《 ᠭᠤᠷᠪᠠᠨ ᠲᠦᠷᠭᠡᠨ ᠨᠢᠭᠡ ᠴᠢᠩᠭ᠎ᠠ 》 ᠪᠠᠢᠬᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ
2022-11-22 11:58:27
ᠵᠣᠬᠢᠶᠠᠭ᠍ᠴᠢ᠄
ᠮᠠ ᠹᠠᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ᠎ᠶ᠋ᠢ ᠰᠤᠷᠪᠤᠯᠵᠢᠯᠠᠭ᠍ᠰᠠᠨ᠎ᠨᠢ

  

ᠬᠥᠬᠡᠬᠣᠲᠠ ᠎ᠶ᠋ᠢ ᠬᠠᠮᠠᠭᠠᠯᠠᠬᠤ ᠳᠠᠢᠯᠠᠯᠳᠤᠭᠠᠨ ᠎ᠤ ᠢᠯᠠᠯᠲᠠ ᠎ᠶ᠋ᠢ ᠲᠠᠷᠤᠢ ᠲᠦᠷᠭᠡᠨ  ᠲᠡᠮᠡᠴᠡᠨ ᠤᠯᠬᠤ ᠎ᠶ᠋ᠢᠨ ᠲᠥᠯᠥᠭᠡ᠂ 11 ᠰᠠᠷ᠎ᠠ᠎ᠶ᠋ᠢᠨ 12 ᠎ᠤ᠋ᠨ ᠡᠳᠦᠷ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠬᠥᠬᠡᠬᠣᠲᠠ᠎ᠳᠤ ᠭᠦᠨᠵᠡᠭᠡᠢᠷᠡᠨ ᠴᠤᠮᠬᠠᠳᠬᠠᠨ ᠰᠢᠯᠢᠳᠡᠭᠵᠢᠭᠦᠯᠦᠭᠰᠡᠨ ᠬᠠᠮᠢᠶᠠᠷᠤᠯᠲᠠ ᠬᠡᠷᠡᠭᠵᠢᠭᠦᠯᠵᠦ᠂ ᠨᠢᠭᠡᠳᠦᠯᠲᠡᠶ ᠵᠢᠯᠣᠭᠣᠳᠴᠦ᠂ ᠨᠢᠭᠡᠳᠦᠯᠲᠡᠶ ᠲᠣᠬᠢᠷᠠᠭᠤᠯᠤᠯᠲᠠ᠎ᠬᠢᠭᠰᠡᠨ ᠪᠢᠯᠡ᠃ ᠨᠢᠭᠡ ᠭᠠᠷᠠᠭ᠎ᠤᠨ ᠲᠤᠷᠰᠢ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠮᠵᠢ ᠬᠢᠷᠢ ᠵᠡᠷᠭᠡ ᠪᠠᠢᠨ᠎ᠠ? ᠣᠳᠣᠬᠠᠨ᠎ᠳᠤ ᠴᠢᠩᠭᠡᠯᠢᠭ ᠡᠮᠨᠡᠯᠭᠡ᠎ᠶ᠋ᠢᠨ ᠬᠣᠷᠢᠶ᠎ᠠ ᠨᠢ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠲᠠᠢᠯᠤᠨ᠎ᠠ ᠦᠦ? 11 ᠰᠠᠷ᠎ᠠ᠎ᠶ᠋ᠢᠨ 19 ᠤ᠋ ᠡᠳᠦᠷ᠂ ᠰᠤᠷᠪᠤᠯᠵᠢᠯᠠᠭ᠍ᠴᠢ ᠬᠣᠲᠠ᠎ᠶ᠋ᠢᠨ ᠠᠷᠠᠳ᠎ᠤᠨ ᠠᠩᠬᠠᠷᠴᠤ᠌ ᠪᠠᠢᠭ᠎ᠠ ᠡᠳᠡᠭᠡᠷ ᠠᠰᠠᠭᠤᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ᠎ᠶ᠋ᠢ ᠰᠤᠷᠪᠤᠯᠵᠢᠯᠠᠪᠠ᠃

ᠱᠢᠤᠢ ᠬᠣᠩ ᡁᠢ᠂ ᠨᠢᠭᠡ ᠭᠠᠷᠠᠭ᠎ᠤᠨ ᠲᠤᠷᠰᠢ᠂ 《ᠭᠤᠷᠪᠠᠨ ᠲᠦᠷᠭᠡᠨ ᠨᠢᠭᠡ ᠴᠢᠩᠭ᠎ᠠ》 ᠪᠠᠢᠬᠤ (ᠪᠦᠭᠡᠮ ᠬᠦᠴᠢᠯ᠎ᠤᠨ ᠪᠠᠢᠴᠠᠭᠠᠯᠲᠠ ᠬᠢᠬᠦ ᠳ᠋ᠡᠭᠡᠨ ᠲᠦᠷᠭᠡᠨ᠂ ᠲᠤᠰᠠᠭᠠᠷᠯᠠᠬᠤ᠎ᠳᠤ ᠲᠦᠷᠭᠡᠨ᠂ ᠰᠢᠯᠵᠢᠭᠦᠯᠦᠨ ᠵᠦᠭᠡᠭᠡᠪᠦᠷᠢᠯᠡᠬᠦ᠎ᠳᠤ ᠲᠦᠷᠭᠡᠨ ᠵᠢᠴᠢ ᠬᠠᠮᠢᠶᠠᠷᠤᠨ ᠡᠵᠡᠮᠳᠡᠬᠦ᠌᠎ᠳᠤ ᠴᠢᠩᠭ᠎ᠠ ᠪᠠᠢᠬᠤ) ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠢᠯᠢᠳᠡᠭ᠌ᠵᠢᠭᠦᠯᠬᠦ᠌ ᠬᠣᠷᠢᠨ ᠵᠦᠶ᠋ᠯ ᠎ᠦᠨ ᠠᠷᠭ᠎ᠠ ᠬᠡᠮᠵᠢᠶ᠎ᠡ ᠎ᠶ᠋ᠢᠨ ᠱᠠᠭᠠᠷᠳᠠᠯᠭ᠎ᠠ ᠎ᠶ᠋ᠢ ᠴᠢᠩᠭ᠎ᠠ ᠨᠠᠢᠳᠠᠪᠤᠷᠢᠵᠢᠭᠤᠯᠬᠤ ᠎ᠪᠠᠷ ᠳᠡᠮᠵᠢᠨ᠂ ᠣᠳᠣᠬᠠᠨ᠎ᠳᠤ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠨᠢᠭᠡ᠎ᠳᠦ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠡᠴᠡ ᠦᠵᠡᠪᠡᠯ᠂ 11 ᠰᠠᠷ᠎ᠠ᠎ᠶ᠋ᠢᠨ 13 ᠡᠴᠡ 18 ᠤ᠋ ᠡᠳᠦᠷ ᠪᠣᠯᠲᠠᠯᠠᠬᠢ ᠬᠠᠯᠳᠠᠪᠤᠷᠢᠯᠠᠭ᠍ᠰᠠᠳ᠎ᠢ ᠭᠤᠤᠯᠳᠠᠭᠤ ᠲᠤᠰᠠᠭᠠᠷᠯᠠᠨ ᠬᠠᠮᠢᠶᠠᠷᠤᠨ ᠡᠵᠡᠮᠳᠡᠵᠤ ᠪᠠᠢᠭ᠎ᠠ ᠲᠠᠯᠠᠪᠤᠷ ᠭᠠᠵᠠᠷ ᠡᠴᠡ ᠪᠠᠢᠴᠠᠭᠠᠨ ᠭᠠᠷᠭᠠᠵᠤ᠂ ᠡᠭᠦᠨ᠎ᠳᠦ ᠲᠥᠪᠯᠡᠷᠡᠭᠦᠯᠦᠨ ᠲᠤᠰᠠᠭᠠᠷᠯᠠᠬᠤ ᠴᠡᠭ᠎ᠡᠴᠡ ᠪᠠᠢᠴᠠᠭᠠᠨ ᠭᠠᠷᠭᠠᠭᠰᠠᠨ ᠬᠠᠯᠳᠠᠪᠤᠷᠢᠯᠠᠭ᠍ᠰᠠᠳ᠎ᠤᠨ ᠲᠤᠭ᠎ᠠ ᠨᠢ ᠦᠨᠳᠦᠷ ᠲᠦᠭ᠌ᠰᠢᠭᠦᠷᠢᠳᠤ ᠭᠠᠵᠠᠷ ᠣᠷᠣᠨ ᠡᠴᠡ ᠪᠠᠢᠴᠠᠭᠠᠨ ᠭᠠᠷᠭᠠᠭᠰᠠᠨ ᠬᠠᠯᠳᠠᠪᠤᠷᠢᠯᠠᠭ᠍ᠰᠠᠳ᠎ᠤᠨ ᠲᠤᠭ᠎ᠠ ᠡᠴᠡ ᠠᠷᠪᠢᠨ ᠪᠥᠭᠡᠳ ᠦᠨᠳᠦᠷ ᠲᠦᠭ᠌ᠰᠢᠭᠦᠷᠢᠳᠤ ᠭᠠᠵᠠᠷ ᠣᠷᠣᠨ ᠡᠴᠡ ᠪᠠᠢᠴᠠᠭᠠᠨ ᠭᠠᠷᠭᠠᠭᠰᠠᠨ ᠬᠠᠯᠳᠠᠪᠤᠷᠢᠯᠠᠭ᠍ᠰᠠᠳ᠎ᠤᠨ ᠲᠤᠭ᠎ᠠ ᠪᠠᠭᠤᠷᠠᠬᠤ ᠬᠠᠨᠳᠤᠰᠢ᠎ᠲᠠᠶ ᠪᠤᠯᠪᠠ; ᠲᠤᠤᠷ᠎ᠠ ᠲᠦᠭ᠌ᠰᠢᠭᠦᠷᠢᠳᠤ ᠭᠠᠵᠠᠷ ᠤᠷᠤᠨ ᠡᠴᠡ ᠪᠠᠢᠴᠠᠭᠠᠨ ᠭᠠᠷᠭᠠᠭᠰᠠᠨ ᠬᠠᠯᠳᠠᠪᠤᠷᠢᠯᠠᠭ᠍ᠰᠠᠳ᠎ᠤᠨ ᠲᠤᠭ᠎ᠠ 11 ᠰᠠᠷ᠎ᠠ᠎ᠶ᠋ᠢᠨ 14  ᠎ᠤ᠋ ᠡᠳᠦᠷ 90 ᠪᠠᠢᠭ᠍ᠰᠠᠨ᠎ᠡᠴᠡ᠎ᠪᠠᠨ 11 ᠰᠠᠷ᠎ᠠ᠎ᠶ᠋ᠢᠨ 18 ᠎ᠤ᠋ ᠡᠳᠦᠷ 7 ᠪᠣᠯᠵᠣ ᠪᠠᠭᠤᠷᠠᠨ᠂ ᠨᠡᠢᠭᠡᠮ᠎ᠲᠡᠭᠡᠷᠡᠬᠢ ᠬᠠᠯᠳᠠᠪᠤᠷᠢᠯᠠᠯ᠎ᠤᠨ ᠠᠶᠤᠯ ᠲᠦᠭ᠌ᠰᠢᠭᠦᠷᠢ ᠪᠠᠭᠠᠰᠪᠠ᠃ ᠬᠣᠶᠠᠷ᠎ᠲᠤ᠂ ᠲᠤᠤᠷ᠎ᠠ ᠲᠦᠭ᠌ᠰᠢᠭᠦᠷᠢᠳᠤ ᠭᠠᠵᠠᠷ ᠤᠷᠤᠨ ᠡᠴᠡ ᠪᠠᠢᠴᠠᠭᠠᠨ ᠭᠠᠷᠭᠠᠭᠰᠠᠨ ᠬᠠᠯᠳᠠᠪᠤᠷᠢᠯᠠᠭ᠍ᠰᠠᠳ᠎ᠤᠨ ᠪᠠᠢᠳᠠᠯ᠎ᠡᠴᠡ ᠦᠵᠡᠪᠡᠯ᠂ ᠠᠷᠭ᠎ᠠ ᠴᠢᠨᠠᠷ ᠢᠯᠡᠷᠡᠭᠰᠡᠨ ᠬᠥᠮᠦᠰ᠎ᠤ᠋ᠨ ᠬᠣᠯᠪᠣᠭ᠍ᠳᠠᠬᠤ ᠰᠠᠭᠤᠭᠠᠯᠢ ᠠᠷᠠᠳ᠎ᠤᠨ ᠲᠣᠭᠣᠷᠢᠭ᠎ᠤᠨ ᠲᠤᠭ᠎ᠠ 11 ᠰᠠᠷ᠎ᠠ᠎ᠶ᠋ᠢᠨ 14 ᠤ᠋ ᠡᠳᠦᠷ 48 ᠎ᠪᠠᠢᠭᠰᠠᠨ ᠡᠴᠡ ᠪᠡᠨ 11 ᠰᠠᠷ᠎ᠠ᠎ᠶ᠋ᠢᠨ 18 ᠎ᠤ᠋ ᠡᠳᠦᠷ 6 ᠪᠣᠯᠤᠨ ᠪᠠᠭᠤᠷᠠᠪᠠ᠃

ᠠᠷᠭ᠎ᠠ ᠴᠢᠨᠠᠷ ᠢᠯᠡᠷᠡᠭᠰᠡᠨ ᠬᠥᠮᠦᠰ ᠪᠠ ᠨᠢᠭ᠍ᠲᠠ ᠣᠢᠷᠠᠲᠤᠭ᠍ᠰᠠᠳ᠎ᠢ ᠬᠠᠮᠢᠶᠠᠷᠬᠤ ᠠᠰᠠᠭᠤᠳᠠᠯ᠎ᠤᠨ ᠲᠤᠬᠠᠢ᠂ ᠱᠢᠤᠢ ᠬᠣᠩ ᡁᠢ᠂ ᠠᠷᠭ᠎ᠠ ᠴᠢᠨᠠᠷ ᠢᠯᠡᠷᠡᠭᠰᠡᠨ ᠬᠥᠮᠦᠰ ᠎ᠢ ᠴᠠᠭ ᠲᠤᠬᠠᠶ᠎ᠳᠤᠨᠢ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠡᠮᠨᠡᠨ ᠵᠠᠰᠠᠬᠤ ᠪᠠ ᠨᠢᠭ᠍ᠲᠠ ᠣᠢᠷᠠᠲᠤᠭ᠍ᠰᠠᠳ᠎ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌᠎ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠣᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ》 ᠳ᠋ᠤ ᠲᠣᠭ᠍ᠲᠠᠭᠠᠭ᠍ᠰᠠᠨ ᠬᠥᠬᠡᠭ᠌ᠴᠢᠨ ᠲᠥᠷᠥᠯ᠎ᠦᠨ ᠬᠠᠯᠳᠠᠪᠤᠷᠢᠲᠤ ᠡᠪᠡᠳᠴᠢᠨ ᠮᠥᠨ᠂ ᠲᠡᠭᠦᠨ᠎ᠳᠤ ᠬᠥᠬᠡ ᠲᠥᠷᠥᠯ᠎ᠦᠨ ᠬᠠᠯᠳᠠᠪᠤᠷᠢᠲᠤ ᠡᠪᠡᠳᠴᠢᠨ᠎ᠢ ᠠᠷᠭᠠᠴᠡᠭᠠᠬᠤ ᠤᠷᠢᠳᠴᠢᠯᠠᠨ ᠰᠡᠷᠭᠡᠢᠯᠡᠬᠦ᠌᠂ ᠡᠵᠡᠮᠳᠡᠬᠦ ᠠᠷᠭ᠎ᠠ ᠬᠡᠮᠵᠢᠶ᠎ᠡ᠎ᠠᠪᠤᠨ᠎ᠠ᠃  《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ》  ᠶ᠋ᠢ ᠦᠨᠳᠦᠰᠦᠯᠡᠪᠡᠯ᠂ ᠬᠥᠬᠡ ᠲᠥᠷᠥᠯ᠎ᠦᠨ ᠬᠠᠯᠳᠠᠪᠤᠷᠢᠲᠤ ᠡᠪᠡᠳᠴᠢᠨ᠎ᠢ ᠣᠯᠵᠤ ᠢᠯᠡᠷᠡᠭᠦᠯᠪᠡᠯ ᠴᠠᠭ ᠲᠤᠬᠠᠶ᠎ᠳᠤᠨᠢ ᠲᠤᠤᠷᠠᠬᠢ ᠠᠷᠭ᠎ᠠ ᠬᠡᠮᠵᠢᠶ᠎ᠡ᠎ᠶ᠋ᠢ ᠠᠪᠬᠤ ᠬᠡᠷᠡᠭ᠌ᠲᠡᠶ᠄ ᠨᠢᠭᠡ᠎ᠳᠦ ᠡᠪᠡᠳᠴᠢᠲᠡᠨ (ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠰᠠᠳ᠎ᠢ ᠪᠠᠭ᠍ᠲᠠᠭᠠᠨ᠎ᠠ) ᠎ᠢ᠋ ᠲᠤᠰᠠᠭᠠᠷᠯᠠᠵᠤ ᠡᠮᠨᠡᠨ ᠵᠠᠰᠠᠨ᠎ᠠ; ᠬᠣᠶᠠᠷ᠎ᠲᠤ᠂ ᠲᠣᠭ᠍ᠲᠠᠭ᠍ᠰᠠᠨ ᠲᠠᠯᠠᠪᠤᠷ᠎ᠭᠠᠵᠠᠷ ᠲᠤ᠌ ᠨᠢᠭ᠍ᠲᠠ ᠣᠢᠷᠠᠲᠤᠭ᠍ᠰᠠᠳ᠎ᠲᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌ ᠪᠠ ᠪᠤᠰᠤᠳ ᠴᠢᠬᠤᠯᠠ ᠪᠥᠬᠥᠶ ᠤᠷᠢᠳᠴᠢᠯᠠᠨ ᠰᠡᠷᠭᠡᠢᠯᠡᠬᠦ᠌ ᠠᠷᠭ᠎ᠠ ᠬᠡᠮᠵᠢᠶ᠎ᠡ ᠠᠪᠤᠨ᠎ᠠ᠃ ᠪᠢᠳᠡ ᠬᠠᠯᠳᠠᠪᠤᠷᠢᠯᠠᠭ᠍ᠰᠠᠳ᠎ᠢ ᠠᠯᠢ ᠲᠦᠷᠭᠡᠨ᠎ᠢᠶᠡᠷ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ (ᠴᠢᠩᠭᠡᠯᠢᠭ)᠎ᠳ᠋ᠤ ᠠᠪᠠᠴᠢᠵᠦ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ ᠴᠠᠭ ᠲᠤᠬᠠᠶ᠎ᠳᠤᠨᠢ ᠲᠤᠰᠠᠭᠠᠷᠯᠠᠬᠤ ᠴᠡᠭ᠎ᠲᠦ ᠠᠪᠠᠴᠢᠵᠦ ᠲᠥᠪᠯᠡᠷᠡᠭᠦᠯᠦᠨ ᠲᠤᠰᠠᠭᠠᠷᠯᠠᠭᠠᠳ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌ ᠪᠣᠯ ᠨᠡᠢᠭᠡᠮ ᠲᠣᠭᠣᠷᠢᠭ᠎ᠲᠤ᠌ ᠤᠯᠠᠮ ᠴᠢᠨᠠᠭᠰᠢᠳᠠ ᠲᠠᠷᠬᠠᠨ ᠲᠡᠯᠭᠡᠷᠡᠵᠦ ᠬᠠᠯᠳᠠᠪᠦᠷᠢᠯᠠᠬᠤ᠎ᠶ᠋ᠢ ᠲᠠᠰᠤᠯᠬᠤ᠎ᠶ᠋ᠢᠨ ᠵᠠᠩᠭᠢᠯᠠᠭ᠎ᠠ ᠮᠥᠨ᠂ ᠨᠡᠢᠭᠡᠮ ᠲᠣᠭᠣᠷᠢᠭ᠎ᠤᠨ ᠡᠪᠡᠳᠴᠢᠨ᠎ᠤ ᠵᠢᠱ᠌ᠢᠶ᠎ᠡ ᠵᠢ ᠠᠯᠢ ᠡᠷᠲᠡ ᠦᠭᠡᠢ ᠪᠤᠯᠭᠠᠬᠤ ᠵᠢᠨ  ᠰᠠᠭᠤᠷᠢ ᠮᠥᠨ᠂ ᠪᠠᠰᠠ ᠴᠤ᠌ ᠡᠷᠬᠢᠨ ᠲᠣᠭᠣᠷᠢᠨ᠎ᠤ ᠬᠥᠮᠦᠰ᠎ᠢ ᠬᠠᠮᠠᠭᠠᠯᠠᠵᠤ ᠬᠠᠯᠳᠠᠪᠤᠷᠢᠯᠠᠭᠳᠠᠬᠤ᠎ᠡᠴᠡ ᠰᠠᠷᠭᠡᠢᠯᠡᠬᠦ ᠴᠢᠬᠤᠯᠠ ᠠᠷᠭ᠎ᠠ ᠬᠡᠮᠵᠢᠶ᠎ᠡ ᠮᠥᠨ ᠭᠡᠵᠡᠢ᠃

ᠦᠨᠳᠦᠷ ᠲᠦᠭ᠌ᠰᠢᠭᠦᠷᠢᠳᠤ ᠣᠷᠣᠨ᠎ᠮᠦᠨ ᠡᠰᠡᠬᠦ ᠵᠢ ᠲᠣᠭ᠍ᠲᠠᠭᠠᠬᠤ ᠠᠰᠠᠭᠤᠳᠠᠯ᠎ᠤᠨ ᠲᠤᠬᠠᠶ ᠱᠢᠤᠢ ᠬᠣᠩ ᡁᠢ᠄ 《ᠵᠠᠷᠢᠮ ᠠᠰᠠᠷ᠎ᠲᠤᠳᠤᠷ᠎ᠠ ᠡᠴᠡ ᠠᠷᠭ᠎ᠠ ᠴᠢᠨᠠᠷ ᠢᠯᠡᠷᠡᠭᠰᠡᠨ ᠬᠦᠮᠦᠨ ᠪᠤᠶᠤ ᠨᠢᠭ᠍ᠲᠠ ᠣᠢᠷᠠᠲᠤᠭ᠍ᠴᠢ᠎ᠶ᠋ᠢ ᠨᠡᠯᠢᠶᠡᠳ ᠣᠯᠠᠨ ᠪᠠᠢᠴᠠᠭᠠᠵᠤ ᠭᠠᠷᠭᠠᠭ᠍ᠰᠠᠨ ᠪᠥᠭᠡᠳ ᠬᠡᠳᠦᠨ ᠡᠳᠦᠷ ᠳᠠᠷᠠᠭᠠᠯᠠᠨ ᠴᠥᠮ ᠪᠠᠢᠴᠠᠭᠠᠵᠤ ᠭᠠᠷᠭᠠᠭ᠍ᠰᠠᠨ ᠪᠤᠯᠬᠤᠷ᠂  ᠡᠪᠡᠳᠴᠢᠨ ᠬᠢᠵᠢᠭ ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠲᠤᠰ ᠠᠰᠠᠷ᠎ᠤᠨ ᠪᠤᠰᠤᠳ ᠤᠷᠤᠴᠠ ᠶ᠋ᠢᠨ ᠬᠦᠮᠦᠰ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠪᠠᠭᠠᠰᠭᠠᠬᠤ᠎ᠶ᠋ᠢᠨ ᠲᠥᠯᠥᠭᠡ᠂ ᠪᠦᠬᠦᠢᠯᠡ ᠠᠰᠠᠷ᠎ᠢ ᠦᠨᠳᠦᠷ ᠲᠦᠭ᠌ᠰᠢᠭᠦᠷᠢᠳᠤ ᠣᠷᠣᠨ ᠪᠣᠯᠭᠠᠨ ᠲᠣᠭ᠍ᠲᠠᠭᠠᠵᠠᠢ᠂ ᠰᠠᠭᠤᠭᠠᠯᠢ ᠠᠷᠠᠳ᠎ᠤᠨ ᠣᠢᠯᠠᠭᠠᠬᠤ᠎ᠶ᠋ᠢ ᠬᠦᠰᠡᠵᠦ᠍ ᠪᠠᠢᠨ᠎ᠠ᠂ ᠢᠩᠭᠢᠵᠦ᠍ ᠬᠢᠬᠦ᠎ᠨᠢ ᠲᠤᠰ ᠠᠰᠠᠷ᠎ᠲᠤᠳᠤᠷ᠎ᠠ ᠡᠴᠡ  5 ᠡᠳᠦᠷ᠎ᠤᠨ ᠲᠤᠲᠤᠷ᠎ᠠ ᠲᠠᠬᠢᠭᠠᠳ ᠠᠷᠭ᠎ᠠ ᠴᠢᠨᠠᠷ ᠢᠯᠡᠷᠡᠭᠰᠡᠨ ᠬᠦᠮᠦᠨ᠎ᠭᠠᠷᠬᠤ ᠦᠭᠡᠢ ᠪᠠᠢᠬᠤ᠎ᠶ᠋ᠢ ᠡᠷᠲᠡᠬᠡᠨ ᠪᠡᠶᠡᠯᠡᠭᠦᠯᠵᠦ᠍᠂ ᠡᠷᠲᠡ ᠨᠢᠭᠡ ᠡᠳᠦᠷ ᠲᠤᠤᠷ᠎ᠠ ᠲᠦᠭ᠌ᠰᠢᠭᠦᠷᠢᠳᠤ ᠣᠷᠣᠨ ᠪᠤᠯᠵᠤ᠂ ᠬᠡᠪ᠎ᠦᠨ ᠠᠮᠢᠳᠤᠷᠠᠯ᠎ᠢ ᠨᠢ ᠰᠡᠷᠭᠦᠭᠡᠬᠦ᠌᠎ᠶ᠋ᠢᠨ ᠲᠥᠯᠥᠭᠡ ᠶᠤᠮ》 ᠭᠡᠪᠡ᠃

ᠣᠳᠣᠬᠠᠨ᠎ᠳᠤ᠂ ᠬᠥᠬᠡᠬᠣᠲᠠ ᠵᠢᠨ ᠬᠢᠨ ᠴᠡᠯᠡᠭᠡᠷ ᠲᠠᠯ᠎ᠠ 1 ᠨᠣᠮᠧᠷᠲᠤ 2 ᠨᠣᠮᠧᠷᠲᠤ᠂  ᠴᠢᠩᠭᠡᠯᠢᠭ ᠡᠮᠨᠡᠯᠭᠡ᠎ᠶ᠋ᠢᠨ ᠬᠣᠷᠢᠢ᠎ᠠ᠂ 3 ᠨᠣᠮᠧᠷᠲᠤ ᠮᠦᠽᠧᠢ᠎ᠶ᠋ᠢᠨ ᠴᠢᠩᠭᠡᠯᠢᠭ ᠡᠮᠨᠡᠯᠭᠡ᠎ᠶ᠋ᠢᠨ ᠬᠣᠷᠢᠢ᠎ᠠ᠂ ᠵᠠᠮ ᠬᠠᠷᠢᠯᠴᠠᠭᠠᠨ᠎ᠤ ᠬᠦᠢᠰᠦ᠂ ᠱᠦᠢ ᠠᠨ ᠵᠢᠵᠢᠭ ᠪᠠᠯᠭᠠᠰᠤ ᠵᠡᠷᠭᠡ 7 ᠴᠢᠩᠭᠡᠯᠢᠭ ᠡᠮᠨᠡᠯᠭᠡ᠎ᠶ᠋ᠢᠨ ᠬᠣᠷᠢᠢ᠎ᠠ ᠪᠠᠢᠭᠤᠯᠤᠭᠰᠠᠨ ᠪᠦᠭᠡᠳ 1.6 ᠲᠦᠮᠡ ᠭᠠᠷᠤᠢ ᠣᠷᠣ᠎ᠲᠠᠶ᠃ ᠱᠢᠤᠢ ᠬᠣᠩ ᡁᠢ᠂ ᠣᠲᠣ ᠡᠳᠦᠷ ᠪᠦᠷᠢ᠎ᠶ᠋ᠢᠨ ᠡᠷᠡᠭᠦᠯᠵᠢᠭᠡᠳ ᠴᠢᠩᠭᠡᠯᠢᠭ ᠎ᠡᠴᠡ ᠭᠠᠷᠴᠤ ᠪᠠᠢᠭ᠎ᠠ ᠬᠥᠮᠦᠨ᠎ᠦ ᠲᠣᠭ᠎ᠠ ᠨᠢ ᠴᠢᠩᠭᠡᠯᠢᠭ ᠲᠤ᠌ ᠤᠷᠤᠵᠤ ᠪᠠᠢᠭ᠎ᠠ ᠬᠥᠮᠦᠨ᠎ᠦ ᠲᠣᠭ᠎ᠠ᠎ᠡᠴᠡ ᠠᠷᠪᠢᠨ ᠪᠠᠢᠵᠤ᠂ ᠣᠷᠣ ᠵᠢᠨ ᠲᠤᠭ᠎ᠠ ᠨᠢ ᠣᠳᠣᠬᠠᠨ᠎ᠤ ᠠᠷᠭ᠎ᠠ ᠴᠢᠨᠠᠷ ᠢᠯᠡᠷᠡᠭᠰᠡᠨ ᠬᠠᠯᠳᠠᠪᠤᠷᠢᠯᠠᠭ᠍ᠰᠠᠳ ᠎ᠤᠨ ᠠᠨᠠᠭᠠᠬᠤ ᠤᠬᠠᠭᠠᠨ᠎ᠤ ᠠᠵᠢᠭ᠍ᠯᠠᠯᠲᠠ᠎ᠬᠢᠬᠦ ᠬᠡᠷᠡᠭ᠌ᠴᠡᠭᠡ᠎ᠶ᠋ᠢ ᠬᠠᠩᠭᠠᠵᠤ ᠲᠠᠢᠯᠦᠨ᠎ᠠ᠃ ᠴᠢᠩᠭᠡᠯᠢᠭ ᠡᠮᠨᠡᠯᠭᠡ᠎ᠶ᠋ᠢᠨ ᠬᠣᠷᠢᠢ᠎ᠠ ᠪᠦᠷᠢ᠎ᠶ᠋ᠢᠨ ᠪᠠᠢᠳᠠᠯ ᠠᠳᠠᠯᠢ ᠦᠭᠡᠢ᠂ ᠬᠠᠮᠤᠭ᠎ᠤᠨ ᠤᠯᠠᠨ᠎ᠳᠠᠭᠠᠨ 4000 ᠱᠢᠬᠠᠮ ᠬᠥᠮᠦᠨ᠎ᠢ ᠬᠦᠯᠢᠶᠡᠨ ᠠᠪᠴᠤ᠌ ᠡᠮᠨᠡᠨ ᠵᠠᠰᠠᠵᠤ᠂ ᠡᠬᠢᠨ᠎ᠦ ᠬᠤᠭᠤᠴᠠᠭᠠᠨ᠎ᠳᠤ ᠴᠠᠭ ᠲᠤᠬᠠᠢ᠎ᠳᠤᠨᠢ ᠬᠣᠭᠣᠯᠠ ᠤᠮᠳᠠ ᠬᠠᠩᠭᠠᠵᠤ ᠴᠢᠳᠠᠭᠰᠠᠨ ᠦᠭᠡᠢ᠂ ᠭᠡᠷ ᠳᠣᠲᠣᠷᠠᠬᠢ ᠳᠤᠯᠠᠭᠠᠨ᠎ᠤ ᠬᠡᠮᠵᠢᠶ᠎ᠡ ᠪᠠᠷᠢᠮᠵᠢᠶ᠎ᠠ᠎ᠳᠤ ᠬᠦᠷᠬᠦ᠌ ᠦᠭᠡᠢ ᠵᠡᠷᠭᠡ ᠠᠰᠠᠭᠤᠳᠠᠯ ᠢᠯᠡᠷᠡᠭᠰᠡᠨ ᠎ᠢ ᠠᠰᠠᠷ ᠎ᠤᠨ ᠳᠠᠪᠬᠤᠷᠭ᠎ᠠ᠎ᠳᠤ ᠲᠤᠬᠢᠷᠠᠭᠤᠯᠤᠯᠳᠠ ᠬᠢᠬᠦ᠌᠂ ᠠᠵᠢᠯᠲᠡᠨ᠎ᠤ ᠲᠤᠭ᠎ᠠ ᠵᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠴᠠᠭ ᠲᠤᠬᠠᠢ᠎ᠳᠤᠨᠢ ᠴᠡᠭ᠌ᠴᠡᠯᠡᠨ ᠰᠠᠢᠵᠢᠷᠠᠭᠤᠯᠪᠠ᠃ ᠲᠤᠰᠠᠭᠠᠷᠯᠠᠬᠤ ᠴᠡᠭ᠎ᠤᠨ ᠬᠠᠮᠢᠶᠠᠷᠤᠯᠲᠠ᠎ᠶ᠋ᠢᠨ ᠲᠠᠯ᠎ᠠ᠎ᠪᠠᠷ᠂ ᠳᠣᠲᠣᠭᠠᠳᠤ ᠬᠠᠮᠢᠶᠠᠷᠤᠯᠲᠠ᠎ᠶ᠋ᠢᠨ ᠣᠷᠣᠨ ᠪᠠ ᠭᠠᠳᠠᠭᠠᠳᠤ ᠬᠠᠮᠢᠶᠠᠷᠤᠯᠲᠠ᠎ᠶ᠋ᠢᠨ ᠣᠷᠣᠨ ᠭᠡᠵᠦ᠍ ᠴᠢᠩᠭ᠎ᠠ ᠬᠤᠪᠢᠶᠠᠵᠤ᠂ ᠳᠣᠲᠣᠭᠠᠳᠤ ᠬᠠᠮᠢᠶᠠᠷᠤᠯᠲᠠ᠎ᠶ᠋ᠢᠨ ᠣᠷᠣᠨ᠎ᠨᠢ ᠭᠤᠤᠯᠳᠠᠭᠤ ᠬᠠᠯᠳᠠᠪᠤᠷᠢᠯᠠᠭ᠍ᠰᠠᠳ᠎ᠤᠨ ᠡᠳᠦᠷ ᠪᠦᠷᠢ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢ ᠬᠠᠷᠢᠭᠤᠴᠠᠵᠦ᠂ ᠭᠠᠳᠠᠨᠠᠬᠢ ᠬᠥᠮᠦᠨ᠎ᠲᠡᠶ ᠬᠦᠷᠦᠯᠴᠡᠬᠦ ᠦᠭᠡᠢ ᠪᠠᠢᠯᠭᠠᠵᠦ ᠰᠣᠯᠪᠢᠴᠠᠨ ᠬᠠᠯᠳᠠᠪᠤᠷᠢᠯᠠᠬᠤ ᠎ᠡᠴᠡ ᠰᠡᠷᠭᠡᠢᠯᠡᠵᠦ ᠪᠤᠢ ᠭᠡᠵᠦ ᠲᠠᠨᠢᠯᠴᠠᠭᠤᠯᠪᠠ᠃

ᠱᠢᠤᠢ ᠬᠣᠩ ᡁᠢ᠄ 《ᠡᠮᠴᠢ ᠰᠤᠪᠢᠯᠠᠭ᠍ᠴᠢᠳ᠎ᠡᠴᠡ ᠭᠠᠳᠠᠨ᠎ᠠ᠂ ᠪᠢᠳᠡ ᠴᠢᠩᠭᠡᠯᠢᠭ ᠡᠮᠨᠡᠯᠭᠡ᠎ᠶ᠋ᠢᠨ ᠬᠣᠷᠢᠶᠠᠨ᠎ᠳᠡᠬᠢ ᠰᠠᠢᠨ ᠲᠤᠷᠠᠴᠤᠳ᠎ᠲᠤ ᠲᠠᠯᠠᠷᠬᠠᠵᠤ ᠪᠠᠢᠨ᠎ᠠ᠂ ᠲᠡᠳᠡᠨ᠎ᠦ ᠵᠠᠷᠢᠮ ᠎ᠨᠢ ᠬᠠᠯᠳᠠᠪᠤᠷᠢᠯᠠᠭ᠍ᠰᠠᠳ ᠶᠤᠮ᠂ ᠴᠢᠩᠭᠡᠯᠢᠭ ᠡᠮᠨᠡᠯᠭᠡ ᠎ᠶ᠋ᠢᠨ ᠬᠣᠷᠢᠶᠠᠨ ᠎ᠳᠤ ᠤᠷᠤᠭ᠍ᠰᠠᠨ ᠎ᠤ ᠳᠠᠷᠠᠭ᠎ᠠ ᠡᠪᠡᠳᠴᠢᠨ᠎ᠤ ᠪᠠᠢᠳᠠᠯ ᠨᠢ ᠬᠥᠩᠭᠡᠪᠲᠦᠷ ᠪᠣᠯᠬᠣᠷ ᠤᠬᠠᠮᠰᠠᠷ᠎ᠡᠴᠡ᠎ᠪᠠᠨ ᠰᠠᠢᠨ ᠲᠤᠷᠠᠴᠤᠳ ᠪᠤᠯᠵᠤ᠂ ᠣᠯᠠᠨ᠎ᠳᠤ ᠬᠣᠭᠣᠯᠠ ᠤᠮᠳᠠ ᠬᠦᠷᠭᠡᠬᠦ᠌᠂ ᠠᠷᠢᠭᠤᠳᠬᠠᠨ ᠴᠡᠪᠡᠷᠯᠡᠬᠦ᠌᠂ ᠡᠮᠬᠢ ᠳᠢᠭ᠌ᠯᠢᠮ᠎ᠢ ᠬᠠᠮᠠᠭᠠᠯᠠᠬᠤ ᠵᠡᠷᠭᠡ ᠠᠵᠢᠯ᠎ᠢ ᠡᠭᠦᠷᠭᠡᠯᠡᠬᠦ ᠵᠢᠨ ᠬᠠᠮᠲᠤ ᠪᠠᠰᠠ  ᠲᠡᠳᠡᠭᠡᠷ ᠰᠠᠨᠠᠭᠠᠰᠢᠷᠠᠨ ᠵᠤᠪᠠᠨᠢᠵᠤ ᠪᠠᠢᠭ᠎ᠠ ᠬᠥᠮᠦᠰ᠎ᠢ ᠵᠣᠷᠢᠭ᠍ᠵᠢᠭᠤᠯᠤᠭᠰᠠᠭᠠᠷ ᠢᠷᠡᠪᠠ》 ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号