ᠬᠥᠬᠡᠬᠤᠲᠡ ᠎ᠳᠤ ᠰᠠᠢᠬᠠᠨ ᠡᠪᠦᠯ ᠪᠤᠯᠬᠤ ᠨᠢ ᠡ !
2022-11-20 17:31:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠦᠬᠡᠬᠤᠳᠠ ᠵᠢᠨ ᠵᠡᠭᠡᠯᠢ ᠭᠤᠳᠤᠮᠵᠢ ᠵᠢᠨ ᠬᠦᠯ ᠬᠦᠭᠵᠢᠶᠡᠨ ᠰᠡᠷᠭᠦᠵᠦ ᠡᠬᠢᠯᠡᠯ᠎ᠡ᠃ ᠵᠡᠭᠡᠯᠢ ᠪᠡᠷ ᠮᠠᠰᠢᠨ ᠲᠡᠷᠭᠡ ᠲᠠᠪᠬᠢᠵᠦ ᠂ ᠲᠡᠯᠭᠡᠬᠦᠷ ᠬᠤᠳᠠᠯᠳᠤᠭ᠎ᠠ ᠡᠬᠦᠳᠡ ᠪᠡᠨ ᠨᠡᠭᠡᠬᠡᠭᠡᠳ᠂ ᠬᠦᠮᠦᠰ ᠡᠳᠦᠷ ᠲᠤᠳᠤᠮ ᠤ᠋ᠨ ᠠᠮᠢᠳᠤᠷᠠᠯ ᠤ᠋ᠨ ᠭᠡᠷᠡᠭᠰᠡᠯ ᠵᠢᠡᠨ ᠠᠪᠴᠠᠭᠠᠨ᠂ ᠡᠪᠦᠯ ᠤ᠋ᠨ ᠡᠬᠢᠨ ᠰᠠᠷ᠎ᠠ ᠵᠢᠨ ᠲᠤᠯᠠᠭᠠᠬᠠᠨ ᠡᠳᠦᠷ ᠪᠠᠶᠠᠷ ᠪᠠᠶᠠᠰᠤᠯ ᠠᠮᠳᠠᠭᠳᠠᠨ᠎ᠠ ᠃

— ᠰᠠᠷ᠎ᠠ ᠭᠠᠷᠤᠢ ᠭᠡᠷ ᠲᠡᠭᠡᠨ ᠬᠤᠷᠢᠭᠳᠠᠭᠠᠳ ᠭᠠᠳᠠᠨ᠎ᠠ ᠭᠠᠷᠴᠦ ᠢᠷᠡᠬᠦ ᠳ᠋ᠤ ᠰᠠᠯᠬᠢ ᠬᠦᠷᠳᠡᠯ᠎ᠡ ᠰᠢᠬᠢᠷᠯᠢᠭ ᠰᠠᠨᠠᠭᠳᠠᠭᠰᠠᠨ ᠡ ᠭᠡᠵᠦ ᠬᠦᠬᠡᠬᠤᠳᠠ ᠵᠢᠨ ᠹᠦ ᠱᠢ ᠫᠢᠨ ᠰᠠᠭᠤᠭᠠᠯᠢ ᠲᠤᠭᠤᠷᠢᠭ ᠡᠴᠡ ᠭᠠᠷᠴᠤ ᠢᠷᠡᠭᠰᠡᠨ ᠯᠢ ᠠᠪᠤᠭᠠᠢ ᠲᠤᠭᠳᠤᠯᠤᠨ ᠶᠠᠷᠢᠵᠦ ᠪᠠᠢᠬᠰᠠᠨ ᠃

ᠲᠡᠭᠡᠯᠬᠦᠢ ᠶᠠᠭᠠᠬᠢᠬᠤ ᠪᠤᠢ᠃ ᠠᠶᠤᠯᠳᠤ ᠬᠢᠵᠢᠭ ᠡᠨᠡ ᠨᠠᠮᠤᠷ ᠬᠦᠬᠡᠬᠤᠳᠠ ᠵᠢ ᠨᠦᠷᠢᠨ ᠢᠷᠡᠭᠡᠳ᠂ ᠤᠯᠤᠰ ᠤ᠋ᠨ ᠪᠠᠶᠠᠷ ᠤ᠋ᠨ ᠠᠮᠠᠷᠠᠯᠳᠠ᠎ᠳᠠᠭᠠᠨ ᠴᠦ᠍ ᠰᠠᠢᠬᠠᠨ ᠵᠢᠭᠤᠯᠴᠢᠯᠠᠨ ᠨᠠᠭᠠᠳᠴᠤ ᠲᠡᠢᠯᠦᠭᠰᠡᠨ ᠦᠭᠡᠢ ᠬᠦᠬᠡᠬᠤᠳᠠ ᠵᠢᠨ ᠬᠦᠮᠦᠰ ᠬᠠᠮᠳᠤ ᠪᠠᠷ ᠬᠢᠵᠢᠭ ᠲᠠᠢ ᠲᠡᠮᠡᠴᠡᠵᠦ᠂ ᠬᠢᠵᠢᠭ ᠤ᠋ᠨ ᠬᠠᠯᠳᠠᠪᠤᠷᠢᠯᠠᠯ ᠤ᠋ᠨ ᠵᠠᠮ ᠢ᠋ ᠲᠠᠰᠤᠯᠬᠤ ᠵᠢᠨ ᠲᠦᠯᠦᠭᠡ ᠭᠡᠷ ᠭᠡᠷ ᠲᠡᠭᠡᠨ ᠰᠠᠭᠤᠵᠠᠭᠠᠨ᠂ ᠪᠦᠬᠦ ᠤᠯᠤᠰ ᠤ᠋ᠨ ᠡᠯ᠎ᠡ ᠭᠠᠵᠠᠷ ᠂ ᠪᠦᠬᠦ ᠤᠷᠤᠨ ᠤ᠋ ᠡᠯ᠎ᠡ ᠭᠠᠵᠠᠷ ᠤ᠋ᠨ ᠬᠢᠨ ᠬᠦᠳᠡᠯᠦᠯᠴᠡᠨ ᠬᠦᠬᠡᠬᠤᠳᠠ ᠳ᠋ᠤ ᠲᠤᠰᠠᠯᠠᠵᠦ ᠂ ᠬᠢᠵᠢᠭ ᠲᠠᠢ ᠲᠡᠮᠡᠴᠡᠬᠦ ᠪᠤᠯᠤᠳ ᠬᠡᠷᠡᠮ ᠲᠡᠮᠤᠷ ᠬᠠᠨ᠎ᠠ ᠵᠢ ᠴᠤᠬᠴᠠᠯᠠᠪᠠ ᠃


QQ截图20221120121829.png


ᠦᠪᠡᠷᠳᠡᠭᠡᠨ ᠵᠠᠰᠠᠬᠤ ᠤᠷᠤᠨ ᠪᠠ ᠬᠦᠬᠡᠬᠤᠳᠠ ᠵᠢᠨ ᠨᠠᠮ ᠤ᠋ᠨ ᠬᠤᠷᠢᠶ᠎ᠠ ᠵᠠᠰᠠᠬ ᠤ᠋ᠨ ᠤᠷᠳᠤᠨ ᠬᠦᠴᠦᠨ ᠪᠦᠬᠦᠢ ᠲᠦᠷᠦ ᠵᠢᠨ ᠪᠤᠳᠤᠯᠭ᠎ᠠ ᠂ ᠠᠷᠭ᠎ᠠ ᠭᠡᠮᠵᠢᠶ᠎ᠡ ᠠᠪᠴᠤ ᠰᠠᠷ᠎ᠠ ᠭᠠᠷᠤᠢ ᠬᠢᠵᠢᠭ ᠲᠠᠢ ᠲᠡᠮᠡᠴᠡᠭᠰᠡᠬᠡᠷ ᠢᠷᠡᠵᠠᠢ ᠃ ᠤᠢᠷ᠎ᠠ ᠵᠢᠨ ᠡᠳᠦᠷ ᠂ ᠬᠦᠬᠡᠬᠤᠳᠠ ᠬᠢᠵᠢᠭ ᠤ᠋ᠨ ᠪᠠᠢᠳᠠᠯ ᠤ᠋ᠨ ᠬᠠᠨᠳᠤᠰᠢ ᠳ᠋ᠤ ᠴᠢᠭᠯᠡᠬᠦᠯᠦᠨ ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ ᠂ ᠬᠠᠮᠤᠭ ᠤ᠋ᠨ ᠤᠬᠤᠷᠬᠠᠨ ᠬᠤᠭᠤᠴᠠᠭᠠᠨ ᠳ᠋ᠤ ᠬᠢᠵᠢᠭ ᠤ᠋ᠨ ᠪᠠᠢᠳᠠᠯ ᠤ᠋ᠨ ᠨᠡᠢᠭᠡᠮ ᠲᠡᠭᠡᠷᠡᠬᠢ ᠡᠪᠡᠳᠴᠢᠨ ᠤ᠋ ᠵᠢᠱ᠌ᠢᠶ᠎ᠡ ᠵᠢ ᠦᠭᠡᠢ ᠪᠤᠯᠭᠠᠬᠤ ᠪᠡᠷ ᠴᠢᠷᠮᠠᠢᠵᠦ ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠰᠢᠯᠢᠳᠡᠭᠵᠢᠬᠦᠯᠬᠦ ᠬᠤᠷᠢᠨ ᠵᠤᠷᠪᠤᠰ ᠠᠷᠭ᠎ᠠ ᠬᠡᠮᠵᠢᠶ᠎ᠡ ᠵᠢ ᠡᠷᠡᠰ ᠨᠠᠢᠳᠠᠪᠤᠷᠢᠵᠢᠭᠤᠯᠤᠨ᠂ ᠠᠷᠠᠳ ᠲᠦᠮᠡᠨ ᠢ᠋ ᠲᠡᠭᠡᠳᠦᠯᠡᠬᠦ᠂ ᠠᠮᠢ ᠨᠠᠰᠤ ᠵᠢ ᠲᠡᠭᠡᠳᠦᠯᠡᠬᠦ ᠵᠢ ᠡᠷᠡᠰ ᠭᠤᠢᠪᠢᠰᠢ ᠦᠭᠡᠢ ᠪᠠᠷᠢᠮᠳᠠᠯᠠᠨ᠂ ᠲᠤᠤᠷ᠎ᠠ ᠲᠦᠭᠰᠢᠬᠦᠷᠢᠳᠤ ᠰᠠᠭᠤᠭᠠᠯᠢ ᠠᠷᠠᠳ ᠤ᠋ᠨ ᠲᠤᠭᠤᠷᠢᠭ ᠢ᠋ ᠴᠢᠯᠦᠭᠡᠳᠡᠢ ᠪᠤᠯᠭᠠᠭᠰᠠᠨ ᠵᠢᠡᠷ ᠬᠤᠳᠠ ᠵᠢᠨ ᠠᠷᠠᠳ ᠤ᠋ᠨ ᠠᠮᠢᠳᠤᠷᠠᠯ ᠬᠡᠪ ᠤ᠋ᠨ ᠪᠠᠢᠳᠠᠯ ᠵᠢᠡᠨ ᠰᠡᠷᠭᠦᠭᠡᠵᠦ ᠡᠬᠢᠯᠡᠪᠡ ᠃

11 ᠰᠠᠷ᠎ᠠ ᠵᠢᠨ 15 ᠤ᠋ ᠦᠳᠡ ᠵᠢᠨ ᠡᠮᠦᠨ᠎ᠡ ᠂ ᠬᠦᠯᠦᠨ ᠪᠤᠢᠷ ᠬᠤᠢᠳᠤ ᠵᠠᠮ ᠤ᠋ᠨ ᠨᠢᠭᠡᠨ ᠢᠳᠡᠰᠢᠨ ᠨᠤᠭᠤᠭ᠎ᠠ ᠵᠢᠨ ᠳᠡᠯᠭᠡᠭᠦᠷ ᠤ᠋ᠨ ᠡᠭᠦᠳᠡᠨ ᠳ᠋ᠦ ᠬᠤᠳᠠ ᠵᠢᠨ ᠠᠷᠠᠳ ᠮᠦᠷᠯᠡᠨ ᠵᠤᠬᠰᠤᠵᠤ᠂ ᠨᠤᠭᠤᠭ᠎ᠠ ᠬᠤᠳᠠᠯᠳᠤᠨ ᠠᠪᠴᠠᠭᠠᠨ᠎ᠠ ᠃ ᠬᠠᠵᠠᠭᠤ ᠵᠢᠨ ᠬᠡᠯᠬᠢᠶᠡᠳᠦ ᠬᠡᠳᠦ ᠳᠡᠯᠭᠡᠬᠦᠷ ᠤ᠋ᠨ ᠡᠭᠦᠳᠡᠨ ᠳ᠋ᠦ ᠴᠦ᠍ ᠠᠳᠠᠯᠢᠬᠠᠨ ᠵᠢᠡᠷ ᠬᠦᠮᠦᠰ ᠮᠦᠷᠯᠡᠨ ᠵᠤᠬᠰᠤᠵᠤ ᠬᠦᠯᠢᠶᠡᠵᠤ ᠪᠠᠢᠯ᠎ᠠ᠃ 《ᠮᠠᠨ ᠤ᠋ ᠳᠡᠯᠭᠡᠭᠦᠷ 11 ᠰᠠᠷ᠎ᠠ ᠵᠢᠨ 9 ᠤ᠋ ᠡᠳᠦᠷ ᠡᠴᠡ ᠡᠵᠡᠨᠭᠨᠡᠯᠳᠡ ᠪᠠᠨ ᠰᠡᠷᠭᠦᠭᠡᠵᠠᠢ᠂ ᠡᠳᠦᠷ ᠲᠤᠳᠤᠮ ᠤ᠋ᠨ ᠠᠮᠢᠳᠤᠷᠠᠯ ᠤ᠋ᠨ ᠭᠡᠷᠡᠭᠯᠡᠭᠡᠨ ᠤ᠋ ᠵᠦᠢᠯ ᠨᠡᠯᠢᠶᠡᠳ ᠪᠦᠷᠢᠨ ᠪᠠᠢᠨ᠎ᠠ᠃ ᠡᠵᠡᠩᠨᠡᠯᠳᠡ ᠵᠢᠨ ᠴᠠᠭ ᠲᠦ᠍ ᠪᠢᠳᠡ ᠪᠦᠷ ᠰᠡᠷᠬᠡᠢᠯᠡᠯᠳᠡ ᠵᠢᠨ ᠬᠤᠪᠴᠠᠰᠤ ᠡᠮᠦᠰᠴᠤ᠂ ᠪᠡᠭᠡᠯᠡᠢ᠂ N95 ᠠᠮᠠᠪᠴᠢ ᠵᠡᠭᠦᠵᠤ ᠪᠤᠢ ᠂ ᠪᠠᠰᠠ ᠲᠤᠬᠳᠠᠬᠰᠠᠨ ᠴᠠᠭ ᠲᠦ᠍ ᠠᠷᠢᠭᠤᠳᠬᠠᠯ ᠬᠢᠵᠤ ᠪᠠᠢᠨ᠎ᠠ》 ᠭᠡᠵᠤ ᠬᠡᠯᠬᠢᠶᠡᠲᠦ ᠬᠡᠳᠦ ᠳᠡᠯᠭᠡᠭᠦᠷ  ᠤ᠋ᠨ ᠠᠵᠢᠯᠳᠠᠨ ᠵᠤᠤ ᠰᠢᠨ ᠰᠤᠷᠪᠤᠯᠵᠢᠯᠠᠭᠴᠢ ᠳ᠋ᠤ ᠶᠠᠷᠢᠵᠦ ᠪᠠᠢᠯ᠎ᠠ ᠃


QQ截图20221120121859.png


ᠬᠤᠳᠠ ᠵᠢᠨ ᠠᠷᠠᠳ ᠤ᠋ᠨ ᠠᠮᠢᠳᠤᠷᠠᠯ ᠤ᠋ᠨ ᠡᠳ᠋ ᠪᠤᠳᠠᠰ ᠠᠪᠬᠤ ᠳ᠋ᠦ ᠨᠡᠩ ᠲᠦᠭᠦᠮ ᠪᠤᠯᠭᠠᠬᠤ ᠵᠢᠨ ᠲᠦᠯᠦᠭᠡ ᠂ 11 ᠰᠠᠷ᠎ᠠ ᠵᠢᠨ 6 ᠤ᠋ ᠡᠳᠦᠷ ᠡᠴᠡ ᠡᠬᠢᠯᠡᠨ ᠬᠦᠬᠡᠬᠤᠳᠠ ᠵᠢᠨ ᠲᠦᠷᠪᠡᠨ ᠲᠤᠭᠤᠷᠢᠭ᠂ ᠲᠦᠮᠡᠳ ᠵᠡᠭᠦᠨ ᠬᠤᠰᠢᠭᠤ ᠵᠢᠨ ᠵᠢᠨᠴᠤᠸᠠᠨ ᠲᠤᠭᠤᠷᠢᠭ᠂ ᠠᠵᠤ ᠠᠬᠤᠢ ᠵᠢᠨ ᠨᠡᠭᠡᠭᠡᠯᠳᠡ ᠵᠢᠨ ᠤᠷᠤᠨ ᠤ᠋ ᠬᠡᠪᠴᠢᠶ᠎ᠡ ᠳ᠋ᠦ ᠠᠮᠢᠳᠤᠷᠠᠯ ᠤ᠋ᠨ ᠡᠳ᠋ ᠪᠤᠳᠠᠰ ᠲᠠᠢ ᠬᠤᠯᠪᠤᠬᠳᠠᠬᠰᠠᠨ ᠳᠠᠮᠵᠢᠨ ᠪᠤᠷᠤᠯᠠᠭᠤᠯᠬᠤ ᠬᠡᠳᠦ ᠳᠡᠯᠭᠡᠭᠦᠷ᠂ ᠲᠦᠭᠦᠮ ᠳᠡᠯᠭᠡᠭᠦᠷ᠂ ᠢᠳᠡᠰᠢᠨ ᠨᠤᠭᠤᠭᠠᠨ ᠤ᠋ ᠳᠡᠯᠭᠡᠭᠦᠷ᠂ ᠮᠢᠬᠠᠨ ᠤ᠋ ᠳᠡᠯᠭᠡᠭᠦᠷ ᠂ ᠰᠢᠨ᠎ᠠ ᠰᠤᠷᠭᠤᠭ ᠢᠳᠡᠭᠡᠨ ᠤ᠋ ᠳᠡᠯᠭᠡᠭᠦᠷ᠂ ᠠᠮᠤ ᠪᠤᠳᠠᠭ᠎ᠠ ᠭᠤᠯᠢᠷ ᠲᠤᠰᠤ ᠵᠢᠨ ᠳᠡᠯᠭᠡᠭᠦᠷ ᠂ ᠬᠤᠯᠢᠰᠢᠨ ᠢᠳᠡᠭᠡᠨ ᠤ᠋ ᠳᠡᠯᠭᠡᠭᠦᠷ᠂ ᠬᠦᠯᠳᠡᠬᠦᠦ ᠡᠳ᠋ ᠤ᠋ᠨ ᠳᠡᠯᠭᠡᠭᠦᠷ ᠵᠡᠷᠭᠡ ᠵᠡᠭᠡᠯᠢ ᠳᠠᠭᠠᠬᠰᠠᠨ ᠳᠡᠯᠭᠡᠭᠦᠷ ᠤ᠋ᠳ ᠢ᠋ ᠡᠮᠬᠢ ᠵᠢᠷᠤᠮ ᠲᠠᠢ ᠪᠡᠷ ᠡᠵᠡᠩᠨᠡᠯᠳᠡ ᠵᠢ ᠨᠢ ᠰᠡᠷᠭᠦᠭᠡᠵᠠᠢ ᠃

11 ᠰᠠᠷ᠎ᠠ ᠵᠢᠨ 15 ᠤ᠋ ᠡᠳᠦᠷ᠂ ᠰᠤᠷᠪᠤᠯᠵᠢᠯᠠᠬᠴᠢ ᠨᠢᠭᠡᠳᠦᠭᠡᠷ ᠨᠤᠮᠸᠷᠲᠦ ᠮᠸᠲᠷᠤ᠋᠂ K4 ᠨᠡᠢᠳᠡ ᠵᠢᠨ ᠮᠠᠰᠢᠨ ᠲᠡᠷᠭᠡᠨ ᠳ᠋ᠤ ᠪᠡᠶᠡᠴᠢᠯᠡᠨ ᠰᠠᠭᠤᠵᠦ ᠬᠡᠳᠦᠨ ᠦᠷᠳᠡᠭᠡ ᠶᠠᠪᠤᠪᠠ᠃ ᠲᠡᠷᠭᠡᠨ ᠳ᠋ᠤ ᠰᠠᠭᠤᠵᠦ ᠪᠠᠢᠭ᠎ᠠ ᠬᠦᠮᠦᠨ ᠲᠡᠢᠮᠦ ᠤᠯᠠᠨ ᠪᠢᠰᠢ᠂ ᠪᠦᠷ ᠡᠮᠬᠢ ᠵᠢᠷᠤᠮ ᠲᠠᠢ᠂ ᠬᠤᠯᠠ ᠵᠠᠢ ᠠᠪᠴᠤ ᠰᠠᠭᠤᠵᠠᠭᠠᠨ᠂ ᠦᠪᠡᠷ ᠦᠪᠡᠷ ᠤ᠋ᠨ ᠬᠢ ᠪᠡᠷ ᠵᠢᠡᠨ ᠶᠠᠭᠠᠷᠠᠵᠠᠭᠠᠵᠦ ᠪᠠᠢᠬᠤ ᠵᠢ ᠤᠯᠵᠦ ᠬᠠᠷᠠᠯ᠎ᠠ᠃ ᠰᠢᠯᠢ ᠵᠢᠨ ᠭᠤᠤᠯ ᠡᠮᠦᠨ᠎ᠡ ᠵᠠᠮ ᠤ᠋ᠨ ᠬᠠᠮᠳᠤ ᠪᠡᠷ ᠡᠳ᠋ᠯᠡᠬᠦ ᠲᠤᠭᠤᠢ ᠲᠡᠷᠭᠡᠨ ᠤ᠋ ᠬᠠᠮᠢᠶᠠᠷᠤᠯᠳᠠ ᠵᠢᠨ ᠠᠵᠢᠯᠳᠠᠨ ᠵᠤᠬᠰᠤᠭᠠᠯ ᠳ᠋ᠠᠭᠠᠨ ᠪᠠᠢᠭ᠎ᠠ ᠲᠤᠭᠤᠢ ᠪᠠ ᠴᠠᠬᠢᠯᠭᠠᠨ ᠬᠦᠳᠡᠯᠭᠡᠬᠦᠷᠳᠦ ᠲᠡᠷᠭᠡ ᠳ᠋ᠦ ᠠᠷᠢᠭᠤᠳᠬᠠᠯ ᠬᠢᠵᠤ ᠬᠦᠮᠦᠰ ᠤ᠋ᠨ ᠡᠳ᠋ᠯᠡᠬᠦ ᠳ᠋ᠤ ᠪᠡᠯᠡᠬᠡᠨ ᠪᠤᠯᠭᠠᠵᠦ ᠪᠠᠢᠯ᠎ᠠ᠃ ᠤᠷᠴᠢᠨ ᠲᠤᠭᠤᠷᠢᠨ ᠤ᠋ ᠡᠷᠡᠭᠦᠯ ᠬᠠᠮᠠᠭᠠᠯᠠᠯ ᠤ᠋ᠨ ᠰᠠᠯᠠᠭ᠎ᠠ ᠮᠦᠴᠢᠷ ᠤ᠋ᠨ ᠬᠢᠨ ᠢᠳᠡᠪᠬᠢᠳᠡᠢ ᠬᠦᠳᠡᠯᠦᠯᠴᠡᠵᠤ᠂ ᠪᠦᠬᠦ ᠲᠠᠯ᠎ᠠ ᠪᠡᠷ ᠴᠡᠪᠡᠷᠯᠡᠬᠦ ᠠᠵᠢᠯ ᠦᠷᠨᠢᠭᠦᠯᠵᠤ᠂ ᠬᠦᠬᠡᠬᠤᠳᠠ ᠵᠢᠨ ᠠᠷᠢᠭᠤᠨ ᠴᠡᠪᠡᠷ ᠢ᠋ ᠪᠠᠳᠤᠯᠠᠵᠦ ᠪᠤᠢ ᠃


QQ截图20221120121917.png


11 ᠰᠠᠷ᠎ᠠ ᠵᠢᠨ 18 ᠤ᠋ ᠡᠳᠦᠷ ᠡᠴᠡ ᠡᠬᠢᠯᠡᠨ᠂ ᠠᠷᠠᠳ ᠤ᠋ᠨ ᠠᠭᠠᠷ ᠤ᠋ᠨ ᠠᠶᠠᠯᠠᠯ ᠴᠦ᠍ ᠠᠭᠠᠵᠢᠮ ᠵᠢᠡᠷ ᠨᠢᠰᠭᠡᠯ ᠤ᠋ᠨ ᠲᠤᠭ᠎ᠠ ᠪᠠᠨ ᠨᠡᠮᠡᠭᠳᠡᠭᠦᠯᠵᠦ ᠂ ᠬᠠᠢᠯᠠᠷ ᠵᠡᠷᠭᠡ ᠤᠷᠤᠨ ᠤ᠋ ᠲᠤᠳᠤᠨᠠᠬᠢ 8 ᠨᠢᠰᠭᠡᠯ ᠤ᠋ᠨ ᠪᠠᠭᠤᠳᠠᠯ ᠪᠠ ᠬᠠᠷᠪᠢᠨ ᠵᠡᠷᠭᠡ ᠤᠷᠤᠨ ᠤ᠋ ᠭᠠᠳᠠᠨᠠᠬᠢ 10 ᠨᠢᠰᠭᠡᠯ ᠤ᠋ᠨ ᠪᠠᠭᠤᠳᠠᠯ ᠳ᠋ᠡᠬᠢ ᠠᠶᠠᠯᠠᠯ ᠵᠢᠡᠨ ᠰᠡᠷᠭᠦᠭᠡᠪᠡ ᠃

11 ᠰᠠᠷ᠎ᠠ ᠵᠢᠨ 17 ᠤ᠋ ᠡᠳᠦᠷ᠂ ᠰᠤᠷᠪᠤᠯᠵᠢᠯᠠᠬᠴᠢ ᠮᠠᠨᠳᠤᠬᠠᠢ ᠴᠡᠴᠡᠷᠯᠢᠭ ᠲᠦ᠍ ᠬᠦᠷᠬᠦ ᠳ᠋ᠤ ᠰᠡᠯᠡᠬᠦᠴᠡᠨ ᠠᠯᠬᠤᠵᠦ ᠪᠠᠢᠭ᠎ᠠ᠂ ᠭᠡᠦᠭᠡᠳ ᠲᠠᠢ ᠪᠠᠨ ᠨᠠᠭᠠᠳᠴᠤ ᠪᠠᠢᠭ᠎ᠠ᠂ ᠬᠤᠶᠠᠷ ᠭᠤᠷᠪᠠᠭᠤᠯᠠ ᠡᠷᠡᠭᠦᠯᠵᠢᠯ ᠤ᠋ᠨ ᠲᠠᠮᠢᠷ ᠬᠢᠵᠦ ᠪᠠᠢᠭ᠎ᠠ ᠂ ᠪᠡᠶ᠎ᠡ ᠪᠤᠯᠪᠠᠰᠤᠷᠠᠵᠦ ᠪᠠᠢᠭ᠎ᠠ ᠬᠦᠮᠦᠰ ᠬᠠᠷᠠᠭᠳᠠᠨ᠎ᠠ᠃ ᠤᠷᠴᠢᠨ ᠲᠤᠭᠤᠷᠢᠨ ᠤ᠋ ᠴᠡᠪᠡᠷᠯᠡᠭᠴᠢ ᠶᠠᠭᠠᠷᠠᠯᠳᠠᠢ ᠠᠵᠢᠯᠯᠠᠵᠦ᠂ ᠮᠤᠳᠤᠨ ᠨᠠᠪᠴᠢ ᠵᠢ ᠱᠦᠬᠦᠷᠳᠡᠨ ᠠᠷᠢᠯᠭᠠᠨ᠎ᠠ᠃ ᠴᠡᠴᠡᠷᠯᠢᠭ ᠤ᠋ᠨ ᠤᠨᠵᠢᠬᠢᠷ ᠤᠳᠠᠨ ᠤ᠋ ᠨᠠᠪᠴᠢ ᠰᠢᠷᠭᠠᠯᠳᠤᠭᠠᠳ ᠲᠤᠩ ᠭᠤᠶᠤᠬᠠᠨ᠃ ᠡᠪᠦᠯ ᠤ᠋ᠨ ᠡᠬᠢᠨ ᠤ᠋ ᠠᠭᠤᠷ ᠠᠮᠢᠰᠬᠤᠯ ᠲᠤᠯᠠᠭᠠᠨ ᠲᠠᠭᠠᠯᠠᠮᠵᠢᠳᠠᠢ ᠪᠤᠯᠤᠭᠠᠳ ᠲᠡᠷᠡ ᠤᠤ ᠂ ᠡᠨᠡ ᠨᠠᠮᠤᠷ ᠤ᠋ᠨ ᠦᠩᠭᠡ ᠵᠢ ᠤᠯᠵᠦ ᠬᠠᠷᠠᠭ᠎ᠠ ᠦᠭᠡᠢ ᠬᠦᠬᠡᠬᠤᠳᠠ ᠵᠢᠨ ᠬᠦᠮᠦᠰ ᠲᠡᠭᠡᠨ ᠨᠠᠮᠤᠷ ᠤ᠋ᠨ ᠦᠵᠡᠮᠵᠢ ᠵᠢ ᠦᠯᠡᠳᠡᠭᠡᠬᠦ ᠭᠡᠵᠦ ᠴᠢᠷᠮᠠᠢᠭᠠᠳ ᠲᠡᠷᠡ ᠤᠤ᠂ ᠤᠨᠵᠢᠬᠢᠷ ᠤᠳᠠᠨ ᠤ᠋ ᠨᠠᠪᠴᠢᠰ ᠤᠨᠠᠵᠦ ᠲᠠᠭᠤᠰᠤᠭ᠎ᠠ ᠦᠭᠡᠢ᠂ ᠨᠠᠭᠤᠷ ᠤ᠋ᠨ ᠤᠰᠤᠨ ᠳ᠋ᠤ ᠲᠤᠩᠭᠤᠷᠤᠤ ᠲᠦᠷᠰᠦ ᠨᠢ ᠬᠠᠷᠠᠭᠳᠠᠭᠠᠳ ᠪᠤᠷᠬᠠᠨ ᠪᠤᠮᠪᠠ ᠵᠢᠨ ᠤᠷᠤᠨ ᠰᠢᠬ ᠰᠢᠳᠢᠯᠢᠭ᠃

ᠬᠦᠴᠢᠷ ᠪᠡᠷᠭᠡ ᠵᠢ ᠢᠯᠠᠨ ᠲᠠᠪᠠᠭᠠᠳ ᠠᠮᠵᠢᠯᠳᠠ ᠵᠢᠨ ᠰᠠᠷᠢᠳᠠᠭ ᠲᠦ᠍ ᠢᠷᠠᠭᠤ ᠠᠯᠳᠠᠷ ᠮᠦᠰᠢᠶᠡᠳᠡᠭ ᠬᠤᠢᠨ᠎ᠠ᠃ ᠬᠦᠮᠦᠨ ᠪᠠᠢᠭᠠᠯᠢ ᠡᠶ᠎ᠡ ᠵᠤᠬᠢᠴᠠᠭᠰᠠᠨ ᠬᠦᠬᠡᠬᠤᠳᠠ ᠬᠢᠵᠢᠭ ᠲᠠᠢ ᠲᠡᠮᠡᠴᠡᠭᠰᠡᠨ ᠤᠳᠤᠭ᠎ᠠ ᠦᠭᠡᠢ ᠲᠠᠢᠯᠠᠯᠳᠤᠭᠠᠨ ᠤ᠋ ᠢᠯᠠᠭᠤᠭᠰᠠᠨ ᠢᠯᠠᠯᠳᠠ ᠵᠢ ᠤᠯᠤᠭᠠᠳ ᠲᠤᠯᠠᠭᠠᠨ ᠲᠠᠪᠠᠳᠠᠢ ᠡᠪᠦᠯ ᠵᠢᠡᠨ ᠢᠳᠡᠭᠡᠯ ᠲᠦᠬᠦᠷᠡᠩ ᠤᠬᠳᠤᠬᠤ ᠨᠢ ᠯᠠᠪᠳᠠᠢ᠃

ᠬᠦᠬᠡᠬᠤᠳᠠ ᠳ᠋ᠤ ᠰᠠᠢᠬᠠᠨ ᠡᠪᠦᠯ ᠪᠤᠯᠬᠤ ᠨᠢ ᠡ!


QQ截图20221120121944.png


QQ截图20221120122029.png


QQ截图20221120122126.png


QQ截图20221120122142.png


QQ截图20221120122159.png


QQ截图20221120122216.png


QQ截图20221120122233.png


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号