ᠮᠠᠨ᠎ᠤ ᠤᠷᠤᠨ ᠣᠨᠴᠠᠭᠠᠶ ᠬᠡᠦᠬᠡᠳ ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠪᠡ
2022-12-13 11:26:44
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ ᠣᠨᠴᠠᠭᠠᠶ ᠬᠡᠦᠬᠡᠳ᠎ᠢ ᠵᠢᠭ᠍ᠰᠠᠭᠠᠨ ᠪᠠᠢᠴᠠᠭᠠᠵᠤ ᠡᠷᠬᠢᠨ ᠦᠵᠡᠬᠦ ᠪᠠ ᠡᠯ᠎ᠡ ᠲᠥᠷᠥᠯ᠎ᠦᠨ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌ ᠠᠵᠢᠯᠯᠠᠭ᠎ᠠ ᠎ᠶ᠋ᠢ ᠭᠦᠨᠵᠡᠭᠡᠶ ᠥᠷᠨᠢᠭᠦᠯᠵᠦ᠍᠂ ᠣᠨᠴᠠ ᠬᠦᠴᠢᠷᠳᠡᠯᠳᠡᠢ ᠬᠡᠦᠬᠡᠳ᠎ᠦᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠪᠠ᠃

ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠨᠥᠯᠥᠭᠡ᠎ᠡᠴᠡ ᠪᠣᠯᠵᠣ ᠬᠠᠷᠠᠭᠠᠯᠵᠠᠨ ᠬᠠᠮᠠᠭᠠᠯᠠᠬᠤ ᠬᠦᠮᠦᠨ ᠦᠭᠡᠢ ᠬᠡᠦᠬᠡᠳ᠎ᠢ ᠠᠪᠤᠷᠠᠨ ᠲᠤᠰᠠᠯᠠᠵᠤ ᠬᠠᠢᠷᠠᠯᠠᠨ ᠬᠠᠮᠠᠭᠠᠯᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠮᠡᠳᠡᠭ᠌ᠳᠡᠯ》᠂ 《ᠣᠨᠴᠠ ᠬᠦᠴᠢᠷᠳᠡᠯᠲᠡᠶ ᠬᠥᠮᠦᠰ᠎ᠢ ᠡᠷᠬᠢᠨ ᠦᠵᠡᠬᠦ᠌ ᠠᠵᠢᠯ᠎ᠢ ᠴᠢᠩᠭᠠᠳᠭᠠᠬᠤ ᠲᠤᠬᠠᠶ ᠰᠠᠨᠠᠯ 》 ᠵᠢᠴᠢ  《ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠦᠨ ᠠᠮᠢᠳᠤᠷᠠᠯ ᠪᠠ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠪᠠᠢᠳᠠᠯ᠎ᠢ ᠤᠢᠯᠠᠭᠠᠨ ᠵᠢᠭ᠍ᠰᠠᠭᠠᠨ ᠪᠠᠢᠴᠠᠭᠠᠬᠤ ᠠᠵᠢᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠣᠨᠴᠠᠭᠠᠢ ᠬᠡᠦᠬᠡᠳ᠎ᠦᠨ ᠪᠠᠢᠳᠠᠯ᠎ᠢ ᠣᠢᠯᠠᠭᠠᠬᠤ ᠪᠠ ᠵᠢᠭ᠍ᠰᠠᠭᠠᠨ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠵᠤ᠂ ᠠᠵᠢᠯ᠎ᠤᠨ ᠡᠬᠡ ᠳᠠᠩᠰᠠ ᠪᠠᠢᠭᠤᠯᠵᠤ᠂ ᠭᠡᠷ᠎ᠲᠡᠬᠡᠨ ᠬᠣᠴᠣᠷᠤᠭ᠍ᠰᠠᠨ ᠬᠡᠦᠬᠡᠳ ᠪᠠ ᠬᠦᠴᠢᠷᠳᠡᠯ ᠎ᠳᠦ ᠲᠤᠯᠭᠠᠷᠠᠭ᠍ᠰᠠᠨ ᠬᠡᠦᠬᠡᠳ ᠎ᠦᠨ ᠬᠢᠵᠢᠭ᠎ᠦᠨ ᠬᠤᠭᠤᠴᠠᠭᠠᠨ᠎ᠳᠠᠬᠢ ᠠᠮᠢᠳᠤᠷᠠᠯ᠂ ᠰᠤᠷᠤᠯᠭ᠎ᠠ ᠪᠠ ᠰᠡᠳᠭᠢᠴᠡ᠎ᠶ᠋ᠢᠨ ᠪᠠᠶ᠋ᠢᠳᠠᠯ᠎ᠢ ᠨᠠᠷᠢᠨ ᠤᠢᠯᠠᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠠᠬᠢ ᠭᠡᠷ᠎ᠲᠡᠬᠡᠨ ᠬᠣᠴᠣᠷᠤᠭ᠍ᠰᠠᠨ ᠬᠡᠦᠬᠡᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠂ ᠬᠠᠷᠠᠭᠠᠯᠵᠠᠵᠤ ᠬᠠᠮᠠᠭᠠᠯᠠᠬᠤ ᠬᠦᠮᠦᠨ ᠦᠭᠡᠢ ᠬᠡᠦᠬᠡᠳ ᠵᠡᠷᠭᠡ  ᠣᠨᠴᠠᠭᠠᠶ ᠬᠡᠦᠬᠡᠳ᠎ᠢ ᠬᠠᠯᠠᠮᠵᠢᠯᠠᠨ ᠬᠠᠢᠷᠠᠯᠠᠵᠤ ᠬᠠᠮᠠᠭᠠᠯᠠᠬᠤ ᠦᠶ᠋ᠯᠡᠴᠢᠯᠡᠭᠡ ᠵᠢ ᠬᠦᠴᠦᠯᠡᠨ ᠰᠠᠢᠳᠤᠷ ᠬᠢᠭᠰᠡᠨ ᠪᠠᠢᠨ᠎ᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ ᠬᠡᠷ᠎ᠲᠡᠬᠡᠨ ᠬᠣᠴᠣᠷᠤᠭ᠍ᠰᠠᠨ ᠬᠡᠦᠬᠡᠳ ᠎ᠢ ᠨᠡᠢᠲᠡ 8000 ᠭᠠᠷᠤᠶ ᠬᠥᠮᠦᠨ ᠤᠳᠠᠭ᠎ᠠ ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ  ᠨᠡᠢᠳᠡ 3.7 ᠲᠦᠮᠡᠨ ᠬᠥᠮᠦᠨ ᠤᠳᠠᠭ᠎ᠠ ᠡᠷᠬᠢᠨ ᠦᠵᠡᠵᠤ ᠵᠢᠭ᠍ᠰᠠᠭᠠᠨ ᠪᠠᠢᠴᠠᠭᠠᠪᠠ᠃

ᠡᠭᠦᠨ᠎ᠦ ᠬᠠᠮᠲᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠬᠦᠴᠢᠷᠳᠡᠯ ᠎ᠳᠦ ᠲᠤᠯᠭᠠᠷᠠᠭ᠍ᠰᠠᠨ ᠬᠡᠦᠬᠡᠳ ᠎ᠦᠨ ᠦᠨᠳᠦᠰᠦᠨ ᠠᠮᠢᠳᠤᠷᠠᠯ ᠎ᠤᠨ ᠪᠠᠲᠤᠯᠠᠭ᠎ᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠥᠨᠥᠴᠢᠨ ᠬᠡᠦᠬᠡᠳ ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ ᠵᠡᠷᠭᠡ ᠬᠦᠴᠢᠷᠳᠡᠯ᠎ᠳᠦ ᠲᠤᠯᠭᠠᠷᠠᠭ᠍ᠰᠠᠨ ᠡᠯ᠎ᠡ ᠲᠥᠷᠥᠯ᠎ᠦᠨ ᠬᠡᠦᠬᠡᠳ᠎ᠦᠨ ᠦᠨᠳᠦᠰᠦᠨ ᠠᠮᠢᠳᠤᠷᠠᠯ᠎ᠤᠨ ᠵᠠᠷᠤᠳᠠᠯ᠎ᠢ ᠰᠠᠷ᠎ᠠ ᠪᠦᠷᠢ ᠲᠣᠭ᠎ᠠ ᠶᠣᠰᠣᠭᠠᠷ᠎ᠨᠢ ᠣᠯᠭᠣᠪᠠ᠃  《ᠠᠰᠠᠷᠠᠮᠵᠢ ᠵᠢᠨ ᠰᠤᠭᠤᠯᠤᠭ᠎ᠠ ᠬᠦᠰᠡᠯ ᠵᠡᠬᠦᠳᠤ ᠵᠢ ᠲᠡᠷᠭᠡᠯᠰᠢᠬᠦᠯᠬᠦ · ᠦᠨᠦᠴᠢᠨ ᠬᠡᠦᠭᠡᠳ᠎ᠦᠨ ᠰᠤᠷᠤᠯᠭ᠎ᠠ ᠎ᠵᠢ ᠲᠡᠦᠬᠦᠬᠦ ᠢᠨᠵᠧᠨᠧᠷᠢᠩ 》  ᠤ᠋ᠨ ᠲᠥᠷᠥᠯ ᠵᠦᠶ᠋ᠯ᠎ᠢ ᠦᠷᠭᠦᠯᠵᠢᠯᠡᠨ ᠬᠡᠷᠡᠭ᠌ᠵᠢᠭᠦᠯᠵᠦ᠍ ᠂  《 ᠥᠷᠭᠡᠨ᠎ᠢᠶᠡᠷ ᠬᠠᠮᠤᠷᠬᠤ᠂ ᠨᠠᠷᠢᠨ ᠲᠠᠩᠰᠠ ᠡᠪᠬᠡᠮᠡᠯ ᠪᠠᠢᠭᠤᠯᠬᠤ᠂ ᠶᠠᠪᠤᠴᠠ ᠵᠢ ᠳᠥᠭᠥᠮᠴᠢᠯᠡᠬᠦ᠌ ᠂ ᠴᠢᠩᠭ᠎ᠠ ᠬᠢᠨᠠᠯᠲᠠ ᠲᠠᠯᠪᠢᠬᠤ》 ᠳᠥᠷᠪᠡᠨ ᠠᠷᠭ᠎ᠠ ᠬᠡᠮᠵᠢᠶ᠎ᠡ᠎ᠶ᠋ᠢ ᠠᠪᠴᠤ᠌᠂ ᠪᠥᠬᠥ᠌ ᠣᠷᠣᠨ᠎ᠤ 446 ᠥᠨᠥᠴᠢᠨ ᠬᠡᠦᠬᠡᠳ᠎ᠲᠦ ᠴᠠᠭ ᠲᠤᠬᠠᠶ᠎ᠳᠤᠨᠢ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠣᠯᠭᠣᠪᠠ᠃ ᠪᠥᠬᠥ᠌ ᠣᠷᠣᠨ᠎ᠤ ᠰᠤᠷᠭᠠᠭᠤᠯᠢ᠎ᠳᠤ ᠪᠠᠢᠭ᠎ᠠ 278 ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ ᠎ᠢ ᠪᠦᠬᠦᠨ ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠵᠤ᠂ ᠬᠦᠴᠢᠷᠳᠡᠯᠲᠡᠶ ᠬᠡᠦᠭᠡᠳ᠎ᠦᠨ ᠰᠤᠷᠤᠯᠭ᠎ᠠ᠎ᠪᠠᠨ ᠤᠷᠤᠭ᠍ᠰᠢᠲᠠᠶ ᠪᠡᠶᠡᠯᠡᠭᠦᠯᠬᠦ᠌᠎ᠳᠦ ᠪᠠᠯᠠ ᠮᠥᠩᠭᠥ᠎ᠶ᠋ᠢᠨ ᠳᠡᠮᠵᠢᠯᠭᠡ ᠬᠠᠩᠭᠠᠪᠠ᠃ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠦᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠠᠷᠠᠭᠠᠨ᠎ᠤ ᠦᠨ᠎ᠡ᠎ᠶ᠋ᠢᠨ ᠥᠰᠥᠯᠲᠡ᠎ᠲᠡᠶ ᠬᠣᠯᠪᠣᠭ᠍ᠳᠠᠭᠤᠯᠬᠤ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ ᠂ 1— 10 ᠰᠠᠷ᠎ᠠ᠎ᠳᠤ ᠲᠦᠷ ᠴᠠᠭ᠎ᠤᠨ ᠦᠨ᠎ᠡ ᠬᠠᠩᠰᠢ᠎ᠶ᠋ᠢᠨ ᠨᠥᠬᠥᠪᠥᠷᠢ᠎ᠶ᠋ᠢ ᠨᠡᠢᠲᠡ 42 ᠲᠦᠮᠡᠨ ᠲᠥᠭᠥᠷᠢᠭ ᠲᠠᠷᠬᠠᠭᠠᠵᠤ᠂ ᠥᠨᠥᠴᠢᠨ ᠬᠡᠦᠬᠡᠳ ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠦᠨ ᠦᠨᠳᠦᠰᠦᠨ ᠠᠮᠢᠳᠤᠷᠠᠯ᠎ᠤᠨ ᠬᠢᠷᠢ ᠲᠦᠪᠱᠢᠨ ᠪᠠᠷᠠᠭᠠᠨ᠎ᠤ ᠦᠨ᠎ᠡ ᠥᠰᠦᠭ᠌ᠰᠡᠨ᠎ᠡᠴᠡ ᠪᠣᠯᠵᠣ ᠨᠦᠯᠦᠭᠡᠯᠡᠭᠳᠡᠬᠦ ᠥᠬᠡᠶ ᠪᠠᠢᠬᠤ᠎ᠶ᠋ᠢ ᠪᠦᠲᠦᠮᠵᠢᠲᠡᠶ ᠪᠠᠲᠤᠯᠠᠪᠠ᠃

ᠡᠭᠦᠨ᠎ᠡᠴᠡ ᠭᠠᠳᠠᠨ᠎ᠠ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠬᠡᠷᠡᠭ᠌ᠴᠡᠭᠡ᠎ᠱᠠᠭᠠᠷᠳᠠᠯᠭ᠎ᠠ ᠲᠠᠢ ᠬᠡᠦᠬᠡᠳ᠎ᠲᠦ ᠲᠦᠷ ᠴᠠᠭ᠎ᠤᠨ ᠬᠠᠷᠠᠭᠠᠯᠵᠠᠨ ᠬᠠᠮᠠᠭᠠᠯᠠᠬᠤ᠂ ᠰᠡᠳᠭᠢᠴᠡ᠎ᠶ᠋ᠢᠨ ᠦᠶ᠋ᠯᠡᠴᠢᠯᠡᠭᠡ ᠵᠢᠴᠢ ᠱᠢᠯᠵᠢᠭᠦᠯᠦᠨ ᠲᠠᠨᠢᠯᠴᠠᠭᠤᠯᠬᠤ ᠦᠶ᠋ᠯᠡᠴᠢᠯᠡᠭᠡ᠂ ᠲᠥᠷᠥ᠎ᠶ᠋ᠢᠨ ᠪᠣᠳᠣᠯᠭ᠎ᠠ᠎ᠶ᠋ᠢᠨ᠎ᠵᠦᠪᠯᠡᠯᠭᠡ ᠦᠭᠬᠦ ᠪᠠ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠬᠤ ᠵᠡᠷᠭᠡ ᠣᠯᠠᠨ ᠵᠦᠶ᠋ᠯ᠎ᠦᠨ ᠦᠶ᠋ᠯᠡᠴᠢᠯᠡᠭᠡ ᠬᠠᠩᠭᠠᠪᠠ᠃ ᠬᠢᠵᠢᠭ᠎ᠦᠨ ᠬᠤᠭᠤᠴᠠᠭᠠᠨ᠎ᠳᠤ᠂ ᠬᠥᠬᠡᠬᠣᠲᠠ ᠎ᠶ᠋ᠢᠨ ᠨᠠᠰᠤᠨ ᠎ᠳᠤ ᠥᠯᠥ᠍ ᠭᠦᠷᠦᠭ᠌ᠰᠡᠳ᠎ᠦᠨ ᠬᠠᠮᠠᠭᠠᠯᠠᠯᠲᠠ᠎ᠶ᠋ᠢᠨ ᠲᠥᠪ ᠨᠡᠢᠲᠡ 261 ᠬᠠᠯᠠᠮᠱᠢᠯ ᠤᠲᠠᠰᠤ ᠵᠢ ᠲᠤᠰᠴᠤ᠌᠂ ᠨᠠᠰᠤᠨ᠎ᠳᠤ ᠥᠯᠥ᠍ ᠭᠦᠷᠦᠭ᠌ᠰᠡᠳ ᠎ᠤᠨ  ᠰᠦᠯᠵᠢᠶᠡᠨ ᠳᠡᠭᠡᠷᠡᠬᠢ ᠰᠡᠳᠭᠢᠴᠡ᠎ᠶ᠋ᠢᠨ ᠦᠶ᠋ᠯᠡᠴᠢᠯᠡᠭᠡ  ᠵᠢ 200 ᠭᠠᠷᠤᠶ ᠬᠥᠮᠦᠨ ᠤᠳᠠᠭ᠎ᠠ ᠳ᠋ᠤ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号