᠡᠷᠭᠡ ᠪᠠᠴᠢᠮ ᠪᠠᠢᠳᠠᠯ ᠢ᠋ ᠠᠷᠭᠠᠴᠠᠭᠠᠬᠤ 20 ᠲᠥᠷᠥᠯ ᠵᠦᠢᠯ ᠤ᠋ᠨ ᠨᠥᠭᠡᠴᠡ ᠡᠳ᠋ ᠪᠣᠳᠠᠰ ᠢ᠋ 9 ᠲᠦᠮᠡ ᠭᠠᠷᠤᠢ ᠬᠤᠪᠢ(ᠢᠵᠢ)ᠰᠢᠯᠵᠢᠭᠦᠯᠦᠨ ᠲᠡᠭᠡᠭᠡᠪᠦᠷᠢᠯᠡᠵᠦ ᠂ 280 ᠭᠠᠷᠤᠢ ᠲᠡᠷᠭᠡ ᠬᠦᠰᠬᠡ ᠬᠥᠳᠡᠯᠭᠡᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤ᠋ᠨ ᠥᠳᠥᠭᠡᠭᠴᠢ ᠵᠢ ᠪᠠᠢᠴᠠᠭᠠᠨ ᠰᠢᠯᠭᠠᠬᠤ ᠤᠷᠪᠠᠯᠵᠢ ᠡᠳ᠋ ᠪᠠ ᠬᠠᠮᠠᠭᠠᠯᠠᠯᠲᠠ ᠵᠢᠨ ᠬᠡᠷᠡᠭᠰᠡᠯ ᠢ᠋ 70 ᠭᠠᠷᠤᠢ ᠲᠦᠮᠡᠨ ᠬᠤᠪᠢ ᠰᠢᠯᠵᠢᠭᠦᠯᠦᠨ ᠲᠣᠬᠢᠷᠠᠭᠤᠯᠵᠤ ᠂ ᠴᠢᠩᠬᠡᠯᠢᠭ ᠲᠦᠭᠦᠮ ᠪᠦᠳᠦᠴᠡᠳᠦ ᠡᠮᠨᠡᠯᠭᠡ ᠵᠢᠨ ᠬᠣᠷᠢᠶᠠᠨ ᠤ᠋ ᠪᠦᠲᠦᠭᠡᠨ ᠪᠠᠢᠭᠤᠯᠤᠯᠲᠠ ᠪᠠ ᠭᠣᠣᠯᠳᠠᠯᠭ᠎ᠠ ᠲᠠᠢ ᠭᠠᠵᠠᠷ ᠣᠷᠣᠨ(ᠨᠢᠭᠡᠴᠢ)᠂ ᠨᠡᠢᠭᠡᠮ ᠲᠣᠭᠣᠷᠢᠭ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠭᠦ ᠠᠵᠢᠯ ᠢ᠋ ᠬᠦᠴᠦᠲᠡᠢ ᠲᠡᠮᠵᠢᠭᠰᠡᠨ ᠪᠠᠢᠨ᠎ᠠ᠃