ᠤᠢ᠍ᠢᠷ᠎ᠠ ᠳ᠋ᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ ᠬᠤᠳᠠ ᠂ ᠪᠤᠭᠤᠲᠤ᠎ᠶ᠋ᠢᠨ ᠪᠤᠯᠤᠳ ᠲᠡᠮᠤᠷ᠎ᠦᠨ (ᠪᠦᠯᠦᠭ᠌ᠯᠡᠯ) ᠺᠣᠮᠫᠠᠨᠢ ᠂ ᠦᠬᠠᠢ ᠬᠤᠳᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠪᠤᠭᠤᠲᠤ ᠬᠤᠳᠠ᠎ᠶ᠋ᠢᠨ ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠢ᠎ᠠ᠎ᠶ᠋ᠢᠨ ᠪᠠᠢᠩᠭᠤ᠎ᠶ᠋ᠢᠨ ᠳᠡᠳ᠋ ᠱᠦᠵᠢ ᠪᠦᠦ ᠭᠦᠸᠧ ᠴᠢᠤᠸᠠᠨ《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠦ ᠰᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》ᠭᠡᠬᠦ ᠰᠡᠳᠦᠪ ᠵᠢᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠢᠴᠡᠳ ᠲᠠᠨᠢᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠰᠤᠷᠤᠯᠴᠠᠨ᠂ ᠪᠦᠬᠦ᠌ ᠲᠠᠯ᠎ᠠ᠎ᠪᠠᠷ ᠡᠵᠡᠮᠱᠢᠵᠦ᠍ ᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠦᠨᠳᠦᠰᠦᠯᠡᠭᠦᠯᠵᠤ ᠂ ᠴᠡᠴᠡᠭ᠌ᠯᠡᠭᠦᠯᠵᠤ ᠵᠢᠮᠢᠰᠯᠡᠭᠦᠯᠬᠦ᠌ᠶ᠋ᠢ ᠠᠬᠢᠭᠤᠯᠬᠤ ᠵᠡᠷᠭᠡ ᠭᠤᠷᠪᠠᠨ ᠲᠠᠯ᠎ᠠ᠎ᠠᠴᠠ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠦᠭᠡᠳ ᠭᠦᠨᠵᠡᠭᠡᠢ ᠲᠠᠢᠯᠤᠮᠵᠢ ᠬᠢᠪᠡ᠃
ᠪᠤᠭᠤᠲᠤ᠎ᠶ᠋ᠢᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠩ ᠴᠦᠨ ᠮᠧᠢ ᠫᠷᠤᠹᠸᠰᠰᠤᠷ ᠬᠡᠯᠡᠬᠦ᠎ᠳᠡᠭᠡᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠂ ᠴᠢᠬᠤᠯᠠ ᠠᠭᠤᠯᠭ᠎ᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠡᠵᠡᠮᠱᠢᠬᠦ᠌᠎ᠳᠦ ᠮᠠᠰᠢ ᠴᠢᠩᠭ᠎ᠠ ᠵᠢᠯᠣᠭᠣᠳᠭᠤ ᠠᠴᠢ ᠬᠤᠯᠪᠤᠭᠳᠠᠯ᠎ᠲᠠᠶ ᠪᠤᠯᠵᠠᠢ ᠃ ᠪᠤᠭᠤᠲᠤ ᠬᠤᠳᠠ᠎ᠶ᠋ᠢᠨ ᠨᠠᠮ᠎ᠤᠨ ᠬᠣᠷᠢᠢ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠱᠢᠭᠦᠨ ᠪᠣᠯᠤᠭ᠍ᠰᠠᠨ᠎ᠤ ᠬᠤᠪᠢ᠎ᠳᠤ ᠂ ᠭᠣᠣᠯ ᠰᠡᠳᠦᠪ᠎ᠢ ᠴᠢᠩᠭ᠎ᠠ ᠡᠵᠡᠮᠳᠡᠨ ᠠᠵᠢᠯ᠎ᠤᠨ ᠪᠣᠳᠠᠲᠠᠢ᠎ᠲᠠᠢ ᠪᠠᠨ ᠤᠶᠠᠯᠳᠤᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠵᠢᠡᠨ ᠦᠨᠡᠨᠬᠦ᠌ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ 《 ᠪᠤᠭᠤᠲᠤ ᠪᠡᠨ ᠬᠠᠢᠷᠠᠯᠠᠬᠤ ᠂ ᠬᠤᠪᠢ ᠨᠡᠮᠡᠷᠢ ᠦᠵᠡᠭᠦᠯᠬᠦ》 ᠵᠢ ᠦᠢᠯᠡᠳᠦᠯᠭᠡᠵᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠲᠤᠷᠠᠳᠤᠨ ᠭᠠᠷᠭᠠᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠪᠡᠷ ᠴᠢᠷᠮᠡᠢᠨᠡ ᠬᠡᠰᠡᠨ ᠪᠠᠢᠨ᠎ᠠ᠃
ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠤᠯᠤᠰ ᠲᠥᠷᠥ᠍ ᠬᠠᠸ᠋ᠯᠢ ᠴᠠᠭᠠᠵᠠ᠎ᠶ᠋ᠢᠨ ᠬᠣᠷᠢᠶᠠᠨ᠎ᠤ ᠪᠠᠢᠭᠤᠯᠭ᠎ᠠ᠎ᠶ᠋ᠢᠨ ᠨᠠᠮ᠎ᠤᠨ ᠶᠡᠷᠦᠩᠬᠡᠶ ᠡᠭᠦᠷ᠎ᠦᠨ ᠲᠤᠰᠭᠠᠶ ᠲᠤᠱᠢᠶᠠᠯᠲᠤ ᠳᠡᠳ᠋ ᠱᠦᠵᠢ ᠮᠠ ᠲᠸᠩ ᠮᠡᠳᠡᠬᠦᠯᠦᠯᠳᠡ ᠵᠢ ᠰᠤᠨᠤᠰᠤᠭᠠᠳ ᠲᠤᠩ ᠶᠡᠭᠡ ᠰᠡᠩᠬᠡᠷᠡᠭᠦᠯᠦᠯ ᠤᠯᠵᠠᠢ᠃ ᠲᠡᠷᠡ ᠬᠡᠯᠡᠬᠦ᠎ᠳᠡᠭᠡᠨ᠂ ᠶᠡᠷᠦᠩᠬᠡᠶ ᠱᠦᠵᠢ ᠰᠢ ᠵᠢᠨ ᠫᠢᠩ ᠢᠯᠡᠳᠭᠡᠯ᠎ᠳᠡᠭᠡᠨ ᠵᠠᠯᠠᠭᠤᠴᠤᠳ ᠬᠦᠴᠦᠷᠬᠡᠭ᠌ᠵᠢᠪᠡᠯ ᠤᠯᠤᠰ ᠬᠦᠴᠦᠷᠬᠡᠭ᠌ᠵᠢᠨ᠎ᠡ ᠭᠡᠵᠦ᠍ ᠵᠢᠭᠠᠨ ᠭᠠᠷᠭᠠᠵᠤ᠂ ᠵᠠᠯᠠᠭᠤᠴᠤᠳ᠎ᠲᠤ ᠴᠢᠩ ᠰᠡᠳᠬᠢᠯ᠎ᠤᠨ ᠬᠦᠰᠡᠯ ᠨᠠᠢᠳᠠᠯᠭ᠎ᠠ ᠪᠠᠨ ᠲᠠᠯᠪᠢᠬᠰᠠᠨ ᠪᠠᠢᠨ᠎ᠠ᠃ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠨ ᠠᠳᠭᠤᠵᠦ ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢᠵᠢᠯ᠎ᠤᠨ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠨ ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠦᠨᠡᠨᠴᠢ ᠱᠢᠳᠤᠷᠭᠤ ᠵᠢᠨ ᠬᠡᠪ ᠳᠠᠭᠤᠷᠢᠶᠠᠯ ᠪᠣᠯᠵᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢᠨ ᠬᠡᠪ ᠳᠠᠭᠤᠷᠢᠶᠠᠯ ᠪᠣᠯᠵᠤ ᠲᠡᠷᠢᠭᠦᠨ᠎ᠤ ᠬᠢ ᠪᠤᠯᠬᠤ᠎ᠪᠠᠷ ᠮᠡᠷᠡᠢᠨ ᠴᠢᠷᠮᠠᠢᠵᠦ᠂ ᠨᠠᠮ᠎ᠤᠨ ᠪᠠᠢᠭᠤᠯᠤᠯᠲᠠ᠎ᠪᠠᠷ ᠲᠤᠬᠠᠢᠯᠠᠭ᠍ᠰᠠᠨ ᠠᠵᠢᠯ᠎ᠢᠶᠠᠨ ᠬᠦᠳᠦᠯᠥᠨ ᠳᠠᠭᠠᠭᠤᠯᠵᠤ᠂《ᠡᠷᠡᠰ ᠪᠠᠳᠤ ᠢᠳᠡᠭᠡᠯ ᠪᠢᠰᠢᠷᠡᠯ ᠲᠠᠢ᠂ ᠡᠷᠡᠰ ᠪᠠᠳᠤ ᠢᠳᠡᠭᠡᠯ ᠵᠤᠷᠢᠭ ᠲᠠᠢ ᠂ ᠡᠷᠡᠰ ᠴᠢᠩᠭ᠎ᠠ ᠰᠠᠬᠢᠯᠭ᠎ᠠ ᠪᠠᠳᠤ ᠲᠠᠢ ᠂ ᠡᠷᠡᠰ ᠪᠠᠳᠤ ᠡᠬᠦᠷᠭᠡᠯᠡᠯ ᠬᠠᠷᠢᠭᠤᠴᠠᠯᠭ᠎ᠠ ᠲᠠᠢ》 ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢ ᠪᠠᠢᠭᠤᠯᠵᠤ᠂ ᠡᠭᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ ᠵᠢᠨ ᠪᠤᠭᠤᠲᠤ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠬᠤ ᠂ ᠥᠨᠳᠥᠷ ᠪᠠᠷᠢᠮᠵᠢᠶ᠎ᠠ ᠥᠨᠳᠥᠷ ᠲᠦᠪᠱᠢᠨ ᠪᠦᠬᠦᠢ ᠠᠮᠤᠭᠤᠯᠠᠩᠲᠤ ᠪᠤᠭᠤᠲᠤ ᠂ ᠬᠠᠤᠯᠢᠵᠢᠯ᠎ᠤᠨ ᠪᠤᠭᠤᠲᠤ᠎ᠵᠢᠨ ᠪᠠᠢᠭᠤᠯᠤᠯᠳᠠ ᠳ᠋ᠦ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠪᠢ ᠨᠡᠮᠡᠷᠢ ᠦᠵᠡᠭᠦᠯᠦᠨ᠎ᠡ ᠬᠡᠵᠠᠢ᠃
ᠪᠤᠭᠤᠲᠤ᠎ᠶ᠋ᠢᠨ ᠪᠤᠯᠤᠳ ᠲᠡᠮᠤᠷ᠎ᠦᠨ (ᠪᠦᠯᠦᠭ᠌ᠯᠡᠯ) ᠺᠣᠮᠫᠠᠨᠢ ᠳ᠋ᠦ ᠪᠦᠦ ᠭᠦᠸᠧ ᠴᠢᠤᠸᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠠᠢᠯᠪᠤᠷᠢᠯᠠᠬᠤ᠎ᠶ᠋ᠢᠨ ᠬᠠᠮᠲᠤ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ ᠬᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯᠪᠤᠯᠤᠭᠰᠠᠨᠤ ᠬᠤᠪᠢ ᠳ᠋ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠵᠢ ᠴᠢᠩ ᠰᠡᠳᠭᠢᠯ᠎ᠡᠴᠡ ᠪᠠᠨ ᠬᠦᠰᠡᠪᠡ᠃
ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ ᠥᠷᠭᠡᠨ ᠤᠯᠠᠨ ᠺᠠᠳ᠋ᠷ ᠠᠵᠢᠯᠳᠠᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠥᠭᠦᠯᠡᠯᠲᠡ ᠭᠦᠨᠵᠡᠭᠡᠢ ᠂ ᠰᠣᠨᠣᠰᠤᠭ᠍ᠰᠠᠨ᠎ᠤ ᠲᠠᠷᠠᠭ᠎ᠠ ᠮᠠᠰᠢ ᠤᠷᠮᠠᠱᠢᠨ ᠵᠣᠷᠢᠭ᠍ᠵᠢᠵᠤ᠂ ᠮᠠᠰᠢ ᠶᠡᠭᠡ ᠤᠯᠤᠯᠲᠠ ᠲᠦᠷᠦᠭᠳᠡᠯ ᠲᠠᠢ ᠪᠤᠯᠪᠠ ᠬᠡᠵᠡᠭᠡᠪᠡ᠃ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠨᠢᠮᠭᠡᠨ ᠬᠠᠪᠲᠠᠰᠤᠨ᠎ᠤ ᠦᠢᠯᠡᠳᠪᠦᠷᠢ᠎ᠶ᠋ᠢᠨ ᠨᠠᠮ᠎ᠤᠨ ᠬᠣᠷᠢᠶᠠᠨ᠎ᠤ ᠱᠦᠵᠢ ᠰᠢᠤᠸᠠᠢ ᠹᠸᠢ᠄《 ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠲᠠᠢ ᠨᠢᠭᠡᠳᠭᠡᠵᠦ ᠂ 〈ᠭᠤᠷᠪᠠᠨ ᠡᠷᠬᠡᠪᠰᠢ〉 ᠵᠢ ᠪᠠᠲᠤ ᠴᠡᠬᠡᠵᠢᠯᠠᠨ᠂ ᠡᠮᠦᠨ᠎ᠡ ᠹᠷᠣᠨᠲ᠎ᠤᠨ ᠨᠠᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ ᠂ ᠨᠠᠮ᠎ᠤᠨ ᠪᠠᠢᠭᠤᠯᠤᠯᠲᠠ᠎ᠶ᠋ᠢᠨ ᠠᠵᠢᠯ ᠪᠣᠯᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠦ᠂ ᠠᠰᠠᠭᠤᠳᠠᠯ᠎ᠢ ᠱᠢᠢᠳᠪᠦᠷᠢᠯᠡᠨ᠂ ᠠᠮᠤᠷ ᠲᠦᠪᠱᠢᠨ᠎ᠢ ᠪᠠᠲᠤᠯᠠᠵᠤ ᠂ ᠤᠷ᠎ᠠ ᠴᠢᠳᠠᠪᠤᠷᠢ ᠪᠡᠨ ᠳᠡᠭᠡᠭ᠌ᠰᠢᠯᠡᠭᠦᠯᠵᠦ᠍᠂ ᠦᠷ᠎ᠡ ᠠᠱᠢᠭ ᠵᠢᠡᠨ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢ ᠠᠬᠢᠭᠤᠯᠵᠦ᠂ ᠺᠠᠳ᠋ᠷ ᠠᠵᠢᠯᠳᠠᠨ ᠠᠵᠢᠯᠴᠢᠨ ᠵᠢᠡᠨ ᠲᠠᠢ᠌ᠴᠢᠯᠠᠨ ᠨᠡᠩ ᠲᠡᠭᠦᠯᠳᠡᠷ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ》 ᠬᠡᠪᠡ᠃
《 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠬᠤᠪᠢ ᠬᠥᠮᠦᠨ᠎ᠦ ᠬᠦᠰᠡᠯᠡᠩ᠎ᠢᠶᠡᠨ ᠠᠵᠤ ᠠᠬᠤᠢᠯᠠᠯ᠎ᠤᠨ ᠬᠥᠭ᠌ᠵᠢᠯᠲᠡ᠂ ᠤᠯᠤᠰ᠎ᠤᠨ ᠬᠡᠷᠡᠭ᠌ᠴᠡᠭᠡ᠎ᠲᠡᠶ ᠨᠢᠭ᠍ᠲᠠ ᠤᠶᠠᠯᠳᠤᠭᠤᠯᠵᠤ ᠂ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠣᠯᠵᠤ ᠂ 〈ᠪᠣᠭᠣᠮᠢ〉 ᠵᠢᠨ ᠠᠰᠠᠭᠤᠳᠠᠯ᠎ᠢ ᠲᠠᠰᠤᠷᠠᠯᠳᠠ ᠦᠭᠡᠢ ᠱᠢᠢᠳᠪᠦᠷᠢᠯᠡᠨ᠎ᠡ 》 ᠭᠡᠵᠤ ᠬᠣᠪᠣᠷ ᠱᠢᠷᠣᠢ᠎ᠶ᠋ᠢᠨ ᠬᠦᠷᠢᠶᠡᠯᠡᠩ᠎ᠦᠨ ᠬᠣᠪᠣᠷ ᠱᠢᠷᠣᠢ᠎ᠶ᠋ᠢᠨ ᠴᠢᠳᠠᠪᠬᠢ᠎ᠶ᠋ᠢᠨ ᠮᠠᠲᠧᠷᠢᠶᠠᠯ ᠰᠤᠳᠤᠯᠬᠤ ᠭᠠᠵᠠᠷ᠎ᠤᠨ ᠳᠡᠳ᠋ ᠳᠠᠷᠤᠭ᠎ᠠ ᠴᠢᠶᠣᠤ ᠢᠦᠢ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠳᠠᠷᠠᠭ᠎ᠠ ᠶᠡᠭᠡᠭᠡᠨ ᠤᠷᠮᠠᠰᠢᠨ ᠵᠤᠷᠢᠬᠵᠢᠪᠠ᠃ ᠲᠡᠷᠡ ᠂ ᠬᠣᠪᠣᠷ ᠱᠢᠷᠣᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠵᠢᠡᠨ ᠳᠠᠭᠠᠭᠤᠯᠤᠨ ᠱᠢᠨ᠎ᠡ ᠬᠡᠯᠪᠡᠷᠢ᠎ᠶ᠋ᠢᠨ ᠬᠣᠪᠣᠷ ᠱᠢᠷᠣᠢ᠎ᠶ᠋ᠢᠨ ᠮᠠᠲᠧᠷᠢᠶᠠᠯ ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ ᠱᠢᠪᠲᠤᠯᠤᠯᠲᠠ᠎ᠶ᠋ᠢ ᠴᠢᠷᠮᠠᠢᠨ ᠪᠡᠶᠡᠯᠡᠬᠦᠯᠵᠦ ᠂ ᠤᠯᠤᠰ᠎ᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠬᠣᠪᠣᠷ ᠱᠢᠷᠣᠢ᠎ᠶ᠋ᠢᠨ ᠬᠦᠴᠦᠨ ᠴᠢᠳᠠᠯ᠎ᠢ ᠡᠷᠭᠦᠨ᠎ᠡ ᠭᠡᠵᠦ᠍ ᠶᠠᠷᠢᠵᠤ ᠪᠠᠢᠯ᠎ᠠ᠃
ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠪᠤᠯᠤᠳ ᠪᠣᠯᠪᠠᠰᠤᠷᠠᠭᠤᠯᠬᠤ ᠦᠢᠯᠡᠳᠪᠦᠷᠢ᠎ᠶ᠋ᠢᠨ ᠪᠤᠯᠤᠳ ᠪᠣᠯᠪᠠᠰᠤᠷᠠᠭᠤᠯᠬᠤ ᠮᠡᠷᠭᠡᠵᠢᠯ᠎ᠦᠨ ᠭᠣᠣᠯᠯᠠᠨ ᠬᠠᠮᠢᠶᠠᠷᠤᠭ᠍ᠴᠢ ᠵᠠᠩ ᠱᠦᠨ ᠄ 《ᠱᠢᠨ᠎ᠡ᠎ᠶ᠋ᠢ ᠡᠭᠦᠳᠬᠦ᠌ ᠦᠭᠡᠢ ᠪᠣᠯ ᠦᠢᠯᠡᠳᠪᠦᠷᠢᠯᠡᠯ᠎ᠦᠨ ᠬᠦᠴᠦᠨ ᠪᠠᠢᠬᠤ ᠦᠭᠡᠢ ᠭᠡᠳᠡᠭ᠎ᠢ ᠤᠬᠠᠵᠠᠢ᠃ ᠱᠢᠨ᠎ᠡ ᠴᠠᠭ ᠦᠶ᠎ᠡ᠎ᠶ᠋ᠢᠨ ᠰᠢᠨ᠎ᠡ ᠱᠠᠭᠠᠷᠳᠠᠯᠭ᠎ᠠ᠎ᠳᠤ ᠵᠣᠬᠢᠴᠠᠵᠤ᠂ ᠪᠦᠯᠬᠦᠮᠳᠡᠨ ᠨᠢᠭᠡᠳᠴᠦ᠍ ᠂ ᠬᠦᠴᠢᠷ᠎ᠢ ᠲᠤᠭᠤᠯᠤᠨ᠂ ᠳᠠᠰᠤᠷᠠᠯᠳᠠ ᠦᠭᠡᠢ ᠱᠢᠨ᠎ᠡ᠎ᠶ᠋ᠢ ᠡᠭᠦᠳᠴᠦ᠍ ᠂ ᠱᠢᠨ᠎ᠡ ᠴᠠᠭ ᠦᠶ᠎ᠡ᠎ᠶ᠋ᠢᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠢᠯᠡᠰ᠎ᠦᠨ ᠰᠠᠢ᠌ᠨ ᠠᠵᠢᠯᠴᠢᠨ ᠪᠤᠯᠵᠤ ᠂ ᠺᠣᠮᠫᠠᠨᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ᠍ ᠬᠡᠯᠡᠪᠡ᠃
ᠦᠬᠠᠢ ᠬᠤᠳᠠ᠎ᠶ᠋ᠢᠨ ᠬᠤᠳᠠ᠎ᠶ᠋ᠢᠨ ᠠᠷᠠᠳ᠎ᠤᠨ ᠲᠥᠪ᠎ᠦᠨ ᠤᠯᠠᠨ ᠴᠢᠳᠠᠪᠬᠢᠳᠤ ᠬᠤᠷᠠᠯ᠎ᠤᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠂ ᠲᠡᠷᠢᠭᠦᠯᠡᠭ᠌ᠴᠢ ᠸᠠᠩ ᠹᠠᠩ 《 ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠠᠤᠭ᠎ᠠ ᠬᠦᠴᠦᠨ᠎ᠢ ᠭᠦᠨᠵᠡᠭᠡᠢ ᠣᠢᠯᠠᠭᠠᠵᠦ ᠦᠬᠠᠢ ᠵᠢᠨ ᠤᠷᠤᠨᠪᠦᠰᠡ ᠵᠢᠨ ᠴᠢᠨᠠᠷ ᠰᠠᠢᠲᠠᠢ ᠬᠥᠭ᠌ᠵᠢᠯᠲᠡ᠎ᠪᠡᠷ ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠶ᠎ᠡ》ᠭᠡᠬᠦ ᠰᠡᠳᠦᠪ ᠵᠢᠡᠷ ᠦᠬᠠᠢ ᠬᠤᠳᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠯᠢᠬ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠳᠤᠮᠳᠠ ᠂ ᠸᠠᠩ ᠹᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠢᠴᠡᠳ ᠲᠠᠨᠢᠬᠤ ᠪᠠ ᠪᠦᠬᠦ᠌ ᠲᠠᠯ᠎ᠠ᠎ᠪᠠᠷ ᠡᠵᠡᠮᠳᠡᠬᠦ᠌᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠰᠤᠷᠤᠯᠴᠠᠨ ᠣᠢᠯᠠᠭᠠᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠦᠨᠳᠦᠰᠦᠯᠡᠭᠦᠯᠦᠨ ᠴᠡᠴᠡᠭ᠌ᠯᠡᠭᠦᠯᠦᠨ ᠵᠢᠮᠢᠰᠯᠡᠭᠦᠯᠬᠦ᠌ᠶ᠋ᠢ ᠠᠬᠢᠭᠤᠯᠬᠤ ᠭᠤᠷᠪᠠᠨ ᠲᠠᠯ᠎ᠠ᠎ᠠᠴᠠ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠱᠢᠰᠲᠸᠮ ᠲᠠᠢ ᠲᠠᠢᠯᠪᠤᠷᠢᠯᠠᠪᠠ᠃
ᠦᠬᠠᠢ ᠬᠤᠳᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠢ᠎ᠠ᠎ᠶ᠋ᠢᠨ ᠳᠠᠷᠤᠭ᠎ᠠ ᠱ᠌ᠢ ᠭᠦᠸᠧ ᠬᠤᠢ᠄《ᠤᠬᠠᠭᠤᠯᠤᠨ ᠲᠠᠢᠯᠪᠤᠷᠢᠯᠠᠯᠲᠠ ᠪᠡᠷ ᠲᠠᠮᠵᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠣᠢᠯᠠᠭᠠᠵᠠᠢ᠃ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠡᠷᠬᠡᠪᠰᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ ᠨᠢᠭᠡᠳᠦᠭᠡᠷ ᠬᠥᠳᠡᠯᠭᠡᠬᠦ᠌ ᠬᠦᠴᠦᠨ ᠪᠣᠯᠤᠨ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ᠎ᠢ ᠴᠢᠩᠭ᠎ᠠ ᠠᠳᠭᠤᠬᠤ ᠬᠡᠷᠡᠭ᠌ᠲᠡᠢ᠃ ᠪᠢᠳᠡ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠢ ᠡᠭᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠨ 〈ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠦᠪᠦᠷ ᠮᠣᠩᠭᠣᠯ ᠵᠢᠡᠨ ᠮᠠᠨᠳᠤᠭᠤᠯᠬᠤ〉 ᠠᠵᠢᠯᠯᠠᠭ᠎ᠠ᠎ᠶ᠋ᠢ ᠪᠤᠳᠠᠳᠠᠢᠵᠢᠭᠤᠯᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠳᠡᠮᠵᠢᠵᠦ᠍᠂ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢ ᠪᠤᠵᠠᠭᠠᠢᠷᠠᠭᠤᠯᠤᠨ᠂ ᠱᠢᠨ᠎ᠡ᠎ᠶ᠋ᠢ ᠡᠭᠦᠳᠬᠦ᠌ ᠲᠠᠪᠴᠠᠩ᠎ᠢ ᠴᠣᠭ᠍ᠴᠠᠯᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠤᠷᠮᠠᠱᠢᠭᠤᠯᠤᠨ ᠵᠣᠷᠢᠭ᠍ᠵᠢᠭᠤᠯᠵᠤ ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯᠵᠢᠡᠷ ᠭᠠᠵᠠᠷ ᠣᠷᠣᠨ᠎ᠤ ᠠᠵᠤ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠬᠤ ᠪᠠ ᠬᠤᠳᠠ᠎ᠶ᠋ᠢᠨ ᠬᠡᠯᠪᠡᠷᠢ᠎ᠪᠠᠨ ᠬᠤᠪᠢᠷᠠᠭᠤᠯᠬᠤ ᠳ᠋ᠦ ᠬᠤᠪᠢ ᠨᠡᠮᠡᠷᠢ ᠦᠵᠡᠭᠦᠯᠦᠨ᠎ᠡ》 ᠬᠡᠵᠦ ᠢᠯᠡᠷᠭᠡᠢᠯᠡᠪᠡ᠃
《ᠣᠳᠣᠬᠠᠨ᠎ᠳᠤ ᠦᠬᠠᠢ ᠬᠤᠳᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠵᠣᠬᠢᠶᠠᠨ ᠪᠠᠢᠭᠤᠯᠤᠯᠲᠠ ᠳᠣᠣᠷ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠦᠬᠦ᠌ ᠬᠤᠳᠠ᠎ᠳᠤ ᠬᠦᠷ ᠬᠥᠭ᠌ᠵᠢᠶᠡᠨᠲᠡᠶ ᠶᠠᠪᠤᠭ᠍ᠳᠠᠵᠤ ᠪᠠᠢᠨ᠎ᠠ᠃ ᠪᠢᠳᠡ ᠪᠠᠰᠠ ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠢᠶᠠᠷ ᠠᠵᠠ ᠲᠣᠬᠢᠶᠠᠯ ᠪᠣᠯᠭᠠᠨ ᠂ ᠪᠦᠬᠦ᠌ ᠰᠡᠳᠭᠢᠯ ᠪᠦᠬᠦ᠌ ᠬᠦᠴᠦᠨ᠎ᠢᠶᠡᠷ᠎ᠢᠶᠡᠨ ᠬᠠᠷᠢᠯᠴᠠᠨ ᠬᠥᠳᠡᠯᠦᠯᠴᠡᠬᠦ᠌ ᠬᠡᠯᠪᠡᠷᠢ᠎ᠶ᠋ᠢᠨ ᠂ ᠤᠯᠠᠨ ᠲᠦᠮᠡᠨᠴᠢᠯᠡᠭ᠌ᠰᠡᠨ ᠤᠬᠠᠭᠤᠯᠤᠨ ᠲᠠᠢᠯᠪᠤᠷᠢᠯᠠᠯᠲᠠ᠎ᠶ᠋ᠢ ᠰᠠᠢᠲᠤᠷ ᠥᠷᠨᠢᠭᠦᠯᠵᠦ᠍ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠬᠠᠢ ᠬᠤᠳᠠ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ》 ᠬᠡᠵᠦ ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠪᠦᠯᠬᠦᠮ ᠤᠨ ᠳᠠᠷᠤᠭ᠎ᠠ ᠰᠦᠩ ᠶᠤᠸᠠᠢ ᠬᠡᠯᠡᠵᠦ ᠪᠠᠢᠯ᠎ᠠ᠃
ᠸᠠᠩ ᠹᠠᠩ ᠪᠠᠰᠠ ᠥᠪᠥᠷ ᠮᠣᠩᠭᠣᠯ᠎ᠤᠨ ᠭᠤᠸᠠᠩ ᠵᠢᠤᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠠᠢ᠌ᠷᠤᠪ᠎ᠤᠨ ᠲᠤᠬᠤᠢ ᠲᠣᠭᠣᠷᠢᠭ᠎ᠤᠨ ᠯᠢᠨ ᠶᠢᠨ ᠵᠡᠭᠡᠯᠢ ᠭᠤᠳᠤᠮᠵᠢ᠎ᠶ᠋ᠢᠨ ᠬᠠᠢ ᠱᠢᠨ ᠨᠡᠢᠭᠡᠮ ᠲᠣᠭᠣᠷᠢᠭ ᠵᠡᠷᠭᠡ ᠭᠠᠵᠠᠷ᠎ᠢᠶᠠᠷ ᠤᠷᠢᠳ ᠬᠣᠵᠢᠳ ᠬᠦᠷᠴᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠣᠭᠣᠷᠢᠨ᠎ᠳᠤ ᠠᠵᠤ ᠠᠬᠤᠢᠯᠠᠯ᠎ᠤᠨ ᠠᠵᠢᠯᠳᠠᠨ ᠠᠵᠢᠯᠴᠢᠨ᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠰᠠᠭᠤᠭᠠᠯᠢ ᠠᠷᠠᠳ᠎ᠲᠠᠶ ᠨᠢᠭᠤᠷᠳᠠᠨ ᠶᠠᠷᠢᠯᠴᠠᠪᠠ᠃
《ᠡᠨᠡ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠪᠡᠷ ᠲᠠᠮᠵᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠨᠡᠩ ᠭᠦᠨᠵᠡᠭᠡᠢ ᠣᠢᠯᠠᠭᠠᠯᠲᠠ ᠪᠠ ᠲᠠᠨᠢᠯᠲᠠ᠎ᠲᠠᠶ ᠪᠣᠯᠵᠠᠢ᠃ ᠨᠡᠢᠭᠡᠮ ᠲᠣᠭᠣᠷᠢᠭ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠠᠷᠠᠳ᠎ᠤᠨ ᠠᠮᠢᠳᠤᠷᠠᠯ᠎ᠤᠨ ᠠᠵᠢᠯ᠎ᠲᠠᠢ ᠨᠢᠭ᠍ᠲᠠ ᠤᠶᠠᠯᠳᠤᠭᠤᠯᠵᠤ᠂ ᠨᠡᠢᠭᠡᠮ᠎ᠦᠨ ᠪᠠᠲᠤᠯᠠᠭ᠎ᠠ᠂ ᠨᠠᠰᠤᠵᠢᠯ᠎ᠤᠨ ᠦᠢᠯᠡᠴᠢᠯᠡᠭᠡ ᠵᠡᠷᠭᠡ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠴᠢᠷᠮᠠᠢᠨ ᠱᠢᠢᠳᠪᠦᠷᠢᠯᠡᠵᠦ ᠦᠭᠬᠦᠨ᠎ᠡ》 ᠭᠡᠵᠦ᠍ ᠬᠠᠢ ᠱᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠸᠠᠩ ᠢᠦᠢ ᠵᠢᠩ ᠬᠡᠯᠡᠪᠡ᠃