ᠨᠠᠮᠤᠷ᠎ᠤᠨ ᠰᠡᠬᠥᠯᠴᠢ ᠵᠢᠨ ᠡᠵᠡᠨᠡᠨᠤᠲᠤᠭᠤᠨ ᠲᠡᠭᠷᠢ ᠨᠢ ᠴᠡᠩᠬᠡᠷᠳᠦᠨ᠂ ᠲᠣᠣᠷᠠᠢ ᠵᠢᠨ ᠤᠢ ᠨᠢᠲᠤᠵᠢᠳᠠᠭᠠᠨ ᠰᠢᠷᠭᠠᠯᠳᠤᠵᠦ᠂ ᠰᠤᠪᠨᠠᠭᠤᠷ ᠲᠤᠯᠬᠢᠶᠠᠨ ᠬᠠᠶᠠᠯᠠᠵᠦ᠂ ᠭᠠᠵᠠᠷ ᠪᠣᠯᠭᠠᠨ᠎ᠳᠤ ᠦᠵᠡᠰᠭᠦᠯᠡᠩᠲᠦ ᠰᠠᠢᠬᠠᠨ ᠡᠶ᠎ᠡ ᠵᠣᠬᠢᠴᠠᠩᠭᠤᠢ ᠠᠮᠢ ᠠᠬᠤᠢ᠎ᠶ᠋ᠢᠨ ᠵᠢᠷᠤᠭ ᠲᠡᠯᠬᠡᠭᠲᠡᠨᠡ᠃ ᠲᠦᠷᠦᠭᠦᠬᠡᠨ᠂ ᠲᠤᠰ ᠬᠣᠱᠢᠭᠤᠨ᠎ᠤ ᠪᠠᠶᠠᠨᠲᠣᠣᠷᠠᠢ ᠰᠤᠮᠤᠨ᠎ᠤ ᠦᠰᠦᠷᠦᠩᠭᠦᠢ ᠭᠠᠴᠠᠭᠠᠨ᠎ᠤ ᠲᠣᠣᠷᠠᠢ᠎ᠵᠢᠨ ᠮᠤᠳᠤᠨ᠎ᠤ ᠳᠡᠷᠭᠡᠳᠡ ᠪᠠᠶᠠᠨᠲᠣᠣᠷᠠᠢ ᠰᠤᠮᠤ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠡᠪᠡᠭᠦᠨ ᠰᠠᠢᠬᠠᠨ ᠨᠢᠭᠡ ᠤᠳᠠᠭᠠᠨ᠎ᠤ ᠰᠤᠷᠤᠯᠴᠠᠯᠭ᠎ᠠ᠎ᠶ᠋ᠢᠨ ᠬᠤᠷᠠᠯ ᠬᠢᠭᠰᠡᠨ ᠠᠵᠢ᠃
ᠲᠤᠬᠠᠢ᠎ᠵᠢᠨ ᠡᠳᠦᠷ᠂ ᠰᠤᠮᠤᠨ᠎ᠤ ᠨᠠᠮ᠎ᠤᠨ ᠭᠡᠱᠢᠭᠦᠨ ᠤᠯᠠᠨ ᠲᠦᠮᠡᠨ ᠲᠣᠣᠷᠠᠢ᠎ᠶ᠋ᠢᠨ ᠮᠣᠳᠣᠨ᠎ᠤ ᠲᠡᠷᠭᠡᠳᠡ ᠲᠤᠭᠤᠢᠯᠠᠨ ᠰᠠᠭᠤᠯᠴᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠣᠢᠯᠠᠭᠠᠬᠤ᠎ᠶ᠋ᠢᠨ ᠬᠠᠮᠲᠤ ᠰᠤᠮᠤᠨ᠎ᠤ ᠪᠣᠳᠠᠲᠤ ᠪᠠᠢᠳᠠᠯ ᠪᠣᠯᠤᠨ ᠥᠪᠡᠷ᠎ᠦᠨ ᠠᠵᠢᠯ ᠠᠮᠢᠳᠤᠷᠠᠯ᠎ᠲᠠᠶ᠎ᠪᠠᠨ ᠤᠶᠠᠯᠳᠤᠭᠤᠯᠤᠨ᠂ ᠰᠤᠮᠤᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠵᠠᠮ᠎ᠢ ᠬᠠᠮᠲᠤ᠎ᠪᠠᠷ ᠶᠠᠷᠢᠯᠴᠠᠵᠤ᠂ ᠰᠤᠮᠤᠨ᠎ᠤ ᠪᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠢ᠌ᠨ ᠰᠠᠢᠬᠠᠨ ᠢᠷᠡᠭᠡᠳᠦᠢ᠎ᠶ᠋ᠢ ᠲᠥᠯᠥᠪᠯᠡᠵᠡᠬᠡᠪᠡ᠃ ᠤᠯᠠᠨ᠎ᠢᠶᠠᠷ᠎ᠢᠶᠠᠨ ᠢᠩᠭᠢᠵᠦ᠍ ᠨᠢᠭᠤᠷᠳᠠᠨ ᠰᠠᠭᠤᠯᠴᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠠᠢ ᠤᠯᠤᠯᠳᠠ ᠲᠦᠷᠦᠭᠳᠡᠯ ᠵᠢᠡᠨ ᠬᠤᠪᠢᠶᠠᠯᠴᠠᠵᠦ ᠬᠥᠭ᠌ᠵᠢᠯᠲᠡ᠎ᠶ᠋ᠢᠨ ᠲᠤᠬᠠᠢ ᠶᠠᠷᠢᠯᠴᠠᠬᠰᠠᠨ ᠨᠢ ᠠᠬᠤᠢᠲᠠᠯᠠᠪᠠᠢᠶ᠋ᠢᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠢᠷᠡᠭᠡᠳᠦᠢ᠎ᠶ᠋ᠢᠨ ᠬᠥᠭ᠌ᠵᠢᠯᠲᠡ ᠪᠣᠯᠤᠨ ᠰᠠᠢ᠌ᠨ ᠰᠠᠢᠬᠠᠨ ᠠᠮᠢᠳᠤᠷᠠᠯ᠎ᠳᠦ ᠢᠲᠡᠭᠡᠯ ᠲᠡᠭᠦᠯᠳᠡᠷ ᠪᠤᠯᠭᠠᠵᠤ ᠡᠷᠴᠢ ᠵᠤᠷᠢᠭ᠎ᠢ ᠨᠢ ᠬᠦᠪᠴᠢᠯᠠᠯ᠎ᠠ᠃
《 ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ ᠵᠢ ᠨᠡᠮᠡᠭ᠌ᠳᠡᠭᠦᠯᠵᠦ᠍ ᠪᠠᠶᠠᠵᠢᠯ᠎ᠤᠨ ᠠᠷᠭ᠎ᠠ ᠵᠠᠮ᠎ᠢ ᠥᠷᠭᠡᠳᠭᠡᠨ᠎ᠡ ᠭᠡᠵᠦ᠍ ᠲᠤᠷᠠᠳᠤᠭᠰᠠᠨᠢ ᠰᠤᠨᠤᠰᠤᠭᠠᠳ ᠪᠢ ᠶᠡᠬᠡᠳᠡ ᠵᠣᠷᠢᠭ᠍ᠵᠢᠵᠠᠶ᠂ ᠡᠨᠡ ᠨᠢ ᠮᠠᠨ᠎ᠤ ᠭᠠᠴᠠᠭᠠᠨ᠎ᠤ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠨᠡᠩ ᠬᠥᠪᠴᠢᠯᠡᠵᠡᠶ᠃ ᠪᠢᠳᠡ ᠡᠷᠬᠡᠪᠰᠢ ᠦᠨᠳᠦᠰᠦᠨ ᠱᠠᠲᠤᠨ᠎ᠳᠤ ᠨᠡᠩ ᠰᠠᠢᠲᠤᠷ ᠭᠦᠨᠵᠡᠭᠡᠢᠷᠡᠵᠦ᠍᠂ ᠦᠢᠯᠡᠴᠢᠯᠡᠭᠡ᠎ᠪᠡᠨ ᠰᠠᠢᠲᠤᠷ ᠬᠢᠵᠦ᠍᠂ ᠵᠢᠭᠤᠯᠴᠢᠯᠠᠯ᠎ᠤᠨ ᠡᠷᠦᠬᠡ᠎ᠶ᠋ᠢᠨ ᠰᠠᠨᠠᠯ ᠰᠠᠨᠠᠭᠤᠯᠭ᠎ᠠ᠎ᠵᠢ ᠢᠯᠡᠭᠦᠬᠡᠨ ᠰᠤᠨᠤᠰᠴᠤ᠂ ᠬᠥᠳᠡᠭᠡ ᠲᠣᠰᠭᠣᠨ᠎ᠤ ᠤᠨᠴᠠᠯᠢᠬ᠍ᠳᠤ ᠵᠢᠭᠤᠯᠴᠢᠯᠠᠯ᠎ᠤᠨ ᠦᠢᠯᠡᠰ᠎ᠦᠨ ᠬᠥᠭ᠌ᠵᠢᠯᠲᠡ᠎ᠶ᠋ᠢᠨ ᠡᠷᠴᠢᠮ᠎ᠢᠶᠡᠨ ᠤᠯᠠᠮ ᠴᠢᠩᠭᠠᠷᠠᠭᠤᠯᠵᠤ᠂ ᠮᠠᠯᠴᠢᠨ ᠲᠠᠷᠢᠶᠠᠴᠢᠳ᠎ᠢ ᠤᠨᠴᠠᠯᠢᠬ᠍ᠳᠤ ᠵᠢᠭᠤᠯᠴᠢᠯᠠᠯ᠎ᠤᠨ ᠦᠢᠯᠡᠰ᠎ᠢᠶᠡᠷ ᠵᠠᠮᠨᠠᠭᠤᠯᠬᠤ᠎ᠵᠢ ᠤᠯᠠᠮ ᠯᠠᠪᠳᠠᠭᠤᠨ ᠪᠠᠳᠤᠳᠠᠢ ᠠᠬᠢᠭᠤᠯᠵᠤ᠂ ᠠᠮᠢᠳᠤᠷᠠᠯ ᠢ ᠨᠢ ᠨᠡᠡᠭ ᠦᠬᠡᠳᠡᠯᠡᠬᠦᠯᠤᠨᠠ》 ᠭᠡᠵᠦ᠍ ᠦᠰᠦᠷᠦᠩᠬᠦᠢ ᠭᠠᠴᠠᠭᠠᠨ᠎ᠤ ᠨᠠᠮ᠎ᠤᠨ ᠡᠬᠦᠷ᠎ᠤᠨ ᠱᠦᠵᠢ᠂ ᠭᠠᠴᠠᠭᠠᠨ ᠳᠠᠷᠤᠭ᠎ᠠ ᠪᠠᠶᠠᠷᠴᠢᠮᠡᠭ ᠬᠡᠯᠡᠨ᠎ᠠ᠃
ᠪᠠᠶᠠᠨᠲᠤᠤᠷᠠᠶ ᠰᠤᠮᠤ ᠨᠢ ᠡᠵᠡᠨ᠎ᠡ ᠬᠣᠱᠢᠭᠤᠨ᠎ᠤ ᠲᠤᠤᠷᠠᠶ᠎ᠶ᠋ᠢᠨ ᠣᠶ᠎ᠶ᠋ᠢᠨ ᠭᠤᠤᠯ ᠬᠡᠰᠡᠭ᠎ᠲᠦ ᠪᠠᠢᠷᠢᠯᠠᠵᠤ᠂ ᠪᠥᠬᠥ᠌ ᠤᠯᠤᠰ᠎ᠤᠨ ᠬᠠᠮᠤᠭ᠎ᠤᠨ ᠭᠤᠶᠤ᠂ ᠬᠠᠮᠤᠭ᠎ᠤᠨ ᠲᠥᠪᠯᠡᠷᠡᠭ᠌ᠰᠡᠨ ᠪᠠᠢᠭᠠᠯᠢᠯᠢᠬ ᠲᠤᠤᠷᠠᠶ᠎ᠶ᠋ᠢᠨ ᠣᠶᠲᠠᠶ ᠮᠦᠷᠳᠡᠬᠡᠨ ᠪᠠᠰᠠ ᠲᠣᠷᠭᠤᠳ ᠸᠠᠩ᠎ᠤᠨ ᠣᠷᠳᠣᠨ ᠵᠡᠷᠭᠡ ᠰᠤᠶᠤᠯ ᠢᠷᠭᠡᠨᠰᠢᠯ ᠲᠡᠦᠬᠡ᠎ᠶ᠋ᠢᠨ ᠡᠬᠢ ᠪᠠᠶᠠᠯᠢᠭ᠎ᠲᠠᠶ ᠶᠤᠮ᠃ ᠣᠢᠷ᠎ᠠ ᠵᠢᠨ ᠵᠢᠯ᠎ᠳᠤ᠂ ᠲᠣᠰ ᠰᠤᠮᠤ ᠵᠢᠭᠤᠯᠴᠢᠯᠠᠯ᠎ᠤᠨ ᠦᠶ᠋ᠯᠡᠰ᠎ᠢ ᠭᠤᠤᠯᠯᠠᠬᠤ ᠠᠵᠤ ᠦᠶ᠋ᠯᠡᠰ ᠪᠣᠯᠭᠠᠨ ᠬᠦᠭᠵᠢᠬᠦᠯᠵᠤ᠂《 ᠠᠮᠢ ᠠᠬᠤᠢ + ᠵᠠᠩ ᠦᠢᠯᠡ᠎ᠶ᠋ᠢᠨ ᠰᠣᠶᠣᠯ + ᠵᠢᠭᠤᠯᠴᠢᠯᠠᠯ》᠎ᠤ᠋ᠨ ᠬᠥᠭ᠌ᠵᠢᠯᠲᠡ᠎ᠶ᠋ᠢᠨ ᠵᠠᠭ᠍ᠪᠤᠷ᠎ᠢ ᠢᠳᠡᠪᠬᠢᠲᠡᠢ ᠰᠦᠪᠡᠭ᠌ᠴᠢᠯᠡᠵᠦ᠂ 《ᠨᠢᠭᠡ ᠲᠣᠰᠭᠣᠨ ᠳ᠋ᠤ ᠨᠢᠭᠡ ᠲᠦᠷᠦᠯ ᠳᠡᠮᠳᠡᠭ ᠲᠠᠢ》᠂ 《 ᠨᠢᠭᠡ ᠲᠣᠰᠭᠣᠨ ᠳ᠋ᠤ ᠨᠢᠭᠡ ᠦᠵᠡᠮᠵᠢ᠎ᠶᠢᠨ ᠤᠷᠤᠨ ᠲᠠᠢ》 ᠪᠤᠯᠭᠠᠬᠤ ᠪᠡᠷ ᠬᠠᠷᠠᠯᠲᠠ ᠪᠣᠯᠭᠠᠨ᠂ ᠬᠥᠳᠡᠭᠡ ᠨᠤᠲᠤᠭ᠎ᠤᠨ ᠣᠨᠴᠠᠯᠢᠭ᠍ᠲᠤ ᠵᠠᠩ ᠦᠢᠯᠡ᠎ᠶᠢᠨ ᠵᠡᠭᠡᠯᠢ᠂ ᠦ᠋ ᠳ᠋ᠤᠤ ᠴᠢᠶᠣᠤ ᠦᠨᠳᠦᠰᠦᠲᠡᠨ᠎ᠦ ᠵᠠᠩ ᠦᠶ᠋ᠯᠡ᠎ᠶ᠋ᠢᠨ ᠬᠦᠷᠢᠶᠡᠯᠡᠩ ᠵᠡᠷᠭᠡ ᠭᠠᠴᠠᠭᠠᠨ᠎ᠤ ᠦᠵᠡᠮᠵᠢ᠎ᠶ᠋ᠢᠨ ᠭᠠᠵᠠᠷ᠎ᠤᠳ᠎ᠢ ᠪᠦᠲᠦᠬᠡᠨ ᠪᠠᠢᠭᠤᠯᠵᠦ᠂ ᠵᠢᠥᠢ ᠶᠠᠨ ᠰᠣᠶᠣᠯ᠂ ᠲᠠᠷᠢᠶᠠᠯᠠᠬᠤ ᠰᠣᠶᠣᠯ ᠪᠠ ᠦᠨᠳᠦᠰᠦᠲᠡᠨ᠎ᠦ ᠵᠠᠩ ᠦᠢᠯᠡ᠎ᠳᠤ ᠲᠤᠯᠭᠠᠭᠤᠷᠢᠯᠠᠭᠰᠠᠨ᠂ ᠬᠦᠳᠡᠬᠡ ᠵᠢᠨ ᠰᠠᠭᠤᠴᠠ ᠪᠠᠭᠤᠳᠠᠯ᠂ ᠰᠡᠯᠡᠭᠦᠴᠡᠨ ᠲᠤᠭᠤᠷᠢᠵᠦ ᠵᠢᠮᠢᠰ ᠨᠤᠭᠤᠭ᠎ᠠ ᠲᠡᠭᠦᠬᠦ᠂ ᠭᠡᠷ ᠪᠦᠯᠢᠪᠡᠷᠵᠢᠡᠨ ᠪᠠᠶᠠᠴᠢᠯᠠᠨ ᠤᠢᠯᠠᠭᠠᠬᠤ᠂ ᠲᠣᠭᠣᠷᠢᠨ ᠵᠤᠭᠠᠯᠠᠬᠤ ᠪᠠ ᠪᠠᠯᠲᠤ ᠬᠡᠮᠬᠡ᠎ᠶ᠋ᠢᠨ ᠠᠵᠤ ᠦᠶ᠋ᠯᠡᠰ ᠭᠦᠨ ᠠᠭᠤᠰᠤᠯᠴᠠᠭ᠍ᠰᠠᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠶ᠋ᠯᠡᠰ᠎ᠢ ᠪᠦᠷᠢᠯᠳᠦᠬᠦᠯᠵᠦ᠂ ᠮᠠᠯᠴᠢᠨ ᠲᠠᠷᠢᠶᠠᠴᠢᠳ ᠬᠥᠳᠡᠭᠡ ᠲᠣᠰᠭᠣᠨ᠎ᠤ ᠣᠨᠴᠠᠯᠢᠭ᠍ᠲᠤ ᠵᠢᠭᠤᠯᠴᠢᠯᠠᠯ᠎ᠤᠨ ᠦᠶ᠋ᠯᠡᠰ᠎ᠢᠶᠡᠷ ᠳᠠᠮᠵᠢᠨ ᠪᠠᠶᠠᠵᠢᠯ᠎ᠤᠨ ᠵᠠᠮ᠎ᠢᠶᠠᠷ ᠵᠠᠮᠨᠠᠪᠠ᠃
《 ᠪᠢᠳᠡ ᠡᠷᠬᠡᠪᠰᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠮᠤᠨ᠎ᠳᠤ ᠦᠨᠡᠨ ᠬᠦ᠌ ᠪᠤᠳᠠᠳᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯᠲᠡ᠎ᠳᠤ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠦᠶ᠋ᠯᠡᠴᠢᠯᠡᠵᠦ᠍᠂ ᠠᠷᠠᠳ ᠲᠦᠮᠡᠨ᠎ᠳᠦ ᠦᠶ᠋ᠯᠡᠴᠢᠯᠡᠬᠦ᠌ ᠴᠢᠳᠠᠪᠤᠷᠢ ᠪᠠ ᠦᠢᠯᠡᠴᠢᠯᠡᠭᠡᠨ᠎ᠤ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠰᠤᠮᠤᠨ᠎ᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠶ᠋ᠯᠡᠰ᠎ᠢᠶᠡᠷ ᠭᠤᠤᠯ ᠪᠣᠯᠭᠠᠭ᠍ᠰᠠᠨ ᠤᠨᠴᠠᠯᠢᠬ᠍ᠳᠤ ᠠᠵᠤ ᠦᠶ᠋ᠯᠡᠰ ᠵᠢᠴᠢ ᠬᠥᠭ᠌ᠵᠢᠯᠲᠡ᠎ᠶ᠋ᠢᠨ ᠳᠠᠪᠠᠭᠤᠯᠢᠭ᠎ᠲᠠᠭᠠᠨ ᠲᠦᠱᠢᠭ᠌ᠯᠡᠨ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠡᠯ᠎ᠡ ᠵᠦᠶ᠋ᠯ᠎ᠦᠨ ᠠᠵᠢᠯ᠎ᠵᠢᠡᠨ ᠳᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠪᠡᠷ ᠬᠦᠴᠤᠯᠠᠨ ᠴᠢᠷᠮᠠᠢᠨ᠎ᠠ》 ᠭᠡᠵᠦ ᠪᠠᠶᠠᠨᠲᠣᠣᠷᠠᠢ ᠰᠤᠮᠤᠨ᠎ᠤ ᠨᠠᠮ᠎ᠤᠨ ᠬᠣᠷᠢᠶᠠᠨ᠎ᠤ ᠱᠦᠵᠢ ᠯᠢᠨ ᠵᠢᠶᠠᠩ ᠬᠡᠯᠡᠪᠡ᠃
ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠬᠦ᠌᠎ᠶ᠋ᠢᠨ ᠲᠥᠯᠥᠭᠡ᠂ ᠤᠢ᠍ᠢᠷ᠎ᠠ᠎ᠶ᠋ᠢᠨ ᠡᠳᠦᠷ᠂ ᠲᠤᠰ ᠰᠤᠮᠤ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠬᠥᠯᠵᠥ᠂ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠤᠨ ᠪᠣᠳᠠᠲᠤ ᠦᠷ᠎ᠡ ᠪᠦᠲᠦᠮᠵᠢᠭᠠᠷᠭᠠᠬᠤ ᠲᠠᠯ᠎ᠠ ᠪᠠᠷ ᠪᠦᠳᠤᠮᠵᠢᠳᠠᠢ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ᠎ᠳᠠᠭᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠪᠠ᠃ ᠰᠤᠮᠤᠨ ᠡᠴᠡ ᠠᠵᠢᠯᠲᠠᠳ᠎ᠢᠶᠠᠨ ᠵᠣᠬᠢᠶᠠᠨ ᠪᠠᠢᠭᠤᠯᠵᠦ ᠮᠠᠯᠵᠢᠬᠤ ᠣᠷᠣᠨ᠎ᠵᠢᠡᠷ ᠭᠦᠨᠵᠡᠭᠡᠢᠷᠡᠬᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ᠎ᠢ ᠮᠠᠯᠵᠢᠬᠤ ᠲᠠᠷᠢᠶᠠᠯᠠᠬᠤ ᠡᠷᠦᠬᠡ ᠪᠣᠯᠭᠠᠨ᠎ᠳᠤ ᠲᠤᠭᠤᠰᠢᠳᠠᠢ ᠨᠠᠢᠳᠠᠪᠤᠷᠢᠵᠢᠭᠤᠯᠵᠦ ᠪᠠᠢᠨ᠎ᠠ᠃