ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠡᠮᠡᠭ᠌ᠲᠡᠢᠴᠦᠳ᠎ᠦᠨ ᠬᠣᠯᠪᠣᠭ᠎ᠠ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠤᠬᠠᠭᠤᠯᠤᠨ ᠲᠠᠢᠯᠪᠤᠷᠢᠯᠠᠪᠠ
2022-12-13 18:00:51
ᠵᠣᠬᠢᠶᠠᠭ᠍ᠴᠢ᠄
ᠪᠠᠢ ᠯᠢᠶᠠᠨ ᠵᠤᠤ ᠰᠢ ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠠᠵᠤ ᠠᠬᠤᠢ᠎ᠶ᠋ᠢᠨ ᠡᠳᠦᠷ᠎ᠦᠨ ᠰᠣᠨᠢᠨ᠎ᠤ ᠥᠪᠥᠷ ᠮᠣᠩᠭᠣᠯ᠎ᠤᠨ ᠰᠤᠷᠪᠤᠯᠵᠢᠯᠠᠭ᠍ᠴᠢ᠎ᠶ᠋ᠢᠨ ᠥᠷᠲᠡᠭᠡᠨ᠎ᠦ ᠳᠠᠷᠤᠭ᠎ᠠ ᠴᠧᠨ ᠯᠢ  《 ᠪᠡᠷᠬᠡ ᠪᠠᠷᠳᠠᠭ᠎ᠠ ᠵᠢ ᠲᠤᠭᠤᠯᠵᠦ ᠪᠠᠭᠠᠳᠤᠷᠯᠢᠭ ᠵᠢᠡᠷ ᠤᠷᠤᠬᠰᠢᠯᠠᠨ ᠣᠳᠣᠬᠢᠴᠢᠯᠠᠭ᠍ᠰᠠᠨ ᠱᠢᠨ᠎ᠡ ᠠᠶᠠᠨ᠎ᠳᠠᠭᠠᠨ ᠯᠠᠪᠳᠠᠭᠤᠨ᠎ᠢᠶᠠᠷ ᠤᠷᠤᠭ᠍ᠰᠢᠯᠠᠨᠠᠮ》ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠲᠡ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠭᠣᠣᠯ ᠰᠡᠳᠦᠪ ᠵᠢᠴᠢ ᠭᠣᠣᠯ ᠦᠷ᠎ᠡ ᠪᠦᠲᠦᠭᠡᠯ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠭᠣᠣᠯ ᠵᠣᠷᠢᠭ ᠰᠠᠨᠠᠭᠠᠨ᠎ᠤ ᠠᠭᠤᠯᠤᠭ᠍ᠳᠠᠬᠤᠨ ᠪᠣᠯᠤᠨ ᠭᠣᠣᠯ ᠴᠢᠬᠤᠯᠠ ᠠᠭᠤᠯᠭ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠵᠢ ᠠᠬᠢᠭᠤᠯᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠴᠨ ᠲᠠᠢ  ᠲᠤᠲᠤᠷᠬᠠᠢᠯᠠᠨ ᠲᠠᠢᠯᠪᠤᠷᠢᠯᠠᠪᠠ᠃

ᠲᠣᠰ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠸᠠᠩ ᠰᠡᠴᠡᠨ ᠭᠡᠯᠡᠬᠥ ᠎ᠳᠡᠭᠡᠨ  ᠂ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠂ ᠣᠳᠣᠬᠢᠴᠢᠯᠠᠯᠳᠠ ᠵᠢᠨ  ᠪᠥᠲᠥᠭᠡᠨ ᠪᠠᠢᠭᠤᠯᠤᠯᠲᠠ᠎ᠶ᠋ᠢᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠭᠠᠬᠤ ᠲᠤᠬᠠᠶ ᠨᠠᠷᠢᠨ ᠨᠢᠬᠳᠠ ᠪᠠᠢᠷᠢᠯᠠᠭᠤᠯᠤᠯᠲᠠ ᠬᠢᠵᠠᠢ᠃ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠠᠮᠢᠶᠠᠷᠤᠯᠲᠠ ᠦᠶ᠋ᠯᠡᠴᠢᠯᠡᠭᠡᠨ᠎ᠦ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ  ᠠᠵᠢᠯ᠎ᠤᠨ ᠰᠡᠳᠭᠢᠴᠡ ᠠᠷᠭ᠎ᠠ ᠬᠡᠮᠵᠢᠶ᠎ᠡ᠎ᠪᠡᠨ ᠴᠢᠨᠠᠬᠰᠢᠲᠠ ᠲᠣᠳᠣᠷᠬᠠᠢ ᠪᠤᠯᠭᠠᠵᠦ ᠂ ᠪᠣᠳᠠᠲᠠᠶ᠎ᠶ᠋ᠢ ᠡᠷᠬᠢᠮᠯᠡᠬᠦ᠌ ᠎ᠪᠠᠷ ᠳᠠᠮᠵᠢᠭᠤᠯᠤᠨ ᠂ ᠥᠪᠡᠷᠲᠡᠭᠡᠨ ᠵᠠᠰᠠᠬᠤ ᠣᠷᠣᠨ᠎ᠤ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠠ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ ᠭᠡᠵᠦ ᠢᠯᠡᠷᠬᠡᠢᠯᠡᠯ᠎ᠠ᠃

ᠲᠤᠰ ᠲᠢᠩᠬᠢᠮ᠎ᠦᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᡂᠢ ᠪᠥᠸᠧ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠰᠠᠨ᠎ᠤ ᠲᠠᠷᠠᠭ᠎ᠠ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠵᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠲᠠᠢ ᠬᠡᠷᠬᠢᠨ ᠤᠶᠠᠯᠳᠤᠭᠤᠯᠬᠤ᠌ ᠲᠤᠬᠠᠢ ᠨᠡᠩ ᠭᠦᠨᠵᠡᠭᠡᠢ ᠪᠣᠳᠣᠯᠬᠢᠯᠠᠯ᠎ᠲᠠᠶ ᠪᠣᠯᠵᠠᠢ᠃ ᠲᠠᠷᠠᠭᠠᠴᠢ ᠪᠡᠷ᠂ ᠪᠢᠳᠡ ᠮᠠᠨ᠎ᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ ᠂ ᠱᠢᠨ᠎ᠡ᠎ᠶ᠋ᠢ ᠡᠭᠦᠳᠬᠦ᠌ ᠲᠠᠪᠴᠠᠩ ᠎ᠤᠨ ᠪᠠᠢᠭᠤᠯᠤᠯᠲᠠ ᠪᠠ ᠰᠤᠳᠤᠯᠤᠨ ᠨᠡᠭᠡᠭᠡᠬᠦ᠌ ᠪᠣᠭᠣᠮᠲᠠ ᠱᠢᠪᠲᠤᠯᠬᠤ ᠣᠷᠣᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ ᠂ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠣᠭ᠍ᠲᠠᠴᠠ ᠪᠠᠢᠭᠤᠯᠤᠮᠵᠢ᠎ᠶ᠋ᠢᠨ ᠬᠠᠷᠰᠢ ᠰᠠᠭᠠᠳ᠎ᠢ ᠬᠦᠴᠦᠯᠡᠨ ᠠᠷᠢᠯᠭᠠᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠮᠦᠵᠢᠭᠦᠯᠬᠦ ᠠᠵᠢᠯ᠎ᠢ ᠠᠬᠢᠭᠤᠯᠵᠤ᠂ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠤ ᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ᠎ᠶ᠋ᠢᠨ  ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠦᠴᠦᠨ ᠨᠡᠮᠡᠷᠢᠯᠡᠨ᠎ᠡ》 ᠬᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ᠂ ᠴᠧᠨ ᠯᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠦᠨ ᠲᠤᠬᠠᠢ ᠨᠠᠢ᠍ᠮᠠᠨ ᠲᠠᠯ᠎ᠠ ᠪᠡᠷ ᠭᠦᠨᠵᠡᠭᠡᠢ ᠲᠣᠳᠣᠷᠬᠠᠢᠯᠠᠨ ᠥᠭᠦᠯᠡᠪᠡ᠃ ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠢᠨᠠᠬᠰᠢᠲᠠ ᠪᠦᠷᠢᠨ ᠪᠦᠲᠦᠨ ᠂ ᠵᠥᠪ ᠣᠨᠣᠪᠴᠢᠲᠠᠶ ᠂ ᠪᠥᠬᠥ᠌ ᠲᠠᠯ᠎ᠠ᠎ᠪᠠᠷ ᠰᠤᠷᠤᠯᠴᠠᠨ ᠣᠢᠯᠠᠭᠠᠵᠤ ᠡᠵᠡᠮᠱᠢᠬᠦ᠌᠎ᠳᠦ ᠬᠦᠴᠦᠲᠡᠶ ᠵᠢᠯᠣᠭᠣᠳᠣᠯᠭ᠎ᠠ ᠬᠠᠩᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠮᠡᠭ᠌ᠲᠡᠢᠴᠦᠳ᠎ᠦᠨ ᠬᠣᠯᠪᠣᠭ᠎ᠠ ᠢ᠋ᠢᠨ ᠱᠢᠰᠲ᠋ᠧᠮ᠎ᠳᠦ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ᠎ᠳᠤ ᠴᠢᠬᠤᠯᠠ ᠲᠣᠯᠢᠯᠠᠯ ᠬᠠᠩᠭᠠᠵᠠᠶ ᠬᠡᠵᠦ ᠰᠠᠨᠠᠯ ᠨᠢᠭᠡᠲᠡᠢ ᠢᠯᠡᠷᠬᠡᠢᠯᠡᠵᠡᠭᠡᠪᠡ᠃

ᠥᠪᠡᠷᠲᠡᠭᠡᠨ ᠵᠠᠰᠠᠬᠤ ᠣᠷᠣᠨ ᠎ᠤ ᠡᠮᠡᠭ᠌ᠲᠡᠢᠴᠦᠳ ᠎ᠦᠨ ᠬᠣᠯᠪᠣᠭ᠎ᠠ ᠎ᠶ᠋ᠢᠨ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠬᠣᠯᠪᠣᠭ᠎ᠠ ᠠᠪᠬᠤ ᠬᠡᠯᠲᠡᠰ᠎ᠦᠨ ᠳᠠᠷᠤᠭ᠎ᠠ ᠹᠸᠩ ᠬᠣᠩ᠄《ᠪᠢ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠴᠤ᠌ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ ᠂ ᠬᠠᠷᠢᠭᠤᠴᠠᠯᠭ᠎ᠠ ᠬᠦᠨᠳᠦ ᠶᠡᠬᠡ ᠂ ᠡᠭᠦᠷᠭᠡ ᠦᠩᠬᠡ ᠬᠡᠷᠡᠯᠳᠡᠢ ᠭᠡᠳᠡᠭ᠎ᠢ᠋ᠢᠡᠨ ᠨᠠᠡᠭ ᠭᠦᠨ ᠣᠢᠯᠠᠭᠠᠯ᠎ᠠ》 ᠬᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠡᠷᠬᠡ ᠠᠱᠢᠭ᠎ᠤᠨ ᠬᠡᠯᠲᠡᠰ᠎ᠤᠨ ᠲᠠᠷᠤᠭ᠎ᠠ ᠱᠸᠤ ᠯᠠᠨ ᠯᠠᠨ᠂《ᠪᠠᠭ᠍ᠪᠠᠭᠠᠶ ᠴᠡᠴᠡᠭ》᠎ᠤ᠋ᠨ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠥᠷᠥᠯ ᠵᠦᠶ᠋ᠯ᠎ᠢ ᠭᠦᠨᠵᠡᠭᠡᠶ ᠬᠡᠷᠡᠭ᠌ᠵᠢᠭᠦᠯᠵᠦ᠍ ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠢᠳᠡᠪᠬᠢᠲᠡᠶ ᠣᠷᠣᠯᠴᠠᠨ᠎ᠠ; ᠵᠠᠭᠤᠨ ᠡᠮᠡᠭ᠌ᠲᠡᠶ ᠬᠠᠤᠯᠢᠴᠢ᠎ᠶ᠋ᠢᠨ ᠵᠠᠭᠤᠨ ᠲᠠᠯᠠᠪᠠᠶ ᠬᠠᠤᠯᠢᠵᠢᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠲᠣᠭᠣᠷᠢᠨ ᠲᠠᠢᠯᠪᠤᠷᠢᠯᠠᠬᠤ ᠠᠵᠢᠯᠯᠠᠭ᠎ᠠ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ 《ᠬᠠᠤᠯᠢ ᠴᠠᠭᠠᠵᠠ᠎ᠶ᠋ᠢᠨ ᠮᠡᠷᠭᠡᠨ ᠬᠥᠮᠦᠨ》ᠢ᠋ ᠬᠥᠮᠦᠵᠢᠭᠦᠯᠬᠦ᠌ ᠲᠥᠯᠥᠪᠯᠡᠭᠡ᠎ᠶ᠋ᠢ ᠥᠷᠨᠢᠭᠦᠯᠵᠦ᠍ ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠮᠠᠶᠢᠭ᠎ᠢ ᠬᠡᠷᠡᠭ᠌ᠯᠡᠨ ᠡᠷᠬᠡ ᠠᠱᠢᠭ᠎ᠢᠶᠠᠨ ᠬᠠᠮᠠᠭᠠᠯᠠᠬᠤ ᠠᠵᠢᠯ᠎ᠢ ᠥᠷᠨᠢᠭᠦᠯᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ  ᠡᠯ᠎ᠡ ᠱᠠᠲᠤᠨ᠎ᠤ ᠤᠷᠤᠭ ᠭᠡᠷ ᠪᠦᠯᠢ᠎ᠶ᠋ᠢᠨ ᠵᠠᠭᠤᠷᠠᠯᠳᠤᠭᠠᠨ᠎ᠢ ᠡᠶᠡᠳᠡᠭᠦᠯᠬᠦ᠌ ᠪᠠᠢᠭᠤᠯᠤᠮᠵᠢ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠡᠷᠬᠡ ᠠᠱᠢᠭ᠎ᠢᠶᠠᠨ ᠬᠠᠮᠠᠭᠠᠯᠠᠬᠤ ᠠᠵᠢᠯ᠎ᠢ ᠡᠩ᠎ᠦᠨ ᠦᠶ᠎ᠡ᠎ᠳᠦ ᠬᠢᠵᠦ᠍᠂ ᠪᠠᠢᠩᠭᠤ ᠠᠳᠭᠤᠵᠤ ᠂ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠨ᠎ᠠ ᠬᠡᠵᠦ ᠢᠯᠡᠷᠬᠡᠢᠯᠡᠪᠡ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠢ᠋ᠢᠨ ᠤᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠫᠷᠤᠹᠸᠰᠰᠤᠷ ᠱᠢᠤᠢ ᠬᠦᠢ ᠾᠧᠩ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠡᠵᠡᠮᠱᠢᠵᠦ᠍ ᠨᠠᠢᠳᠠᠪᠤᠷᠢᠵᠢᠭᠤᠯᠤᠨ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠢᠯᠠᠯᠲᠠ᠎ᠶ᠋ᠢ ᠲᠡᠮᠡᠴᠡᠨ ᠣᠯᠰᠤᠭᠠᠢ》 ᠭᠡᠬᠦ᠌ ᠰᠡᠳᠦᠪ᠎ᠢᠶᠡᠷ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠎ᠳᠤ ᠭᠣᠣᠯᠳᠠᠭᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠢᠴᠡᠳ ᠲᠠᠨᠢᠬᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠵᠥᠪ ᠣᠨᠣᠪᠴᠢᠲᠠᠢ ᠰᠤᠷᠤᠯᠴᠠᠨ ᠣᠢᠯᠠᠭᠠᠬᠤ ᠵᠢᠴᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠭᠣᠣᠯᠳᠠᠭᠤᠯᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠶᠠᠰᠤ ᠴᠢᠨᠠᠷ᠎ᠤᠨ ᠬᠥᠭ᠌ᠵᠢᠯᠲᠡ᠎ᠶ᠋ᠢᠨ ᠲᠣᠪᠴᠢᠶ᠎ᠠ᠎ᠶ᠋ᠢᠨ ᠳᠠᠷᠤᠭ᠎ᠠ ᠯᠢᠦ ᠶᠦᠩ᠄ 《ᠪᠢᠳᠡ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠎ᠶ᠋ᠢ ᠶᠡᠬᠡ ᠎ᠪᠡᠷ ᠠᠬᠢᠭᠤᠯᠵᠤ ᠂ ᠶᠠᠰᠤ ᠴᠢᠨᠠᠷ᠎ᠢ᠋ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠂ ᠶᠠᠰᠤ ᠴᠢᠨᠠᠷ᠎ᠤᠨ ᠰᠠᠭᠤᠷᠢ ᠲᠦᠭᠦᠭᠡᠷᠦᠮᠵᠢ᠎ᠶ᠋ᠢ ᠪᠡᠬᠢᠵᠢᠭᠦᠯᠵᠦ᠍᠂ ᠪᠣᠬᠢᠷᠲᠤᠯ ᠥᠬᠡᠶ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠲᠦ ᠦᠶ᠋ᠯᠡᠴᠢᠯᠡᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ ᠂ ᠠᠵᠤ ᠠᠬᠤᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠬᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ ᠭᠤᠤ ᠪᠢᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯ ᠮᠠᠨ᠎ᠤ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠮᠥᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ ᠎ᠶ᠋ᠢᠨ ᠴᠢᠳᠠᠮᠵᠢ ᠪᠠ ᠵᠣᠬᠢᠶᠠᠨ ᠪᠠᠢᠭᠤᠯᠬᠤ ᠬᠦᠴᠦᠨ᠎ᠢ ᠴᠢᠩᠭᠠᠳᠭᠠᠬᠤ᠎ᠪᠠᠷ ᠭᠤᠤᠯᠳᠠᠯᠭ᠎ᠠ ᠪᠣᠯᠭᠠᠵᠤ᠂ ᠦᠨᠳᠦᠰᠦᠨ ᠱᠠᠲᠤᠨ᠎ᠤ ᠨᠠᠮ ᠎ᠤᠨ ᠪᠠᠢᠭᠤᠯᠤᠯᠲᠠ᠎ᠶ᠋ᠢᠨ ᠠᠵᠢᠯ ᠎ᠢ ᠪᠥᠬᠥ᠌ ᠲᠠᠯ᠎ᠠ᠎ᠪᠠᠷ ᠴᠢᠩᠭᠠᠳᠭᠠᠨ᠎ᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ᠎ᠪᠠᠷ ᠭᠣᠣᠯᠳᠠᠯᠭ᠎ᠠ ᠪᠣᠯᠭᠠᠵᠤ᠂ ᠦᠵᠡᠯ ᠤᠬᠠᠮᠰᠠᠷ᠎ᠤᠨ ᠬᠡᠯᠪᠡᠷᠢ ᠭᠡᠬᠦ᠌ ᠡᠨᠡ ᠬᠦ᠌ ᠵᠤᠷᠢᠭ ᠱᠢᠭᠤᠳᠤᠨ ᠰᠦᠭ ᠰᠦᠨᠡᠰᠦ᠎ᠶ᠋ᠢ ᠱᠤᠭᠤᠬᠤ ᠴᠢᠬᠤᠯᠠ ᠠᠵᠢᠯ᠎ᠢ ᠴᠢᠩᠭ᠎ᠠ ᠠᠳᠭᠤᠨ᠎ᠠ ᠬᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号