ᠡᠷᠬᠡ ᠰᠦᠷᠲᠦ ᠲᠤᠰᠭᠠᠶ ᠮᠡᠷᠭᠡᠵᠢᠯᠲᠡᠨ᠎ᠤ ᠬᠢᠵᠢᠭ᠎ᠢ ᠰᠡᠷᠭᠡᠢᠯᠡᠬᠦ᠌ ᠬᠠᠯᠠᠮᠱᠢᠯ ᠠᠰᠠᠭᠤᠳᠠᠯ᠎ᠤᠨ ᠲᠤᠬᠠᠢ ᠲᠠᠢᠯᠤᠮᠵᠢ
ᠣᠳᠣᠬᠠᠨ᠎ᠳᠤ᠂ ᠬᠢᠵᠢᠭ᠎ᠦᠨ ᠪᠠᠢᠳᠠᠯ ᠣᠯᠠᠨ ᠭᠠᠵᠠᠷ᠎ᠲᠤ ᠲᠠᠷᠬᠠᠵᠤ ᠪᠠᠢᠬᠤ᠎ᠶ᠋ᠢᠨ ᠬᠠᠮᠲᠤ ᠨᠠᠮᠤᠷ ᠡᠪᠦᠯ᠎ᠦᠨ ᠤᠯᠠᠷᠢᠯ ᠪᠣᠯ ᠬᠡᠦᠬᠡᠳ᠎ᠦᠨ ᠠᠮᠢᠰᠭᠤᠯ᠎ᠤᠨ ᠵᠠᠮ᠎ᠤᠨ ᠡᠪᠡᠳᠴᠢᠨ ᠶᠡᠭᠡ ᠬᠠᠯᠳᠠᠪᠤᠷᠢᠯᠠᠬᠤ ᠤᠯᠠᠷᠢᠯ ᠪᠣᠯᠤᠨ᠎ᠠ᠃ ᠬᠡᠷᠪᠡ ᠬᠡᠦᠬᠡᠳ ᠬᠠᠯᠠᠭᠤᠷᠠᠬᠤ᠂ ᠬᠠᠨᠢᠶᠠᠬᠤ ᠵᠡᠷᠭᠡ ᠢᠯᠡᠷᠡᠯ ᠭᠠᠷᠪᠠᠯ ᠶᠠᠭᠠᠬᠢᠬᠤ ᠪᠣᠶ? ᠡᠮ ᠬᠡᠷᠡᠭ᠌ᠯᠡᠬᠦ᠌ ᠦᠶᠡᠰ ᠶᠠᠮᠠᠷ ᠠᠩᠬᠠᠷᠬᠤ ᠵᠦᠶ᠋ᠯ ᠪᠠᠢᠬᠤ ᠪᠣᠶ? ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠡᠴᠡ ᠡᠴᠡ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠲᠠᠢᠯᠤᠮᠵᠢ ᠬᠢᠯᠭᠡᠪᠡ᠃
ᠨᠡᠢᠰᠯᠡᠯ᠎ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠪᠡᠭᠡᠵᠢᠩ᠎ᠦᠨ ᠬᠡᠦᠬᠡᠳ᠎ᠦᠨ ᠡᠮᠨᠡᠯᠭᠡ᠎ᠶ᠋ᠢᠨ ᠬᠣᠷᠢᠶᠠᠨ᠎ᠤ ᠪᠠᠴᠢᠮ ᠠᠪᠤᠷᠠᠯᠳᠠ ᠵᠢᠨ ᠰᠠᠯᠠᠭᠠᠨ᠎ᠤ ᠡᠷᠬᠢᠯᠡᠭ᠌ᠴᠢ ᠸᠠᠩ ᠴᠢᠤᠸᠠᠨ᠄《ᠬᠡᠦᠬᠡᠳ᠎ᠦᠨ ᠠᠮᠢᠰᠭᠤᠯ᠎ᠤᠨ ᠵᠠᠮ᠎ᠤᠨ ᠬᠠᠯᠳᠠᠪᠤᠷᠢᠯᠠᠯ᠎ᠢ ᠡᠭᠦᠰᠭᠡᠬᠦ᠌ ᠡᠪᠡᠳᠴᠢᠨ ᠡᠭᠦᠰᠭᠡᠭ᠌ᠴᠢ ᠮᠠᠰᠢ ᠣᠯᠠᠨ ᠪᠠᠢᠳᠠᠭ᠂ ᠵᠢᠱ᠌ᠢᠶᠡᠯᠡᠪᠡᠯ ᠦᠷᠭᠦᠯᠵᠢ ᠲᠣᠬᠢᠶᠠᠯᠳᠤᠳᠠᠭ ᠬᠠᠮᠠᠷ᠎ᠤᠨ ᠸᠢᠷᠦ᠋ᠰ᠂ ᠳᠡᠳ᠋ ᠲᠠᠭ᠍ᠰᠢᠭᠤᠷ᠎ᠤᠨ ᠸᠢᠷᠦ᠋ᠰ᠂ ᠲᠠᠭ᠍ᠰᠢᠭᠤᠷ᠎ᠤᠨ ᠸᠢᠷᠦ᠋ᠰ᠂ ᠣᠳᠣᠬᠠᠨ᠎ᠳᠤ ᠵᠣᠬᠢᠬᠤ ᠬᠡᠮᠵᠢᠶ᠎ᠡ᠎ᠪᠡᠷ ᠳᠡᠯᠭᠡᠷᠡᠵᠦ᠍ ᠪᠠᠢᠭ᠎ᠠ ᠱᠢᠨ᠎ᠡ ᠲᠢᠲᠢᠮᠯᠢᠭ ᠸᠢᠷᠦ᠋ᠰ᠂ ᠠᠭᠤᠰᠭᠢᠨ ᠦᠷᠪᠢᠰᠦᠯ᠎ᠦᠨ ᠭᠢᠨᠵᠢᠨ ᠪᠠᠺᠲ᠋ᠧᠷᠢ᠂ ᠲᠠᠭ᠍ᠰᠢᠭᠤᠷ᠎ᠤᠨ ᠴᠢᠰᠤᠨᠰᠠᠭ ᠰᠠᠪᠬᠠᠨᠴᠢᠷ ᠪᠠᠺᠲ᠋ᠧᠷᠢ ᠵᠡᠷᠭᠡ ᠪᠣᠶ᠃ ᠣᠯᠠᠩᠬᠢ ᠡᠪᠡᠳᠴᠢᠨ ᠡᠭᠦᠰᠭᠡᠭ᠌ᠴᠢ᠎ᠡᠴᠡ ᠡᠭᠦᠰᠦᠭ᠌ᠰᠡᠨ ᠠᠮᠢᠰᠭᠤᠯ᠎ᠤᠨ ᠵᠠᠮ᠎ᠤᠨ ᠬᠠᠯᠳᠠᠪᠤᠷᠢᠯᠠᠯ᠎ᠨᠢ ᠭᠤᠤᠯᠳᠠᠭᠤ ᠬᠠᠯᠠᠭᠤᠷᠠᠵᠤ ᠬᠠᠨᠢᠶᠠᠯᠭᠠᠬᠤᠢᠯᠡᠷᠡᠯ ᠲᠠᠢ ᠪᠠᠢᠳᠠᠭ᠂ ᠡᠩ᠎ᠦᠨ ᠪᠠᠢᠳᠠᠯ ᠳᠤᠤᠷ᠎ᠠ ᠬᠠᠯᠠᠭᠤᠷᠠᠯ᠎ᠤᠨ ᠬᠤᠭᠤᠴᠠᠭ᠎ᠠ᠎ᠨᠢ ᠪᠠᠷᠤᠭ 2 ᠡᠴᠡ 3 ᠡᠳᠦᠷ ᠣᠷᠴᠢᠮ ᠦᠷᠭᠦᠯᠵᠢᠯᠡᠵᠦ᠍᠂ ᠡᠪᠡᠳᠴᠢᠨ᠎ᠦ ᠶᠠᠪᠤᠴᠠ᠎ᠨᠢ ᠪᠠᠷᠤᠭ 3 ᠡᠴᠡ 5 ᠡᠳᠦᠷ ᠣᠷᠴᠢᠮ ᠪᠠᠢᠳᠠᠭ》 ᠭᠡᠪᠡ᠃
ᠸᠠᠩ ᠴᠢᠤᠸᠠᠠ᠄《ᠵᠠᠷᠢᠮ ᠬᠡᠷ᠎ᠦᠨ ᠠᠬᠠᠮᠠᠳ᠂ ᠬᠡᠦᠬᠡᠳ ᠬᠠᠯᠠᠭᠤᠷᠠᠪᠠᠯ ᠳᠠᠷᠤᠢᠬᠠᠨ ᠡᠮᠨᠡᠯᠭᠡ᠎ᠳᠦ ᠣᠴᠢᠬᠤ ᠬᠡᠷᠡᠭ᠌ᠲᠡᠶ ᠭᠡᠮᠡᠨ ᠰᠠᠨᠳᠤᠷᠳᠠᠭ᠂ ᠦᠨᠡᠨ᠎ᠳᠡᠭᠡᠨ ᠢᠩᠭᠢᠬᠦ᠌ ᠴᠢᠬᠤᠯᠠ ᠥᠬᠡᠶ᠃ ᠬᠡᠦᠬᠡᠳ ᠬᠠᠯᠠᠭᠤᠷᠠᠬᠤᠢᠯᠡᠷᠡᠯ ᠭᠠᠷᠤᠭᠰᠠᠨ ᠪᠤᠯᠪᠠᠴᠤ ᠪᠠᠢᠳᠠᠯ ᠨᠢ ᠵᠦᠭᠡᠷ᠂ ᠢᠯᠠᠩᠭᠤᠶ᠎ᠠ ᠪᠡᠶ᠎ᠡ᠎ᠶ᠋ᠢᠨ ᠲᠤᠯᠠᠭᠠᠨ ᠨᠢ ᠪᠠᠭᠤᠷᠠᠭᠰᠠᠨᠤ ᠲᠠᠷᠠᠭ᠎ᠠ ᠡᠩ᠎ᠤᠨ ᠦᠶ᠎ᠡ ᠲᠠᠢ᠎ᠪᠡᠨ ᠠᠳᠠᠯᠢ ᠪᠤᠯᠤᠭᠰᠠᠨ ᠦᠶ᠎ᠡ ᠳᠤ ᠡᠮᠨᠡᠯᠭᠡ᠎ᠳᠦ ᠣᠴᠢᠬᠤ ᠬᠡᠷᠡᠭ ᠥᠬᠡᠶ᠂ ᠬᠡᠷ᠎ᠲᠡᠬᠡᠨ ᠡᠪᠡᠳᠴᠢᠨ᠎ᠳᠦᠨᠢ ᠲᠣᠬᠢᠷᠠᠭᠤᠯᠤᠨ ᠱᠢᠶ᠋ᠳᠪᠦᠷᠢᠯᠡᠵᠦ᠍ ᠪᠣᠯᠤᠨ᠎ᠠ᠂ ᠪᠠᠰᠠ ᠢᠨᠲ᠋ᠸᠷ ᠰᠦᠯᠵᠢᠶᠡᠨ᠎ᠦ ᠡᠮᠴᠢᠯᠡᠭᠡ᠂ ᠨᠡᠢᠭᠡᠮ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ ᠵᠡᠷᠭᠡ ᠪᠤᠰᠤᠳ ᠠᠷᠭ᠎ᠠ ᠵᠠᠮ᠎ᠢᠶᠠᠷ ᠳᠠᠮᠵᠢᠭᠤᠯᠤᠨ ᠵᠠᠷᠢᠮ ᠲᠤᠰᠭᠠᠶ ᠮᠡᠷᠭᠡᠵᠢᠯ᠎ᠦᠨ ᠵᠢᠯᠣᠭᠣᠳᠣᠯᠭ᠎ᠠ ᠭᠥᠷᠳᠡᠵᠦ᠍ ᠪᠣᠯᠤᠨ᠎ᠠ》 ᠭᠡᠵᠡᠶ᠃
ᠸᠠᠩ ᠴᠢᠤᠸᠠᠨ᠂ ᠬᠡᠦᠬᠡᠳ ᠬᠠᠯᠠᠭᠤᠷᠠᠪᠠᠯ ᠡᠪᠡᠳᠴᠢᠨ᠎ᠳᠦᠨᠢ ᠲᠠᠭᠠᠷᠠᠭᠤᠯᠵᠤ ᠡᠮᠨᠡᠨ ᠵᠠᠰᠠᠵᠤ ᠪᠣᠯᠤᠨ᠎ᠠ᠂ ᠬᠡᠷ᠎ᠲᠡᠬᠡᠨ ᠬᠠᠯᠠᠭᠤᠨ᠎ᠢ ᠪᠠᠭᠤᠷᠠᠭᠤᠯᠬᠤ ᠡᠮ ᠪᠡᠯᠡᠳᠭᠡᠵᠦ᠍ ᠪᠣᠯᠤᠨ᠎ᠠ᠃ 6 ᠰᠠᠷ᠎ᠠ᠎ᠡᠴᠡ ᠳᠡᠭᠡᠭ᠌ᠰᠢᠬᠢ ᠬᠡᠦᠬᠡᠳ ᠪᠠ 6 ᠰᠠᠷᠠᠪᠤᠯᠤᠭᠠᠳᠤᠢ ᠬᠡᠦᠬᠡᠳ ᠲᠤ᠌ ᠰᠤᠩᠭᠤᠯᠲᠠ ᠲᠠᠢ ᠪᠡᠷ ᠡᠮ ᠬᠡᠷᠡᠭᠯᠡᠬᠦ ᠬᠡᠷᠡᠭᠲᠡᠢ᠂ 2 ᠰᠠᠷ᠎ᠠ ᠪᠤᠯᠤᠭᠠᠳᠤᠢ ᠬᠡᠦᠬᠡᠳ ᠲᠤ᠌ ᠬᠠᠯᠠᠭᠤᠨ᠎ᠢ ᠪᠠᠭᠤᠷᠠᠭᠤᠯᠬᠤ ᠡᠮ ᠬᠡᠷᠡᠭᠯᠡᠵᠦ ᠪᠣᠯᠬᠤ ᠦᠭᠡᠢ ᠭᠡᠵᠦ ᠲᠠᠨᠢᠯᠴᠠᠭᠤᠯᠪᠠ᠃
ᠸᠠᠩ ᠴᠢᠤᠸᠠᠨ᠂ 3 ᠰᠠᠷᠠᠪᠤᠯᠤᠭᠠᠳᠤᠢ ᠨᠢᠯᠬ᠎ᠠ ᠬᠡᠦᠬᠡᠳ ᠬᠠᠯᠠᠭᠤᠷᠠᠪᠠᠯ ᠠᠯᠢ ᠴᠢᠳᠠᠬᠤ᠎ᠪᠠᠷ ᠡᠷᠲᠡᠬᠡᠨ ᠡᠮᠨᠡᠯᠭᠡ᠎ᠳᠦ ᠬᠦᠷᠴᠦ᠍ ᠡᠮᠨᠡᠭᠦᠯᠬᠦ᠌ ᠬᠡᠷᠡᠭ᠌ᠲᠡᠶ᠃ ᠡᠭᠦᠨ᠎ᠡᠴᠡ ᠭᠠᠳᠠᠨ᠎ᠠ᠂ ᠶᠠᠮᠠᠷᠪᠠ ᠨᠠᠰᠤᠨ᠎ᠤ ᠬᠡᠦᠬᠡᠳ ᠬᠡᠷᠪᠡ ᠬᠠᠯᠠᠭᠤᠷᠠᠭᠠᠳ 3 ᠡᠳᠦᠷ᠎ᠡᠴᠡ ᠬᠡᠲᠦᠷᠡᠬᠦ᠌ ᠦᠶ᠎ᠡ᠎ᠳᠤ᠂ ᠡᠰᠡᠬᠦᠯ᠎ᠡ ᠬᠠᠯᠠᠭᠤᠨ᠎ᠤ ᠭᠡᠮᠵᠢᠶ᠎ᠡ ᠨᠢ ᠦᠨᠳᠦᠷ᠂ ᠡᠰᠡᠬᠦᠯ᠎ᠡ ᠣᠶᠤᠨ ᠰᠠᠨᠠᠭᠠᠨ᠎ᠤ ᠪᠠᠢᠳᠠᠯ ᠨᠢ ᠮᠠᠭᠤ᠂ ᠡᠰᠡᠬᠦᠯ᠎ᠡ ᠠᠮᠢᠰᠭᠤᠯ ᠨᠢ ᠲᠦᠷᠭᠡᠰᠭᠦ ᠴᠢᠨᠠᠭ᠍ᠰᠢᠯᠠᠪᠠᠯ ᠠᠮᠢᠰᠭᠤᠯ ᠨᠢ ᠬᠦᠴᠢᠷᠳᠡᠬᠦ᠌᠂ ᠣᠯᠠᠨ ᠤᠳᠠᠭ᠎ᠠ ᠪᠥᠭᠡᠯᠵᠢᠬᠦ᠌᠂ ᠰᠠᠭᠤᠯᠭᠠᠬᠤ ᠵᠡᠷᠭᠡ ᠪᠠᠢᠳᠠᠯ ᠭᠠᠷᠪᠠᠯ᠂ ᠭᠡᠷ᠎ᠦᠨ ᠠᠬᠠᠮᠠᠳ ᠨᠢ ᠬᠡᠦᠬᠡᠳ᠎ᠢᠶᠡᠨ ᠳᠠᠷᠤᠢᠬᠠᠨ ᠡᠮᠨᠡᠯᠭᠡ᠎ᠳᠦ ᠠᠪᠠᠴᠢᠵᠤ ᠡᠮᠨᠡᠭᠦᠯᠬᠦ᠌᠎ᠶ᠋ᠢ ᠰᠠᠨᠠᠭᠤᠯᠵᠤ ᠪᠠᠢᠨ᠎ᠠ ᠭᠡᠵᠡᠢ᠃
ᠸᠠᠩ ᠴᠢᠤᠸᠠᠨ᠂ ᠬᠡᠷ᠎ᠦᠨ ᠠᠬᠠᠮᠠᠳ ᠬᠣᠶᠠᠷ ᠵᠦᠶ᠋ᠯ᠎ᠦᠨ ᠬᠠᠯᠠᠭᠤᠨ᠎ᠢ ᠪᠠᠭᠤᠷᠠᠭᠤᠯᠬᠤ ᠡᠮ᠎ᠢ ᠡᠭᠡᠯᠵᠢᠯᠡᠨ ᠬᠡᠷᠡᠭ᠌ᠯᠡᠬᠦ᠌᠎ᠡᠴᠡ ᠰᠡᠷᠭᠡᠢᠯᠡᠬᠦ ᠬᠡᠷᠡᠭᠲᠡᠢ᠂ ᠨᠠᠩ ᠴᠤ᠌ ᠵᠡᠷᠭᠡ᠎ᠪᠡᠷ ᠬᠡᠷᠡᠭ᠌ᠯᠡᠵᠦ᠍ ᠪᠣᠯᠬᠤ ᠥᠬᠡᠶ᠃ ᠡᠭᠡᠯᠵᠢᠯᠡᠨ ᠬᠡᠷᠡᠭ᠌ᠯᠡᠬᠦ᠌ ᠨᠢ ᠬᠠᠯᠠᠭᠤᠨ᠎ᠢ ᠨᠡᠩ ᠪᠦᠲᠦᠮᠵᠢᠲᠡᠢ ᠪᠠᠭᠤᠷᠠᠭᠤᠯᠵᠤ ᠴᠢᠳᠠᠬᠤ ᠦᠭᠡᠢ᠂ ᠵᠡᠷᠭᠡ ᠪᠡᠷ ᠬᠡᠷᠡᠭ᠌ᠯᠡᠪᠡᠯ ᠬᠡᠦᠬᠡᠳ᠎ᠦᠨ ᠡᠯᠢᠭᠡ ᠪᠥᠭᠡᠷᠡᠨᠦ ᠳᠠᠷᠤᠭᠠᠰᠤ᠎ᠶ᠋ᠢ ᠨᠡᠮᠡᠭ᠌ᠳᠡᠭᠦᠯᠵᠦ᠍᠂ ᠳᠣᠲᠣᠷ ᠡᠷᠬᠡᠲᠡᠨ᠎ᠢ ᠭᠡᠮᠲᠦᠭᠡᠵᠦ ᠮᠡᠳᠡᠨ᠎ᠡ ᠭᠡᠵᠦ ᠢᠯᠡᠳᠭᠡᠪᠡ᠃
ᠨᠡᠢᠰᠯᠡᠯ᠎ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠪᠡᠭᠡᠵᠢᠩ᠎ᠦᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠳᠠᠷᠤᠭ᠎ᠠ ᠯᠢᠦ ᠴᠢᠩ ᠴᠢᠤᠸᠠᠨ᠄《ᠱᠢᠨ᠎ᠡ ᠲᠢᠲᠢᠮᠯᠢᠭ ᠸᠢᠷᠦ᠋ᠰ ᠭᠡᠰᠡᠨ ᠴᠤ᠌ ᠲᠠᠭ᠍ᠰᠢᠭᠤᠷ ᠭᠡᠰᠡᠨ ᠴᠤ᠌᠂ ᠬᠢᠲᠠᠳ ᠡᠮᠨᠡᠯᠭᠡ ᠳ᠋ᠤ᠌ ᠡᠬᠦᠨ᠎ᠢ ᠴᠥᠮ ᠭᠠᠳᠠᠷ ᠬᠠᠯᠳᠠᠪᠤᠷᠢᠯᠠᠯ᠎ᠤᠨ ᠡᠪᠡᠳᠴᠢᠨ ᠭᠡᠳᠡᠭ᠃ ᠬᠢᠲᠠᠳ ᠪᠡᠯᠡᠨ ᠡᠮ᠎ᠢ ᠰᠣᠩᠭᠣᠬᠤ ᠲᠠᠯ᠎ᠠ᠎ᠪᠠᠷ᠂ ᠬᠡᠷᠪᠡ ᠬᠡᠦᠬᠡᠳ᠎ᠦᠨ ᠪᠡᠶ᠎ᠡ᠎ᠶ᠋ᠢᠨ ᠲᠤᠯᠠᠭᠠᠨ ᠨᠢ 38.5°C ᠡᠴᠡ ᠬᠡᠲᠦᠷᠡᠬᠦ᠌ ᠥᠬᠡᠶ ᠪᠠᠢᠪᠠᠯ᠂ ᠣᠳᠣᠬᠠᠨ᠎ᠳᠤ ᠡᠪᠦᠯ ᠬᠠᠪᠤᠷ᠎ᠤᠨ ᠤᠯᠠᠷᠢᠯ᠎ᠳᠤ ᠶᠡᠷᠦ᠍᠎ᠳᠡᠭᠡᠨ ᠬᠠᠯᠠᠭᠤᠷᠠᠵᠤ ᠲᠠᠭᠰᠢᠭᠤᠷᠳᠤᠬᠤ ᠪᠡᠷ ᠭᠤᠤᠯᠯᠠᠵᠤ᠂ ᠬᠠᠯᠠᠭᠤᠷᠠᠵᠤ ᠲᠠᠭᠰᠢᠭᠤᠷᠳᠤᠬᠤ ᠵᠢ ᠵᠠᠰᠠᠬᠤ ᠬᠢᠲᠠᠳ ᠡᠮ᠎ᠢ ᠰᠣᠩᠭᠣᠵᠤ ᠪᠣᠯᠤᠨ᠎ᠠ》 ᠭᠡᠵᠡᠶ᠃
《ᠬᠢᠲᠠᠳ ᠡᠮ᠎ᠦᠨ ᠬᠠᠯᠠᠭᠤᠨ᠎ᠢ ᠪᠠᠭᠤᠷᠠᠭᠤᠯᠬᠤ ᠦᠢᠯᠡᠳᠦᠯ ᠲᠡᠢᠮᠦ᠍ ᠲᠦᠷᠭᠡᠨ ᠪᠢᠰᠢ᠂ ᠭᠡᠪᠡᠴᠦ ᠨᠢᠭᠡ ᠵᠦᠶ᠋ᠯ᠎ᠦᠨ ᠬᠢᠲᠠᠳ ᠡᠮ᠎ᠢ ᠤᠤᠭᠤᠵᠤ ᠪᠠᠷᠠᠭᠰᠠᠨ᠎ᠤ ᠲᠠᠷᠠᠭ᠎ᠠ ᠨᠢᠭᠡ ᠬᠣᠶᠠᠷ ᠴᠠᠭ ᠪᠤᠯᠤᠭᠠᠳ ᠬᠠᠯᠠᠭᠤᠨ ᠨᠢ ᠪᠠᠭᠤᠷᠠᠭ᠍ᠰᠠᠨ ᠥᠬᠡᠶ ᠪᠣᠯ ᠳᠠᠬᠢᠨ ᠬᠣᠶᠠᠳᠤᠭᠠᠷ ᠵᠦᠶ᠋ᠯ᠂ ᠭᠤᠷᠪᠠᠳᠤᠭᠠᠷ ᠵᠦᠶ᠋ᠯ᠎ᠦᠨ ᠬᠢᠲᠠᠳ ᠡᠮ᠎ᠢ ᠤᠤᠭᠤᠵᠤ ᠶᠠᠭᠠᠬᠢᠭ᠍ᠰᠠᠨ ᠴᠤ᠌ ᠪᠤᠯᠬᠤ ᠦᠭᠡᠢ᠃ ᠬᠡᠷᠪᠡ ᠥᠨᠳᠥᠷ ᠬᠠᠯᠠᠭᠤᠷᠠᠵᠤ 38.5°C ᠡᠴᠡ ᠬᠡᠲᠦᠷᠡᠭ᠌ᠰᠡᠨ ᠪᠠᠢᠪᠠᠯ᠂ ᠧᠦ᠋ᠷᠣᠫᠠ ᠡᠮ᠎ᠦᠨ ᠬᠠᠯᠠᠭᠤᠨ᠎ᠢ ᠪᠠᠭᠤᠷᠠᠭᠤᠯᠬᠤ ᠡᠮ᠎ᠢ ᠬᠡᠷᠡᠭ᠌ᠯᠡᠪᠡᠯ ᠵᠣᠬᠢᠨ᠎ᠠ᠂ ᠬᠢᠲᠠᠳ ᠧᠦ᠋ᠷᠣᠫᠠ ᠡᠮᠨᠡᠯᠭᠡ᠎ᠶ᠋ᠢᠨ ᠬᠠᠮᠲᠤᠷᠠᠨ ᠵᠠᠰᠠᠬᠤ ᠡᠮᠴᠢᠯᠡᠭᠡᠨ᠎ᠦ ᠦᠷ᠎ᠡ ᠪᠦᠲᠦᠮᠵᠢ ᠨᠢ ᠨᠠᠩ ᠰᠠᠢᠨ ᠪᠠᠢᠵᠤ᠂ ᠬᠠᠯᠠᠭᠤᠨ᠎ᠢ ᠪᠠᠭᠤᠷᠠᠭᠤᠯᠬᠤ ᠨᠢ ᠲᠦᠷᠭᠡᠨ ᠪᠥᠭᠡᠳ ᠠᠮᠠᠷᠬᠠᠨ ᠳᠠᠬᠢᠨ ᠬᠠᠯᠠᠭᠤᠷᠠᠬᠤ ᠥᠬᠡᠶ ᠪᠠᠢᠳᠠᠭ》 ᠭᠡᠵᠦ᠍ ᠯᠢᠦ ᠴᠢᠩ ᠴᠢᠤᠸᠠᠨ ᠬᠡᠯᠡᠪᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 10 ᠤ ᠴᠠᠬᠢᠯᠭᠠᠨ ᠮᠡᠳᠡᠭᠡ )