《 ᠨᠤᠲᠤᠭ ᠤ᠋ᠨ ᠠᠷᠭ᠎ᠠ 》 ᠎ᠪᠠᠷ ᠣᠨᠴᠠᠯᠢᠭ᠍ᠲᠤ ᠦᠷ᠎ᠡ ᠵᠢᠨ ᠦᠶ᠋ᠯᠡᠰ ᠢ᠋ ᠰᠠᠢᠲᠤᠷ ᠬᠥᠭᠵᠢᠬᠥᠯᠥᠨ᠎ᠡ
2022-11-04 10:18:41
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠨᠠᠮᠤᠷ ᠤ᠋ᠨ ᠰᠡᠭᠦᠯᠴᠢ ᠵᠢᠨ ᠤᠯᠠᠭᠠᠶ ᠵᠢᠨ ᠲᠠᠯ᠎ᠠ ᠨᠤᠲᠤᠭ ᠦᠪᠡᠷᠮᠢᠴᠡ ᠦᠵᠡᠮᠵᠢ ᠪᠡᠷ ᠵᠢᠠᠨ ᠪᠠᠬᠠᠷᠠᠬᠲᠠᠨ᠎ᠠ ᠃ ᠲᠠᠯ᠎ᠠ ᠨᠤᠲᠤᠭ ᠤ᠋ᠨ ᠥᠷᠥᠴᠡᠨ᠎ᠳᠡᠬᠢ ᠮᠸᠩ ᠼᠤᠤ ᠨᠤᠲᠤᠭ ᠤ᠋ᠨ ᠡᠪᠡᠰᠦᠨ ᠦᠷ᠎ᠡ ᠵᠢ ᠦᠷᠡᠵᠢᠭᠦᠯᠦᠨ ᠪᠣᠢᠵᠢᠭᠤᠯᠬᠤ ᠰᠠᠭᠤᠷᠢᠨ ᠳ᠋ᠦ᠍ 3500 ᠮᠥ᠍ ᠴᠢᠨᠠᠷ ᠰᠠᠢᠲᠠᠶ ᠨᠣᠬᠠᠶ ᠵᠢᠨ ᠬᠣᠱᠢᠭᠤ ᠵᠢᠨ ᠲᠡᠵᠢᠭᠡᠯ ᠡᠪᠡᠰᠦ ᠵᠢ ᠨᠢᠭᠡᠨᠲᠡ ᠬᠠᠳᠤᠵᠤ ᠳᠠᠭᠤᠰᠭᠠᠭᠠᠳ ᠂ ᠳᠡᠯᠭᠡᠨ ᠬᠠᠳᠠᠭᠠᠵᠤ ᠂ ᠪᠣᠭᠣᠵᠢᠯᠠᠬᠤ ᠎ᠳᠤ ᠪᠡᠯᠡᠭᠡᠨ ᠪᠤᠯᠤᠭᠠᠳ ᠪᠠᠢᠯ᠎ᠠ᠃ ᠮᠧᠩ ᠼᠤᠤ ᠨᠤᠲᠤᠭ ᠪᠡᠯᠴᠢᠭᠡᠷ ᠤ᠋ᠨ ᠠᠮᠢ ᠠᠬᠤᠢ ᠵᠢᠨ ᠦᠷ᠎ᠡ ᠵᠢᠨ ᠦᠢᠯᠡᠰ ᠤ᠋ᠨ ᠰᠤᠳᠤᠯᠭᠠᠨ᠎ᠤ ᠬᠦᠷᠢᠶᠡᠯᠡᠩ ᠤ᠋ᠨ ᠰᠤᠳᠤᠯᠭᠠᠲᠠᠳ ᠠᠵᠢᠯ ᠤ᠋ᠨ ᠴᠢᠯᠥᠭᠡ ᠵᠠᠪ᠎ᠢᠶᠠᠨ ᠠᠱᠢᠭ᠍ᠯᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠵᠢ ᠦᠷᠭᠦᠯᠵᠢᠯᠡᠨ ᠭᠦᠨᠵᠡᠭᠡᠢᠷᠡᠭᠦᠯᠦᠨ᠎ᠡ᠃

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ᠎ᠳᠦ 《ᠤᠯᠤᠰ ᠤ᠋ᠨ ᠭᠣᠣᠯᠳᠠᠯᠭ᠎ᠠ᠎ᠲᠠᠶ ᠠᠮᠢ ᠠᠬᠤᠢ ᠵᠢᠨ ᠴᠢᠳᠠᠮᠵᠢᠳᠤ ᠣᠷᠣᠨ ᠂ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠂  ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠵᠡᠷᠭᠡ᠎ᠪᠡᠷ ᠭᠣᠣᠯᠳᠠᠯᠭ᠎ᠠ ᠪᠣᠯᠭᠠᠵᠤ ᠂ ᠴᠢᠬᠤᠯᠠ ᠠᠮᠢ ᠠᠬᠤᠢ ᠵᠢᠨ ᠱᠢᠰᠲ᠋ᠧᠮ ᠢ᠋ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ ᠢ᠋ ᠲᠦᠷᠭᠡᠳᠭᠡᠨ ᠬᠡᠷᠡᠭ᠌ᠵᠢᠭᠦᠯᠦᠨ᠎ᠡ》 ᠭᠡᠪᠡ᠃ ᠠᠬᠠᠮᠠᠳ ᠨᠠᠮ ᠤ᠋ᠨ ᠭᠡᠱᠢᠭᠦᠨ ᠱᠢᠩ ᠴᠢ ᠄ 《ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ ᠢ᠋ ᠬᠡᠷᠡᠭ᠌ᠵᠢᠭᠦᠯᠬᠦ᠌᠎ᠳᠦ ᠡᠪᠡᠰᠦᠨ ᠦᠷ᠎ᠡ ᠵᠢᠨ ᠦᠢᠯᠡᠰ ᠪᠣᠯ ᠰᠠᠭᠤᠷᠢ ᠪᠣᠯᠤᠨ᠎ᠠ᠃ ᠪᠢᠳᠡ ᠨᠤᠲᠤᠭ ᠪᠡᠯᠴᠢᠭᠡᠷ ᠤ᠋ᠨ ᠤᠷᠭᠤᠮᠠᠯ ᠢ᠋ ᠴᠤᠭ᠍ᠯᠠᠭᠤᠯᠬᠤ ᠂ ᠱᠢᠯᠢᠨ ᠰᠣᠩᠭᠣᠬᠤ ᠂ ᠥᠷᠭᠡᠳᠭᠡᠨ ᠦᠷᠡᠵᠢᠭᠦᠯᠬᠦ᠌ ᠵᠡᠷᠭᠡ ᠲᠠᠯ᠎ᠠ ᠵᠢᠨ ᠰᠤᠳᠤᠯᠤᠨ ᠨᠡᠭᠡᠭᠡᠬᠦ᠌ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ ᠂ ᠲᠠᠴᠢᠷᠳᠠᠭ᠍ᠰᠠᠨ ᠨᠤᠲᠤᠭ ᠪᠡᠯᠴᠢᠭᠡᠷ ᠢ᠋ ᠵᠠᠰᠠᠨ ᠰᠡᠷᠭᠦᠭᠡᠬᠦ᠌ ᠮᠡᠷᠭᠡᠵᠢᠯ ᠤ᠋ᠨ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ ᠵᠢ ᠡᠭᠦᠳᠬᠦ᠌ ᠬᠡᠷᠡᠭ᠌ᠲᠡᠶ᠃ ᠪᠢ ᠬᠡᠳᠦᠢᠪᠡᠷ ᠨᠠᠰᠤ ᠠᠭᠢᠭ᠍ᠰᠠᠨ ᠪᠣᠯᠪᠠᠴᠤ᠌  ᠨᠤᠲᠤᠭ ᠪᠡᠯᠴᠢᠭᠡᠷ ᠢ᠋ ᠬᠠᠮᠠᠭᠠᠯᠠᠨ ᠰᠡᠷᠭᠦᠭᠡᠬᠦ᠌ ᠣᠭ ᠰᠠᠨᠠᠭ᠎ᠠ ᠮᠢᠨᠢ ᠬᠤᠪᠢᠷᠠᠭ᠎ᠠ ᠥᠬᠡᠶ᠂ ᠪᠢ ᠳᠤᠷᠠᠲᠠᠶ᠎ᠠ ᠣᠯᠠᠨ᠎ᠲᠠᠶ ᠬᠠᠮᠲᠤ᠎ᠪᠠᠷ ᠴᠢᠷᠮᠠᠢᠵᠤ ᠂ ᠠᠮᠢ ᠠᠬᠤᠶ ᠵᠢ ᠵᠠᠰᠠᠨ ᠰᠡᠷᠭᠦᠭᠡᠬᠦ᠌᠎ᠳᠦ ᠬᠡᠷᠡᠭ᠌ᠯᠡᠬᠦ᠌ ᠨᠠᠩ ᠣᠯᠠᠨ ᠤᠨᠴᠠᠯᠢᠬ᠍ᠳᠤ ᠡᠪᠡᠰᠦ ᠵᠢ ᠪᠣᠢᠵᠢᠭᠤᠯᠤᠨ᠎ᠠ》 ᠭᠡᠵᠤ ᠢᠳᠡᠭᠡᠯ ᠳᠡᠭᠦᠯᠳᠡᠷ ᠶᠠᠷᠢᠪᠠ᠃

2014 ᠣᠨ᠎ᠠᠴᠠ ᠤᠳᠤ ᠪᠣᠯᠲᠠᠯ᠎ᠠ᠂ ᠮᠸᠩ ᠼᠤᠤ ᠪᠦᠯᠦᠭ᠌ᠯᠡᠯ ᠨᠢᠭᠡᠨᠲᠡ ᠤᠯᠠᠭᠠᠢ ᠣᠷᠣᠨ ᠳ᠋ᠦ᠍ ᠡᠯ᠎ᠡ ᠲᠦᠷᠦᠯ ᠤ᠋ᠨ ᠬᠡᠯᠪᠡᠷᠢ ᠵᠢᠨ ᠡᠪᠡᠰᠦ ᠪᠡᠯᠴᠢᠭᠡᠷ ᠢ᠋ 6 ᠲᠦᠮᠡᠨ ᠮᠦ᠍ ᠱᠢᠬᠠᠮ ᠰᠡᠷᠭᠦᠭᠡᠨ ᠵᠠᠰᠠᠵᠤ ᠂ ᠰᠡᠷᠭᠦᠭᠡᠨ ᠵᠠᠰᠠᠬᠤ ᠣᠷᠣᠨ ᠪᠦᠰᠡ ᠵᠢᠨ ᠳᠤᠮᠳᠠᠴᠢ ᠤᠷᠭᠤᠮᠠᠯ ᠤ᠋ᠨ ᠪᠦᠷᠬᠦᠴᠡ ᠢᠯᠡᠳᠲᠡ ᠳᠡᠭᠡᠭ᠌ᠰᠢᠯᠡᠪᠡ᠃ ᠡᠨᠡ ᠵᠢᠯ ᠤᠯᠠᠭᠠᠶ ᠬᠠᠮᠢᠶᠠᠷᠤᠯᠲᠠ ᠵᠢᠨ ᠣᠷᠣᠨ ᠵᠠᠰᠠᠭ ᠠᠵᠤ ᠠᠬᠤᠢᠯᠠᠯ ᠬᠠᠮᠲᠤᠷᠠᠨ ᠴᠢᠨᠠᠷ ᠰᠠᠢᠲᠠᠶ ᠨᠤᠲᠤᠭ ᠤ᠋ᠨ ᠡᠪᠡᠰᠦᠨ ᠦᠷ᠎ᠡ ᠦᠷᠡᠵᠢᠭᠦᠯᠦᠨ ᠪᠣᠢᠵᠢᠭᠤᠯᠬᠤ ᠰᠠᠭᠤᠷᠢᠨ ᠪᠠᠢᠭᠤᠯᠬᠤ᠎ᠪᠠᠷ ᠳᠡᠮᠵᠢᠨ ᠂ ᠣᠳᠣᠬᠠᠨ ᠳ᠋ᠦ᠍ ᠂ ᠲᠣᠰ ᠰᠠᠭᠤᠷᠢᠨ᠎ᠨᠢ ᠴᠢᠨᠠᠷ ᠰᠠᠢᠲᠠᠶ ᠲᠡᠵᠢᠭᠡᠯ ᠡᠪᠡᠰᠦ ᠬᠤᠷᠢᠶᠠᠭ᠍ᠰᠠᠨ᠎ᠢᠶᠠᠷ ᠪᠠᠷᠠᠬᠤ ᠥᠬᠡᠶ ᠂ ᠪᠠᠰᠠ 320 ᠲᠣᠨ ᠨᠣᠬᠠᠶ ᠵᠢᠨ ᠬᠣᠱᠢᠭᠤ ᠵᠢᠨ ᠰᠠᠢᠨ ᠡᠭᠦᠯᠳᠡᠷ ᠤ᠋ᠨ ᠦᠷ᠎ᠠ ᠬᠤᠷᠢᠶᠠᠵᠤ ᠂ 2023 ᠣᠨ ᠳ᠋ᠦ᠍ ᠦᠷᠡᠵᠢᠭᠦᠯᠦᠨ ᠪᠤᠢᠵᠢᠭᠤᠯᠬᠤ ᠪᠠᠨ ᠤᠯᠠᠮ ᠵᠢᠡᠷ ᠥᠷᠭᠡᠳᠭᠡᠬᠦ ᠳ᠋ᠦ ᠬᠡᠷᠡᠭ᠌ᠯᠡᠬᠦ ᠪᠣᠯᠤᠨ᠎ᠠ᠃ ᠤᠢ᠍ᠢᠷ᠎ᠠ ᠵᠢᠨ ᠡᠳᠦᠷ᠎ᠲᠦ ᠂ ᠮᠸᠩ ᠼᠤᠤ ᠪᠦᠯᠦᠭ᠌ᠯᠡᠯ ᠨᠢᠭᠡᠨᠲᠡ ᠤᠯᠠᠨ ᠲᠠᠯᠠᠪᠤᠷ ᠤᠯᠠᠨ ᠬᠡᠯᠪᠡᠷᠢ ᠵᠢᠨ ᠰᠤᠷᠤᠯᠴᠠᠨ ᠬᠤᠪᠢᠶᠠᠯᠴᠠᠬᠤ ᠬᠤᠷᠠᠯ ᠢ᠋ ᠵᠣᠬᠢᠶᠠᠨ ᠪᠠᠢᠭᠤᠯᠵᠤ ᠂ ᠤᠯᠠᠨ᠎ᠢᠶᠠᠷ᠎ᠢᠶᠠᠨ ᠢᠯᠡᠳᠭᠡᠯ ᠢ᠋ ᠰᠤᠷᠤᠯᠴᠠᠵᠤ ᠂ ᠤᠯᠤᠯᠳᠠ ᠲᠦᠷᠦᠭ᠌ᠳᠡᠯ᠎ᠢᠶᠡᠨ ᠬᠤᠪᠢᠶᠠᠯᠴᠠᠨ ᠂ ᠱᠢᠨ᠎ᠡ ᠠᠶᠠᠨ ᠵᠠᠮ ᠂ ᠱᠢᠨ᠎ᠡ ᠭᠠᠷᠤᠭ᠎ᠠ ᠳ᠋ᠤ ᠦᠷᠭᠦᠯᠵᠢᠯᠡᠨ  ᠡᠷᠡᠮᠡᠭᠡᠢᠯᠡᠨ ᠠᠵᠢᠯᠯᠠᠬᠤ ᠵᠤᠷᠢᠭ᠎ᠵᠢᠡᠨ ᠬᠦᠪᠴᠢᠯᠡᠨ᠎ᠠ ᠃

ᠮᠧᠩ ᠼᠤᠤ ᠪᠦᠯᠦᠭ᠌ᠯᠡᠯ ᠤ᠋ᠨ ᠳᠡᠳ᠋ ᠶᠡᠷᠦᠩᠬᠡᠢ ᠳᠠᠭᠠᠭᠠᠮᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠷᠢᠭᠤᠴᠠᠯᠭᠠᠲᠠᠨ ᠸᠠᠩ ᠶᠤᠸᠠᠨ ᠶᠤᠸᠠᠨ᠄ 《ᠪᠢᠳᠡ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢᠯᠡᠰ ᠂ ᠠᠮᠢ ᠠᠬᠤᠢ ᠵᠢ ᠰᠡᠷᠭᠦᠭᠡᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠣᠭᠣᠮᠲᠠ ᠱᠢᠪᠲᠤᠯᠬᠤ ᠲᠦᠷᠦᠯ ᠵᠦᠢᠯ ᠢ᠋ ᠡᠭᠦᠷᠭᠡᠯᠡᠵᠦ᠍ ᠪᠠᠢᠨ᠎ᠠ ᠂ ᠡᠭᠦᠷᠭᠡ ᠦᠩᠬᠡ ᠬᠡᠷᠡᠯᠳᠡᠢ ᠂  ᠬᠠᠷᠢᠭᠤᠴᠠᠯᠭ᠎ᠠ ᠬᠦᠨᠳᠦ ᠶᠡᠬᠡ ᠪᠠᠢᠨ᠎ᠠ! ᠲᠠᠷᠠᠭᠠᠴᠢ ᠵᠢᠨ ᠠᠯᠬᠤᠮ ᠳ᠋ᠦ᠍ ᠂ ᠮᠠᠨ ᠎ᠤ  ᠪᠦᠯᠦᠭ᠌ᠯᠡᠯ ᠡᠪᠡᠰᠦᠨ ᠦᠷ᠎ᠡ ᠵᠢᠨ ᠦᠶ᠋ᠯᠡᠰ ᠤ᠋ᠨ ᠬᠥᠭ᠌ᠵᠢᠯᠲᠡ ᠵᠢᠨ ᠬᠡᠷᠡᠭ᠌ᠴᠡᠭᠡ ᠱᠠᠭᠠᠷᠳᠠᠯᠭ᠎ᠠ ᠵᠢᠨ ᠲᠣᠭᠣᠷᠢᠨ ᠳ᠋ᠦ᠍ ᠂ 〈ᠬᠠᠮᠠᠭᠠᠯᠠᠬᠤ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌ 〉 ᠱᠢᠨ᠎ᠡ ᠵᠢ ᠡᠭᠦᠳᠬᠦ᠌ ᠠᠵᠤ ᠦᠶ᠋ᠯᠡᠰ ᠤ᠋ᠨ ᠬᠡᠯᠬᠢᠶ᠎ᠡ ᠵᠢ ᠲᠡᠭᠦᠯᠳᠡᠷᠵᠢᠭᠦᠯᠵᠦ᠍ ᠂ ᠠᠮᠢ ᠠᠬᠤᠶ ᠵᠢᠨ ᠦᠷ᠎ᠡ ᠬᠡᠷᠡᠭ᠌ᠯᠡᠬᠦ᠌ ᠪᠠ ᠲᠡᠵᠢᠭᠡᠯ ᠡᠪᠡᠰᠦᠨ ᠤ᠋ ᠱᠢᠨ᠎ᠡ ᠡᠭᠦᠯᠳᠡᠷ ᠢ᠋ ᠪᠣᠢᠵᠢᠭᠤᠯᠬᠤ ᠵᠢ ᠴᠢᠩᠭᠠᠳᠭᠠᠵᠤ ᠂  ᠶᠠᠰᠤ ᠴᠢᠨᠠᠷ ᠤ᠋ᠨ ᠬᠠᠮᠢᠶᠠᠷᠤᠯᠲᠠ ᠵᠢᠨ ᠱᠢᠰᠲ᠋ᠧᠮ ᠢ᠋ ᠲᠡᠭᠦᠯᠳᠡᠷᠵᠢᠭᠦᠯᠵᠦ᠍᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠰᠠᠢᠨ ᠡᠭᠦᠯᠳᠡᠷ ᠢ᠋ ᠳᠡᠯᠭᠡᠷᠡᠭᠦᠯᠦᠨ ᠬᠡᠷᠡᠭ᠌ᠯᠡᠬᠦ᠌ ᠵᠢ ᠲᠦᠷᠭᠡᠳᠭᠡᠵᠦ᠍ ᠂  ᠦᠷ᠎ᠡ ᠵᠢᠨ ᠦᠶ᠋ᠯᠡᠰ ᠤ᠋ᠨ ᠱᠢᠰᠲ᠋ᠧᠮ ᠤ᠋ᠨ ᠵᠠᠬ᠎ᠠ ᠳᠡᠯᠭᠡᠭᠦᠷ ᠤ᠋ᠨ ᠬᠡᠷᠡᠭ᠌ᠯᠡᠭᠡᠨ ᠤ᠋ ᠲᠠᠯ᠎ᠠ᠎ᠳᠠᠬᠢ 〈 ᠡᠴᠦᠰ ᠤ᠋ᠨ ᠨᠢᠭᠡ ᠺᠢᠯᠣᠮᠧᠲ᠋ᠷ 〉  ᠢ᠋ ᠨᠡᠪᠲᠡᠷᠡᠭᠦᠯᠵᠦ᠍ ᠂ ᠡᠪᠡᠰᠦᠨ ᠦᠷ᠎ᠡ ᠵᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠨ᠎ᠠ 》 ᠭᠡᠯ᠎ᠠ᠃

ᠠᠮᠢ ᠠᠬᠤᠢ ᠵᠢᠨ ᠵᠠᠰᠠᠯᠲᠠ ᠳ᠋ᠦ᠍ ᠦᠨᠳᠦᠰᠦᠯᠡᠭ᠌ᠰᠡᠨ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠪᠣᠯᠤᠭ᠍ᠰᠠᠨ᠎ᠤ ᠬᠤᠪᠢ ᠳ᠋ᠦ᠍ ᠂ ᠮᠸᠩ ᠼᠤᠤ ᠪᠦᠯᠦᠭ᠌ᠯᠡᠯ ᠶᠠᠭ 《 ᠠᠮᠢ ᠠᠬᠤᠢ 》 ᠡᠴᠡ 《 ᠦᠷ᠎ᠡ ᠵᠢᠨ ᠡᠬᠢ 》 ᠲᠡᠢᠰᠢ ᠤᠷᠤᠭ᠍ᠰᠢᠯᠠᠵᠤ ᠂ ᠡᠪᠡᠰᠦᠨ ᠦᠷ᠎ᠡ ᠵᠢᠨ ᠦᠢᠯᠡᠰ ᠤ᠋ᠨ ᠬᠡᠷᠡᠭ᠌ᠯᠡᠭᠡᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠪᠲᠤᠯᠤᠯᠲᠠ ᠂  ᠦᠢᠯᠡᠳᠬᠦᠨ ᠤ᠋ ᠱᠢᠨ᠎ᠡ ᠡᠭᠦᠳᠦᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠂ ᠲᠣᠬᠢᠷᠠᠮᠵᠢᠲᠠᠢ ᠭᠠᠵᠠᠷ ᠢ᠋ ᠬᠡᠷᠡᠭᠯᠡᠨ ᠤᠷᠭᠤᠬᠤ ᠳ᠋ᠦ ᠲᠤᠬᠢᠷᠠᠮᠵᠢᠳᠠᠢ 《 ᠨᠤᠲᠤᠭ ᠤ᠋ᠨ ᠠᠷᠭ᠎ᠠ 》 ᠵᠢ ᠬᠡᠷᠡᠭ᠌ᠯᠡᠵᠦ᠍ ᠂  ᠤᠨᠴᠠᠯᠢᠬ᠍ᠳᠤ ᠦᠷ᠎ᠡ ᠵᠢᠨ ᠦᠢᠯᠡᠰ ᠢ᠋ ᠴᠢᠷᠮᠠᠢᠨ ᠰᠠᠢᠲᠤᠷ  ᠬᠥᠭᠵᠢᠬᠥᠯᠥᠨ᠎ᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号