ᠠᠵᠤ ᠦᠶ᠋ᠯᠡᠰ᠎ᠢᠶᠡᠷ ᠤᠯᠤᠰ ᠲᠠᠭᠠᠨ ᠠᠴᠢ ᠬᠠᠷᠢᠭᠤᠯᠵᠤ ᠠᠵᠤ ᠠᠬᠤᠢᠯᠠᠯ᠎ᠤᠨ ᠡᠭᠦᠷᠭᠡᠯᠡᠯ ᠎ᠵᠢᠡᠨ ᠦᠶ᠋ᠯᠡᠳᠦᠯᠭᠡᠵᠢᠭᠦᠯᠦᠨ᠎ᠡ
2022-11-02 11:47:02
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠣᠢᠷ᠎ᠠ ᠎ᠳᠤ᠂ ᠢᠯᠢ ᠣᠲᠣ ᠦᠶ᠎ᠡ ᠎ᠶ᠋ᠢᠨ ᠣᠶᠤᠨᠴᠢ ᠡᠷᠡᠭᠦᠯ ᠮᠡᠨᠳᠦ᠍ ᠎ᠶ᠋ᠢᠨ ᠬᠥᠨᠳᠡᠶ ᠎ᠶ᠋ᠢᠨ ᠱᠢᠩᠭᠡᠨ ᠲᠥ᠋ᠯᠥᠪᠲᠦ ᠰᠦ ᠶ᠋ᠢᠨ ᠪᠥᠬᠥ᠌ ᠪᠥᠮᠪᠥᠷᠴᠡᠭ ᠎ᠦᠨ ᠣᠶᠤᠨᠴᠢ ᠬᠡᠪ ᠲᠠᠭᠤᠷᠢᠶᠠᠯ᠎ᠤᠨ ᠰᠠᠭᠤᠷᠢᠨ ᠎ᠳᠤ᠂ ᠱᠢᠩᠭᠡᠨ ᠲᠥ᠋ᠯᠥᠪᠲᠦ ᠰᠦ ᠶ᠋ᠢᠨ ᠦᠶ᠋ᠯᠡᠳᠪᠦᠷᠢᠯᠡᠯ ᠎ᠦᠨ ᠱᠤᠭᠤᠮ  24 ᠴᠠᠭ ᠎ᠵᠢᠡᠷ ᠵᠤᠭᠰᠤᠯ ᠥᠬᠡᠶ ᠠᠵᠢᠯᠯᠠᠵᠤ᠂ ᠦᠶ᠋ᠯᠡᠳᠪᠦᠷᠢᠯᠡᠯ ᠬᠠᠩᠭᠠᠯᠭ᠎ᠠ ᠎ᠶ᠋ᠢ ᠪᠠᠲᠤᠯᠠᠬᠤ ᠡᠷᠴᠢᠮ ᠎ᠢᠶᠡᠨ ᠴᠢᠩᠭᠠᠷᠠᠭᠤᠯᠬᠤ ᠎ᠶ᠋ᠢᠨ ᠬᠠᠮᠲᠤ ᠥᠷᠭᠡᠨ ᠤᠯᠠᠨ ᠠᠵᠢᠯᠲᠠᠨ ᠠᠵᠢᠯᠴᠢᠨ ᠎ᠤ ᠳᠤᠮᠳᠠ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠯ᠎ᠠ᠃ ᠦᠢᠯᠡᠳᠪᠦᠷᠢ ᠵᠢᠨ ᠬᠢᠨ ᠥᠷᠭᠡᠨ ᠤᠯᠠᠨ ᠠᠵᠢᠯᠳᠠᠨ ᠠᠵᠢᠯᠴᠢᠨ ᠎ᠢ ᠵᠣᠬᠢᠶᠠᠨ ᠪᠠᠢᠭᠤᠯᠵᠤ᠂ ᠬᠤᠭᠤᠴᠠᠭᠠᠲᠤ ᠰᠡᠳᠬᠦᠯ᠂ ᠸᠢᠳᠢᠣ᠋ ᠵᠡᠷᠭᠡ ᠤᠯᠠᠨ ᠵᠦᠢᠯ ᠎ᠦᠨ ᠬᠡᠯᠪᠡᠷᠢ ᠪᠡᠷ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠭᠤᠯᠵᠤ᠂ ᠱᠢᠨ᠎ᠡ ᠴᠠᠭ ᠦᠶ᠎ᠡ᠂ ᠱᠢᠨ᠎ᠡ ᠠᠶᠠᠨ᠂ ᠱᠢᠨ᠎ᠡ ᠪᠠᠢᠳᠠᠯ ᠎ᠢ ᠤᠢ᠍ᠢᠯᠠᠭᠠᠭᠤᠯᠤᠨ᠎ᠠ᠃

ᠱᠢᠩᠭᠡᠨ ᠲᠥ᠋ᠯᠥᠪᠲᠦ ᠰᠦ ᠶ᠋ᠢᠨ ᠪᠥᠬᠥ᠌ ᠪᠥᠮᠪᠥᠷᠴᠡᠭ ᠎ᠦᠨ ᠤᠶᠤᠨᠴᠢ ᠬᠡᠪ ᠳᠠᠭᠤᠷᠢᠶᠠᠯ ᠎ᠤᠨ ᠰᠠᠭᠤᠷᠢᠨ ᠎ᠤ ᠵᠠᠰᠠᠭ ᠵᠠᠬᠢᠷᠭᠠᠨ ᠎ᠤ ᠳᠠᠭᠠᠭᠠᠮᠠᠯ ᠶᠠᠩ ᠱᠢᠶᠤᠤ ᠬᠣᠶ᠄ 《ᠪᠢ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠢᠯᠡᠳᠭᠡᠯ ᠎ᠢ ᠰᠣᠨᠣᠰᠤᠭᠠᠳ ᠮᠠᠰᠢ ᠵᠣᠷᠢᠭ᠍ᠵᠢᠵᠤ ᠪᠠᠢᠨ᠎ᠠ᠃ ᠡᠪ ᠬᠠᠮᠲᠤ ᠨᠠᠮ ᠎ᠤᠨ ᠭᠡᠱᠢᠭᠦᠨ ᠪᠣᠯᠤᠭ᠍ᠰᠠᠨ ᠎ᠤ ᠬᠤᠪᠢ ᠎ᠳᠤ᠂ ᠬᠠᠷᠢᠭᠤᠴᠠᠯᠭ᠎ᠠ  ᠪᠠ ᠡᠭᠦᠷᠭᠡᠯᠡᠯ᠎ᠢᠶᠡᠨ ᠴᠠᠭ ᠢᠮᠠᠭ᠍ᠲᠠ ᠪᠠᠲᠤ ᠴᠡᠭᠡᠵᠢᠯᠡᠵᠦ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠪᠠᠷ ᠵᠢᠯᠤᠭᠤᠳᠤᠯᠭ᠎ᠠ ᠪᠣᠯᠭᠠᠵᠤ᠂ ᠠᠵᠢᠯ ᠨᠢᠭᠡᠪᠦᠷᠢ ᠎ᠶ᠋ᠢ ᠯᠠᠪᠳᠠᠭᠤᠨ ᠪᠠᠲᠤᠲᠠᠢ ᠰᠠᠢᠲᠤᠷ ᠬᠢᠬᠦ ᠵᠢ ᠪᠠᠷᠢᠮᠳᠠᠯᠠᠨ᠎ᠠ᠃  ᠵᠠᠰᠠᠭ ᠵᠠᠬᠢᠷᠭᠠᠨ ᠎ᠤ ᠦᠢᠯᠡᠴᠢᠯᠡᠭᠡᠨ ᠎ᠦ ᠠᠵᠢᠯ ᠎ᠢ ᠰᠠᠢᠲᠤᠷ ᠥᠷᠨᠢᠭᠦᠯᠵᠦ᠍᠂ ᠠᠵᠢᠯᠳᠠᠨ ᠠᠵᠢᠯᠴᠢᠨ ᠎ᠤ ᠵᠢᠷᠭᠠᠯᠲᠤ ᠲᠦᠷᠦᠭ᠌ᠳᠡᠯ᠂ ᠬᠠᠨᠤᠮᠵᠢ ᠎ᠶ᠋ᠢᠨ ᠬᠡᠮᠵᠢᠶ᠎ᠡ ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠱᠢᠯᠢᠳᠡᠭ ᠠᠵᠤ ᠠᠬᠤᠢᠯᠠᠯ ᠎ᠤᠨ ᠰᠣᠶᠣᠯ ᠎ᠢᠶᠠᠷ ᠠᠵᠢᠯᠳᠠᠨ ᠠᠵᠢᠯᠴᠢᠨ᠎ᠤ ᠨᠢᠭ᠍ᠲᠠᠷᠠᠯ ᠎ᠤᠨ ᠬᠦᠴᠦᠨ᠂ ᠲᠥᠪᠯᠡᠷᠡᠩᠭᠦᠢ ᠬᠦᠴᠦᠨ ᠎ᠢ ᠨᠡᠩ ᠰᠠᠢᠲᠤᠷ ᠬᠥᠭ᠌ᠵᠢᠭᠡᠨ᠎ᠡ᠃ 〈ᠢᠯᠢ ᠪᠣᠯ ᠳᠠᠷᠤᠶ ᠶᠠᠰᠤ ᠴᠢᠨᠠᠷ〉 ᠭᠡᠬᠦ᠌ ᠠᠵᠤ ᠠᠬᠤᠢᠯᠠᠯ ᠎ᠤᠨ ᠵᠢᠷᠤᠮᠯᠠᠯ ᠎ᠢ ᠪᠠᠲᠤ ᠰᠠᠬᠢᠵᠤ᠂ ᠥᠷᠭᠡᠨ ᠣᠯᠠᠨ ᠬᠡᠷᠡᠭ᠌ᠯᠡᠭ᠌ᠴᠢᠳ ᠎ᠲᠦ ᠴᠢᠨᠠᠷ ᠰᠠᠢᠲᠠᠶ᠂ ᠡᠷᠡᠭᠦᠯ ᠴᠠᠭᠠᠨ ᠢᠳᠡᠭᠡᠨ ᠦᠶ᠋ᠯᠡᠳᠪᠦᠷᠢᠯᠡᠵᠦ᠍ ᠬᠠᠩᠭᠠᠨ᠎ᠠ 》 ᠭᠡᠵᠦ ᠶᠠᠷᠢᠪᠠ᠃

《ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠢᠯᠡᠳᠭᠡᠯ ᠎ᠳᠦ᠂ ᠠᠵᠤ ᠠᠬᠤᠢ ᠎ᠶ᠋ᠢ ᠬᠥᠭ᠌ᠵᠢᠭᠦᠯᠬᠦ᠌   ᠬᠦᠴᠦᠯᠡᠬᠦ᠌ ᠴᠡᠭ ᠎ᠢ ᠪᠣᠳᠠᠲᠤ ᠴᠣᠭ᠍ᠴᠠ ᠎ᠶ᠋ᠢᠨ ᠠᠵᠤ ᠠᠬᠤᠢ ᠳᠡᠭᠡᠷ᠎ᠡ ᠲᠠᠯᠪᠢᠬᠤ ᠎ᠶ᠋ᠢ ᠪᠠᠷᠢᠮᠲᠠᠯᠠᠵᠤ᠂ ᠱᠢᠨ᠎ᠡ ᠬᠡᠯᠪᠡᠷᠢ ᠎ᠶ᠋ᠢᠨ ᠠᠵᠤ ᠦᠢᠯᠡᠳᠪᠦᠷᠢᠵᠢᠯᠲᠡ ᠎ᠶ᠋ᠢ ᠠᠬᠢᠭᠤᠯᠵᠤ᠂ ᠦᠢᠯᠡᠳᠬᠦ᠌ ᠦᠢᠯᠡᠰ ᠎ᠦᠨ ᠬᠦᠴᠦᠷᠬᠡᠭ ᠤᠯᠤᠰ᠂ ᠶᠠᠰᠤ ᠴᠢᠨᠠᠷ ᠎ᠤᠨ ᠬᠦᠴᠦᠷᠬᠡᠭ ᠤᠯᠤᠰ᠂ ᠰᠠᠨᠰᠠᠷ ᠎ᠤᠨ ᠠᠶᠠᠯᠠᠯ ᠎ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠎ᠤ ᠬᠦᠴᠦᠷᠬᠡᠭ ᠤᠯᠤᠰ᠂ ᠰᠦᠯᠵᠢᠶᠡᠨ ᠎ᠦ ᠬᠦᠴᠦᠷᠬᠡᠭ ᠤᠯᠤᠰ᠂ ᠲᠣᠭᠠᠴᠢᠯᠠᠭ᠍ᠰᠠᠨ ᠳᠤᠮᠳᠠᠳᠤ ᠤᠯᠤᠰ ᠎ᠢ ᠲᠦᠷᠭᠡᠳᠭᠡᠨ ᠪᠠᠢᠭᠤᠯᠤᠨ᠎ᠠ ᠭᠡᠵᠦ᠍ ᠳᠤᠷᠠᠳᠪᠠ᠃ ᠡᠨᠡ  ᠨᠢ ᠪᠢᠳᠡᠨ ᠎ᠦ ᠠᠵᠤ ᠦᠢᠯᠡᠰ ᠎ᠲᠦ ᠦᠨᠳᠦᠰᠦᠯᠡᠵᠦ᠍ ᠠᠵᠤ ᠦᠢᠯᠡᠰ᠎ᠢ ᠬᠦᠭᠵᠢᠬᠦᠯᠬᠦ ᠵᠢᠨ  ᠲᠥᠯᠥᠭᠡ ᠲᠡᠮᠡᠴᠡᠬᠦ᠌ ᠡᠷᠡᠰ ᠵᠣᠷᠢᠭ ᠎ᠢ ᠨᠡᠩ ᠪᠠᠲᠤᠳᠭᠠᠭ᠍ᠰᠠᠨ ᠶᠤᠮ》 ᠭᠡᠵᠦ ᠢᠯᠢ ᠪᠦᠯᠦᠭ᠌ᠯᠡᠯ ᠎ᠦᠨ ᠨᠠᠮ ᠎ᠤᠨ ᠬᠣᠷᠢᠶᠠᠨ ᠎ᠤ ᠱᠦᠵᠢ᠂ ᠬᠡᠷᠡᠭ ᠮᠡᠳᠡᠭ᠌ᠴᠢᠳ ᠎ᠦᠨ ᠳᠠᠷᠤᠭ᠎ᠠ ᠪᠥᠭᠡᠳ ᠶᠡᠷᠦᠩᠬᠡᠢ ᠵᠠᠬᠢᠷᠤᠭ᠍ᠴᠢ ᠫᠠᠨ ᠭᠠᠩ ᠬᠡᠯᠡᠨ᠎ᠠ᠃ ᠲᠡᠷᠡ᠄ 《ᠠᠵᠢᠯ ᠎ᠤᠨ ᠪᠣᠳᠠᠲᠤ ᠠᠮᠵᠢᠯᠲᠠ᠎ᠪᠠᠷ ᠎ᠢᠶᠠᠨ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭᠠᠨ᠎ᠤ ᠬᠦᠷᠢᠶᠡᠯᠡᠭ᠌ᠴᠢ᠂ ᠦᠢᠯᠡᠳᠦᠯᠭᠡᠵᠢᠭᠦᠯᠦᠭ᠌ᠴᠢ᠂ ᠤᠯᠠᠮᠵᠢᠯᠠᠭ᠍ᠴᠢ ᠪᠤᠯᠵᠤ᠂ ᠠᠵᠤ ᠦᠢᠯᠡᠰ᠎ᠢᠶᠡᠷ ᠤᠯᠤᠰ ᠎ᠲᠠᠭᠠᠨ ᠵᠢᠳᠬᠦᠬᠦ᠌ ᠰᠡᠳᠭᠢᠯᠭᠡ ᠎ᠪᠡᠷ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠎ᠶ᠋ᠢᠨ ᠵᠠᠮ ᠎ᠢᠶᠠᠷ ᠰᠠᠢᠲᠤᠷ ᠵᠠᠮᠨᠠᠵᠤ᠂ ᠠᠵᠤ ᠦᠢᠯᠡᠰ ᠎ᠢᠶᠡᠨ ᠪᠣᠳᠠᠲᠠᠢᠵᠢᠭᠤᠯᠵᠤ᠂ ᠰᠠᠭᠤᠷᠢ ᠎ᠪᠠᠨ ᠲᠣᠭ᠍ᠲᠠᠪᠤᠷᠢᠵᠢᠭᠤᠯᠵᠤ᠂ ᠪᠠᠢᠷᠢᠱᠢᠭᠤᠯᠤᠯᠲᠠ ᠎ᠪᠠᠨ ᠱᠢᠯᠢᠳᠡᠭ᠌ᠵᠢᠭᠦᠯᠵᠦ᠍᠂ ᠪᠣᠳᠠᠲᠤ ᠠᠵᠢᠯᠯᠠᠭ᠎ᠠ ᠎ᠪᠠᠷ ᠎ᠢᠶᠠᠨ ᠠᠵᠤ ᠦᠢᠯᠡᠰ ᠎ᠢᠶᠡᠷ ᠤᠯᠤᠰ ᠎ᠲᠠᠭᠠᠨ ᠠᠴᠢ ᠬᠠᠷᠢᠭᠤᠯᠬᠤ ᠵᠣᠷᠢᠭ ᠪᠣᠯᠤᠨ ᠡᠭᠦᠷᠭᠡᠯᠡᠯ ᠎ᠢᠶᠡᠨ ᠢᠯᠡᠷᠡᠭᠦᠯᠦᠶ᠎ᠡ 》 ᠭᠡᠵᠦ  ᠤᠷᠢᠶᠠᠯᠠᠯ᠎ᠠ᠃

ᠪᠣᠳᠠᠲᠤ ᠴᠣᠭ᠍ᠴᠠ ᠎ᠶ᠋ᠢᠨ ᠠᠵᠤ ᠠᠬᠤᠢ  ᠪᠣᠯ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢᠨ ᠰᠠᠭᠤᠷᠢ ᠮᠥᠨ᠂ ᠪᠠᠰᠠ  ᠴᠤ᠌ ᠠᠷᠠᠳ ᠤᠯᠠᠨ ᠎ᠤ ᠠᠮᠢᠳᠤᠷᠠᠯ ᠎ᠢ ᠪᠠᠲᠤᠯᠠᠬᠤ ᠪᠣᠳᠠᠰ ᠎ᠤᠨ ᠰᠠᠭᠤᠷᠢ ᠮᠥᠨ᠃ ᠫᠠᠨ ᠭᠠᠩ᠂ ᠠᠵᠤ ᠠᠬᠤᠢ ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ ᠎ᠢ ᠪᠣᠳᠠᠲᠤ ᠴᠣᠭ᠍ᠴᠠ ᠎ᠶ᠋ᠢᠨ ᠠᠵᠤ ᠠᠬᠤᠢ ᠳᠡᠭᠡᠷ᠎ᠡ ᠲᠠᠯᠪᠢᠬᠤ ᠎ᠶ᠋ᠢ ᠪᠠᠷᠢᠮᠲᠠᠯᠠᠬᠤ ᠎ᠳᠤ ᠢᠯᠢ ᠪᠦᠯᠦᠭ᠌ᠯᠡᠯ《ᠲᠠᠪᠤᠨ ᠪᠣᠳᠠᠲᠠᠢ》 ᠵᠢ ᠪᠡᠶᠡᠯᠡᠭᠦᠯᠬᠦ᠌ ᠬᠡᠷᠡᠭ᠌ᠲᠡᠢ ᠭᠡᠪᠡ᠃ ᠲᠤᠬᠠᠢᠯᠠᠪᠠᠯ᠂ 《 ᠪᠣᠳᠠᠲᠠᠢ》 ᠪᠠᠢᠬᠤ ᠵᠣᠷᠢᠯᠲᠠ ᠪᠠᠨ ᠬᠥᠭ᠌ᠵᠢᠯᠲᠡ ᠎ᠶ᠋ᠢᠨ ᠢᠲᠡᠭᠡᠯ ᠳᠡᠭᠡᠷ᠎ᠡ ᠲᠠᠯᠪᠢᠵᠤ᠂ ᠪᠡᠯᠡ ᠣᠷᠣᠭᠤᠯᠤᠨ ᠦᠢᠯᠡᠰ ᠎ᠢᠶᠡᠨ ᠬᠥᠭ᠌ᠵᠢᠭᠦᠯᠬᠦ᠌ ᠎ᠳᠦ ᠨᠡᠩ ᠢᠲᠡᠭᠡᠯ᠎ᠲᠡᠶ᠂ ᠦᠢᠯᠡᠳᠪᠦᠷᠢᠯᠡᠯ ᠡᠵᠡᠩᠨᠡᠯᠲᠡ ᠳ᠋ᠡᠭᠡᠨ ᠨᠡᠩ ᠡᠷᠴᠢ ᠵᠣᠷᠢᠭ ᠎ᠲᠠᠶ᠂ ᠬᠠᠷᠠᠯᠲᠠ ᠲᠥᠯᠥᠪᠵᠢᠭᠦᠯᠭᠡ ᠨᠡᠩ ᠢᠳᠡ ᠬᠦᠴᠦᠨ ᠲᠡᠶ ᠪᠠᠢᠬᠤ ᠬᠡᠷᠡᠭᠲᠡᠢ; 《ᠪᠣᠳᠠᠲᠠᠶ》 ᠪᠠᠢᠬᠤ ᠵᠢᠨ ᠲᠤᠯᠭᠠᠭᠤᠷᠢᠯᠠᠬᠤ ᠴᠡᠭ ᠎ᠢ ᠡᠷᠡᠭᠦᠯ ᠮᠡᠨᠳᠦ᠍ ᠶᠠᠰᠤ ᠴᠢᠨᠠᠷ ᠳᠡᠭᠡᠷ᠎ᠡ ᠲᠠᠯᠪᠢᠵᠤ᠂ ᠶᠠᠰᠤ ᠴᠢᠨᠠᠷ ᠎ᠤᠨ ᠵᠢᠷᠤᠮᠯᠠᠯ ᠎ᠢ ᠪᠠᠲᠤ ᠰᠠᠬᠢᠵᠤ᠂ 《 ᠪᠥᠬᠥ᠌ ᠠᠵᠢᠯᠲᠠᠨ᠂ ᠪᠥᠬᠥ᠌ ᠶᠠᠪᠤᠴᠠ᠂ ᠪᠥᠬᠥ᠌ ᠲᠠᠯ᠎ᠠ》 ᠶ᠋ᠢᠨ ᠶᠠᠰᠤ ᠴᠢᠨᠠᠷ ᠎ᠤᠨ ᠬᠠᠮᠢᠶᠠᠷᠤᠯᠲᠠ ᠎ᠶ᠋ᠢᠨ ᠱᠢᠰᠲ᠋ᠧᠮ  ᠵᠢᠴᠢ 《ᠪᠦᠯᠦᠭ᠌ᠯᠡᠯ — ᠠᠵᠢᠯ ᠦᠶ᠋ᠯᠡᠰ ᠎ᠦᠨ ᠬᠡᠯᠳᠡᠰ — ᠦᠶ᠋ᠯᠡᠳᠪᠦᠷᠢ》  ᠭᠤᠷᠪᠠᠨ ᠱᠠᠲᠤᠨ ᠎ᠤ ᠢᠳᠡᠭᠡᠨ ᠎ᠦ ᠠᠮᠤᠷ ᠲᠦᠪᠱᠢᠨ ᠎ᠦ ᠲᠦᠭ᠌ᠰᠢᠭᠦᠷᠢ ᠎ᠶ᠋ᠢ ᠬᠢᠨᠠᠨ ᠬᠡᠮᠵᠢᠵᠦ᠍ ᠰᠡᠷᠭᠡᠢᠯᠡᠨ ᠡᠵᠡᠮᠳᠡᠬᠦ᠌ ᠱᠢᠰᠲ᠋ᠧᠮ ᠎ᠢ ᠪᠠᠢᠭᠤᠯᠵᠤ᠂ ᠬᠡᠷᠡᠭ᠌ᠯᠡᠭ᠌ᠴᠢᠳ ᠎ᠲᠦ ᠴᠢᠨᠠᠷ ᠰᠠᠢᠲᠠᠶ ᠡᠷᠡᠭᠦᠯ ᠮᠡᠨᠳᠦ᠍ ᠎ᠶ᠋ᠢᠨ ᠦᠶ᠋ᠯᠡᠳᠬᠦᠨ ᠎ᠢ ᠬᠠᠩᠭᠠᠨ᠎ᠠ; 《 ᠪᠣᠳᠠᠲᠠᠶ 》 ᠪᠠᠢᠬᠤ ᠵᠣᠭ᠍ᠰᠣᠴᠠ ᠎ᠪᠠᠨ ᠥᠪᠡᠷᠮᠢᠴᠡ ᠳᠠᠪᠠᠭᠤᠯᠢᠭ ᠳᠡᠭᠡᠷ᠎ᠡ ᠲᠠᠯᠪᠢᠵᠤ᠂ ᠲᠤᠬᠠᠢᠯᠠᠭ᠍ᠰᠠᠨ ᠠᠵᠢᠯ ᠎ᠢᠶᠠᠨ ᠬᠠᠮᠢᠭ᠎ᠠ ᠬᠦᠷᠲᠡᠯ᠎ᠡ ᠥᠷᠨᠢᠭᠦᠯᠪᠡᠯ᠂ ᠨᠠᠮ᠎ᠤᠨ ᠵᠣᠬᠢᠶᠠᠨ ᠪᠠᠢᠭᠤᠯᠤᠯᠲᠠ  ᠵᠢᠴᠢ  ᠨᠠᠮ᠎ᠤᠨ ᠭᠡᠱᠢᠭᠦᠨ ᠲᠡᠨᠳᠡ ᠬᠦᠷᠲᠡᠯ᠎ᠡ ᠬᠠᠮᠤᠷᠬᠤ ᠎ᠶ᠋ᠢ ᠪᠠᠷᠢᠮᠲᠠᠯᠠᠬᠤ ᠎ᠶ᠋ᠢᠨ ᠬᠠᠮᠲᠤ᠂ 《ᠳᠠᠭᠠᠭᠤᠯᠤᠭ᠍ᠴᠢ ᠠᠵᠤ ᠠᠬᠤᠢᠯᠠᠯ + ᠨᠠᠮ ᠎ᠤᠨ ᠡᠭᠦᠷ + ᠬᠣᠷᠱᠢᠶ᠎ᠠ + ᠲᠣᠰᠭᠣᠨ ᠎ᠤ ᠠᠷᠠᠳ》 ᠎ᠤ᠋ᠨ 《1 + 1 + 1 + N ᠠᠵᠤ ᠦᠶ᠋ᠯᠡᠰ ᠎ᠦᠨ ᠬᠡᠯᠬᠢᠶ᠎ᠡ ᠎ᠶ᠋ᠢᠨ ᠨᠠᠮ ᠎ᠤᠨ ᠪᠠᠢᠭᠤᠯᠤᠯᠲᠠ ᠎ᠪᠠᠷ ᠬᠦᠳᠡᠭᠡ ᠲᠤᠰᠬᠤᠨ ᠎ᠢ ᠬᠥᠭ᠌ᠵᠢᠭᠦᠯᠬᠦ᠌》 ᠦᠶ᠋ᠯᠡᠳᠦᠯᠭᠡ ᠎ᠶ᠋ᠢ ᠢᠳᠡᠪᠬᠢᠲᠡᠶ ᠥᠷᠨᠢᠭᠦᠯᠦᠨ᠎ᠡ; 《ᠪᠣᠳᠠᠲᠠᠢ》 ᠪᠠᠢᠬᠤ ᠵᠢᠨ ᠰᠢᠪᠲᠤᠯᠤᠯᠲᠠ ᠵᠢᠨ ᠴᠡᠭ ᠎ᠢ ᠱᠢᠨ᠎ᠡ᠎ᠶ᠋ᠢ ᠡᠭᠦᠳᠬᠦ᠌ ᠪᠡᠷ ᠬᠦᠭᠵᠢᠯᠲᠡ ᠎ᠶᠢᠨ ᠬᠥᠳᠡᠯᠭᠡᠭᠦᠷ ᠪᠣᠯᠭᠠᠬᠤ ᠳᠡᠭᠡᠷ᠎ᠡ ᠲᠠᠯᠪᠢᠵᠤ᠂ 《ᠱᠢᠨ᠎ᠡ ᠎ᠶ᠋ᠢ ᠡᠭᠦᠳᠬᠦ᠌ ᠥᠬᠡᠶ ᠪᠣᠯ ᠢᠷᠡᠭᠡᠳᠦᠶ ᠥᠬᠡᠶ》 ᠭᠡᠳᠡᠭ᠎ᠢ ᠪᠠᠲᠤ ᠢᠲᠡᠭᠡᠵᠦ᠍᠂ ᠱᠢᠨ᠎ᠡ᠎ᠶ᠋ᠢ ᠡᠭᠦᠳᠬᠦ᠌ ᠎ᠶ᠋ᠢ ᠨᠠᠩ ᠵᠠᠩᠭᠢᠯᠠᠭ᠎ᠠ ᠎ᠶ᠋ᠢᠨ ᠪᠠᠢᠷᠢᠨ ᠎ᠳᠤ ᠲᠠᠯᠪᠢᠵᠤ᠂ ᠪᠥᠬᠥ᠌ ᠠᠵᠢᠯ ᠲᠥᠷᠥᠯ ᠎ᠦᠨ ᠴᠢᠨᠠᠷ ᠰᠠᠢᠲᠠᠶ ᠬᠥᠭ᠌ᠵᠢᠯᠲᠡ ᠎ᠳᠦ ᠬᠦᠴᠦᠨ ᠨᠡᠮᠡᠷᠢᠯᠡᠵᠦ᠍᠂  ᠳᠤᠮᠳᠠᠳᠤ ᠤᠯᠤᠰ ᠎ᠤᠨ ᠰᠦ ᠶ᠋ᠢᠨ ᠦᠶ᠋ᠯᠡᠰ ᠎ᠦᠨ ᠳᠡᠯᠡᠬᠡᠶ ᠳᠡᠭᠡᠷᠡᠬᠢ ᠦᠭᠡ ᠬᠡᠯᠡᠬᠦ ᠡᠷᠬᠡ ᠎ᠶ᠋ᠢ ᠴᠢᠩᠭᠠᠳᠭᠠᠨ᠎ᠠ; 《 ᠪᠣᠳᠠᠲᠠᠶ》 ᠪᠠᠢᠬᠤ ᠵᠢᠨ ᠦᠨᠳᠦᠰᠦᠨ ᠵᠦᠶ᠋ᠯ ᠎ᠢ ᠬᠠᠷᠢᠭᠤᠴᠠᠯᠭ᠎ᠠ ᠡᠭᠦᠷᠭᠡᠯᠡᠯ ᠳᠡᠭᠡᠷ᠎ᠡ ᠲᠠᠯᠪᠢᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠎ᠢ ᠪᠠᠲᠤ ᠪᠣᠶ ᠪᠣᠯᠭᠠᠬᠤ ᠪᠠ ᠦᠶ᠋ᠯᠡᠳᠦᠯᠭᠡᠵᠢᠭᠦᠯᠵᠦ᠍᠂ 《ᠬᠤᠤᠰ ᠨᠡᠭᠦᠷᠡᠰᠦᠲᠥ᠋ᠷᠥᠭ᠌ᠴᠢ》 ᠎ᠶ᠋ᠢᠨ ᠠᠵᠢᠯᠯᠠᠭ᠎ᠠ ᠎ᠶ᠋ᠢ ᠢᠳᠡᠪᠬᠢᠲᠡᠶ ᠨᠠᠢᠳᠠᠪᠤᠷᠢᠵᠢᠭᠤᠯᠤᠨ᠂ ᠨᠡᠢᠭᠡᠮ ᠎ᠦᠨ ᠨᠡᠢᠲᠡ ᠎ᠶ᠋ᠢᠨ ᠠᠰᠠᠷᠠᠮᠵᠢ ᠎ᠵᠢᠨ ᠦᠢᠯᠡᠰ ᠲᠸ᠋ ᠦᠷᠭᠦᠯᠵᠢᠯᠡᠨ ᠥᠷᠭᠡᠨ ᠎ᠢᠶᠡᠷ ᠣᠷᠣᠯᠴᠠᠵᠤ᠂ ᠨᠠᠩ ᠣᠯᠠᠨ ᠨᠡᠢᠲᠡ ᠎ᠶ᠋ᠢᠨ ᠠᠰᠠᠷᠠᠮᠵᠢ ᠎ᠶ᠋ᠢᠨ ᠠᠵᠢᠯᠯᠠᠭ᠎ᠠ  ᠪᠠ ᠬᠠᠢᠷ᠎ᠠ ᠬᠠᠯᠠᠮᠵᠢ ᠦᠵᠡᠬᠦᠯᠬᠦ ᠲᠥᠯᠥᠪᠯᠡᠭᠡ ᠎ᠶ᠋ᠢ ᠪᠣᠳᠠᠲᠠᠶ ᠎ᠳᠤ ᠨᠠᠢᠳᠠᠪᠤᠷᠢᠵᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号