— ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ
ᠥᠪᠥᠷ ᠮᠣᠩᠭᠣᠯ᠎ᠤᠨ ᠬᠤᠪᠢ ᠨᠡᠮᠡᠷᠢ ᠪᠡᠨ ᠦᠵᠡᠭᠦᠯᠰᠤᠭᠡᠢ ⑩
【 ᠢᠯᠡᠳᠭᠡᠯ ᠢ᠋ ᠰᠤᠷᠤᠯᠴᠠᠶ᠎ᠠ 】
ᠪᠢᠳᠡ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ ᠂ ᠠᠭᠤᠯᠠ ᠤᠰᠤ ᠣᠶ ᠮᠣᠳᠣ ᠲᠡᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠡᠭ᠌ᠬᠠᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ ᠂ ᠠᠵᠤ ᠦᠶ᠋ᠯᠡᠰ᠎ᠦᠨ ᠪᠦᠲᠦᠴᠡ᠎ᠶ᠋ᠢ ᠲᠣᠬᠢᠷᠠᠭᠤᠯᠬᠤ᠂ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠶ᠎ᠶ᠋ᠢ ᠬᠠᠮᠠᠭᠠᠯᠠᠬᠤ ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍ ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬ᠍ᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭᠳᠡᠯ᠎ᠢ ᠪᠠᠳᠤᠯᠠᠬᠤ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ᠂ ᠠᠷᠪᠢᠴᠢ ᠡᠷᠴᠢᠮᠯᠢᠭ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃
ᠪᠦᠬᠦ᠌ ᠲᠠᠯ᠎ᠠ᠎ᠪᠠᠷ ᠠᠷᠪᠢᠯᠠᠨ ᠭᠠᠮᠨᠠᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠡᠯ᠎ᠡ ᠲᠦᠷᠦᠯ᠎ᠦᠨ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠵᠤ᠂ ᠬᠠᠶᠠᠭ᠍ᠳᠠᠮᠠᠯ ᠪᠣᠳᠠᠰ᠎ᠢ ᠡᠷᠭᠢᠯᠳᠦᠬᠦᠯᠦᠨ ᠠᠱᠢᠭ᠍ᠯᠠᠬᠤ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃
【 ᠤᠳᠤᠷᠢᠳᠭᠠᠯ 】
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠃ ᠡᠬᠢ ᠪᠠᠶᠠᠯᠢᠭ᠎ᠢ ᠪᠦᠬᠦ᠌ ᠲᠠᠯ᠎ᠠ᠎ᠪᠠᠷ ᠠᠷᠪᠢᠯᠠᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠢᠪᠠᠰᠤ ᠵᠣᠬᠢᠬᠤ ᠠᠭᠤᠯᠭ᠎ᠠ ᠮᠥᠨ᠃ ᠥᠪᠥᠷ ᠮᠣᠩᠭᠣᠯ ᠪᠣᠯ ᠡᠬᠢ ᠪᠠᠶᠠᠯᠢᠭ᠎ᠤᠨ ᠲᠣᠮᠣ ᠣᠷᠣᠨ ᠮᠥᠨ᠂ ᠭᠡᠪᠡᠴᠦ᠍ ᠡᠬᠢ ᠪᠠᠶᠠᠯᠢᠭ᠎ᠢ ᠠᠪᠤᠭᠠᠳ ᠪᠠᠷᠠᠰᠢ ᠥᠬᠡᠶ᠂ ᠬᠡᠷᠡᠭ᠌ᠯᠡᠭᠡᠳ ᠳᠠᠭᠤᠰᠤᠰᠢ ᠥᠬᠡᠶ ᠪᠢᠰᠢ ᠶᠤᠮ᠂ ᠬᠡᠷᠪᠡ ᠰᠠᠢᠲᠤᠷ ᠠᠷᠪᠢᠯᠠᠨ ᠭᠠᠮᠨᠠᠬᠤ ᠥᠬᠡᠶ᠂ ᠪᠦᠷᠢᠯᠭᠡᠨ ᠰᠦᠶ᠋ᠳᠭᠡᠬᠦ᠌᠎ᠶ᠋ᠢ ᠡᠰᠡᠷᠭᠦᠴᠡᠬᠦ᠌ ᠥᠬᠡᠶ ᠪᠣᠯ ᠬᠡᠳᠦᠶ ᠵᠤᠵᠠᠭᠠᠨ 《ᠬᠥᠷᠥᠩᠭᠡ》 ᠪᠠᠢᠭ᠍ᠰᠠᠨ ᠴᠤ᠌ ᠪᠦᠷᠢᠯᠭᠡᠨ ᠰᠦᠶ᠋ᠳᠭᠡᠬᠦ᠌᠎ᠶ᠋ᠢ ᠳᠠᠭᠠᠭᠠᠬᠤ ᠥᠬᠡᠶ ᠶᠤᠮ᠃ ᠠᠷᠪᠢᠯᠠᠨ ᠭᠠᠮᠨᠠᠬᠤ ᠪᠣᠯ ᠪᠠᠢᠯᠳᠤᠬᠤ ᠪᠤᠳᠤᠯᠭ᠎ᠠ ᠮᠥᠨ᠂ ᠨᠡᠩ ᠴᠤ᠌ ᠠᠵᠢᠯᠯᠠᠭ᠎ᠠ ᠮᠥᠨ᠂ ᠪᠢᠳᠡ ᠬᠠᠮᠤᠭ᠎ᠤᠨ ᠪᠠᠭ᠎ᠠ ᠡᠬᠢ ᠪᠠᠶᠠᠯᠢᠭ᠎ᠤᠨ ᠣᠷᠣᠭᠤᠯᠤᠯᠲᠠ᠎ᠪᠠᠷ ᠬᠠᠮᠤᠭ᠎ᠤᠨ ᠶᠡᠬᠡ ᠠᠵᠤ ᠠᠬᠤᠢ ᠨᠡᠢᠭᠡᠮ᠎ᠦᠨ ᠦᠷ᠎ᠡ ᠠᠱᠢᠭ᠎ᠢ ᠰᠣᠯᠢᠵᠤ ᠠᠪᠴᠢᠷᠠᠬᠤ᠎ᠪᠠᠷ ᠴᠢᠷᠮᠠᠢᠬᠤ ᠬᠡᠷᠡᠭ᠌ᠲᠡᠢ᠃
ᠬᠢᠨᠡᠨ ᠵᠥᠪᠱᠢᠶᠡᠷᠡᠬᠦᠯᠬᠦ᠌ ᠪᠡᠷ ᠪᠠᠢᠭ᠎ᠠ ᠲᠥᠷᠥᠯ ᠵᠦᠶ᠋ᠯ᠂ ᠰᠤᠯᠠ ᠲᠠᠯᠪᠢᠬᠳᠠᠵᠦ ᠪᠠᠢ᠌ᠭ᠎ᠠ ᠭᠠᠵᠠᠷ ᠱᠢᠷᠣᠶ ᠂ ᠲᠤᠨᠤᠮᠠᠯ ᠪᠠᠯᠠ ᠮᠥᠩᠭᠥ᠌ ᠂ 《 ᠬᠠᠭᠠᠰ ᠳᠤᠲᠠᠭᠤ ᠤᠷᠬᠢᠬ᠍ᠰᠠᠨ 》 ᠪᠠᠷᠢᠯᠭ᠎ᠠ ᠂ ᠨᠡᠭᠡᠭᠡᠯᠲᠡ᠎ᠶ᠋ᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠡᠷᠭᠡ 《 ᠲᠠᠪᠤ ᠵᠢ ᠲᠦᠢᠯᠪᠤᠷᠢᠳᠠᠢ ᠪᠠᠢ᠌ᠴᠠᠭᠠᠬᠤ》ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠲᠤᠬ᠍ᠳᠠᠭᠠᠬ᠍ᠰᠠᠨ ᠴᠢᠬᠤᠯᠠ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠᠢ᠌ᠵᠤ᠂ ᠡᠨᠡ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠡᠬᠢ ᠪᠠᠶᠠᠯᠢᠭ᠎ᠤᠨ ᠬᠦᠴᠦᠨ ᠵᠦᠶ᠋ᠯ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ ᠡᠷᠡᠰ ᠵᠣᠷᠢᠭ ᠪᠠ ᠪᠣᠳᠠᠲᠠᠶ᠎ᠶ᠋ᠢ ᠡᠷᠬᠢᠮᠯᠡᠬᠦ᠌ ᠣᠪᠣᠷ᠎ᠢ ᠢᠯᠡᠷᠡᠭᠦᠯᠵᠦ᠍᠂ ᠮᠠᠨ᠎ᠤ ᠣᠷᠣᠨ᠎ᠤ ᠠᠵᠤ ᠠᠬᠤᠶ᠎ᠶ᠋ᠢᠨ ᠠᠵᠢᠯ᠎ᠳᠤ ᠤᠷᠳᠤ ᠬᠤᠭᠤᠴᠠᠭ᠎ᠠ ᠪᠡᠷ ᠤᠷᠤᠱᠢᠬ᠍ᠰᠠᠭᠠᠷ ᠢᠷᠡᠭ᠌ᠰᠡᠨ ᠲᠣᠪᠣᠢᠮ᠎ᠠ ᠬᠡᠮ ᠰᠣᠭᠣᠭ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠨᠥᠯᠥᠭᠡᠯᠡᠭᠰᠡᠭᠡᠷ ᠢᠷᠡᠭ᠌ᠰᠡᠨ ᠰᠢᠢᠳᠪᠦᠷᠢᠯᠡᠭᠳᠡᠭᠡ ᠦᠬᠡᠢ ᠠᠰᠠᠭᠤᠳᠠᠯ᠎ᠳᠤ ᠴᠢᠭ᠌ᠯᠡᠭᠦᠯᠦᠨ ᠭᠠᠷᠭᠠᠬ᠍ᠰᠠᠨ ᠨᠢᠭᠡᠨ ᠰᠠᠢᠨ ᠠᠷᠭ᠎ᠠ ᠬᠡᠮᠵᠢᠶ᠎ᠠ ᠪᠣᠯᠵᠠᠶ᠃
《ᠲᠠᠪᠤ ᠵᠢ ᠲᠦᠢᠯᠪᠤᠷᠢᠳᠠᠢ ᠪᠠᠢ᠌ᠴᠠᠭᠠᠬᠤ》 ᠠᠵᠢᠯᠯᠠᠭ᠎ᠠ ᠶ᠋ᠢ ᠥᠷᠨᠢᠭᠦᠯᠦᠭ᠌ᠰᠡᠨ᠎ᠡᠴᠡ ᠨᠠᠭᠠᠰᠢ ᠂ ᠪᠥᠬᠥ᠌ ᠣᠷᠣᠨ᠎ᠤ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ᠎ᠦᠨ᠎ᠬᠢᠨ ᠴᠢᠨᠠᠷ ᠰᠠᠢᠲᠠᠶ ᠬᠥᠭ᠌ᠵᠢᠯᠲᠡ᠎ᠪᠡᠷ ᠬᠠᠷᠠᠯᠲᠠ ᠪᠣᠯᠭᠠᠵᠤ᠂ ᠪᠠᠭᠤᠷᠠᠶ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠵᠠᠩᠭᠢᠯᠠᠭ᠎ᠠ᠎ᠶ᠋ᠢ ᠣᠨᠣᠪᠴᠢᠲᠠᠶ ᠡᠷᠢᠵᠦ᠍᠂ ᠮᠠᠨ᠎ᠤ ᠣᠷᠣᠨ᠎ᠤ ᠠᠵᠤ ᠠᠬᠤᠶ᠎ᠶ᠋ᠢᠨ ᠬᠦᠷᠢᠶᠡᠨ᠎ᠳᠦ ᠣᠷᠳᠣ ᠬᠤᠭᠤᠴᠠᠭ᠎ᠠ᠎ᠪᠠᠷ ᠣᠷᠣᠱᠢᠬ᠍ᠰᠠᠭᠠᠷ ᠢᠷᠡᠭ᠌ᠰᠡᠨ ᠶᠠᠰᠤ ᠴᠢᠨᠠᠷ ᠳᠤᠤᠷ᠎ᠠ ᠦᠷ᠎ᠡ ᠠᠱᠢᠭ ᠳᠤᠤᠷ᠎ᠠ ᠂ ᠰᠤᠯᠠ ᠪᠠᠢ᠌ᠯᠭᠠᠵᠤ ᠪᠦᠷᠢᠯᠭᠡᠨ ᠰᠦᠶ᠋ᠳᠭᠡᠬᠦ᠌ ᠠᠰᠠᠭᠤᠳᠠᠯ᠎ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠨᠠᠩ ᠬᠦᠪᠴᠢᠯᠡᠵᠦ᠂ ᠠᠯᠬᠤᠮ᠎ᠢ ᠨᠠᠩ ᠲᠣᠭ᠍ᠲᠠᠭᠤᠨ ᠪᠣᠯᠭᠠᠵᠤ ᠂ ᠬᠥᠳᠡᠯᠭᠡᠬᠦ᠌ ᠬᠦᠴᠦᠨ᠎ᠢ ᠨᠠᠩ ᠴᠢᠩᠭᠠᠷᠠᠭᠤᠯᠵᠠᠶ᠃
ᠬᠡᠷᠬᠢᠨ 《ᠲᠠᠪᠤ ᠵᠢ ᠲᠦᠢᠯᠪᠤᠷᠢᠳᠡᠢ ᠪᠠᠢ᠌ᠴᠠᠭᠠᠬᠤ》 ᠠᠵᠢᠯᠯᠠᠭ᠎ᠠ ᠶ᠋ᠢ ᠭᠦᠨᠵᠡᠭᠡᠶ ᠠᠬᠢᠭᠤᠯᠵᠤ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢ ᠨᠠᠩ ᠠᠷᠪᠢᠴᠢ ᠡᠷᠴᠢᠮᠯᠢᠭ ᠥᠨᠳᠥᠷ ᠪᠦᠲᠦᠮᠵᠢᠲᠡᠶ ᠪᠣᠯᠭᠠᠬᠤ ᠪᠣᠶ? ᠥᠨᠥᠳᠦᠷ ᠂ ᠪᠢᠳᠡ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠪᠣᠯᠤᠨ ᠦᠨᠳᠦᠰᠦᠨ ᠱᠠᠲᠤᠨ᠎ᠤ ᠺᠠᠳ᠋ᠷ ᠂ ᠬᠠᠮᠢᠶ᠎ᠠ ᠪᠥᠬᠥᠶ ᠲᠤᠰᠭᠠᠶ ᠮᠡᠷᠭᠡᠵᠢᠯᠲᠡᠨ᠎ᠢ ᠤᠷᠢᠵᠤ ᠂ ᠲᠡᠳᠡᠨᠤᠰ᠎ᠤᠨ ᠲᠠᠷᠠᠭᠠᠴᠢ᠎ᠶ᠋ᠢᠨ ᠠᠯᠬᠤᠮ᠎ᠳᠤ ᠶᠠᠭᠠᠬᠢᠵᠤ ᠬᠢᠬᠦ᠌ ᠲᠤᠬᠠᠢ ᠶᠠᠷᠢᠬᠤ ᠶ᠋ᠢ ᠰᠤᠨᠤᠰᠤᠶ᠎ᠠ᠃
【 ᠶᠠᠷᠢᠯᠴᠠᠭ᠎ᠠ 】
《 ᠲᠡᠭᠡᠭᠡᠷ᠎ᠡ ᠳᠠᠷᠤᠭᠠᠰᠤ 》 ᠶ᠋ᠢ ᠡᠳ᠋ ᠪᠠᠶᠠᠯᠢᠭ ᠪᠤᠯᠭᠠᠨ ᠬᠤᠪᠢᠷᠠᠭᠤᠯᠪᠠ
《ᠪᠥᠬᠥ᠌ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠱᠢᠰᠲ᠋ᠧᠮ᠎ᠦᠨ᠎ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠬᠢᠨᠡᠨ ᠵᠦᠪᠱᠢᠶᠡᠷᠡᠬᠦᠯᠬᠦ᠌ ᠪᠡᠷ ᠪᠠᠢ᠌ᠭ᠎ᠠ ᠲᠦᠷᠤᠯ ᠵᠦᠢᠯ᠎ᠢ ᠲᠦᠢᠯᠪᠤᠷᠢᠳᠠᠢ ᠪᠠᠢ᠌ᠴᠠᠭᠠᠬᠤ ᠪᠠ 〈ᠬᠠᠭᠠᠰ ᠳᠤᠲᠠᠭᠤ ᠤᠷᠬᠢᠬ᠍ᠰᠠᠨ〉ᠪᠠᠷᠢᠯᠭ᠎ᠠ ᠵᠢ ᠲᠦᠢᠯᠪᠤᠷᠢᠳᠠᠢ ᠪᠠᠢ᠌ᠴᠠᠭᠠᠬᠤ ᠬᠣᠶᠠᠷ ᠵᠦᠶ᠋ᠯ᠎ᠦᠨ ᠠᠵᠢᠯᠯᠠᠭ᠎ᠠ᠎ᠶ᠋ᠢ ᠲᠦᠷᠦᠭᠦᠯᠡᠨ ᠬᠢᠬᠦ᠌ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠶ᠋ᠴᠡᠳᠭᠡᠵᠦ᠍᠂ ᠵᠥᠪᠱᠢᠶᠡᠷᠡᠬᠦ᠌ ᠶᠣᠰᠣᠲᠠᠶ᠎ᠶ᠋ᠢ᠎ᠨᠢ ᠪᠦᠬᠦᠨ᠎ᠢ ᠵᠥᠪᠱᠢᠶᠡᠷᠡᠵᠦ᠍᠂ ᠲᠦᠷᠭᠡᠨ ᠱᠢᠶ᠋ᠳᠪᠦᠷᠢᠯᠡᠨ ᠲᠦᠷᠭᠡᠨ ᠳᠠᠭᠤᠰᠭᠠᠵᠤ᠂ ᠢᠴᠡᠭᠡᠯᠡᠭ᠌ᠰᠡᠨ ᠲᠥᠷᠥᠯ ᠵᠦᠶ᠋ᠯ᠎ᠢ ᠲᠦᠷᠭᠡᠬᠡᠨ ᠠᠮᠢᠯᠠᠭᠤᠯᠵᠤ ᠂ 〈ᠲᠡᠭᠡᠭᠡᠷ᠎ᠡ ᠳᠠᠷᠤᠭᠠᠰᠤ〉 ᠶ᠋ᠢ ᠡᠳ᠋ ᠪᠠᠶᠠᠯᠢᠬ ᠪᠤᠯᠭᠠᠨ ᠬᠤᠪᠢᠷᠠᠭᠤᠯᠤᠨ᠎ᠠ᠃ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠢᠵᠢᠯᠢ ᠠᠯᠬᠤᠮ ᠵᠢᠡᠷ ᠪᠠᠢᠭᠤᠯᠵᠤ᠂ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠤᠯᠭᠠᠨ᠂ ᠠᠰᠠᠭᠤᠳᠠᠯ ᠲᠠᠬᠢᠨ ᠦᠯᠦ ᠭᠠᠷᠬᠤ ᠵᠢ ᠪᠠᠷᠢᠮᠳᠠᠯᠠᠨ᠎ᠠ》ᠬᠡᠵᠤ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠭᠦᠩ ᠮᠢᠩ ᠵᠦ᠍ ᠢᠯᠡᠳᠭᠡᠪᠡ᠃
ᠲᠦᠢᠯᠪᠤᠷᠢᠳᠠᠢ ᠪᠠᠢ᠌ᠴᠠᠭᠠᠬᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠱᠢᠰᠲ᠋ᠧᠮ ᠤᠨ ᠭᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠠᠷᠯᠢᠭ᠎ᠢ ᠰᠣᠨᠣᠰᠤᠮᠠᠭ᠍ᠴᠠ ᠬᠥᠳᠡᠯᠦᠯᠴᠡᠵᠦ᠍ ᠂ ᠲᠥᠰᠦᠯ᠎ᠦᠨ ᠱᠠᠭᠠᠷᠳᠠᠯᠭ᠎ᠠ ᠶᠣᠰᠣᠭᠠᠷ ᠴᠠᠭ᠎ᠤᠨ ᠬᠢᠵᠠᠭᠠᠷ᠎ᠤᠨ ᠪᠠᠷᠢᠮᠵᠢᠶ᠎ᠠ᠎ᠶ᠋ᠢ ᠦᠳᠲᠡᠷ ᠲᠦᠷᠭᠡᠨ ᠴᠢᠩᠭ᠎ᠠ ᠠᠩᠬᠠᠷᠴᠤ᠌᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠤᠨ᠂ ᠪᠥᠬᠥ᠌ ᠲᠠᠯ᠎ᠠ᠎ᠪᠠᠷ ᠡᠴᠦᠰ᠎ᠲᠦᠨᠢ ᠲᠤᠯᠲᠠᠯ᠎ᠠ ᠬᠢᠬᠦ᠌ ᠂ ᠣᠨᠣᠴᠠᠲᠠᠶ᠎ᠪᠠᠷ ᠲᠥᠷᠥᠯ ᠬᠤᠪᠢᠶᠠᠬᠤ᠂ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠬᠦ᠌ ᠂ ᠥᠨᠳᠥᠷ ᠪᠠᠷᠢᠮᠵᠢᠶ᠎ᠠ᠎ᠪᠠᠷ ᠱᠢᠶ᠋ᠳᠪᠦᠷᠢᠯᠡᠬᠦ᠌᠎ᠶ᠋ᠢ ᠦᠨᠡᠨ ᠬᠦ᠌ ᠪᠡᠶᠡᠯᠡᠭᠦᠯᠵᠦ᠍᠂ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠣᠳᠣᠬᠠᠨ ᠪᠣᠯᠲᠠᠯ᠎ᠠ᠂ ᠬᠢᠨᠠᠨ ᠵᠥᠪᠱᠢᠶᠡᠷᠡᠬᠦᠯᠬᠦ᠌ᠪᠡᠷ ᠪᠠᠢᠭ᠎ᠠ ᠲᠥᠷᠥᠯ ᠵᠦᠶ᠋ᠯ᠎ᠢ ᠲᠦᠢᠯᠪᠤᠷᠢᠳᠠᠢ ᠪᠠᠢ᠌ᠴᠠᠭᠠᠬᠤ᠎ᠳᠤ ᠵᠥᠪᠱᠢᠶᠡᠷᠡᠬᠦᠯᠬᠦ᠌ᠪᠡᠷ ᠪᠠᠢᠭ᠎ᠠ ᠪᠠ ᠨᠥᠬᠥᠨ ᠵᠥᠪᠱᠢᠶᠡᠷᠡᠬᠦᠯᠬᠦ᠌ ᠬᠣᠶᠠᠷ ᠳᠡᠪᠲᠡᠷ ᠡᠬᠡ ᠲᠠᠩᠰᠠ᠎ᠶ᠋ᠢ ᠪᠠᠢᠭᠤᠯᠪᠠ᠂ ᠡᠭᠦᠨ᠎ᠳᠦ᠄ ᠵᠥᠪᠱᠢᠶᠡᠷᠡᠬᠦᠯᠬᠦ᠌ᠪᠡᠷ ᠪᠠᠢᠭ᠎ᠠ ᠡᠬᠡ ᠲᠠᠩᠰᠠ᠎ᠳᠤ ᠤᠷᠤᠭᠤᠯᠤᠭᠰᠠᠨ ᠲᠥᠷᠥᠯ ᠵᠦᠶ᠋ᠯ 8061᠂ ᠬᠢᠨᠠᠨ ᠵᠥᠪᠱᠢᠶᠡᠷᠡᠬᠦ᠌᠎ᠳᠤ ᠬᠤᠯᠪᠤᠭᠳᠠᠭᠰᠠᠨ ᠵᠦᠢᠯ 18126 ᠂ ᠨᠢᠭᠡᠨᠲᠡ 14936 ᠶ᠋ᠢ᠎ᠨᠢ ᠱᠢᠶ᠋ᠳᠪᠦᠷᠢᠯᠡᠨ ᠳᠠᠭᠤᠰᠭᠠᠵᠤ ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 82.4% ᠳ᠋ᠤ ᠬᠦᠷᠴᠡᠶ; ᠨᠥᠬᠥᠨ ᠵᠥᠪᠱᠢᠶᠡᠷᠡᠬᠦᠯᠬᠦ᠌ ᠡᠬᠡ ᠲᠠᠩᠰᠠ᠎ᠳᠤ ᠤᠷᠤᠭᠤᠯᠤᠭᠰᠠᠨ ᠲᠥᠷᠥᠯ ᠵᠦᠶ᠋ᠯ 1265᠂ ᠬᠢᠨᠠᠨ ᠵᠥᠪᠱᠢᠶᠡᠷᠡᠬᠦ᠌᠎ᠳᠤ ᠬᠤᠯᠪᠤᠭᠳᠠᠭᠰᠠᠨ ᠵᠦᠢᠯ1951ᠪᠠᠢᠵᠤ ᠂ ᠨᠢᠭᠡᠨᠲᠡ 1642᠎ᠢ ᠨᠢ ᠱᠢᠶ᠋ᠳᠪᠦᠷᠢᠯᠡᠨ ᠳᠠᠭᠤᠰᠭᠠᠵᠤ᠂ ᠰᠢᠢᠳᠪᠦᠷᠢᠯᠡᠵᠦ ᠳᠠᠭᠤᠰᠭᠠᠭ᠍ᠰᠠᠨ ᠨᠣᠷᠮ᠎ᠠ 84.16% ᠳ᠋ᠤ ᠬᠦᠷᠴᠡᠶ᠃ 《 ᠬᠠᠭᠠᠰ ᠳᠤᠲᠠᠭᠤ ᠤᠷᠬᠢᠬ᠍ᠰᠠᠨ 》ᠪᠠᠷᠢᠯᠭ᠎ᠠ ᠵᠢ ᠲᠦᠢᠯᠪᠤᠷᠢᠳᠠᠢ ᠪᠠᠢ᠌ᠴᠠᠭᠠᠬᠤ ᠡᠭᠡ ᠲᠠᠩᠰᠠ᠎ᠳᠤ ᠤᠷᠤᠭᠤᠯᠤᠭᠰᠠᠨ ᠲᠥᠷᠥᠯ ᠵᠦᠶ᠋ᠯ 387 ᠪᠠᠢᠵᠤ ᠂ ᠨᠢᠭᠡᠨᠲᠡ 53 ᠲᠥᠷᠥᠯ ᠵᠦᠶ᠋ᠯ᠎ᠢ ᠨᠢ ᠠᠮᠢᠳᠤᠯᠢᠭ ᠪᠣᠯᠭᠠᠪᠠ᠃
ᠬᠦᠩ ᠮᠢᠩ ᠵᠦ᠍ ᠵᠢᠨ ᠶᠠᠷᠢᠬᠤ ᠪᠡᠷ᠂ ᠳᠠᠷᠠᠭᠠᠴᠢ᠎ᠶ᠋ᠢᠨ ᠠᠯᠬᠤᠮ᠎ᠳᠤ ᠂ ᠪᠦᠬᠦ᠌ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠱᠢᠰᠲᠸᠮ᠎ᠤᠨ ᠬᠢᠨ ᠡᠬᠡ ᠲᠠᠩᠰᠠ᠎ᠶ᠋ᠢᠨ ᠳᠣᠲᠣᠷᠠᠬᠢ ᠲᠦᠷᠦᠯ ᠵᠦᠢᠯ᠎ᠦᠨ ᠳ᠋ᠤᠭᠠᠷ᠎ᠢ ᠬᠠᠰᠤᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠶᠡᠬᠡ ᠬᠡᠪᠴᠢᠶᠡᠨ᠎ᠦ ᠠᠵᠢᠯᠯᠠᠭ᠎ᠠ ᠳᠤᠮᠳᠠ ᠲᠤᠯᠭᠠᠷᠠᠭ᠍ᠰᠠᠨ ᠡᠯ᠎ᠡ ᠲᠦᠷᠦᠯ᠎ᠦᠨ ᠪᠤᠳᠤᠯᠢᠶᠠᠨᠲᠠᠢ ᠠᠰᠠᠭᠤᠳᠠᠯ᠎ᠢ ᠱᠢᠢᠳᠪᠦᠷᠢᠯᠡᠵᠦ᠍᠂ ᠬᠢᠨᠡᠨ ᠵᠥᠪᠱᠢᠶᠡᠷᠡᠬᠦᠯᠬᠦ᠌ᠪᠡᠷ ᠪᠠᠢᠭ᠎ᠠ ᠲᠦᠷᠦᠯ ᠵᠦᠢᠯ᠎ᠢ ᠳᠠᠷᠤᠢ ᠲᠦᠷᠭᠡᠨ ᠬᠢᠨᠠᠨ ᠵᠥᠪᠱᠢᠶᠡᠷᠡᠵᠦ᠍ ᠠᠵᠢᠯ ᠡᠬᠢᠯᠡᠭᠦᠯᠬᠦ᠌᠎ᠶ᠋ᠢ ᠠᠬᠢᠭᠤᠯᠵᠤ ᠂ 《ᠬᠠᠭᠠᠰ ᠳᠤᠲᠠᠭᠤ ᠤᠷᠬᠢᠬ᠍ᠰᠠᠨ》 ᠪᠠᠷᠢᠯᠭ᠎ᠠ ᠵᠢ ᠪᠦᠲᠦᠮᠵᠢᠲᠡᠢ ᠠᠮᠢᠯᠠᠭᠤᠯᠵᠤ ᠂ ᠲᠦᠷᠦᠯ ᠵᠦᠢᠯ᠎ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍ ᠂ ᠡᠯ᠎ᠡ ᠵᠦᠢᠯ᠎ᠦᠨ ᠠᠵᠢᠯ᠎ᠢ ᠲᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠦ ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠪᠡ᠃
ᠰᠤᠯᠠ ᠪᠠᠢᠭ᠎ᠠ ᠭᠠᠵᠠᠷ ᠱᠢᠷᠣᠢ᠎ᠶ᠋ᠢ ᠱᠢᠢᠳᠪᠦᠷᠢᠯᠡᠬᠦ᠌ ᠣᠨ᠎ᠤ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ
ᠬᠥᠬᠡᠬᠣᠲᠠ 《ᠲᠠᠪᠤ ᠵᠢ ᠲᠦᠢᠯᠪᠤᠷᠢᠳᠠᠢ ᠪᠠᠢ᠌ᠴᠠᠭᠠᠬᠤ》ᠠᠵᠢᠯᠯᠠᠭ᠎ᠠ ᠶ᠋ᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠵᠥᠪᠱᠢᠶᠡᠷᠡᠭ᠌ᠰᠡᠨ ᠪᠣᠯᠪᠠᠴᠤ᠌ ᠬᠠᠩᠭᠠᠭᠠᠳᠤᠢ᠂ ᠰᠤᠯᠠ ᠪᠠᠢᠭ᠎ᠠ ᠭᠠᠵᠠᠷ ᠱᠢᠷᠣᠶ᠎ᠶ᠋ᠢ ᠲᠦᠢᠯᠪᠤᠷᠢᠳᠠᠢ ᠪᠠᠢ᠌ᠴᠠᠭᠠᠬᠤ ᠪᠠ ᠲᠤᠨᠤᠮᠠᠯ ᠪᠠᠯᠠ ᠮᠥᠩᠭᠥ᠎ᠶ᠋ᠢ ᠲᠦᠢᠯᠪᠤᠷᠢᠳᠠᠢ ᠪᠠᠢ᠌ᠴᠠᠭᠠᠬᠤ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃
ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠣᠲᠠ᠎ᠶ᠋ᠢᠨ ᠪᠠᠢᠩᠭᠤ᠎ᠶ᠋ᠢᠨ ᠳᠡᠳ᠋ ᠳᠠᠷᠤᠭ᠎ᠠ ᠯᠢᠦ ᠴᠧᠩ ᠮᠢᠨᠦ ᠲᠠᠨᠢᠯᠴᠠᠭᠤᠯᠤᠭ᠍ᠰᠠᠨ᠎ᠢᠶᠠᠷ ᠂ ᠣᠲᠣᠬᠠᠨ ᠪᠣᠯᠲᠠᠯ᠎ᠠ᠂ ᠪᠥᠬᠥ᠌ ᠬᠣᠲᠠ ᠨᠢᠭᠡᠨᠲᠡ ᠵᠥᠪᠱᠢᠶᠡᠷᠡᠭ᠌ᠰᠡᠨ ᠪᠣᠯᠪᠠᠴᠤ᠌ ᠬᠠᠩᠭᠠᠭᠠᠳᠤᠢ ᠭᠠᠵᠠᠷ ᠱᠢᠷᠣᠶ᠎ᠶ᠋ᠢ 0.9762 ᠲᠦᠮᠡᠨ ᠮᠥ᠍ ᠵᠢ ᠱᠢᠢᠳᠪᠤᠷᠢᠯᠠᠵᠤ᠂ 2022 ᠣᠨ᠎ᠤ ᠡᠭᠦᠷᠭᠡ᠎ᠶ᠋ᠢᠨ ᠵᠢᠡᠨ 84.54% ᠶ᠋ᠢ ᠪᠡᠶᠡᠯᠡᠭᠦᠯᠪᠡ ; ᠨᠢᠭᠡᠨᠲᠡ 0.59 ᠲᠦᠮᠡᠨ ᠮᠥ᠍ ᠰᠤᠯᠠ ᠪᠠᠢᠭ᠎ᠠ ᠭᠠᠵᠠᠷ ᠱᠢᠷᠣᠶ᠎ᠶ᠋ᠢ ᠱᠢᠶ᠋ᠳᠪᠦᠷᠢᠯᠡᠵᠦ᠍᠂ 2022 ᠣᠨ᠎ᠤ ᠡᠭᠦᠷᠭᠡ᠎ᠶ᠋ᠢᠨ ᠵᠢᠡᠨ 250.92% ᠢ ᠪᠡᠶᠡᠯᠡᠭᠦᠯᠪᠡ᠃ 2023 ᠣᠨ᠎ᠳᠤ᠂《ᠨᠢᠭᠡ ᠭᠠᠵᠠᠷ᠎ᠲᠤ ᠨᠢᠭᠡ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ》ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠨᠠᠷᠢᠯᠢᠬ᠍ᠵᠢᠭᠤᠯᠵᠤ ᠂ 《ᠤᠷᠢᠳ ᠵᠢᠡᠷ ᠬᠢᠯᠪᠠᠷᠢ ᠨᠢ ᠂ ᠳᠠᠷᠠᠭ᠎ᠠ ᠨᠢ ᠬᠦᠴᠢᠷᠲᠡᠶ᠎ᠶ᠋ᠢ ᠨᠢ ᠱᠢᠶ᠋ᠳᠪᠦᠷᠢᠯᠡᠬᠦ᠌》 《ᠲᠥᠷᠥᠯ ᠬᠤᠪᠢᠶᠠᠨ ᠱᠢᠶ᠋ᠳᠪᠦᠷᠢᠯᠡᠬᠦ᠌》ᠵᠠᠷᠴᠢᠮ ᠶᠣᠰᠣᠭᠠᠷ᠂ ᠵᠥᠪᠱᠢᠶᠡᠷᠡᠭ᠌ᠰᠡᠨ ᠪᠤᠯᠪᠠᠴᠤ᠌ ᠬᠠᠩᠭᠠᠬ᠍ᠰᠠᠨ ᠥᠬᠡᠶ᠂ ᠰᠤᠯᠠ ᠪᠠᠢᠭ᠎ᠠ ᠭᠠᠵᠠᠷ ᠱᠢᠷᠣᠶ ᠵᠢ ᠲᠦᠷᠤᠯ ᠬᠤᠪᠢᠶᠠᠨ᠂ ᠪᠦᠯᠦᠭ ᠬᠤᠪᠢᠶᠠᠨ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠎ᠪᠠᠷ ᠱᠢᠢᠳᠪᠤᠷᠢᠯᠠᠵᠦ᠂ ᠵᠢᠯ᠎ᠤᠨ ᠡᠭᠦᠷᠭᠡ᠎ᠪᠡᠨ ᠴᠠᠭ ᠲᠤᠬᠠᠶ᠎ᠳᠤᠨᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃
ᠬᠥᠬᠡᠬᠣᠲᠠ᠎ᠶ᠋ᠢᠨ ᠲᠤᠨᠤᠮᠠᠯ ᠪᠠᠯᠠ ᠮᠥᠩᠭᠥ᠌ ᠶ᠋ᠢ ᠲᠤᠢᠯᠪᠦᠷᠢᠲᠠᠢ ᠪᠠᠢᠴᠠᠭᠠᠬᠤ ᠠᠵᠢᠯᠯᠠᠭ᠎ᠠ᠂ ᠡᠮᠤᠨᠡᠬᠢ ᠬᠣᠶᠠᠷ ᠱᠠᠲᠤᠨ᠎ᠤ ᠨᠢᠭᠡᠴᠢ᠎ᠶ᠋ᠢᠨ ᠥᠪᠡᠰᠦᠪᠡᠨ ᠪᠠᠢᠴᠠᠭᠠᠬᠤ ᠂ ᠬᠢᠨᠠᠨ ᠪᠤᠳᠤᠵᠤ ᠬᠠᠷᠭᠤᠭᠤᠯᠤᠨ ᠪᠠᠢᠴᠠᠭᠠᠬᠤ ᠠᠵᠢᠯ ᠣᠲᠣ ᠨᠢᠭᠡᠨᠲᠡ ᠳᠠᠭᠤᠰᠴᠤ᠌᠂ ᠢᠯᠭᠠᠷᠠᠭᠤᠯᠤᠨ ᠳᠢᠭ᠌ᠯᠡᠵᠦ᠍ ᠠᠮᠢᠳᠤᠯᠢᠭ ᠪᠤᠯᠭᠠᠬᠤ ᠠᠵᠢᠯ ᠴᠤ᠌ ᠦᠨᠳᠦᠰᠦᠨ᠎ᠳᠡᠭᠡᠨ ᠳᠠᠭᠤᠰᠴᠠᠶ᠃ 11 ᠰᠠᠷ᠎ᠠ᠎ᠶ᠋ᠢᠨ 24᠎ᠦ ᠡᠳᠦᠷ ᠪᠣᠯᠲᠠᠯ᠎ᠠ᠂ ᠪᠦᠬᠦ᠌ ᠬᠣᠲᠠ᠎ᠶ᠋ᠢᠨ ᠲᠤᠨᠤᠮᠠᠯ ᠪᠡᠯᠡ ᠮᠥᠩᠭᠥ᠌ 6.1 ᠳ᠋ᠦᠩᠱᠢᠭᠤᠷ ᠲᠥᠭᠥᠷᠢᠭ ᠪᠠᠢᠵᠤ᠂ ᠡᠭᠦᠨ᠎ᠳᠦ᠂ ᠬᠣᠲᠠ᠎ᠶ᠋ᠢᠨ ᠲᠣᠰ ᠱᠠᠲᠤᠨ᠎ᠤ 1.83 ᠳ᠋ᠦᠩᠱᠢᠭᠤᠷ ᠲᠥᠭᠥᠷᠢᠭ᠂ ᠬᠣᠱᠢᠭᠤ ᠱᠢᠶᠠᠨ ᠲᠣᠭᠣᠷᠢᠭ᠎ᠤᠨ 4.27 ᠳ᠋ᠦᠩᠱᠢᠭᠤᠷ ᠲᠥᠭᠥᠷᠢᠭ ᠪᠤᠢ᠃ ᠠᠩᠬ᠎ᠠ ᠠᠯᠬᠤᠮ ᠬᠣᠶᠠᠷ 100% ᠶ᠋ᠢ ᠪᠡᠶᠡᠯᠡᠭᠦᠯᠪᠡ᠂ ᠨᠢᠭᠡ᠎ᠳᠦ ᠰᠢᠢᠳᠪᠦᠷᠢᠯᠡᠭᠡᠳᠦᠢ ᠲᠣᠷᠭᠠᠵᠤ ᠬᠤᠷᠢᠶᠠᠭ᠍ᠰᠠᠨ ᠬᠡᠰᠡᠭ ᠪᠠᠯᠠ ᠮᠥᠩᠭᠥ᠎ᠶ᠋ᠢ ᠭᠠᠷᠭᠠᠪᠠᠯ᠂ ᠲᠤᠨᠤᠮᠠᠯ ᠪᠡᠯᠡ ᠮᠦᠩᠭᠦ ᠶ᠋ᠢ 100% ᠪᠡᠷ ᠳᠡᠭᠡᠭᠰᠢ ᠲᠤᠰᠢᠶᠠᠵᠤ᠂ ᠨᠡᠢᠲᠡ 6.02 ᠳ᠋ᠦᠩᠱᠢᠭᠤᠷ ᠲᠥᠭᠥᠷᠢᠭ᠎ᠢ ᠨᠢᠭᠡᠨᠲᠡ ᠳᠡᠭᠡᠭ᠌ᠰᠢ ᠲᠤᠱᠢᠶᠠᠵᠠᠶ; ᠬᠣᠶᠠᠷ᠎ᠲᠤ ᠪᠠᠯᠠ ᠮᠥᠩᠭᠥ᠎ᠶ᠋ᠢ100% ᠪᠠᠷ ᠠᠮᠢᠳᠤᠯᠢᠭᠵᠢᠭᠤᠯᠤᠨ ᠬᠡᠷᠡᠭ᠌ᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠷᠢᠲᠦᠭ᠌ᠰᠡᠨ ᠵᠣᠭᠣᠰ᠎ᠢ ᠳᠥᠯᠥᠬᠦ᠌᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠡᠦᠬᠡᠨ ᠦᠯᠡᠳᠡᠭ᠌ᠳᠡᠯ ᠠᠰᠠᠭᠤᠳᠠᠯ᠎ᠢ ᠱᠢᠶ᠋ᠳᠪᠦᠷᠢᠯᠡᠬᠦ᠌᠂ ᠳᠠᠯᠳᠠ ᠥᠷᠢ᠎ᠶ᠋ᠢ ᠠᠷᠢᠯᠭᠠᠬᠤ ᠵᠢᠴᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠭᠤᠤᠯᠳᠠᠯᠭ᠎ᠠ᠎ᠲᠠᠶ ᠵᠠᠷᠤᠯᠭ᠎ᠠ᠎ᠳᠤ ᠬᠡᠷᠡᠭ᠌ᠯᠡᠬᠦ ᠪᠤᠯᠤᠨ᠎ᠠ᠃
ᠯᠢᠦ ᠴᠧᠩ ᠮᠢᠨ ᠢᠯᠡᠷᠬᠡᠢᠯᠡᠬᠦ᠌᠎ᠳᠡᠭᠡᠨ᠂ ᠲᠠᠷᠠᠭᠠᠴᠢ᠎ᠶ᠋ᠢᠨ ᠠᠯᠬᠤᠮ᠎ᠳᠤ᠂ ᠬᠥᠬᠡᠬᠣᠲᠠ᠎ᠶ᠋ᠢᠨ᠎ᠬᠢᠨ 《ᠭᠤᠷᠪᠠ᠎ᠶ᠋ᠢ ᠵᠡᠷᠭᠡ᠎ᠪᠡᠷ ᠬᠢᠬᠦ᠌》 ᠶ᠋ᠢ ᠭᠤᠤᠯᠳᠠᠯᠭ᠎ᠠ᠎ᠲᠠᠶ ᠰᠠᠢᠲᠤᠷ ᠬᠢᠨ᠎ᠠ᠂ ᠲᠤᠬᠠᠢᠯᠠᠪᠠᠯ ᠢᠯᠭᠠᠷᠠᠭᠤᠯᠤᠨ ᠳᠣᠲᠣᠯᠠᠬᠤ ᠬᠢᠭᠡᠳ ᠥᠨᠳᠥᠷ ᠪᠦᠲᠦᠮᠵᠢᠲᠡᠶ ᠬᠡᠷᠡᠭ᠌ᠯᠡᠬᠦ᠌᠎ᠶ᠋ᠢ ᠵᠡᠷᠭᠡ᠎ᠪᠡᠷ ᠬᠢᠬᠦ᠌᠂ ᠲᠤᠷᠱᠢᠯᠭ᠎ᠠ᠎ᠪᠠᠨ ᠳ᠋ᠦᠩᠨᠡᠬᠦ᠌ ᠬᠢᠭᠡᠳ ᠬᠠᠮᠢᠶᠠᠷᠤᠯᠲᠠ᠎ᠪᠠᠨ ᠴᠢᠩᠭᠠᠳᠭᠠᠬᠤ᠎ᠶ᠋ᠢ ᠵᠡᠷᠭᠡ᠎ᠪᠡᠷ ᠬᠢᠬᠦ᠌᠂ ᠲᠥᠰᠦᠪ᠎ᠢ ᠪᠣᠳᠠᠲᠠᠶ ᠨᠠᠢᠷᠠᠭᠤᠯᠤᠨ ᠵᠣᠬᠢᠶᠠᠬᠤ ᠬᠢᠭᠡᠳ ᠬᠢᠵᠠᠭᠠᠷᠯᠠᠯ᠎ᠢ ᠴᠢᠩᠭᠠᠷᠠᠭᠤᠯᠬᠤ᠎ᠶ᠋ᠢ ᠵᠡᠷᠭᠡ᠎ᠪᠡᠷ ᠬᠢᠬᠦ᠌᠎ᠶ᠋ᠢ ᠪᠠᠷᠢᠮᠲᠠᠯᠠᠵᠤ᠂ ᠭᠦᠨᠵᠡᠭᠡᠶ ᠠᠭᠤᠳᠠᠯᠤᠨ ᠨᠠᠷᠢᠯᠢᠭ ᠱᠢᠭ᠌ᠰᠢᠵᠦ᠍᠂ ᠬᠥᠳᠡᠯᠦᠩᠭᠦᠶ᠎ᠪᠡᠷ ᠪᠠᠢᠴᠠᠭᠠᠵᠤ᠂ ᠣᠷᠳᠣ ᠬᠤᠭᠤᠴᠠᠭ᠎ᠠ ᠪᠡᠷ ᠪᠦᠲᠦᠮᠵᠢᠲᠡᠶ ᠬᠢᠨᠠᠯᠲᠠ ᠲᠠᠯᠪᠢᠵᠤ᠂ ᠲᠤᠱᠢᠶᠠᠬᠤ ᠶᠣᠰᠣᠲᠠᠶ᠎ᠶ᠋ᠢ᠎ᠨᠢ ᠪᠦᠬᠦᠨ᠎ᠢ ᠲᠤᠰᠢᠶᠠᠵᠦ᠂ ᠬᠣᠷᠢᠶᠠᠨ ᠠᠪᠬᠤ᠎ᠶ᠋ᠢᠨ ᠳᠠᠭᠠᠤ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠲᠤᠨᠤᠮᠠᠯ ᠪᠠᠯᠠ ᠮᠥᠩᠭᠥ᠎ᠶ᠋ᠢ ᠲᠤᠢᠯᠪᠤᠷᠢᠲᠠᠢ ᠪᠠᠢᠴᠠᠭᠠᠬᠤ᠎ᠶ᠋ᠢ ᠭᠦᠨᠵᠡᠭᠡᠶ ᠠᠬᠢᠭᠤᠯᠤᠨ᠎ᠠ᠃
ᠦᠯᠡᠳᠡᠭ᠌ᠳᠡᠯ ᠠᠰᠠᠭᠤᠳᠠᠯ᠎ᠢ ᠲᠦᠢᠯᠪᠦᠷᠢᠳᠡᠢ ᠴᠡᠭᠴᠡᠯᠡᠨ ᠴᠡᠪᠡᠷᠯᠡᠪᠡ
《ᠪᠢᠳᠡ〈ᠲᠠᠪᠤ᠎ᠶ᠋ᠢ ᠲᠤᠢᠯᠪᠤᠷᠢᠲᠠᠢ ᠪᠠᠢᠴᠠᠭᠠᠬᠤ〉ᠠᠵᠢᠯᠯᠠᠭ᠎ᠠ᠎ᠶ᠋ᠢ ᠥᠷᠨᠢᠭᠦᠯᠬᠦ᠌᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠠ〈ᠨᠢᠭᠡᠳᠦᠭᠡᠷ ᠬᠠᠷᠢᠭᠤᠴᠠᠯᠭᠠᠳᠠᠨ〉᠎ᠤ ᠢᠨᠵᠧᠨᠧᠷᠢᠩ ᠪᠣᠯᠭᠠᠵᠤ᠂ ᠡᠳᠦᠷ᠎ᠦᠨ ᠲᠣᠬᠢᠷᠠᠭᠤᠯᠤᠯᠲᠠ᠂ ᠭᠠᠷᠠᠭ᠎ᠤᠨ ᠳ᠋ᠦᠩᠨᠡᠯᠲᠡ᠂ ᠬᠡᠷ᠎ᠲᠦᠨᠢ ᠬᠦᠷᠴᠦ᠍ ᠦᠶ᠋ᠯᠡᠴᠢᠯᠡᠬᠦ᠌᠂ ᠲᠥᠪᠯᠡᠷᠡᠭᠦᠯᠦᠨ ᠵᠤᠬᠢᠶᠠᠨ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠲᠥᠪᠯᠡᠷᠡᠭᠦᠯᠦᠨ ᠪᠤᠭᠤᠮᠲᠠ ᠰᠢᠪᠲᠤᠯᠪᠠ᠃ ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠵᠠᠩ ᠱᠢᠤ ᠯᠢᠩ ᠲᠠᠨᠢᠯᠴᠠᠭᠤᠯᠬᠤ᠎ᠳᠠᠭᠠᠨ᠂ ᠣᠳᠣᠬᠠᠨ᠎ᠳᠤ᠂ ᠪᠥᠬᠥ᠌ ᠬᠣᠱᠢᠭᠤᠨ᠎ᠤ ᠨᠥᠬᠥᠨ ᠵᠥᠪᠱᠢᠶᠡᠷᠡᠬᠦ᠌᠂ ᠵᠥᠪᠱᠢᠶᠡᠷᠡᠬᠦ᠌ ᠴᠢᠬᠤᠯᠠᠲᠠᠶ ᠲᠥᠷᠥᠯ ᠵᠦᠶ᠋ᠯ᠎ᠢ ᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ 79% ᠪᠠ 53% ᠳ᠋ᠤ ᠬᠦᠷᠴᠦ᠍᠂ ᠵᠥᠪᠱᠢᠶᠡᠷᠡᠭ᠌ᠰᠡᠨ ᠪᠣᠯᠪᠠᠴᠤ᠌ ᠬᠠᠩᠭᠠᠭᠠᠳᠤᠶ ᠭᠠᠵᠠᠷ ᠱᠢᠷᠣᠶ᠎ᠶ᠋ᠢ ᠱᠢᠶ᠋ᠳᠪᠦᠷᠢᠯᠡᠭ᠌ᠰᠡᠨ ᠨᠣᠷᠮ᠎ᠠ 96% ᠳ᠋ᠤ ᠬᠦᠷᠴᠦ᠍᠂ ᠰᠤᠯᠠ ᠪᠠᠢᠭ᠎ᠠ ᠭᠠᠵᠠᠷ ᠱᠢᠷᠣᠶ᠎ᠶ᠋ᠢ ᠪᠦᠬᠦᠨ᠎ᠢ ᠱᠢᠶ᠋ᠳᠪᠦᠷᠢᠯᠡᠵᠦ᠍᠂ ᠲᠤᠨᠤᠮᠠᠯ ᠪᠠᠯᠠ ᠮᠥᠩᠭᠥ᠎ᠶ᠋ᠢ ᠪᠦᠬᠦᠨ᠎ᠢ ᠬᠣᠷᠢᠶᠠᠨ ᠠᠪᠴᠤ᠌᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠰᠢᠭᠤᠢ ᠨᠤᠲᠤᠭ ᠪᠡᠯᠴᠢᠭᠡᠷ᠎ᠢ ᠰᠡᠷᠭᠦᠭᠡᠬᠦ᠌《ᠬᠠᠭᠠᠰ ᠳᠤᠲᠠᠭᠤ ᠤᠷᠬᠢᠭᠰᠠᠨ》 ᠢᠨᠵᠧᠨᠧᠷᠢᠩ᠎ᠢ 51% ᠪᠠᠷ ᠪᠡᠶᠡᠯᠡᠭᠦᠯᠵᠦ᠍᠂ ᠨᠡᠭᠡᠭᠡᠯᠲᠡ᠎ᠶ᠋ᠢᠨ ᠣᠷᠣᠨ᠎ᠤ《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌》ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠪᠠ᠃ ᠲᠡᠷᠡ᠂ ᠲᠠᠷᠠᠭᠠᠴᠢ᠎ᠶ᠋ᠢᠨ ᠠᠯᠬᠤᠮ᠎ᠳᠤ᠂ ᠳᠠᠯᠠᠳ ᠬᠣᠱᠢᠭᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠶ᠋ᠢ ᠳᠣᠪᠣᠢᠯᠭᠠᠨ᠂ ᠪᠥᠬᠥ᠌ ᠲᠠᠯ᠎ᠠ᠎ᠪᠠᠷ ᠪᠣᠭᠣᠮᠲᠠ ᠱᠢᠪᠲᠤᠯᠵᠤ᠂ ᠲᠣᠭ᠍ᠲᠠᠭ᠍ᠰᠠᠨ ᠬᠤᠭᠤᠴᠠᠭᠠᠨ᠎ᠳᠤ《ᠲᠠᠪᠤ᠎ᠶ᠋ᠢ ᠲᠤᠢᠯᠪᠤᠷᠢᠲᠠᠢ ᠪᠠᠢᠴᠠᠭᠠᠬᠤ》 ᠡᠭᠦᠷᠭᠡ᠎ᠶ᠋ᠢ ᠡᠷᠡᠰ ᠪᠡᠶᠡᠯᠡᠭᠦᠯᠦᠨ᠎ᠡ᠃ ᠪᠠᠢᠴᠠᠭᠠᠬᠤ ᠵᠤᠬᠢᠰᠲᠠᠢ ᠶ᠋ᠢ ᠨᠢ ᠪᠦᠬᠦᠨ ᠢ᠋ ᠪᠠᠢᠴᠠᠭᠠᠵᠤ᠂ ᠮᠡᠳᠡᠭᠦᠯᠪᠡᠰᠦ ᠵᠣᠬᠢᠰᠲᠠᠢᠶ᠋ᠢᠨᠢ ᠪᠦᠬᠦᠨ᠎ᠢ ᠮᠡᠳᠡᠭᠦᠯᠵᠦ᠍᠂ ᠲᠤᠰᠭᠠᠶ ᠠᠩᠭᠢ᠎ᠶ᠋ᠢᠨ ᠲᠤᠰᠭᠠᠶ ᠳᠤᠭᠤᠢᠯᠠᠩ᠎ᠤᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠬᠠᠷᠠᠯᠲᠠ ᠡᠭᠦᠷᠭᠡ ᠪᠣᠯᠤᠨ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ ᠵᠢᠨ ᠴᠡᠭᠢᠴᠢᠩᠭᠠ ᠵᠢᠷᠤᠮᠯᠠᠨ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠦᠨᠳᠦᠰᠦᠨ᠎ᠡᠴᠡ᠎ᠨᠢ ᠴᠡᠭ᠌ᠴᠡᠯᠡᠨ ᠵᠠᠰᠠᠵᠤ᠂ ᠡᠯ᠎ᠡ ᠲᠥᠷᠥᠯ᠎ᠦᠨ ᠲᠡᠦᠬᠡ᠎ᠵᠢᠨ ᠦᠯᠡᠳᠡᠭᠳᠡᠯ ᠠᠰᠠᠭᠤᠳᠠᠯ᠎ᠢ ᠳᠠᠷᠤᠶ ᠲᠦᠷᠭᠡᠨ ᠪᠦᠬᠦᠨ᠎ᠢ ᠴᠡᠪᠡᠷᠯᠡᠬᠦ᠌᠎ᠶ᠋ᠢ ᠠᠬᠢᠭᠤᠯᠤᠨ᠎ᠠ; ᠲᠣᠭ᠍ᠲᠠᠴᠠ ᠪᠠᠢᠭᠤᠯᠬᠤ᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠬᠤ᠂ ᠲᠥᠷᠥᠯ ᠵᠦᠢᠯ᠎ᠢ ᠬᠢᠨᠠᠨ ᠵᠥᠪᠱᠢᠶᠡᠷᠡᠬᠦ᠌᠂ ᠭᠠᠵᠠᠷ ᠱᠢᠷᠣᠶ ᠮᠡᠳᠡᠭᠦᠯᠦᠨ ᠵᠥᠪᠱᠢᠶᠡᠷᠡᠭᠦᠯᠬᠦ᠌᠂ ᠪᠡᠯᠡ ᠮᠥᠩᠭᠥ᠎ᠶ᠋ᠢᠨ ᠬᠠᠮᠢᠶᠠᠷᠤᠯᠲᠠ ᠵᠡᠷᠭᠡ ᠳᠦᠷᠢᠮ᠎ᠦᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠤᠯᠤᠮᠵᠢᠳᠤ ᠰᠤᠳᠤᠯᠭ᠎ᠠ᠂ ᠠᠮᠵᠢᠯᠲᠠ ᠪᠦᠲᠦᠮᠵᠢ᠎ᠶ᠋ᠢᠨ ᠦᠨᠡᠯᠡᠨ ᠵᠢᠱ᠌ᠢᠯᠲᠡ ᠪᠠ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠶᠠᠪᠤᠴᠠ᠎ᠶ᠋ᠢᠨ ᠬᠠᠮᠢᠶᠠᠷᠤᠯᠲᠠ᠎ᠪᠠᠷ ᠦᠯᠡᠳᠡᠭᠳᠡᠯ ᠠᠰᠠᠭᠤᠳᠠᠯ᠎ᠢ ᠪᠠᠭᠠᠰᠭᠠᠨ᠂ ᠱᠢᠨ᠎ᠡ ᠠᠰᠠᠭᠤᠳᠠᠯ ᠭᠠᠷᠬᠤ᠎ᠶ᠋ᠢ ᠡᠬᠢ ᠡᠭᠦᠰᠦᠯ᠎ᠡᠴᠡ ᠨᠢ ᠴᠢᠩᠭ᠎ᠠ ᠰᠡᠷᠭᠡᠢᠯᠡᠨ᠎ᠡ; ᠵᠣᠬᠢᠴᠠᠭᠤᠯᠬᠤ᠎ᠶ᠋ᠢ ᠠᠳᠭᠤᠵᠤ᠂ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠤᠨ᠂ ᠪᠥᠬᠥ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠂ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ 《ᠪᠠᠷᠢᠮᠵᠢᠶᠠᠲᠤ ᠭᠠᠵᠠᠷ》 ᠤ᠋ᠨ ᠪᠥᠲᠥᠭᠡᠨ ᠪᠠᠢᠭᠤᠯᠤᠯᠲᠠ᠂ ᠥᠩᠭᠡ ᠦᠵᠡᠮᠵᠢ ᠢᠵᠢᠯᠢ ᠲᠠᠯᠠᠪᠠᠶᠳ᠋ᠤ ᠪᠠᠢᠬᠤ᠂ ᠲᠠᠷᠢᠶᠠᠯᠠᠩ ᠪᠠ ᠭᠡᠷᠡᠯᠴᠢ ᠴᠡᠨᠡᠭ ᠬᠠᠷᠢᠯᠴᠠᠨ ᠨᠥᠬᠥᠪᠥᠷᠢᠯᠡᠬᠦ᠌᠂ ᠮᠠᠯ ᠠᠵᠤ ᠠᠬᠤᠶ ᠪᠠ ᠭᠡᠷᠡᠯᠴᠢ ᠴᠡᠨᠡᠭ ᠬᠠᠷᠢᠯᠴᠠᠨ ᠨᠥᠬᠥᠪᠥᠷᠢᠯᠡᠬᠦ᠌᠂ ᠤᠰᠤ ᠳᠠᠳᠠᠬᠤ᠎ᠳᠤ ᠬᠡᠷᠡᠭᠯᠡᠬᠦ ᠴᠠᠬᠢᠯᠭᠠᠨ᠎ᠤ ᠬᠡᠮᠵᠢᠶ᠎ᠡ ᠪᠡᠷ ᠬᠡᠷᠡᠭᠯᠡᠬᠦ ᠤᠰᠤ ᠵᠢ ᠨᠤᠭᠤᠯᠤᠨ ᠪᠤᠳᠤᠬᠤ ᠵᠡᠷᠭᠡ ᠠᠵᠢᠯ᠎ᠢ ᠭᠦᠨᠵᠡᠭᠡᠶ ᠥᠷᠨᠢᠭᠦᠯᠵᠦ᠍᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠲᠦᠷᠭᠡᠳᠭᠡᠨ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠷ᠎ᠡ ᠠᠱᠢᠭ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃
ᠲᠤᠰᠭᠠᠶ ᠮᠡᠷᠭᠡᠵᠢᠯᠲᠡᠨᠤ᠋ ᠦᠭᠦᠯᠡᠮᠵᠢ
ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠳᠡᠭᠡᠳᠦ ᠵᠡᠷᠭᠡ᠎ᠶ᠋ᠢᠨ ᠰᠤᠳᠤᠯᠤᠭ᠍ᠴᠢ ᠤᠯᠠᠭᠠᠨᠲᠤᠶᠠᠭ᠎ᠠ᠄《ᠲᠠᠪᠤ ᠶ᠋ᠢ ᠲᠤᠢᠯᠪᠤᠷᠢᠲᠠᠢ ᠪᠠᠢᠴᠠᠭᠠᠬᠤ》 ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭᠳᠡᠢ
ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ᠎ᠠᠴᠠ᠂ ᠬᠢᠨᠠᠨ ᠵᠦᠪᠰᠢᠶᠡᠷᠡᠭᠦᠯᠬᠦ ᠪᠡᠷ ᠪᠠᠢᠭ᠎ᠠ ᠲᠥᠷᠥᠯ ᠵᠦᠶ᠋ᠯ᠂ ᠰᠤᠯᠠ ᠲᠠᠯᠪᠢᠬᠳᠠᠵᠦ ᠪᠠᠢᠭ᠎ᠠ ᠭᠠᠵᠠᠷ ᠱᠢᠷᠣᠶ᠂ ᠲᠤᠨᠤᠮᠠᠯ ᠪᠠᠯᠠ ᠮᠥᠩᠭᠥ᠌ ᠂ 《ᠬᠠᠭᠠᠰ ᠳᠤᠲᠠᠭᠤ ᠤᠷᠬᠢᠬᠰᠠᠨ》 ᠪᠠᠷᠢᠯᠭ᠎ᠠ ᠵᠢᠴᠢ ᠨᠡᠭᠡᠭᠡᠯᠲᠡ᠎ᠶ᠋ᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠡᠷᠭᠡ ᠲᠠᠪᠤ ᠵᠢ ᠲᠤᠢᠯᠪᠤᠷᠢᠲᠠᠢ ᠪᠠᠢᠴᠠᠭᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌ ᠬᠡᠷᠡᠭ᠌ᠲᠡᠶ ᠭᠡᠵᠦ᠍ ᠳᠤᠷᠠᠳᠪᠠ᠂ ᠡᠨᠡ᠎ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ《ᠡᠯ᠎ᠡ ᠲᠥᠷᠥᠯ᠎ᠦᠨ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ》 ᠱᠠᠭᠠᠷᠳᠠᠯᠭ᠎ᠠ᠎ᠲᠠᠶ ᠨᠢᠭᠡᠳᠦᠯᠲᠡᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠬᠤ᠂ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠠᠬᠢᠭᠤᠯᠬᠤ ᠡᠷᠡᠰ ᠵᠣᠷᠢᠭ᠎ᠢ ᠢᠯᠡᠷᠡᠭᠦᠯᠵᠡᠶ᠃
《ᠲᠠᠪᠤ᠎ᠶ᠋ᠢ ᠲᠤᠢᠯᠪᠤᠷᠢᠲᠠᠢ ᠪᠠᠢᠴᠠᠭᠠᠬᠤ》ᠠᠵᠢᠯᠯᠠᠭ᠎ᠠ᠎ᠶ᠋ᠢᠨ ᠭᠦᠨᠵᠡᠭᠡᠢᠷᠡᠨ ᠪᠣᠳᠠᠲᠠᠢᠵᠢᠵᠤ᠂ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ᠎ᠳᠤ᠂ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠲᠦᠷᠭᠡᠳᠭᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠷᠥᠯ ᠵᠦᠶ᠋ᠯ᠎ᠦᠨ ᠲᠥᠷᠥᠯ ᠬᠡᠯᠪᠡᠷᠢ᠎ᠶ᠋ᠢ ᠵᠦᠶ ᠵᠣᠬᠢᠰᠲᠠᠶ ᠬᠤᠪᠢᠶᠠᠷᠢᠯᠠᠵᠤ᠂ ᠠᠳᠠᠯᠢ ᠪᠤᠰᠤ ᠲᠥᠷᠥᠯ ᠵᠦᠶ᠋ᠯ᠎ᠳᠦ ᠴᠢᠭ᠌ᠯᠡᠭᠦᠯᠦᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂《ᠪᠥᠬᠥ᠌ ᠬᠡᠯᠬᠢᠶ᠎ᠡ᠎ᠪᠡᠷ ᠬᠢᠨᠠᠨ ᠵᠥᠪᠱᠢᠶᠡᠷᠡᠬᠦ᠌》ᠵᠠᠭ᠍ᠪᠤᠷ᠎ᠤᠨ ᠱᠠᠭᠠᠷᠳᠠᠯᠭ᠎ᠠ ᠶᠣᠰᠣᠭᠠᠷ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠨᠠᠷᠢᠯᠢᠭ ᠣᠨᠣᠪᠴᠢᠲᠠᠢ᠎ᠪᠠᠷ ᠳᠠᠬᠢᠨ ᠴᠣᠭ᠍ᠴᠠᠯᠠᠵᠤ᠂ ᠲᠥᠷᠥᠯ ᠵᠦᠶ᠋ᠯ᠎ᠢ ᠬᠤᠳᠠᠯᠳᠤᠭᠠᠨ᠎ᠤ ᠶᠠᠪᠤᠳᠠᠯ᠎ᠤᠨ ᠬᠢᠨᠠᠨ ᠬᠠᠷᠭᠤᠭᠤᠯᠬᠤ᠎ᠠᠴᠠ ᠪᠠᠷᠢᠯᠭ᠎ᠠ ᠳᠠᠭᠤᠰᠴᠤ᠌ ᠱᠢᠯᠭᠠᠨ ᠠᠪᠬᠤ ᠬᠦᠷᠲᠡᠯᠡᠬᠢ ᠪᠥᠬᠥ᠌ ᠶᠠᠪᠤᠴᠠ᠎ᠶ᠋ᠢ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ《ᠡᠷᠲᠡ ᠠᠵᠢᠯ ᠡᠬᠢᠯᠡᠭᠦᠯᠵᠦ᠍᠂ ᠡᠷᠲᠡ ᠠᠱᠢᠭ᠍ᠯᠠᠯᠲᠠ᠎ᠳᠤ ᠣᠷᠣᠬᠤ》᠎ᠶ᠋ᠢ ᠪᠥᠬᠥ᠌ ᠬᠦᠴᠦ ᠪᠡᠷ ᠪᠠᠲᠤᠯᠠᠬᠤ ᠬᠡᠷᠡᠭ᠌ᠲᠡᠶ᠃ ᠥᠭᠡᠷᠡᠴᠢᠯᠡᠯᠲᠡ᠎ᠶ᠋ᠢᠨ ᠳᠤᠮᠳᠠᠬᠢ 《ᠭᠠᠵᠠᠷ ᠰᠢᠷᠤᠢ ᠤᠯᠤᠭᠰᠠᠭᠠᠷ ᠠᠵᠢᠯ ᠡᠬᠢᠯᠡᠭᠦᠯᠬᠦ᠌》ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠭᠠᠷᠳᠠᠮ ᠪᠣᠯᠤᠨ ᠭᠠᠵᠠᠷ ᠰᠢᠷᠤᠢ ᠬᠡᠷᠡᠭ᠌ᠯᠡᠬᠦ᠌ ᠭᠠᠷᠳᠠᠮ᠎ᠢ ᠠᠳᠠᠯᠢᠬᠠᠨ ᠵᠢᠡᠷ ᠰᠢᠢᠳᠪᠦᠷᠢᠯᠡᠬᠦ ᠶ᠋ᠢ ᠬᠡᠷᠡᠭ᠌ᠵᠢᠭᠦᠯᠵᠦ᠍᠂ ᠵᠢᠷᠤᠭ ᠲᠦᠯᠦᠪᠯᠡᠭᠡ ᠬᠢᠨᠠᠬᠤ ᠪᠠᠢᠭᠤᠯᠤᠮᠵᠢ᠎ᠶ᠋ᠢ ᠪᠦᠲᠦᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠲᠥᠯᠥᠪᠵᠢᠭᠦᠯᠭᠡ᠎ᠶ᠋ᠢᠨ ᠵᠥᠪᠱᠢᠶᠡᠷᠡᠬᠦ᠌ ᠱᠠᠲᠤ ᠦᠶ᠎ᠡ᠎ᠳᠦ ᠤᠷᠢᠳᠴᠢᠯᠠᠨ ᠣᠷᠣᠯᠴᠠᠭᠤᠯᠤᠨ᠎ᠠ᠃
ᠰᠤᠯᠠ ᠲᠠᠯᠪᠢᠬᠳᠠᠵᠦ ᠪᠠᠢᠭ᠎ᠠ ᠭᠠᠵᠠᠷ ᠱᠢᠷᠣᠶ᠎ᠶ᠋ᠢᠨ ᠲᠣᠪᠣᠢᠮ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠱᠢᠶ᠋ᠳᠪᠦᠷᠢᠯᠡᠵᠦ᠍᠂ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠬᠦ᠌᠎ᠳᠦ ᠭᠠᠵᠠᠷ ᠰᠢᠷᠤᠢ ᠶ᠋ᠢ ᠡᠷᠴᠢᠮᠵᠢᠭᠦᠯᠦᠨ ᠬᠡᠷᠡᠭ᠌ᠯᠡᠬᠦ᠌ ᠱᠢᠨ᠎ᠡ ᠠᠷᠭ᠎ᠠ ᠵᠠᠮ᠎ᠢ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠦᠷ᠎ᠡ ᠠᠱᠢᠭ᠎ᠢᠶᠠᠷ ᠳᠤᠤᠷ᠎ᠠ ᠭᠠᠵᠠᠷ ᠰᠢᠷᠤᠢ ᠶ᠋ᠢᠠᠮᠢᠳᠤᠯᠢᠭᠵᠢᠭᠤᠯᠵᠤ᠂ ᠬᠠᠩᠭᠠᠭ᠍ᠰᠠᠨᠤ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠷᠠᠭᠤᠯᠬᠤ ᠴᠢᠬᠤᠯᠠᠲᠠᠶ᠃《ᠬᠠᠭᠠᠰ ᠳᠤᠲᠠᠭᠤ ᠤᠷᠬᠢᠭᠰᠡᠨ》 ᠪᠠᠷᠢᠯᠭ᠎ᠠ ᠵᠢ ᠲᠦᠪᠯᠡᠷᠡᠭᠦᠯᠦᠨ ᠪᠠᠢᠴᠠᠭᠠᠬᠤ ᠠᠵᠢᠯᠯᠠᠭ᠎ᠠ ᠶ᠋ᠢ ᠥᠷᠨᠢᠭᠦᠯᠬᠦ᠌᠎ᠳᠦ᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠬᠤᠯᠠᠴᠢᠯᠠᠵᠤ᠂ ᠢᠯᠡ᠎ᠪᠡᠷ ᠬᠢᠬᠦ᠌᠎ᠶ᠋ᠢ ᠬᠡᠷᠡᠭ᠌ᠵᠢᠭᠦᠯᠦᠨ᠂ 《ᠬᠠᠭᠠᠰ ᠳᠤᠲᠠᠭᠤ ᠤᠷᠬᠢᠭᠰᠠᠨ》 ᠢᠨᠵᠧᠨᠧᠷᠢᠩ᠎ᠢ ᠳᠦᠷᠢᠮ᠎ᠦᠨ ᠲᠠᠯ᠎ᠠ᠎ᠠᠴᠠ ᠰᠡᠷᠭᠡᠢᠯᠡᠬᠦ᠌ ᠬᠡᠷᠡᠭ᠌ᠲᠡᠶ᠃ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠡᠳ᠋᠎ᠦᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ᠎ᠦᠳ ᠬᠠᠮᠲᠤᠷᠠᠭ᠍ᠰᠠᠨ ᠬᠤᠷᠠᠯᠳᠤᠭᠠᠨ᠎ᠤ ᠳᠦᠷᠢᠮ᠎ᠢ ᠪᠠᠢᠭᠤᠯᠤᠨ᠂ ᠬᠠᠷᠢᠯᠴᠠᠬᠤ ᠬᠦᠮᠦᠨ ᠭᠠᠷᠭᠠᠵᠤ᠂ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠡᠳᠡᠭᠦᠯᠦᠨ᠂ ᠡᠯ᠎ᠡ ᠭᠠᠵᠠᠷ᠎ᠤᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠠᠬᠢᠴᠠ᠂ ᠢᠵᠢ ᠪᠦᠷᠢᠳᠦᠭᠰᠡᠨ ᠪᠡᠯᠡ ᠮᠥᠩᠭᠥ᠎ᠶ᠋ᠢᠨ ᠨᠠᠢᠳᠠᠪᠤᠷᠢᠵᠢᠭᠤᠯᠤᠯᠲᠠ ᠵᠡᠷᠭᠡ ᠪᠠᠢᠳᠠᠯ᠎ᠢ ᠴᠠᠭ ᠲᠤᠬᠠᠶ᠎ᠳᠤᠨᠢ ᠡᠵᠡᠮᠱᠢᠬᠦ᠌ ᠬᠡᠷᠡᠭ᠌ᠲᠡᠶ᠃ 《ᠲᠠᠪᠤ᠎ᠶ᠋ᠢ ᠲᠤᠢᠯᠪᠤᠷᠢᠲᠠᠢ ᠪᠠᠢᠴᠠᠭᠠᠬᠤ》ᠡᠯ᠎ᠡ ᠵᠦᠶ᠋ᠯ᠎ᠦᠨ ᠠᠵᠢᠯ᠎ᠢ ᠭᠦᠨᠵᠡᠭᠡᠢᠷᠡᠭᠦᠯᠦᠨ ᠨᠠᠷᠢᠯᠢᠭ᠍ᠵᠢᠭᠤᠯᠵᠤ ᠪᠣᠳᠠᠲᠠᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃