ᠪᠠᠢᠭᠤᠯᠭᠠᠨᠢᠬᠡᠴᠢ ᠡᠴᠡ ᠠᠵᠤ ᠠᠬᠤᠢᠯᠠᠯ ᠬᠦᠷᠲᠡᠯ᠎ᠡ᠂ ᠨᠡᠢᠭᠡᠮ ᠲᠣᠭᠣᠷᠢᠭ᠎ᠠᠴᠠ ᠲᠠᠷᠢᠶᠠᠯᠠᠬᠤ ᠣᠷᠣᠨ ᠬᠦᠷᠲᠡᠯ᠎ᠡ᠂ ᠤᠢ᠍ᠢᠷ᠎ᠠ᠎ᠶ᠋ᠢᠨ ᠡᠳᠦᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠦᠬᠠᠢ ᠬᠤᠲᠠ ᠳ᠋ᠤ ᠦᠳᠳᠡᠷ ᠲᠦᠷᠭᠡᠨ ᠪᠤᠢ ᠪᠤᠯᠪᠠ᠃ ᠳᠠᠷᠤᠢ ᠲᠦᠷᠭᠡᠨ ᠤᠯᠠᠮᠵᠢᠯᠠᠬᠤ ᠵᠢ ᠤᠷᠤᠨ ᠪᠠᠢᠷᠢ᠎ᠳᠤᠨᠢ ᠬᠦᠷᠭᠡᠬᠦ᠂ ᠵᠣᠬᠢᠶᠠᠨ ᠪᠠᠢᠭᠤᠯᠵᠦ ᠰᠤᠷᠤᠯᠴᠠᠬᠤ ᠵᠢ ᠤᠷᠤᠨ ᠪᠠᠢᠷᠢ᠎ᠳᠤᠨᠢ ᠬᠦᠷᠭᠡᠬᠦ᠂ ᠤᠬᠠᠭᠤᠯᠤᠨ ᠲᠠᠢᠯᠪᠤᠷᠢᠯᠠᠬᠤ᠎ᠶ᠋ᠢ ᠤᠷᠤᠨ ᠪᠠᠢᠷᠢ᠎ᠳᠤᠨᠢ ᠬᠦᠷᠭᠡᠬᠦ ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠬᠠᠢ ᠬᠤᠲᠠ᠎ᠶ᠋ᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠬᠢᠨᠠᠮᠠᠭᠠᠢ ᠵᠣᠬᠢᠶᠠᠨ ᠪᠠᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠲᠥᠪᠯᠡᠷᠡᠭᠦᠯᠦᠨ ᠰᠤᠷᠤᠯᠴᠠᠵᠦ᠍ ᠶᠠᠷᠢᠯᠴᠠᠬᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠵᠡᠷᠭᠡ ᠬᠡᠯᠪᠡᠷᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠳᠠᠷᠤᠢ ᠲᠦᠷᠭᠡᠨ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢᠨ ᠬᠠᠮᠲᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ ᠤᠷᠭᠢᠯᠤᠮ᠎ᠠ ᠰᠡᠳᠭᠢᠯᠭᠡ ᠪᠠ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠤᠢ᠃
ᠲᠦᠷᠦᠭᠦᠬᠡᠨ ᠦᠬᠠᠶ ᠬᠣᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠪᠥᠬᠥ᠌ ᠺᠠᠳ᠋ᠷ ᠠᠵᠢᠯᠲᠠᠨ ᠠᠵᠢᠯᠴᠢᠨ ᠵᠢᠡᠨ ᠵᠣᠬᠢᠶᠠᠨ ᠪᠠᠢᠭᠤᠯᠵᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠰᠭᠠᠶ ᠰᠡᠳᠦᠪᠳᠤ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃ ᠰᠤᠷᠤᠯᠴᠠᠯᠭ᠎ᠠ᠎ᠶ᠋ᠢᠨ ᠳᠤᠮᠳᠠ᠂ ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠯᠸᠺᠲ᠋ᠤᠷ ᠤ᠋ᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠢ ᡁᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠡᠬᠢ ᠱᠢᠨ᠎ᠡ ᠦᠵᠡᠯ ᠰᠠᠨᠠᠭ᠎ᠠ᠂ ᠱᠢᠨ᠎ᠡ ᠨᠤᠲᠠᠯᠠᠯᠲᠠ᠂ ᠱᠢᠨ᠎ᠡ ᠦᠵᠡᠯᠲᠡ᠎ᠳᠦ ᠰᠠᠭᠤᠷᠢᠯᠠᠨ ᠳᠠᠭᠠᠭᠤᠯᠤᠨ ᠰᠤᠷᠤᠯᠴᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ ᠵᠢ ᠥᠩᠭᠡᠷᠡᠭ᠌ᠰᠡᠨ ᠦ ᠰᠤᠷᠤᠯᠴᠠᠯᠭᠠᠲᠠᠶᠪᠠᠨ ᠵᠣᠯᠭᠠᠭᠤᠯᠵᠦ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠬᠤ᠎ᠶ᠋ᠢᠨ ᠬᠠᠮᠲᠤ ᠠᠵᠢᠯ᠎ᠲᠠᠶ᠎ᠪᠠᠨ ᠤᠶᠠᠯᠳᠤᠭᠤᠯᠬᠤ᠎ᠶ᠋ᠢ ᠴᠢᠷᠮᠠᠢᠨ ᠪᠡᠶᠡᠯᠡᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠢᠳᠤᠨᠢ ᠠᠵᠢᠯ᠎ᠤᠨ ᠦᠢᠯᠡᠳᠦᠯᠭᠡ ᠳ᠋ᠡᠬᠡᠨ ᠨᠠᠢᠳᠠᠪᠤᠷᠢᠵᠢᠭᠤᠯᠬᠤ ᠵᠢ ᠰᠠᠨᠠᠭᠠᠴᠢᠯᠠᠪᠠ᠃
ᠨᠢᠭᠡ ᠤᠳᠠᠭᠠᠨ᠎ᠤ ᠭᠦᠨ ᠭᠦᠨᠵᠡᠭᠡᠢ ᠨᠠᠷᠢᠨ ᠨᠢᠮᠪᠠᠢ ᠰᠤᠷᠦᠯᠴᠡᠯᠭ᠎ᠠ ᠪᠡᠷ ᠲᠠᠮᠵᠢᠨᠤᠯᠡᠠᠢᠶᠠᠷᠢᠶᠠᠨ ᠤᠯᠤᠯᠳᠠ ᠲᠦᠭᠦᠷᠡᠡᠭ ᠪᠠᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠡᠭ ᠭᠦᠨᠵᠡᠭᠡᠢ ᠣᠢᠯᠠᠭᠠᠵᠤ᠂ ᠨᠡᠡᠭ ᠲᠣᠳᠣᠷᠬᠠᠢ ᠰᠡᠳᠭᠢᠴᠡ᠎ᠲᠡᠶ ᠪᠣᠯᠵᠠᠢ ᠭᠡᠵᠦ ᠢᠯᠡᠷᠭᠡᠢᠯᠡᠵᠡᠭᠡᠪᠡ᠃
《ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠢ ᠰᠤᠷᠤᠯᠴᠠᠬᠤ ᠰᠦᠯᠵᠢᠶᠠᠨ ᠲᠡᠭᠡᠷ᠎ᠠ ᠲᠡᠮᠳᠡᠭᠯᠡᠬᠦᠯᠬᠦ ᠠᠵᠢᠯᠯᠠᠭ᠎ᠠ᠎ᠶ᠋ᠢ ᠭᠣᠣᠯᠯᠠᠨ ᠡᠷᠬᠢᠯᠡᠵᠦ᠍᠂ ᠬᠠᠮᠲᠤ᠎ᠶ᠋ᠢᠨ ᠰᠤᠷᠤᠯᠴᠠᠯᠭ᠎ᠠ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠂ ᠤᠨᠤᠯ᠎ᠤᠨ ᠰᠤᠳᠤᠯᠤᠨ ᠶᠠᠷᠢᠯᠴᠠᠭ᠎ᠠ᠂ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠂ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠬᠢ ᠵᠡᠷᠭᠡ 〈ᠠᠷᠪᠠᠨ ᠲᠤᠰᠭᠠᠢ ᠰᠡᠳᠦᠪᠳᠤ〉 ᠤᠨᠤᠯ ᠰᠤᠷᠤᠯᠴᠠᠬᠤ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠵᠠᠯᠭᠠᠭ᠎ᠠ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠤᠨᠤᠯ᠎ᠤᠨ ᠰᠤᠷᠤᠯᠴᠠᠯᠭ᠎ᠠ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ᠎ᠤᠨ ᠥᠷᠨᠢᠯᠲᠡ᠎ᠶ᠋ᠢ ᠦᠷᠭᠦᠯᠵᠢᠯᠡᠨ ᠪᠤᠢ ᠪᠣᠯᠭᠠᠨ᠎ᠠ》 ᠭᠡᠵᠦ ᠦᠬᠠᠢ ᠬᠤᠳᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠪᠢᠶᠠᠨ ᠬᠠᠢ ᠫᠸᠩ ᠲᠠᠨᠢᠯᠴᠠᠭᠤᠯᠤᠨ᠎ᠠ᠃
ᠬᠠᠢ᠌ᠷᠤᠪ᠎ᠤᠨ ᠲᠤᠬᠤᠢ ᠲᠣᠭᠣᠷᠢᠭ᠎ᠲᠤ ᠪᠦᠬᠦ᠌ ᠲᠤᠭᠤᠷᠢᠭ ᠤ᠋ᠨ 370 ᠭᠠᠷᠤᠢ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠬᠢᠨ ᠪᠠᠢᠭᠤᠯᠭ᠎ᠠ᠂ ᠨᠡᠢᠭᠡᠮ ᠲᠣᠭᠣᠷᠢᠭ᠂ ᠲᠠᠷᠢᠶᠠᠯᠠᠬᠤ ᠣᠷᠣᠨ᠂ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢᠯᠠᠯ ᠵᠡᠷᠭᠡ ᠠᠳᠠᠯᠢ ᠪᠤᠰᠤ ᠬᠦᠷᠢᠶ᠎ᠠ ᠴᠠᠷᠠᠭᠠᠨ᠎ᠦ ᠨᠠᠮ᠎ᠤᠨ ᠭᠡᠱᠢᠭᠦᠨ᠎ᠦ ᠣᠨᠴᠠᠯᠢᠭ᠎ᠲᠠᠶ ᠤᠶᠠᠯᠳᠤᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ 《ᠤᠯᠠᠨ ᠢᠶᠠᠷ᠎ᠢᠶᠠᠨ ᠤᠩᠱᠢᠬᠤ》᠂ 《ᠤᠯᠠᠨ᠎ᠢᠶᠠᠷ᠎ᠢᠶᠠᠨ ᠶᠠᠷᠢᠯᠴᠠᠬᠤ》᠂ 《ᠤᠯᠠᠨ ᠵᠢᠡᠷ ᠵᠢᠡᠨ ᠲᠡᠯᠭᠡᠨ ᠦᠵᠡᠬᠦᠯᠬᠦ》 ᠵᠡᠷᠭᠡ ᠤᠨᠴᠠᠯᠢᠬ᠍ᠳᠤ ᠰᠤᠷᠤᠯᠴᠠᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ 2200 ᠭᠠᠷᠤᠢ ᠨᠠᠮ᠎ᠤᠨ ᠭᠡᠱᠢᠭᠦᠨ ᠥᠪᠡᠷᠮᠢᠴᠡ ᠣᠨᠴᠠᠯᠢᠭᠪᠥᠬᠥᠢ ᠰᠤᠷᠤᠯᠴᠠᠯᠭ᠎ᠠ᠎ᠶ᠋ᠢᠨ ᠲᠡᠮᠳᠡᠭ᠌ᠯᠡᠯ᠎ᠢᠶᠡᠨ ᠳᠡᠯᠭᠡᠨ ᠦᠵᠡᠭᠦᠯᠵᠦ᠍᠂ 3600 ᠭᠠᠷᠤᠢ ᠨᠠᠮ᠎ᠤᠨ ᠭᠡᠱᠢᠭᠦᠨ ᠰᠤᠷᠤᠯᠴᠠᠯᠭ᠎ᠠ᠎ᠶ᠋ᠢᠨ ᠲᠦᠷᠦᠭ᠌ᠳᠡᠯ᠎ᠢᠶᠡᠨ ᠬᠤᠪᠢᠶᠠᠯᠴᠠᠪᠠ᠃
ᠤᠳᠠ᠎ᠶ᠋ᠢᠨ ᠲᠤᠬᠤᠢ ᠲᠣᠭᠣᠷᠢᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠲᠣᠭᠣᠷᠢᠭ᠎ᠤᠨ ᠨᠠᠮ᠎ᠤᠨ ᠰᠤᠷᠭᠠᠭᠤᠯᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠲᠠᠶ ᠤᠶᠠᠯᠳᠤᠭᠤᠯᠤᠨ᠂ ᠲᠡᠷᠡ ᠳᠠᠷᠤᠢ᠎ᠳᠤ᠎ᠨᠢ ᠪᠦᠬᠦ᠌ ᠣᠷᠣᠨ᠎ᠤ ᠱᠢᠶᠠᠨ᠎ᠤ ᠲᠡᠰ᠎ᠤᠨ ᠤᠳᠤᠷᠢᠳᠭᠤ ᠺᠠᠳ᠋ᠷ᠂ ᠰᠠᠯᠠᠭᠠᠨ ᠲᠡᠰ᠎ᠤᠨ ᠤᠳᠤᠷᠢᠳᠭᠤ ᠺᠠᠳ᠋ᠷ᠎ᠲᠤ ᠰᠦᠯᠵᠢᠶᠡᠨ ᠳᠡᠭᠡᠷᠡᠬᠢ ᠲᠤᠰᠭᠠᠢ ᠮᠡᠷᠭᠡᠵᠢᠯᠲᠡᠨ᠎ᠤ ᠬᠠᠪᠰᠤᠷᠤᠨ ᠵᠢᠯᠣᠭᠣᠳᠭᠤ ᠬᠢᠴᠢᠶᠡᠯ ᠲᠤᠬᠢᠷᠠᠭᠤᠯᠵᠤ᠂ 300 ᠭᠠᠷᠤᠢ ᠨᠠᠮ᠎ᠤᠨ ᠭᠡᠱᠢᠭᠦᠨ ᠺᠠᠳ᠋ᠷ 《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠬᠦᠯᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠶ᠎ᠠ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠠᠷᠢᠮᠳᠠᠯᠠᠵᠤ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠠᠬᠢᠭᠤᠯᠤᠶ᠎ᠠ》 ᠵᠡᠷᠭᠡ ᠰᠡᠳᠦᠪ᠎ᠦᠨ ᠲᠣᠭᠣᠷᠢᠨ᠎ᠳᠤ ᠰᠤᠷᠤᠯᠴᠠᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠡᠵᠡᠮᠳᠡᠪᠡ᠃
ᠡᠨᠡ ᠬᠡᠳᠦᠨ ᠡᠳᠦᠷ ᠬᠠᠢᠨᠠᠨ ᠲᠣᠭᠣᠷᠢᠭ 《ᠠᠮᠢᠵᠢᠷᠠᠯ᠎ᠤᠨ ᠬᠦᠴᠦᠨ᠎ᠲᠡᠶ ᠬᠠᠢᠨᠠᠨ》 ᠵᠢᠷᠬᠢᠢᠡᠶ᠋ᠢᠨ ᠤᠯᠠᠨ ᠨᠡᠢᠲᠡ᠎ᠶ᠋ᠢᠨ ᠲᠠᠪᠴᠠᠩ ᠳ᠋ᠠᠭᠠᠨ ᠷᠠᠳᠢᠣ᠋ ᠨᠡᠪᠲᠡᠷᠡᠭᠦᠯᠭᠡ᠎ᠶ᠋ᠢᠨ ᠱᠢᠷᠢᠰ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠣᠬᠣᠷ ᠸᠢᠳᠢᠣ᠋᠂ ᠠᠪᠢᠶ᠎ᠠ᠎ᠶ᠋ᠢᠨ ᠬᠡᠯᠪᠡᠷᠢ᠎ᠪᠡᠷ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠤ ᠬᠡᠵᠢᠶ᠎ᠡ ᠬᠠᠮᠢᠭ᠎ᠠ ᠪᠦᠷ ᠰᠤᠷᠤᠯᠴᠠᠵᠤ ᠳᠡᠢᠯᠬᠦ ᠵᠢ ᠠᠬᠢᠭᠤᠯᠪᠠ᠃ ᠡᠭᠦᠨ᠎ᠦ ᠬᠠᠮᠲᠤ《ᠲᠠᠪᠤᠨ ᠨᠢᠭᠡ》 ᠶ᠋ᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠰᠦᠯᠵᠢᠶᠡᠨ ᠳᠡᠭᠡᠷ᠎ᠡ ᠲᠡᠮᠳᠡᠭᠯᠡᠬᠦᠯᠬᠦ ᠠᠵᠢᠯᠯᠠᠭ᠎ᠠ᠎ᠥᠷᠨᠢᠭᠦᠯᠵᠦ᠍᠂ ᠡᠳᠦᠷ ᠪᠦᠷᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠦᠨ ᠠᠯᠲᠠᠨ ᠪᠠᠳᠠᠭ᠎ᠢ ᠤᠩᠱᠢᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠢ ᠰᠤᠷᠤᠯᠴᠠᠭ᠍ᠰᠠᠨ ᠣᠯᠤᠯᠲᠠ ᠲᠥᠷᠥᠭ᠌ᠳᠡᠯ ᠪᠢᠴᠢᠬᠦ ᠵᠡᠷᠭᠡ᠎ᠪᠡᠷ ᠳᠠᠮᠵᠢᠭᠤᠯᠤᠨ᠂ ᠠᠳᠠᠯᠢᠳᠭᠠᠬᠤ ᠰᠤᠷᠤᠯᠴᠠᠬᠤ ᠭᠦᠢᠴᠡᠬᠦ᠌ ᠳᠠᠪᠠᠬᠤ ᠦᠳᠭᠡᠨ ᠵᠤᠵᠠᠭᠠᠨ ᠤᠷᠴᠢᠨ ᠢ᠋ ᠪᠤᠢ ᠪᠣᠯᠭᠠᠪᠠ᠃
ᠦᠬᠠᠢ ᠬᠤᠳᠠ᠎ᠶ᠋ᠢᠨ ᠦᠨᠳᠦᠰᠦᠨ ᠱᠠᠲᠤᠨ᠎ᠤ ᠨᠡᠢᠭᠡᠮ ᠲᠣᠭᠣᠷᠢᠭ ᠂ ᠲᠠᠷᠢᠶᠠᠯᠠᠬᠤ ᠣᠷᠣᠨ᠎ᠳᠤ᠂ ᠭᠠᠵᠠᠷ ᠪᠣᠯᠭᠠᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠪᠠᠢᠭ᠎ᠠ ᠦᠵᠡᠭ᠌ᠳᠡᠯ ᠬᠠᠷᠠᠭ᠍ᠳᠠᠨ᠎ᠠ᠃ ᠤᠳᠠ᠎ᠶ᠋ᠢᠨ ᠲᠤᠬᠤᠢ ᠲᠣᠭᠣᠷᠢᠭ᠎ᠤᠨ ᠶᠦᠩ ᠴᠠᠩ ᠵᠢᠶᠠ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ ᠵᠢᠡᠨ ᠵᠣᠬᠢᠶᠠᠨ ᠪᠠᠢᠭᠤᠯᠵᠤ ᠰᠤᠷᠤᠯᠴᠠᠯᠭ᠎ᠠ ᠵᠢᠨ ᠬᠦᠴᠦᠷᠭᠡᠭ ᠤᠯᠤᠰ App᠂ ᠨᠡᠢᠭᠡᠮ ᠲᠣᠭᠣᠷᠢᠭ᠎ᠤᠨ ᠵᠢᠷᠬᠢᠢᠡᠶ᠋ᠢᠨ ᠬᠣᠯᠪᠣᠭ᠎ᠠ ᠵᠡᠷᠭᠡ ᠲᠠᠪᠴᠠᠩ ᠵᠢᠡᠷ ᠳᠠᠮᠵᠢᠨ᠂ ᠰᠦᠯᠵᠢᠶᠡᠨ ᠳᠡᠭᠡᠷ᠎ᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠤᠢᠯᠠᠭᠠᠯᠳᠠ ᠲᠦᠷᠦᠭ᠌ᠳᠡᠯ᠎ᠢᠶᠡᠨ ᠬᠤᠪᠢᠶᠠᠯᠴᠠᠪᠠ᠃ ᠬᠠᠢᠨᠠᠨ ᠲᠣᠭᠣᠷᠢᠭ᠎ᠤᠨ ᠰᠠᠢᠬᠠᠠᠠᠤᠰᠤ ᠲᠣᠰᠭᠣᠨ᠎ᠳᠤ ᠶᠠᠪᠤᠭ᠍ᠳᠠᠭ᠍ᠰᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠬᠤᠷᠠᠯ ᠳᠡᠭᠡᠷ᠎ᠡ᠂ ᠲᠣᠰᠭᠣᠨ᠎ᠤ ᠺᠠᠳ᠋ᠷ ᠲᠣᠰᠭᠣᠨ᠎ᠤ ᠠᠷᠠᠳ᠎ᠲᠠᠶ ᠬᠠᠮᠲᠤ ᠢᠯᠡᠳᠭᠡᠯ ᠢ᠋ ᠰᠤᠷᠤᠯᠴᠠᠴᠤ᠌᠂ ᠬᠤᠪᠢᠷᠠᠯᠲᠠ᠎ᠶ᠋ᠢ ᠶᠠᠷᠢᠵᠤ᠂ ᠵᠢᠷᠭᠠᠯᠳᠤ ᠠᠮᠢᠳᠤᠷᠠᠯ ᠵᠢᠡᠨ ᠲᠦᠰᠦᠪᠯᠡᠨ᠎ᠡ᠃ 《ᠪᠢᠳᠠ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠲᠠᠢ᠌ᠴᠢᠨ ᠪᠡᠬᠢᠯᠡᠯᠲᠡ ᠪᠣᠯᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠬᠦᠴᠦᠨ᠎ᠢᠶᠡᠷ ᠵᠢᠡᠨ ᠠᠬᠢᠭᠤᠯᠵᠤ᠂ ᠲᠣᠰᠭᠣᠨ᠎ᠤ ᠠᠷᠠᠳ᠎ᠲᠤ ᠨᠡᠩ ᠤᠯᠠᠨ ᠠᠵᠢᠯ ᠣᠯᠭᠣᠬᠤ ᠂ ᠦᠢᠯᠡᠰ ᠪᠤᠰᠭᠠᠬᠤ ᠠᠵᠠ ᠲᠣᠬᠢᠶᠠᠯ ᠬᠠᠩᠭᠠᠵᠦ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠬᠦᠭᠵᠢᠭᠦᠯᠵᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠦ ᠬᠦᠴᠦᠨ ᠴᠢᠳᠡᠯ ᠨᠡᠮᠡᠷᠢᠯᠡᠨ᠎ᠡ》 ᠭᠡᠵᠦ ᠰᠠᠢᠬᠠᠠᠠᠤᠰᠤ ᠲᠣᠰᠭᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠵᠠᠩ ᠲᠢᠩ ᠲᠣᠰᠭᠣᠨ᠎ᠤ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠲᠤᠬᠠᠶ ᠳᠣᠭ᠍ᠳᠣᠯᠤᠭ᠍ᠰᠠᠨ ᠰᠡᠳᠭᠢᠯ ᠵᠢᠡᠨ ᠳᠠᠷᠤᠵᠤ ᠶᠠᠳᠠᠨ ᠬᠡᠯᠡᠪᠡ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠤᠬᠠᠭᠤᠯᠤᠨ ᠲᠠᠢᠯᠪᠤᠷᠢᠯᠠᠬᠤ ᠠᠵᠢᠯ᠎ᠢ ᠦᠨᠡᠨ ᠬᠦ᠌ ᠰᠠᠢᠲᠤᠷ ᠬᠢᠬᠦ᠌᠎ᠶ᠋ᠢᠨ ᠲᠥᠯᠥᠭᠡ᠂ ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ ᠤᠢ᠍ᠢᠷ᠎ᠠ ᠳ᠋ᠤ ᠪᠦᠬᠦ᠌ ᠬᠤᠲᠠ᠎ᠶ᠋ᠢᠨ ᠲᠦᠷᠦᠯ ᠪᠦᠯᠦᠭ ᠬᠤᠪᠢᠶᠠᠬᠰᠠᠨ 100 ᠱᠢᠬᠠᠮ ᠤᠬᠠᠭᠤᠯᠤᠨ ᠲᠠᠢᠯᠪᠤᠷᠢᠯᠠᠬᠤ ᠠᠩᠬᠢ᠎ᠶ᠋ᠢᠨ ᠪᠦᠷᠢᠯᠳᠦᠬᠦᠨ ᠵᠢᠡᠨ ᠴᠤᠭ᠍ᠯᠠᠭᠤᠯᠤᠨ ᠰᠦᠯᠵᠢᠶᠡᠨ ᠳᠡᠭᠡᠷᠡᠬᠢ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ ᠬᠢᠵᠦ᠍᠂ ᠤᠳᠠᠯ ᠦᠭᠡᠢ ᠡᠬᠢᠯᠡᠬᠦ᠌ ᠪᠡᠷ ᠪᠠᠢᠭ᠎ᠠ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠳᠤ ᠭᠦᠢᠴᠡᠳ ᠪᠡᠯᠡᠳᠭᠡᠯ ᠬᠢᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠡᠷᠦᠬᠡ ᠪᠤᠯᠭᠠᠨ᠎ᠳᠤ ᠳᠠᠮᠵᠢᠭᠤᠯᠵᠦ ᠬᠥᠮᠦᠨ ᠪᠦᠬᠦᠨ᠎ᠳᠦ ᠤᠯᠠᠮᠵᠢᠯᠠᠵᠦ᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ ᠪᠡᠷ ᠴᠢᠷᠮᠠᠢᠵᠦ ᠪᠠᠢᠨ᠎ᠠ᠃