ᠡᠭᠦᠳᠡᠨ ᠡᠮᠦᠨᠡᠬᠢ ᠤᠬᠠᠭᠤᠯᠤᠨ ᠲᠠᠢᠯᠪᠤᠷᠢᠯᠠᠯᠲᠠ ᠠᠮᠢᠳᠤᠷᠠᠯ ᠎ᠳᠤ ᠤᠢᠷᠠᠳᠤᠨ ᠤᠯᠠᠨ᠎ᠤ ᠬᠦᠷᠢᠶᠡᠯᠡᠯ᠎ᠢ ᠣᠯᠤᠨ᠎ᠠ
2022-11-06 11:25:18
ᠵᠣᠬᠢᠶᠠᠭ᠍ᠴᠢ᠄
ᠭᠣᠸ᠋ ᠮᠢᠨ ᠨᠠ ᠂ ᠯᠢ ᠨᠠ
ᠣᠩᠱᠢᠭ᠍ᠰᠠᠨ ᠣᠳᠠᠭ᠎ᠠ᠄
★★★☆☆

ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠦ ᠦᠵᠡᠯ ᠰᠠᠨᠠᠭ᠎ᠠ ᠎ᠶᠢ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ᠋ ᠰᠠᠨᠠᠭ᠎ᠠ ᠳᠡᠭᠡᠷ᠎ᠡ ᠨᠢᠭᠡᠳᠬᠡᠬᠦ᠎ᠶᠢᠨ ᠲᠥᠯᠥᠭᠡ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠶᠢᠨ ᠲᠠᠯ᠎ᠠ᠎ᠪᠠᠷ ᠰᠢᠨ᠎ᠡ᠎ᠶᠢ ᠡᠭᠦᠳᠴᠦ᠂ ᠤᠯᠠᠨ ᠲᠦᠮᠡᠨ᠎ᠦ ᠬᠦᠷᠢᠶᠡᠯᠡᠯ᠎ᠢ ᠣᠯᠣᠭᠰᠠᠭᠠᠷ ᠢᠷᠡᠭᠰᠡᠨ 《ᠡᠭᠦᠳᠡᠨ ᠡᠮᠦᠨᠡᠬᠢ ᠵᠤᠭᠤᠭ᠎ᠤᠨ ᠪᠦᠯᠬᠦᠮ》  ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠤᠯᠠᠨ ᠲᠦᠮᠡᠨ᠎ᠦ ᠡᠭᠦᠳᠡᠨ ᠡᠮᠦᠨ᠎ᠡ ᠬᠦᠷᠴᠦ ᠤᠬᠠᠭᠤᠯᠤᠨ ᠲᠠᠢᠯᠪᠤᠷᠢᠯᠠᠵᠦ᠂ 《ᠪᠠᠭ᠎ᠠ ᠤᠴᠢᠷ》 ᠵᠢᠡᠷ 《ᠶᠡᠬᠡ ᠰᠡᠳᠦᠪ》 ᠎ᠢ ᠲᠣᠳᠣᠷᠬᠠᠢᠯᠠᠨ ᠥᠭᠦᠯᠡᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠰᠡᠳᠬᠢᠯ᠎ᠳᠦ ᠬᠦᠷᠭᠡᠵᠦ ᠪᠠᠢᠨ᠎ᠠ᠃

ᠨᠢᠳᠤᠨᠤᠨ᠎ᠤ 5 ᠰᠠᠷ᠎ᠠ᠎ᠳᠤ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠪᠠ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠰᠤᠷᠤᠯᠴᠠᠯᠭ᠎ᠠ ᠤᠬᠠᠭᠤᠯᠭ᠎ᠠ᠎ᠶᠢᠨ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠠᠯᠪᠠᠨ ᠪᠠᠢᠭᠤᠯᠭ᠎ᠠ᠂ ᠰᠤᠷᠭᠠᠭᠤᠯᠢ᠂ ᠭᠠᠴᠠᠭ᠎ᠠ ᠲᠤᠰᠬᠤᠨ ᠵᠢᠴᠢ ᠴᠡᠷᠢᠭ᠎ᠡᠴᠡ ᠬᠠᠯᠠᠭᠳᠠᠭᠰᠠᠳ᠎ᠤᠨ ᠳᠤᠳᠤᠷ᠎ᠠ ᠡᠴᠡ ᠤᠯᠤᠰ ᠲᠥᠷᠥ᠍᠎ᠶᠢᠨ ᠬᠡᠪ ᠴᠢᠨᠠᠷ᠎ᠢᠶᠠᠷ ᠥᠨᠳᠥᠷ   ᠨᠠᠮ ᠤ᠋ᠨ ᠬᠡᠰᠢᠭᠦᠨ ᠪᠠ  ᠤᠯᠠᠨ ᠲᠦᠮᠡᠨ᠎ᠤ ᠲᠤᠮᠲᠠᠬᠢ ᠨᠦᠯᠦᠭᠡ ᠲᠠᠢ ᠬᠥᠮᠥᠰ᠎ᠢ ᠰᠣᠩᠭᠣᠨ ᠭᠠᠷᠭᠠᠵᠤ 《ᠡᠭᠦᠳᠡᠨ ᠡᠮᠦᠨᠡᠬᠢ ᠵᠤᠭᠤᠭ᠎ᠤᠨ ᠪᠦᠯᠬᠦᠮ》 ᠎ᠢ ᠵᠣᠬᠢᠶᠠᠨ ᠪᠠᠢᠭᠤᠯᠤᠭᠠᠳ ᠠᠷᠡᠳ ᠤᠯᠠᠨ᠎ᠤ ᠬᠦᠷᠢᠶᠡᠯᠡᠯ᠎ᠢ ᠣᠯᠣᠭᠰᠠᠨ᠎ᠢᠶᠠᠷ ᠪᠠᠷᠠᠬᠤ ᠦᠭᠡᠢ 2021 ᠣᠨ᠎ᠤ ᠦᠨᠳᠦᠰᠦᠨ ᠱᠠᠲᠤᠨ᠎ᠤ ᠣᠨᠣᠯ᠎ᠤᠨ ᠤᠬᠠᠭᠤᠯᠤᠨ ᠲᠠᠢᠯᠪᠤᠷᠢᠯᠠᠬᠤ ᠲᠡᠷᠢᠭᠦᠨ᠎ᠦ ᠬᠠᠮᠲᠤ᠎ᠪᠠᠷ ᠦᠨᠡᠯᠡᠭᠳᠡᠪᠡ᠃

ᠵᠣᠣ ᠶᠠᠨ ᠯᠢ ᠪᠣᠯ 《ᠡᠭᠦᠳᠡᠨ ᠡᠮᠦᠨᠡᠬᠢ ᠵᠤᠭᠤᠬ᠎ᠤᠨ ᠪᠦᠯᠬᠦᠮ》 ᠎ᠤᠨ ᠭᠡᠰᠢᠭᠦᠨ᠎ᠦ ᠨᠢᠭᠡ᠂ ᠮᠥᠨ ᠴᠦ᠍ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠠᠤᠯᠢ ᠴᠠᠭᠠᠵᠠ᠎ᠶᠢᠨ ᠲᠣᠪᠴᠢᠶ᠎ᠠ᠎ᠶᠢᠨ ᠨᠢᠭᠡᠨ ᠬᠠᠤᠯᠢ ᠲᠦᠭᠡᠮᠡᠯᠵᠢᠭᠦᠯᠬᠦ ᠤᠬᠠᠭᠤᠯᠤᠭ᠍ᠴᠢ ᠪᠣᠯᠣᠨ᠎ᠠ᠃ ᠣᠢᠷ᠎ᠠ᠎ᠶᠢᠨ ᠡᠳᠦᠷ᠂ ᠲᠡᠷᠡ ᠪᠦᠳᠦᠭᠦᠨᠬᠤᠸᠠ ᠨᠡᠢᠭᠡᠮ ᠲᠣᠭᠣᠷᠢᠭ᠋᠎ᠤᠨ ᠠᠵᠢᠯᠯᠠᠭᠠᠨ᠎ᠤ ᠲᠠᠰᠤᠭ᠎ᠲᠤ ᠬᠦᠷᠴᠦ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠲᠠᠢ ᠲᠤᠭᠤᠢᠯᠠᠨ ᠰᠠᠭᠤᠵᠤ ᠂ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠡᠬᠢ ᠬᠠᠤᠯᠢᠵᠢᠯ᠎ᠤᠨ ᠪᠠᠢᠭᠤᠯᠤᠯᠲᠠ ᠎ᠶᠢᠨ ᠠᠭᠤᠯᠭ᠎ᠠ ᠎ᠶᠢ ᠭᠣᠣᠯᠳᠠᠯᠭ᠎ᠠ ᠎ᠲᠠᠢ ᠬᠤᠪᠢᠶᠠᠯᠴᠠᠵᠤ᠂ ᠤᠯᠠᠨ᠎ᠲᠠᠢ ᠲᠥᠷᠥᠭᠳᠡᠯ ᠪᠠ ᠢᠷᠡᠭᠡᠳᠦᠢ᠎ᠶᠢᠨ ᠲᠤᠬᠠᠢ ᠶᠠᠷᠢᠯᠴᠠᠪᠠ᠃

ᠵᠤᠤ ᠶᠠᠨ ᠯᠢ᠂ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠬᠠᠤᠯᠢᠵᠢᠯ ᠢ᠋ ᠣᠯᠠᠨᠲᠠ ᠳᠤᠷᠠᠳᠤᠭᠰᠠᠨ ᠨᠢ ᠨᠠᠮ᠎ᠤᠨ ᠲᠥᠪ ᠬᠣᠷᠢᠶ᠎ᠠ ᠡᠴᠡ ᠬᠠᠤᠯᠢᠵᠢᠯ᠎ᠤᠨ ᠠᠵᠢᠯ᠎ᠢ ᠴᠢᠬᠤᠯᠠᠴᠢᠯᠠᠵᠤ ᠪᠠᠢᠬᠤ᠎ᠶᠢ ᠭᠦᠢᠴᠡᠳ ᠬᠠᠷᠠᠭᠤᠯᠵᠠᠢ》 ᠬᠡᠵᠦ ᠶᠡᠷᠢᠬᠤ ᠪᠦᠭᠡᠳ ᠬᠠᠤᠯᠢᠵᠢᠯ ᠬᠥᠭᠵᠢᠪᠡᠯ ᠤᠯᠤᠰ ᠣᠷᠣᠨ ᠮᠠᠨᠳᠤᠵᠤ᠂ ᠬᠠᠤᠯᠢᠵᠢᠯ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠤᠬᠠᠭᠤᠯᠵᠤ᠂ ᠤᠯᠠᠨ ᠲᠦᠮᠡᠨ᠎ᠦ ᠬᠠᠤᠯᠢᠵᠢᠯ᠎ᠤᠨ ᠦᠵᠡᠯᠲᠡ᠎ᠶᠢ ᠴᠢᠩᠭᠠᠳᠬᠠᠵᠤ᠂ ᠲᠡᠳᠡᠨ᠎ᠢ ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠣᠰᠣᠭᠠᠷ ᠰᠢᠢᠳᠪᠦᠷᠢᠯᠡᠬᠦ᠂ ᠠᠰᠠᠭᠤᠳᠠᠯ᠎ᠢ ᠰᠢᠢᠳᠪᠦᠷᠢᠯᠡᠬᠦ᠎ᠳᠦ ᠬᠠᠤᠯᠢ᠎ᠶᠢ ᠬᠡᠷᠡᠭᠯᠡᠬᠦ᠂ ᠵᠥᠷᠢᠴᠡᠯ᠎ᠢ ᠰᠢᠢᠳᠪᠦᠷᠢᠯᠡᠬᠦ᠎ᠳᠦ ᠬᠠᠤᠯᠢ᠎ᠳᠤ ᠲᠦᠰᠢᠭᠯᠡᠬᠦ ᠳᠠᠳᠬᠠᠯ᠎ᠲᠠᠢ ᠪᠣᠯᠭᠠᠨ᠎ᠠ ᠭᠡᠪᠡ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠪᠦᠲᠦᠭᠦᠨᠬᠤᠸᠠ ᠨᠡᠢᠭᠡᠮ ᠲᠣᠭᠣᠷᠢᠭ᠋᠎ᠤᠨ ᠠᠵᠢᠯᠲᠠᠨ ᠵᠠᠩ ᠰᠢᠸ᠋ ᡁᠢ᠂ ᠵᠤᠤ ᠶᠠᠨ ᠯᠢ᠎ᠶᠢᠨ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠄ 《ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠬᠣᠢᠰᠢᠳᠠ᠎ᠶᠢᠨ ᠠᠵᠢᠯ᠎ᠳᠠᠭᠠᠨ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠨᠠᠢᠳᠠᠪᠤᠷᠢᠵᠢᠭᠤᠯᠵᠤ᠂ ᠨᠡᠢᠭᠡᠮ ᠲᠣᠭᠣᠷᠢᠭ᠋᠎ᠤᠨ ᠠᠵᠢᠯ᠎ᠢ ᠠᠬᠢᠭᠤᠯᠬᠤ᠎ᠪᠡᠷ ᠬᠦᠴᠦᠯᠡᠨ ᠴᠢᠷᠮᠠᠢᠨ᠎ᠠ》 ᠭᠡᠵᠦ ᠬᠡᠯᠡᠪᠡ᠃

ᠲᠣᠰ ᠬᠣᠰᠢᠭᠤᠨ᠎ᠤ ᠭᠤᠤᠯ᠎ᠤᠨ ᠪᠠᠢᠰᠢᠩ ᠪᠠᠯᠭᠠᠰᠤᠨ᠎ᠤ ᠯᠤᠤ ᠭᠦᠩᠰᠸ ᠭᠠᠴᠠᠭᠠᠨ᠎ᠳᠤ ᠰᠠᠭᠤᠭ᠎ᠠ ᠨᠢᠭᠡᠳᠦᠭᠡᠷ ᠱᠦᠵᠢ ᠮᠠᠶ᠋ᠢᠯᠠᠰᠤ 《ᠡᠭᠦᠳᠡᠨ ᠡᠮᠦᠨᠡᠬᠢ ᠵᠤᠭᠤᠬ ᠤ᠋ᠨ ᠪᠦᠯᠬᠦᠮ 》 ᠎ᠤᠨ ᠭᠡᠰᠢᠭᠦᠨ᠎ᠦ ᠬᠤᠪᠢ᠎ᠪᠠᠷ ᠮᠠᠯᠴᠢᠨ ᠲᠠᠷᠢᠶᠠᠴᠢᠨ᠎ᠲᠠᠢ ᠨᠢᠭᠤᠷᠲᠠᠨ ᠶᠠᠷᠢᠯᠴᠠᠭᠰᠠᠨ ᠪᠥᠭᠡᠳ ᠭᠠᠴᠠᠭᠠᠨ᠎ᠤ ᠪᠠᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ ᠎ᠶᠢ ᠳᠥᠬᠥᠮ ᠣᠢᠯᠠᠭᠠᠮᠵᠢᠲᠠᠢ ᠎ᠪᠠᠷ ᠠᠮᠢᠳᠤᠯᠢᠬ ᠰᠠᠢᠬᠠᠨ ᠶᠠᠷᠢᠭ᠍ᠰᠠᠨ ᠪᠠᠢᠨ᠎ᠠ ᠃ ᠲᠡᠷᠡ᠄  《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ᠂ ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ ᠪᠦᠲᠦᠮᠵᠢ᠎ᠶᠢ ᠨᠠᠮ ᠪᠣᠯᠣᠨ ᠠᠷᠠᠳ ᠲᠦᠮᠡᠨ ᠬᠠᠮᠲᠤ᠎ᠪᠠᠷ ᠴᠢᠷᠮᠠᠢᠵᠦ ᠪᠠᠢᠭᠠᠳ ᠤᠯᠤᠬᠰᠠᠨ ᠶᠤᠮ᠂ ᠠᠵᠢᠯᠯᠠᠵᠦ ᠪᠠᠢᠭᠠᠳ ᠤᠯᠤᠬᠰᠠᠨ ᠶᠤᠮ᠂ ᠲᠡᠮᠡᠴᠡᠵᠦ ᠪᠠᠢᠭᠠᠳ ᠣᠯᠣᠭᠰᠠᠨ ᠶᠤᠮ ᠬᠡᠵᠤ ᠵᠢᠭᠠᠯ᠎ᠠ᠃ ᠪᠢ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ᠎ᠤ ᠬᠤᠪᠢ᠎ᠳᠤ᠂ ᠬᠣᠢᠰᠢᠳᠠ ᠎ᠶᠢᠨ ᠠᠵᠢᠯ ᠎ᠳᠠᠭᠠᠨ ᠤ᠌ᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠎ᠪᠠᠨ ᠦᠢᠯᠡᠳᠦᠯᠭᠡᠵᠢᠭᠦᠯᠵᠦ᠂ ᠰᠡᠳᠬᠢᠯ ᠲᠠᠯᠪᠢᠨ ᠬᠠᠢᠷ᠎ᠠ ᠰᠡᠳᠬᠢᠯᠭᠡ᠎ᠪᠡᠷ᠎ᠢᠶᠡᠨ ᠠᠷᠠᠳ ᠲᠦᠮᠡᠨ᠎ᠳᠦ ᠰᠠᠢᠲᠤᠷ ᠦᠢᠯᠡᠴᠢᠯᠡᠵᠦ᠂ ᠲᠡᠳᠡᠨ᠎ᠦ ᠵᠢᠷᠭᠠᠯᠲᠤ ᠲᠥᠷᠥᠭᠳᠡᠯ᠂ ᠬᠦᠷᠲᠡᠮᠵᠢ᠎ᠶᠢᠨ ᠲᠥᠷᠥᠭᠳᠡᠯ᠎ᠢ ᠳᠡᠭᠡᠭᠰᠢᠯᠡᠭᠦᠯᠦᠨ᠎ᠡ》 ᠭᠡᠵᠦ ᠬᠡᠯᠡᠪᠡ᠃  ᠭᠠᠴᠠᠭᠠᠨ᠎ᠤ ᠲᠠᠷᠢᠮᠠᠯ᠎ᠤᠨ ᠲᠣᠮᠣ᠌ ᠡᠷᠦᠬᠡ ᠪᠦᠦ ᠶᠦᠩ ᠴᠢᠩ᠂ ᠡᠨᠡ ᠵᠢᠯ ᠲᠠᠷᠢᠵᠦ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠎ᠶᠢ ᠤᠶᠠᠯᠳᠤᠭᠤᠯᠵᠤ᠂ 30 ᠲᠦᠮᠡᠨ ᠲᠥᠭᠥᠷᠢᠭ᠎ᠦᠨ ᠣᠷᠣᠯᠭ᠎ᠠ ᠲᠠᠢ ᠪᠤᠯᠵᠠᠢ᠃ ᠲᠡᠷᠡ᠄  《ᠡᠭᠦᠳᠡᠨ ᠡᠮᠦᠨ᠎ᠡ ᠢᠩᠬᠢᠵᠦ ᠤᠬᠠᠭᠤᠯᠤᠨ ᠲᠠᠢᠯᠪᠤᠷᠢᠯᠠᠬᠤ ᠨᠢ ᠪᠢᠲᠡᠨ ᠎ᠳᠤ ᠮᠠᠰᠢ ᠤᠢᠯᠠᠭᠠᠮᠵᠢᠲᠠᠢ ᠪᠤᠯᠤᠯ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠪᠠᠷ ᠠᠵᠢᠯᠯᠠᠳᠠᠭ ᠯᠠ ᠶᠤᠮ ᠪᠣᠯ ᠪᠢᠲᠡᠨ ᠎ᠤ ᠠᠮᠢᠳᠤᠷᠠᠯ ᠯᠠᠪᠲᠠᠢ ᠤᠯᠠᠮ ᠡᠴᠡ ᠤᠯᠠᠮ ᠰᠠᠢᠵᠢᠷᠠᠬᠤ ᠶᠤᠮ》 ᠭᠡᠵᠦ ᠪᠠᠶᠠᠷᠲᠠᠢᠬᠠᠨ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号