ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠨ᠎ᠠ
2022-12-11 17:27:19
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠨᠠᠮ ᠎ᠤᠨ ᠬᠣᠷᠢᠳᠤᠭᠠᠷ ᠶᠡᠬᠡ ᠬᠤᠷᠠᠯ ᠎ᠤᠨ 《ᠪᠦᠬᠦ᠌ ᠲᠠᠯ᠎ᠠ ᠎ᠪᠠᠷ ᠬᠠᠤᠯᠢ ᠎ᠪᠠᠷ ᠤᠯᠤᠰ ᠎ᠢᠶᠠᠨ ᠵᠠᠰᠠᠬᠤ ᠎ᠶ᠋ᠢ ᠪᠠᠷᠢᠮᠲᠠᠯᠠᠬᠤ 》 ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠎ᠶ᠋ᠢ ᠬᠡᠷᠬᠢᠨ ᠪᠦᠬᠦ᠌ ᠲᠠᠯ᠎ᠠ ᠎ᠪᠠᠷ ᠨᠠᠢᠳᠠᠪᠤᠷᠢᠵᠢᠭᠤᠯᠬᠤ ᠪᠤᠢ? ᠬᠡᠷᠬᠢᠨ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠱᠠᠭᠠᠷᠳᠠᠯᠭ᠎ᠠ ᠶᠣᠰᠣᠭᠠᠷ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠎ᠶ᠋ᠢ ᠠᠬᠢᠭᠤᠯᠬᠤ ᠪᠤᠢ? ᠣᠢᠷ᠎ᠠ ᠎ᠳᠤ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠥᠨᠳᠥᠷ ᠵᠡᠷᠭᠡ ᠎ᠶ᠋ᠢᠨ ᠱᠢᠭᠦᠬᠦ᠌ ᠬᠣᠷᠢᠶᠠᠨ ᠎ᠤ ᠨᠠᠮ ᠎ᠤᠨ ᠤᠳᠤᠷᠢᠳᠭᠤ ᠳᠤᠭᠤᠢᠯᠠᠩ ᠎ᠤᠨ ᠪᠦᠷᠢᠯᠳᠦᠬᠦᠨ᠂ ᠳᠡᠳ᠋ ᠬᠣᠷᠢᠶᠠᠨ ᠳᠠᠷᠤᠭ᠎ᠠ ᠫᠦ ᠸᠧᠶ ᠭᠠᠩ ᠎ᠢ ᠰᠤᠷᠪᠤᠯᠵᠢᠯᠠᠪᠠ᠃

ᠫᠦ ᠸᠧᠢ ᠭᠠᠩ᠂ ᠪᠦᠬᠦ᠌ ᠣᠷᠣᠨ ᠎ᠤ ᠱᠢᠭᠦᠬᠦ᠌ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠎ᠶ᠋ᠢ ᠲᠡᠷᠢᠭᠦᠨ ᠴᠢᠬᠤᠯᠠ ᠤᠯᠤᠰ ᠲᠦᠷᠦ᠍ ᠎ᠶ᠋ᠢᠨ ᠡᠭᠦᠷᠭᠡ  ᠪᠠ ᠲᠡᠷᠢᠭᠦᠨ ᠴᠢᠬᠤᠯᠠ ᠶᠡᠬᠡ ᠶᠠᠪᠤᠳᠠᠯ ᠪᠣᠯᠭᠠᠨ ᠴᠢᠩᠭ᠎ᠠ ᠠᠳᠭᠤᠵᠤ ᠪᠣᠳᠠᠲᠠᠢ ᠠᠳᠭᠤᠨ᠎ᠠ᠃ ᠰᠤᠷᠤᠯᠴᠠᠯᠭ᠎ᠠ ᠤᠬᠠᠭᠤᠯᠭ᠎ᠠ ᠎ᠶ᠋ᠢᠨ ᠠᠵᠢᠯ ᠎ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠍᠂ ᠲᠤᠰᠭᠠᠢ ᠰᠡᠳᠦᠪᠲᠦ ᠪᠣᠯᠪᠠᠰᠤᠷᠠᠯ ᠡᠷᠬᠢᠯᠡᠵᠦ᠍᠂ ᠪᠠᠢᠭᠤᠯᠭ᠎ᠠ ᠎ᠶ᠋ᠢᠨ ᠨᠠᠮ ᠎ᠤᠨ ᠰᠤᠷᠭᠠᠭᠤᠯᠢ᠂ ᠱᠢᠭᠦᠬᠦ᠌ ᠲᠤᠱᠢᠶᠠᠯᠲᠠᠨ ᠎ᠤ ᠳᠡᠭᠡᠳᠦ ᠰᠤᠷᠭᠠᠭᠤᠯᠢ ᠎ᠪᠠᠷ ᠠᠴᠢᠶᠠᠯᠠᠪᠤᠷᠢ ᠪᠣᠯᠭᠠᠵᠤ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠡᠯ᠎ᠡ ᠲᠦᠷᠦᠯ ᠎ᠦᠨ ᠬᠥᠮᠦᠵᠢᠯ ᠪᠣᠯᠪᠠᠰᠤᠷᠠᠯ ᠎ᠤᠨ ᠨᠢᠭᠡᠳᠦᠭᠡᠷ ᠬᠢᠴᠢᠶᠡᠯ᠂ ᠵᠠᠪᠠᠯ ᠰᠤᠷᠬᠤ ᠬᠢᠴᠢᠶᠡᠯ ᠪᠤᠯᠭᠠᠨ᠎ᠠ; ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠎ᠶ᠋ᠢ ᠥᠷᠨᠢᠭᠦᠯᠵᠦ᠍᠂ ᠥᠪᠥᠷ ᠮᠣᠩᠭᠣᠯ ᠎ᠤᠨ ᠱᠢᠭᠦᠬᠦ᠌ ᠬᠣᠷᠢᠶᠠᠨ ᠎ᠤ ᠯᠧᠺᠲ᠋ᠣᠷ ᠎ᠤᠨ ᠪᠦᠯᠬᠦᠮ ᠎ᠢᠶᠡᠷ ᠰᠠᠭᠤᠷᠢ ᠪᠣᠯᠭᠠᠨ᠂ ᠲᠥᠪ ᠎ᠦᠨ ᠪᠠ ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠪᠦᠷᠢᠯᠳᠦᠬᠦᠨ᠂ ᠲᠤᠰᠭᠠᠢ ᠮᠡᠷᠭᠡᠵᠢᠯᠲᠡᠨ ᠡᠷᠳᠡᠮᠲᠡᠨ ᠎ᠢ ᠤᠷᠢᠵᠤ ᠬᠠᠪᠰᠤᠷᠤᠨ ᠵᠢᠯᠣᠭᠣᠳᠭᠤ ᠲᠠᠢᠯᠤᠮᠵᠢ ᠬᠢᠯᠭᠡᠨ᠎ᠡ; ᠪᠦᠷᠢᠨ ᠵᠠᠭᠤᠴᠢᠯᠠᠭᠤᠷ ᠎ᠤᠨ ᠳᠠᠮᠵᠢᠭᠤᠯᠭ᠎ᠠ ᠎ᠶ᠋ᠢ ᠴᠢᠩᠭᠠᠳᠭᠠᠵᠤ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠵᠢᠴᠢ ᠪᠦᠬᠦ᠌ ᠣᠷᠣᠨ ᠎ᠤ ᠱᠢᠭᠦᠬᠦ᠌ ᠬᠣᠷᠢᠶᠠᠨ ᠎ᠤ ᠲᠤᠭᠤᠱᠢᠯᠠᠭᠤᠯᠤᠭ᠍ᠰᠠᠨ ᠠᠷᠭ᠎ᠠ ᠬᠡᠮᠵᠢᠶ᠎ᠡ ᠪᠠ ᠨᠡᠢᠲᠡᠯᠢᠭ ᠲᠤᠷᠱᠢᠯᠭ᠎ᠠ ᠎ᠶ᠋ᠢ ᠶᠡᠬᠡ ᠎ᠪᠡᠷ ᠤᠬᠠᠭᠤᠯᠵᠤ᠂ ᠲᠥᠪ ᠭᠣᠣᠯᠴᠢ ᠎ᠪᠠᠷ ᠬᠠᠤᠯᠢ ᠬᠡᠷᠡᠭ᠌ᠵᠢᠭᠦᠯᠬᠦ᠌᠂ ᠬᠠᠤᠯᠢᠵᠢᠯ ᠎ᠤᠨ ᠳᠤᠮᠳᠠᠳᠤ ᠤᠯᠤᠰ᠂ ᠬᠠᠤᠯᠢᠵᠢᠯ ᠎ᠤᠨ ᠥᠪᠥᠷ ᠮᠣᠩᠭᠣᠯ ᠎ᠤᠨ ᠪᠠᠢᠭᠤᠯᠤᠯᠲᠠ ᠎ᠶ᠋ᠢ ᠠᠬᠢᠭᠤᠯᠬᠤ ᠎ᠳᠤ ᠥᠷᠭᠡᠨ ᠳᠡᠯᠭᠡᠷ ᠬᠠᠮᠲᠤ ᠎ᠶ᠋ᠢᠨ ᠲᠠᠨᠢᠯᠲᠠ ᠪᠠ ᠬᠦᠴᠦᠷᠬᠡᠭ ᠶᠡᠬᠡ ᠬᠦᠴᠦᠨ ᠎ᠢ ᠨᠢᠭ᠍ᠲᠠᠷᠠᠭᠤᠯᠤᠨ᠎ᠠ ᠭᠡᠵᠦ ᠢᠯᠡᠳᠬᠡᠪᠡ᠃

ᠨᠡᠢᠭᠡᠮ ᠵᠢᠷᠤᠮ ᠎ᠤᠨ ᠬᠠᠤᠯᠢᠵᠢᠯ ᠎ᠤᠨ ᠪᠠᠢᠭᠤᠯᠤᠯᠲᠠ ᠎ᠶ᠋ᠢ ᠠᠬᠢᠭᠤᠯᠬᠤ ᠳᠤᠮᠳᠠ᠂ ᠪᠦᠬᠦ᠌ ᠣᠷᠣᠨ ᠎ᠤ ᠱᠢᠭᠦᠬᠦ᠌ ᠬᠣᠷᠢᠶ᠎ᠠ᠎ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠲᠤᠬᠠᠢ ᠫᠦ ᠸᠧᠢ ᠭᠠᠩ᠄《ᠪᠦᠬᠦ᠌ ᠣᠷᠣᠨ ᠎ᠤ ᠱᠢᠭᠦᠬᠦ᠌ ᠬᠣᠷᠢᠶ᠎ᠠ ᠨᠠᠮ ᠎ᠤᠨ ᠬᠠᠤᠯᠢ ᠪᠠᠷᠢᠬᠤ ᠠᠵᠢᠯ ᠎ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠎ᠶ᠋ᠢ ᠪᠠᠲᠤ ᠪᠠᠷᠢᠮᠲᠠᠯᠠᠵᠤ᠂ ᠱᠢᠭᠦᠨ ᠲᠠᠰᠤᠯᠬᠤ ᠡᠭᠦᠷᠭᠡ ᠴᠢᠳᠠᠪᠬᠢ᠎ᠶ᠋ᠢᠨ ᠦᠢᠯᠡᠳᠦᠯ ᠎ᠢᠶᠡᠨ ᠭᠦᠢᠴᠡᠳ ᠪᠠᠳᠠᠷᠠᠭᠤᠯᠵᠤ᠂ ᠨᠠᠮ ᠎ᠤᠨ ᠬᠣᠷᠢᠳᠤᠭᠠᠷ ᠶᠡᠬᠡ ᠬᠤᠷᠠᠯ ᠎ᠠᠴᠠ ᠲᠣᠭ᠍ᠲᠠᠭᠠᠭ᠍ᠰᠠᠨ ᠡᠯ᠎ᠡ ᠵᠦᠢᠯ ᠎ᠦᠨ ᠪᠠᠢᠯᠳᠤᠬᠤ ᠪᠤᠳᠤᠯᠭ᠎ᠠ ᠎ᠶ᠋ᠢᠨ ᠪᠠᠢᠷᠢᠯᠠᠭᠤᠯᠤᠯᠲᠠ ᠎ᠶ᠋ᠢ ᠶᠡᠬᠡ ᠲᠠᠯ᠎ᠠ ᠎ᠳᠤ ᠦᠢᠯᠡᠴᠢᠯᠡᠬᠦ᠌᠂ ᠠᠷᠠᠳ ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ ᠎ᠪᠠᠷ ᠬᠠᠤᠯᠢ ᠪᠠᠷᠢᠬᠤ ᠪᠣᠳᠠᠲᠠᠢ ᠦᠢᠯᠡᠳᠦᠯᠭᠡ ᠳᠤᠮᠳᠠ ᠴᠢᠷᠮᠠᠢᠨ ᠨᠠᠢᠳᠠᠪᠤᠷᠢᠵᠢᠭᠤᠯᠤᠨ᠎ᠠ》 ᠭᠡᠪᠡ᠃

ᠫᠦ ᠸᠧᠢ ᠭᠠᠩ᠂ ᠪᠦᠬᠦ᠌ ᠣᠷᠣᠨ ᠎ᠤ ᠱᠢᠭᠦᠬᠦ᠌ ᠬᠤᠷᠢᠶ᠎ᠠ ᠡᠭᠡ ᠤᠯᠤᠰ ᠎ᠤᠨ ᠤᠮᠠᠷᠠᠲᠤ ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ ᠎ᠶ᠋ᠢ ᠪᠠᠲᠤ ᠴᠣᠭ᠍ᠴᠠᠯᠠᠬᠤ ᠡᠨᠡ ᠬᠦ᠌ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠡᠷᠡᠰ ᠡᠭᠦᠷᠭᠡᠯᠡᠵᠦ᠍᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠲᠤ ᠥᠪᠥᠷ ᠮᠣᠩᠭᠣᠯ ᠎ᠢ ᠪᠦᠳᠦᠭᠡᠨ ᠪᠠᠢᠭᠤᠯᠬᠤ ᠎ᠶ᠋ᠢ ᠠᠬᠢᠭᠤᠯᠤᠨ᠎ᠠ᠃ ᠱᠢᠨ᠎ᠡ ᠬᠥᠭ᠌ᠵᠢᠯᠲᠡ ᠎ᠶ᠋ᠢᠨ ᠤᠢᠯᠠᠭᠠᠭᠳᠠᠬᠤᠨ ᠎ᠢ ᠪᠦᠷᠢᠨ ᠪᠦᠲᠦᠨ᠂ ᠣᠨᠣᠪᠴᠢᠲᠠᠶ᠂ ᠪᠥᠬᠥ᠌ ᠲᠠᠯ᠎ᠠ ᠎ᠪᠠᠷ ᠲᠤᠭᠤᠰᠢᠯᠠᠭᠤᠯᠤᠨ᠂ ᠨᠠᠮ ᠎ᠤᠨ ᠲᠥᠪ  ᠬᠤᠷᠢᠶ᠎ᠠ ᠵᠢᠨ  ᠱᠢᠶ᠋ᠳᠪᠦᠷᠢᠲᠦ ᠪᠣᠳᠣᠯᠭ᠎ᠠ ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠎ᠤ ᠭᠤᠤᠯ ᠠᠵᠢᠯ ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ ᠎ᠳᠤ ᠲᠤᠱᠢᠶᠠᠭ᠍ᠰᠠᠨ 《ᠲᠠᠪᠤᠨ ᠶᠡᠬᠡ ᠡᠭᠦᠷᠭᠡ》᠎ᠶ᠋ᠢ ᠦᠨᠡᠨ ᠬᠦ᠌ ᠰᠠᠢᠲᠤᠷ ᠨᠠᠢᠳᠠᠪᠤᠷᠢᠵᠢᠭᠤᠯᠤᠨ ᠰᠠᠢᠲᠤᠷ ᠪᠡᠶᠡᠯᠡᠭᠦᠯᠦᠨ᠎ᠡ;《ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠲᠠ ᠮᠦᠩᠭᠦᠨ ᠠᠭᠤᠯᠠ ᠮᠦᠨ》 ᠭᠡᠬᠦ ᠣᠢᠯᠠᠭᠠᠭ᠍ᠳᠠᠬᠤᠨ ᠎ᠢ ᠭᠦᠨᠵᠡᠭᠡᠢ ᠲᠤᠭᠤᠱᠢᠯᠠᠭᠤᠯᠵᠤ᠂ ᠣᠷᠴᠢᠨ ᠠᠬᠤᠢ ᠡᠬᠢ ᠪᠠᠶᠠᠯᠢᠭ ᠎ᠤᠨ  ᠱᠢᠭᠦᠨ ᠲᠠᠰᠤᠯᠬᠤ ᠠᠵᠢᠯ ᠎ᠢ ᠴᠢᠩᠭᠠᠳᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠎ᠶ᠋ᠢ ᠱᠢᠰᠲ᠋ᠧᠮ ᠎ᠲᠡᠶ ᠵᠠᠰᠠᠬᠤ ᠎ᠶ᠋ᠢ ᠪᠠᠲᠤᠯᠠᠵᠤ᠂ 《ᠬᠦᠯᠦᠨ ᠨᠠᠭᠤᠷ ᠤᠯᠠᠭᠠᠨᠰᠤᠬᠠᠢ ᠳᠠᠭ᠎ᠠ ᠵᠢᠨ ᠨᠠᠭᠤᠷ》᠂ ᠬᠠᠳᠤᠨ ᠭᠣᠣᠯ ᠎ᠤᠨ ᠰᠠᠪᠠ ᠭᠠᠵᠠᠷ ᠎ᠤᠨ ᠠᠮᠢ ᠠᠬᠤᠢ ᠣᠷᠴᠢᠨ ᠲᠤᠭᠤᠷᠢᠨ ᠎ᠤ ᠬᠠᠤᠯᠢ ᠴᠠᠭᠠᠵᠠ ᠵᠢᠨ ᠬᠠᠮᠠᠭᠠᠯᠠᠯᠲᠠ᠎ᠶ᠋ᠢ ᠦᠷᠭᠦᠯᠵᠢᠯᠡᠨ ᠴᠢᠩᠭᠠᠳᠭᠠᠨ᠎ᠠ; ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠬᠠᠤᠯᠢ ᠴᠠᠭᠠᠵᠠ ᠵᠢᠨ ᠪᠠᠲᠤᠯᠠᠭ᠎ᠠ᠎ᠶ᠋ᠢᠨ ᠡᠯ᠎ᠡ ᠵᠦᠢᠯ᠎ᠦᠨ ᠲᠣᠭ᠍ᠲᠠᠴᠠ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠠᠷᠠᠳ᠎ᠤᠨ ᠡᠵᠡᠩᠨᠡᠯᠳᠠ ᠵᠢᠨ ᠠᠵᠤ ᠠᠬᠤᠢᠯᠠᠯ ᠪᠤᠯᠤᠨ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠡᠷᠬᠡ ᠲᠡᠭ᠌ᠰᠢ᠎ᠪᠡᠷ ᠬᠠᠮᠠᠭᠠᠯᠠᠵᠤ᠂ ᠠᠵᠤ ᠠᠬᠤᠢᠯᠠᠯᠲᠠᠨ᠎ᠢ ᠨᠢᠭᠡ ᠰᠡᠳᠭᠢᠯ᠎ᠢᠶᠡᠷ ᠦᠢᠯᠡᠰ ᠪᠤᠰᠬᠠᠬᠤ᠂ ᠰᠠᠨᠠᠭ᠎ᠠ ᠠᠮᠤᠷ ᠪᠡᠯᠡ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠌ ᠪᠣᠯᠭᠠᠨ᠎ᠠ; ᠠᠷᠠᠳ᠎ᠤᠨ ᠠᠮᠢᠳᠤᠷᠠᠯ᠎ᠤᠨ ᠬᠠᠤᠯᠢ ᠴᠠᠭᠠᠵᠠ ᠵᠢᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠣᠷᠣᠨ ᠰᠠᠭᠤᠴᠠ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠬᠣᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠱᠢᠭᠦᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠤᠨ᠎ᠠ; ᠨᠢᠭᠡ ᠥᠷᠲᠡᠭᠡᠴᠢᠯᠡᠭᠰᠡᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠵᠠᠷᠭᠤ᠎ᠶ᠋ᠢᠨ ᠡᠬᠢ ᠰᠤᠷᠪᠤᠯᠵᠢ ᠵᠢᠨ ᠵᠠᠰᠠᠯᠲᠠ᠎ᠶ᠋ᠢ ᠴᠢᠩᠭᠠᠳᠭᠠᠨ᠂ ᠵᠠᠷᠭᠤ᠎ᠶ᠋ᠢᠨ ᠦᠢᠯᠡᠴᠢᠯᠡᠭᠡᠨ᠎ᠦ ᠬᠢᠷᠢ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠤᠨ᠎ᠠ; ᠠᠷᠠᠳ᠎ᠤᠨ ᠱᠢᠭᠦᠬᠦ᠌ ᠲᠢᠩᠬᠢᠮ᠎ᠦᠨ ᠪᠠᠢᠭᠤᠯᠤᠯᠲᠠ᠎ᠶ᠋ᠢ ᠤᠯᠠᠮ ᠴᠢᠨᠠᠭ᠍ᠰᠢᠳᠠ ᠴᠢᠩᠭᠠᠳᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠨᠡᠩ ᠰᠠᠢᠲᠤᠷ ᠦᠢᠯᠡᠴᠢᠯᠡᠵᠦ᠍᠂ ᠠᠷᠠᠳ ᠤᠯᠠᠨ᠎ᠳᠤ ᠲᠥᠪ ᠭᠣᠣᠯᠴᠢ ᠱᠢᠳᠤᠷᠭᠤ ᠶᠣᠰᠣ ᠳᠡᠷᠭᠡᠳᠡ ᠨᠢ ᠪᠠᠢᠬᠤ᠎ᠶ᠋ᠢ ᠮᠡᠳᠡᠷᠡᠭᠦᠯᠬᠦ᠌᠎ᠪᠡᠷ ᠴᠢᠷᠮᠠᠢᠨ᠎ᠠ; ᠭᠦᠶ᠋ᠴᠡᠳᠭᠡᠬᠦ᠌ ᠠᠵᠢᠯ᠎ᠢ ᠦᠷᠭᠦᠯᠵᠢᠯᠡᠨ ᠴᠢᠩᠭᠠᠳᠭᠠᠵᠤ᠂ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠭᠦᠶ᠋ᠴᠡᠳᠭᠡᠬᠦ᠌ ᠶᠠᠪᠤᠴᠠ᠎ᠶ᠋ᠢ ᠵᠢᠷᠤᠮᠵᠢᠭᠤᠯᠬᠤ᠂ ᠲᠣᠬᠢᠷᠠᠭᠤᠯᠤᠯᠲᠠ᠎ᠶ᠋ᠢ ᠤᠶᠤᠨᠴᠢᠯᠠᠬᠤ᠂ ᠮᠡᠳᠡᠭᠡ ᠵᠠᠩᠭᠢ᠎ᠶ᠋ᠢ ᠢᠯᠡ ᠪᠣᠯᠭᠠᠬᠤ᠂ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠬᠤ᠂ ᠥᠨᠳᠥᠷ ᠪᠠᠷᠢᠮᠵᠢᠶ᠎ᠠ᠎ᠪᠠᠷ ᠠᠵᠢᠯᠯᠠᠭᠤᠯᠬᠤ᠎ᠶ᠋ᠢ ᠪᠠᠢᠩᠭᠤᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠭᠦᠶ᠋ᠴᠡᠳᠭᠡᠬᠦ᠌᠎ᠶ᠋ᠢ ᠪᠣᠳᠠᠲᠠᠢᠵᠢᠭᠤᠯᠬᠤ ᠨᠣᠷᠮ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ ᠭᠡᠵᠦ ᠢᠯᠡᠳᠭᠡᠪᠡ᠃

ᠫᠦ ᠸᠧᠢ ᠭᠠᠩ᠂ ᠪᠦᠬᠦ᠌ ᠣᠷᠣᠨ᠎ᠤ ᠱᠢᠭᠦᠬᠦ᠌ ᠬᠣᠷᠢᠶ᠎ᠠ ᠬᠠᠤᠯᠢ ᠴᠠᠭᠠᠵᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠭᠦᠨ ᠲᠠᠰᠤᠯᠬᠤ ᠱᠢᠰᠲ᠋ᠧᠮ ᠪᠣᠯᠤᠨ ᠱᠢᠭᠦᠨ ᠲᠠᠰᠤᠯᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠠᠬᠢᠭᠤᠯᠵᠤ᠂ ᠤᠶᠤᠨᠲᠤ ᠱᠢᠭᠦᠬᠦ᠌ ᠬᠣᠷᠢᠶᠠᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠲᠤᠮᠤ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ᠎ᠦᠨ ᠴᠦᠷᠭᠡᠯᠡᠭᠡ ᠵᠡᠷᠭᠡ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠭᠦᠨ ᠲᠠᠰᠤᠯᠬᠤ ᠠᠵᠢᠯ᠎ᠳᠠᠬᠢ ᠪᠣᠳᠠᠲᠠᠢ ᠬᠡᠷᠡᠭ᠌ᠯᠡᠯᠳᠠ᠎ᠶ᠋ᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ ᠵᠠᠷᠭᠤ᠎ᠶ᠋ᠢᠨ ᠦᠢᠯᠡᠴᠢᠯᠡᠭᠡᠨ᠎ᠦ ᠲᠠᠪᠴᠠᠩ᠎ᠤᠨ ᠡᠷᠴᠢᠮᠵᠢᠭᠰᠡᠨ ᠨᠡᠢᠳᠬᠡᠭᠰᠡᠨ ᠦᠢᠯᠡᠳᠦᠯ ᠴᠢᠳᠠᠪᠬᠢ᠎ᠶ᠋ᠢ ᠭᠦᠢᠴᠡᠳ ᠪᠠᠳᠠᠷᠠᠭᠤᠯᠵᠤ᠂ ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ᠌᠂ ᠨᠢᠭᠡ ᠨᠣᠮᠧᠷ᠎ᠢᠶᠡᠷ ᠪᠦᠬᠦᠨ᠎ᠢ ᠭᠦᠢᠴᠡᠳᠭᠡᠬᠦ᠌᠂ ᠨᠢᠭᠡ ᠴᠣᠩᠬᠣᠪᠴᠢ᠎ᠪᠠᠷ ᠪᠦᠬᠦᠨ᠎ᠢ ᠱᠢᠢᠳᠪᠦᠷᠢᠯᠡᠬᠦ᠌᠎ᠶ᠋ᠢ ᠪᠡᠶᠡᠯᠡᠭᠦᠯᠵᠦ᠍᠂ ᠤᠯᠠᠨ ᠲᠦᠮᠡᠨ᠎ᠳᠤ ᠭᠡᠷ᠎ᠡᠴᠡ᠎ᠪᠡᠨ ᠭᠠᠷᠬᠤ ᠦᠭᠡᠢ᠎ᠪᠡᠷ ᠪᠦᠬᠦ᠌ ᠲᠠᠯ᠎ᠠ᠎ᠶ᠋ᠢᠨ᠂ ᠪᠦᠬᠦ᠌ ᠶᠠᠪᠤᠴᠠ᠎ᠶ᠋ᠢᠨ ᠳᠥᠭᠥᠮ ᠳᠥᠲᠡ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠡᠳ᠋ᠯᠡᠭᠦᠯᠬᠦ ᠪᠤᠯᠤᠨ᠎ᠠ᠃ ᠡᠭᠦᠨ᠎ᠦ ᠬᠠᠮᠲᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌᠎ᠶ᠋ᠢ ᠢᠮᠠᠭᠳᠠ ᠪᠠᠷᠢᠮᠲᠠᠯᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠴᠡᠪᠡᠷᠱᠢᠭᠦᠯᠵᠦ᠍᠂ ᠺᠠᠳ᠋ᠷ ᠴᠠᠭ᠍ᠳᠠᠭ᠎ᠠ᠎ᠶ᠋ᠢᠨ ᠡᠳᠦᠷ ᠲᠤᠳᠤᠮ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠱᠢᠭᠦᠬᠦ᠌ ᠬᠣᠷᠢᠶᠠᠨ᠎ᠤ ᠡᠩᠨᠡᠭᠡ᠎ᠶ᠋ᠢᠨ ᠬᠠᠷᠢᠴᠠᠯᠠᠰᠢ ᠦᠭᠡᠢ ᠦᠨᠡᠨᠴᠢ ᠱᠢᠳᠤᠷᠭᠤ᠂ ᠬᠠᠷᠢᠴᠠᠯᠠᠰᠢ ᠦᠭᠡᠢ ᠠᠷᠢᠭᠤᠨ ᠴᠡᠪᠡᠷ᠂ ᠬᠠᠷᠢᠴᠠᠯᠠᠰᠢ ᠦᠭᠡᠢ ᠨᠠᠢᠳᠠᠪᠤᠷᠢᠲᠠᠢ ᠪᠠᠢᠬᠤ᠎ᠶ᠋ᠢ ᠦᠨᠡᠨ ᠬᠦ᠌ ᠪᠠᠲᠤᠯᠠᠬᠤ ᠪᠤᠯᠤᠨ᠎ᠠ ᠬᠡᠵᠤ ᠬᠡᠯᠡᠯ᠎ᠠ᠃

ᠰᠤᠷᠪᠤᠯᠵᠢᠯᠠᠭ᠎ᠠ᠎ᠶ᠋ᠢᠨ ᠡᠴᠦᠰ᠎ᠲᠦ ᠫᠦ ᠸᠧᠢ ᠭᠠᠩ᠂ ᠪᠦᠬᠦ᠌ ᠣᠷᠣᠨ᠎ᠤ ᠱᠢᠭᠦᠬᠦ᠌ ᠬᠣᠷᠢᠶ᠎ᠠ ᠵᠢᠨ ᠬᠢᠨ 《ᠬᠠᠤᠯᠢ ᠴᠠᠭᠠᠵᠠ᠎ᠶ᠋ᠢᠨ ᠬᠡᠷᠡᠭ ᠪᠣᠯᠭᠠᠨ᠎ᠠᠴᠠ ᠤᠯᠠᠨ ᠲᠦᠮᠡᠨ᠎ᠳᠤ ᠲᠥᠪ ᠭᠣᠣᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠬᠤ》 ᠬᠠᠷᠠᠯᠲᠠ᠎ᠶ᠋ᠢᠨ ᠲᠣᠭᠣᠷᠢᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠪᠦᠬᠦ᠌ ᠣᠷᠣᠨ᠎ᠤ ᠱᠢᠭᠦᠬᠦ᠌ ᠬᠣᠷᠢᠶᠠᠨ᠎ᠤ ᠡᠯ᠎ᠡ ᠵᠦᠢᠯ᠎ᠦᠨ ᠠᠵᠢᠯ᠎ᠤᠨ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌᠎ᠳᠦ ᠱᠢᠯᠢᠳᠡᠭ ᠬᠠᠤᠯᠢ ᠴᠠᠭᠠᠵᠠ᠎ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ᠎ᠪᠠᠷ ᠴᠢᠷᠮᠠᠢᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号