ᠬᠦᠳᠡᠭᠡ ᠲᠤᠰᠬᠤᠨ᠎ᠤ ᠯᠠᠪᠠᠷ᠎ᠤᠨ ᠲᠠᠭᠤᠨ ᠬᠦᠮᠤᠰ᠎ᠤᠨ ᠰᠡᠳᠬᠢᠯ᠎ᠳᠤ ᠬᠠᠳᠠᠡᠭᠰᠢᠨ᠎ᠠ
2022-12-11 17:36:47
ᠵᠣᠬᠢᠶᠠᠭ᠍ᠴᠢ᠄
ᠭᠣᠣ ᠮᠢᠨ ᠨᠠ ᠵᠠᠩ ᠢᠦᠶ
ᠣᠩᠱᠢᠭ᠍ᠰᠠᠨ ᠣᠳᠠᠭ᠎ᠠ᠄
★★★☆☆

《 ᠲᠣᠰᠭᠣᠨ ᠤ᠋  ᠤᠯᠠᠨ ᠲᠦᠮᠡᠨ ᠲᠠ ᠨᠠᠷ ᠰᠠᠢᠨ ᠪᠠᠢᠵᠠᠭᠠᠨ᠎ᠠ ᠦᠦ?  ᠪᠢ ᠪᠣᠯ ᠲᠣᠰᠭᠣᠨ ᠳ᠋ᠦ ᠰᠠᠭᠤᠭ᠎ᠠ ᠨᠢᠭᠡᠳᠦᠭᠡᠷ ᠱᠦᠵᠢ ᠮᠸᠩ ᠴᠤᠤ ᠪᠣᠯᠤᠨ᠎ᠠ᠂ ᠥᠨᠥᠳᠦᠷ ᠪᠢ ᠲᠠ ᠤᠯᠠᠨ᠎ᠳᠠᠭᠠᠨ  ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ᠎ᠦᠨ ᠲᠤᠬᠠᠶ ᠤᠬᠠᠭᠤᠯᠤᠨ ᠲᠠᠢᠯᠪᠤᠷᠢᠯᠠᠶ᠎ᠠ᠃ 10 ᠰᠠᠷ᠎ᠠ ᠶ᠋ᠢᠨ 16  ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠤᠳᠠᠭ᠎ᠠ᠎ᠵᠢᠨ ᠪᠦᠬᠦ᠌ ᠤᠯᠤᠰ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠪᠡᠭᠡᠵᠢᠩ᠎ᠦᠨ ᠠᠷᠠᠳ ᠤ᠋ᠨ ᠶᠡᠬᠡ ᠬᠤᠷᠠᠯ ᠤ᠋ᠨ ᠲᠠᠡᠭᠬᠢᠮ ᠳ᠋ᠦ ᠦᠪᠡᠳᠡᠭ᠌ᠰᠢ ᠶᠡᠬᠡ᠎ᠪᠡᠷ ᠡᠬᠢᠯᠡᠪᠡ ᠁ 》

ᠡᠳᠦᠷ ᠪᠦᠷᠢ ᠶ᠋ᠢᠨ ᠦᠳᠡ ᠶ᠋ᠢᠨ ᠬᠣᠭᠣᠯᠠᠨ ᠤ᠋ ᠳᠠᠷᠠᠭ᠎ᠠ᠂ ᠬᠢᠩᠭᠠᠨ ᠠᠢᠮᠠᠭ ᠤ᠋ᠨ ᠲᠦᠴᠢᠦᠸᠠᠨ ᠱᠢᠶᠠᠨ ᠤ᠋᠎ᠲᠠᠶ ᠫᠢᠩ ᠱᠢᠶᠠᠩ ᠤ᠋ᠨ ᠴᠢᠶᠠᠨ ᠴᠠᠩ ᠲᠣᠰᠭᠣᠨ ᠤ᠋ ᠠᠷᠠᠳ ᠤ᠋ᠨ ᠵᠥᠪᠯᠡᠯ᠎ᠦᠨ ᠯᠠᠪᠠᠷ ᠴᠠᠭ ᠲᠠᠭᠠᠨ ᠬᠠᠡᠭᠬᠢᠨᠡᠨ᠂ ᠲᠣᠰᠭᠣᠨ ᠤ᠋ ᠤᠯᠠᠨ ᠲᠦᠮᠨᠨ ᠭᠡᠷ᠎ᠲᠡᠬᠡᠨ ᠰᠠᠭᠤᠭᠠᠳ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ᠎ᠦᠨ ᠲᠠᠢᠯᠤᠮᠵᠢ ᠵᠢ ᠰᠤᠨᠤᠰᠤᠨ᠎ᠠ᠃

ᠲᠣᠰᠭᠣᠨ ᠤ᠋ ᠠᠬᠠᠮᠠᠳ ᠨᠠᠮ ᠤ᠋ᠨ ᠭᠡᠱᠢᠭᠦᠨ ᠮᠸᠩ ᠹᠠᠨ ᠭᠦᠸᠧ  ᠨᠠᠮ ᠳ᠋ᠦ ᠡᠯᠰᠡᠭᠳᠡᠭᠡᠳ 30 ᠭᠠᠷᠤᠶ ᠵᠢᠯ ᠪᠣᠯᠵᠣ ᠪᠠᠢᠭ᠎ᠠ ᠪᠤᠯᠪᠠᠴᠤ ᠲᠡᠷᠡ ᠪᠡᠷ ᠤᠯᠤᠰ ᠤ᠋ᠨ ᠴᠢᠭ᠌ᠯᠡᠯᠲᠡ ᠲᠥᠷᠥ ᠶ᠋ᠢᠨ ᠪᠣᠳᠣᠯᠭ᠎ᠠ ᠵᠢ ᠴᠠᠭ ᠲᠤᠬᠠᠢ ᠳ᠋ᠤᠨᠢ ᠰᠤᠷᠤᠯᠴᠠᠨ ᠡᠵᠡᠮᠰᠢᠬᠦ ᠳᠠᠳᠭᠠᠯ ᠶ᠋ᠢᠡᠨ ᠬᠠᠳᠠᠭᠠᠯᠠᠭ᠍ᠰᠠᠭᠠᠷ ᠠᠵᠢ᠃ ᠤᠢᠷ᠎ᠠ ᠳ᠋ᠤ ᠂ ᠲᠡᠷᠡ ᠲᠣᠰᠭᠣᠨ ᠤ᠋ ᠷᠠᠳᠢᠣ᠋ ᠨᠡᠪᠲᠡᠷᠡᠭᠦᠯᠭᠡ ᠶ᠋ᠢᠨ ᠠᠭᠤᠯᠭ᠎ᠠ ᠵᠢ ᠰᠤᠨᠤᠰᠴᠤ᠂ ᠨᠠᠷᠢᠨ ᠬᠢᠨᠠᠮᠠᠭᠠᠢ ᠲᠡᠮᠳᠡᠭ᠌ᠯᠡᠯ ᠬᠢᠬᠦ᠌ ᠶ᠋ᠢᠨ ᠳᠠᠭᠠᠤ ᠮᠡᠳᠡᠭᠡ ᠵᠠᠩᠭᠢ ᠶ᠋ᠢᠨ ᠳᠥᠭᠥᠮ ᠳᠥᠲᠡ ᠪᠤᠯᠤᠭᠰᠠᠨ ᠢ᠋ ᠭᠠᠢᠬᠠᠰᠢᠷᠠᠨ᠎ᠠ᠃

ᠠᠵᠢᠯ᠎ᠳᠠᠭᠠᠨ ᠶᠠᠭᠠᠷᠠᠵᠤ ᠪᠠᠢᠭ᠎ᠠ ᠲᠣᠰᠭᠣᠨ ᠤ᠋ ᠠᠷᠠᠳ᠎ᠲᠤ ᠠᠪᠴᠤ᠌ ᠬᠡᠯᠡᠪᠡᠯ᠂ ᠡᠳᠦᠷ ᠪᠦᠷᠢ ᠲᠣᠭ᠍ᠲᠠᠭ᠍ᠰᠠᠨ ᠴᠠᠭ ᠲᠠᠭᠠᠨ ᠳᠤᠤᠭᠠᠷᠳᠠᠭ ᠯᠠᠪᠠᠷ ᠨᠢ ᠲᠡᠳᠡᠨ ᠳ᠋ᠦ ᠲᠠᠷᠢᠶᠠᠨ ᠠᠵᠢᠯ ᠤ᠋ᠨ ᠴᠢᠯᠥᠭᠡ ᠵᠠᠪ ᠶ᠋ᠢᠡᠷ ᠶ᠋ᠢᠡᠨ ᠨᠠᠮ ᠤ᠋ᠨ ᠳᠠᠭᠤᠨ ᠢ᠋ ᠰᠤᠨᠤᠰᠴᠤ᠂ ᠨᠠᠮ ᠤ᠋ᠨ ᠠᠷᠠᠳ ᠲᠦᠮᠡᠨ᠎ᠦ ᠲᠥᠯᠥᠭᠡ ᠭᠡᠬᠦ᠌ ᠬᠠᠢᠷ᠎ᠠ ᠰᠡᠳᠭᠢᠯᠭᠡ ᠵᠢ ᠮᠡᠳᠡᠷᠡᠭᠦᠯᠬᠦ᠌ ᠶ᠋ᠢᠨ ᠬᠠᠮᠲᠤ ᠪᠠᠰᠠ ᠨᠠᠮ ᠤ᠋ᠨ ᠲᠠᠭᠤᠨ᠎ᠢ ᠦᠨᠳᠦᠰᠦᠨ ᠱᠠᠲᠤᠨ ᠳ᠋ᠦ ᠬᠠᠡᠭᠬᠢᠨᠠᠭᠤᠯᠵᠤ᠂ ᠤᠯᠠᠨ ᠲᠦᠮᠡᠨ᠎ᠳᠤ ᠤᠬᠠᠭᠤᠯᠤᠨ ᠡᠵᠡᠮᠰᠢᠬᠦᠯᠬᠦ ᠵᠢ ᠬᠦᠴᠦᠲᠡᠢ ᠠᠬᠢᠭᠤᠯᠵᠤ ᠪᠠᠢᠯ᠎ᠠ᠃

《 ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ᠎ᠳᠡᠬᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠤᠬᠠᠢ ᠠᠭᠤᠯᠭ᠎ᠠ ᠵᠢ ᠰᠣᠨᠣᠰᠤᠭᠠᠳ ᠪᠢᠳᠡ ᠮᠠᠰᠢ ᠤᠷᠮᠠᠱᠢᠨ ᠵᠣᠷᠢᠭ᠍ᠵᠢᠵᠤ᠂ ᠤᠯᠠᠨ ᠶ᠋ᠢᠡᠷ ᠶ᠋ᠢᠡᠨ ᠢᠷᠡᠭᠡᠳᠦᠢ ᠶ᠋ᠢᠨ ᠠᠮᠢᠳᠤᠷᠠᠯ ᠳ᠋ᠠᠭᠠᠨ ᠨᠡᠩ ᠢᠲᠡᠭᠡᠯ ᠲᠡᠭᠦᠯᠳᠡᠷ ᠪᠣᠯᠵᠠᠢ》ᠭᠡᠵᠦ ᠲᠣᠰᠭᠣᠨ ᠤ᠋ ᠠᠷᠠᠳ ᠬᠥᠩ ᠬᠠᠶ ᠵᠢᠶᠦ᠋ᠨ ᠢᠨᠢᠶᠠᠳᠤ ᠲᠤᠳᠤᠷᠠᠭᠤᠯᠤᠨ ᠭᠡᠯᠡᠨ᠎ᠠ᠃ ᠣᠢᠷ᠎ᠠ ᠶ᠋ᠢᠨ ᠬᠡᠳᠦᠨ ᠵᠢᠯ᠎ᠳᠦ ᠨᠠᠮ ᠤ᠋ᠨ ᠠᠷᠠᠳ ᠢ᠋ ᠪᠠᠶᠠᠵᠢᠭᠤᠯᠬᠤ ᠲᠥᠷᠥ ᠶ᠋ᠢᠨ ᠪᠣᠳᠣᠯᠭ᠎ᠠ ᠶ᠋ᠢᠨ ᠵᠢᠯᠣᠭᠣᠳᠣᠯᠭ᠎ᠠ ᠳᠤᠤᠷ᠎ᠠ ᠲᠡᠷᠡ ᠪᠡᠷ ᠲᠡᠵᠢᠭᠡᠨ ᠦᠷᠡᠵᠢᠭᠦᠯᠬᠦ ᠪᠡᠷ ᠳᠠᠮᠵᠢᠨ ᠣᠷᠣᠯᠭ᠎ᠠ᠎ᠪᠠᠨ ᠨᠡᠮᠡᠭ᠌ᠳᠡᠭᠦᠯᠵᠦ᠍᠂ ᠪᠠᠶᠠᠵᠢᠨ ᠴᠢᠨᠡᠭᠡᠯᠢᠭᠵᠢᠵᠤ᠂ ᠲᠠᠨᠢᠬᠦᠨ ᠲᠠᠪᠠᠳᠠᠢ ᠠᠮᠢᠳᠤᠷᠠᠯ᠎ᠪᠠᠢᠭ᠎ᠠ ᠪᠢᠯᠨ᠃

ᠬᠥᠳᠡᠭᠡ ᠲᠣᠰᠭᠣᠨ ᠤ᠋ ᠲᠤᠮᠤ ᠯᠠᠪᠠᠷ ᠨᠢ ᠰᠠᠢᠨ ᠴᠢᠮᠡᠭᠡ ᠵᠢ ᠳᠠᠮᠵᠢᠭᠤᠯᠬᠤ 《ᠲᠠᠭᠤ ᠲᠣᠮᠣᠷᠠᠭᠤᠯᠤᠭ᠍ᠴᠢ》 ᠪᠠ ᠨᠠᠮ ᠤᠯᠠᠨ ᠲᠦᠮᠡᠨ ᠺᠠᠳ᠋ᠷ ᠤᠯᠠᠨ ᠲᠦᠮᠡᠨ᠎ᠦ ᠬᠠᠷᠢᠴᠠᠭ᠎ᠠ ᠵᠢ ᠨᠢᠭ᠍ᠲᠠᠷᠠᠭᠤᠯᠬᠤ 《ᠰᠡᠳᠭᠢᠯ ᠢ᠋ ᠬᠣᠯᠪᠣᠬᠤ ᠬᠥᠭᠥᠷᠭᠡ》 ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠬᠤ᠎ᠵᠢᠨ ᠬᠠᠮᠳᠤ ᠤᠬᠠᠭᠤᠯᠭ᠎ᠠ ᠶ᠋ᠢᠨ ᠠᠷᠭ᠎ᠠ ᠵᠠᠮ ᠢ᠋ ᠥᠷᠭᠡᠳᠭᠡᠵᠦ᠍᠂ ᠨᠠᠮ ᠤ᠋ᠨ ᠱᠢᠨ᠎ᠡ ᠵᠢ ᠡᠭᠦᠳᠬᠦ᠌ ᠤᠨᠤᠯ ᠢ᠋ ᠬᠥᠳᠡᠭᠡ ᠲᠣᠰᠭᠣᠨ ᠳ᠋ᠤ ᠲᠤᠭᠤᠰᠢᠳᠠᠢ ᠤᠯᠠᠮᠵᠢᠯᠠᠨ ᠳᠠᠮᠵᠢᠭᠤᠯᠬᠤ ᠪᠤᠯᠵᠠᠢ᠃

《ᠮᠠᠨ ᠤ᠋ ᠲᠤᠮᠤ ᠯᠠᠪᠠᠷ᠎ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ᠎ᠳᠡᠬᠢ ᠠᠷᠠᠳ᠎ᠲᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠵᠢᠴᠢ ᠮᠠᠨ ᠤ᠋ ᠲᠣᠰᠭᠣᠨ ᠤ᠋ ᠲᠠᠷᠠᠭᠠᠴᠢ ᠶ᠋ᠢᠨ ᠠᠯᠬᠤᠮ ᠤ᠋ᠨ ᠬᠥᠭ᠌ᠵᠢᠯᠲᠡ ᠶ᠋ᠢᠨ ᠲᠥᠯᠥᠪᠵᠢᠭᠦᠯᠭᠡ ᠵᠢ ᠣᠯᠠᠨ ᠲᠦᠮᠡᠨ᠎ᠳᠦ ᠨᠠᠩ ᠲᠥᠬᠥᠮ ᠳᠦᠲᠡ ᠪᠡᠷ ᠤᠢᠯᠠᠭᠠᠭᠤᠯᠵᠤ ᠴᠢᠳᠠᠨ᠎ᠠ᠃ ᠨᠠᠮ ᠤ᠋ᠨ ᠬᠣᠷᠢᠳᠤᠭᠠᠷ ᠶᠡᠬᠡ ᠬᠤᠷᠠᠯ᠎ᠠᠴᠠ ᠪᠢᠳᠡᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠦ ᠲᠣᠳᠣᠷᠬᠠᠢ ᠴᠢᠭ᠌ᠯᠡᠯ᠎ᠵᠢᠭᠠᠵᠤ ᠦᠭᠬᠦᠭᠰᠡᠨ ᠮᠦᠷᠲᠡᠭᠡᠨ ᠦᠨᠳᠦᠰᠦᠨ ᠵᠢᠷᠤᠮᠯᠠᠯ ᠬᠠᠩᠭᠠᠪᠠ᠂ ᠪᠢᠳᠡ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠬᠠᠨᠴᠤᠢ ᠱᠢᠮᠠᠯᠠᠨ ᠴᠢᠷᠮᠠᠢᠨ ᠠᠵᠢᠯᠯᠠᠵᠤ ᠂ ᠤᠯᠠᠨ ᠢ᠋ ᠳᠠᠭᠠᠭᠤᠯᠤᠨ ᠨᠡᠩ ᠰᠠᠢ᠌ᠨ ᠰᠠᠢᠬᠠᠨ  ᠵᠢᠷᠭᠠᠯᠲᠤ ᠠᠮᠢᠳᠤᠷᠠᠯ ᠢ᠋ ᠡᠳ᠋ᠯᠡᠭᠦᠯᠦᠨ᠎ᠡ》 ᠭᠡᠵᠦ᠍ ᠮᠸᠩ ᠴᠤᠤ ᠢᠳᠡᠭᠡᠯ ᠲᠠᠬᠦᠯᠳᠡᠷ ᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号