ᠡᠪᠦᠯ᠎ᠦᠨ ᠠᠭᠤᠷ ᠣᠷᠣᠭ᠍ᠰᠠᠨ᠎ᠤ ᠳᠠᠷᠠᠭ᠎ᠠ ᠂ ᠲᠢᠶᠠᠨᠵᠢᠨ ᠬᠣᠲᠠ᠎ᠶ᠋ᠢᠨ ᠾᠧ ᠳ᠋ᠦᠩ ᠲᠣᠭᠣᠷᠢᠭ᠎ᠤᠨ ᠱᠠᠩ ᠬᠠᠩ ᠵᠠᠮ᠎ᠤᠨ ᠠᠨ ᠲᠠ ᠲᠡᠮᠳᠡᠭᠳᠤ ᠬᠤᠳᠠᠯᠳᠤᠭᠠᠨ ᠤ ᠭᠠᠵᠠᠷ ᠲᠸ᠋ ᠂ ᠠᠨ ᠲᠠ ᠲᠡᠮᠳᠡᠭᠳᠤ ᠤᠨᠴᠠ ᠲᠤᠯᠠᠭᠠᠨ ᠥᠳᠤᠨ ᠬᠤᠪᠴᠠᠰᠤ ᠪᠣᠷᠣᠯᠠᠭᠤᠯᠭ᠎ᠠ ᠰᠠᠢᠲᠠᠶ ᠪᠤᠯᠵᠦ ᠂ ᠬᠦᠷᠦᠯᠴᠡᠨ ᠢᠷᠡᠭᠰᠡᠨ ᠬᠡᠷᠡᠭᠯᠡᠭᠴᠢᠳ ᠴᠦᠮ ᠲᠡᠭ᠎ᠡᠴᠡ ᠳᠣᠷᠣᠭ᠍ᠰᠢ 36 ᠭᠷᠠᠳᠦ᠋ᠰ᠎ᠦᠨ ᠬᠠᠬᠢᠷ ᠬᠦᠶ᠋ᠲᠡᠨ᠎ᠢ ᠬᠠᠯᠬᠠᠯᠠᠵᠤ ᠲᠡᠢᠯᠬᠦ ᠡᠨᠡ ᠬᠥ᠌ ᠪᠤᠭᠤᠲᠤ᠎ᠶ᠋ᠢᠨ ᠪᠣᠯᠣᠳ ᠲᠡᠮᠦᠷ᠎ᠦᠨ《ᠬᠣᠪᠣᠷ ᠱᠢᠷᠣᠶ +》 ᠨᠡᠬᠡᠮᠡᠯ᠎ᠦᠨ ᠪᠦᠲᠦᠭᠡᠭ᠌ᠳᠡᠬᠦᠨ᠎ᠦ ᠷᠢᠳᠢ ᠱᠢᠳᠢ᠎ᠶ᠋ᠢ ᠪᠡᠶᠡᠴᠢᠯᠡᠨ ᠤᠢᠯᠠᠭᠠᠵᠤ ᠪᠠᠢᠯ᠎ᠠ᠃
ᠬᠤᠪᠴᠠᠰᠤᠨᠦ ᠳᠣᠲᠣᠷ᠎ᠠ ᠲᠠᠯ᠎ᠠ ᠳ᠋ᠤ ᠨᠢᠭᠡ ᠳᠠᠪᠬᠤᠷᠭ᠎ᠠ ᠬᠣᠪᠣᠷ ᠱᠢᠷᠣᠶ ᠵᠢᠨ ᠴᠠᠪᠤᠭ ᠰᠠᠭᠤᠯᠭᠠᠪᠠᠯ ᠢᠢᠨ ᠬᠥ᠌ ᠲᠤᠯᠠᠭᠠᠨ ᠪᠤᠯᠴᠢᠬᠠᠳᠠᠭ ᠤᠤ? ᠪᠤᠭᠤᠲᠤ᠎ᠶ᠋ᠢᠨ ᠪᠣᠯᠣᠳ ᠲᠡᠮᠦᠷ᠎ᠦᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠲᠢᠶᠠᠨᠵᠢᠨ᠎ᠳᠡᠬᠢ ᠬᠤᠪᠢᠶᠠᠷᠢ ᠬᠦᠷᠢᠶᠡᠯᠡᠩ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠢᠶᠠᠷᠤᠯᠲᠠ᠎ᠶ᠋ᠢᠨ ᠬᠡᠯᠲᠡᠰ᠎ᠦᠨ ᠳᠠᠷᠤᠭ᠎ᠠ ᠯᠢ ᠯᠦ᠍᠂ ᠬᠤᠪᠢᠶᠠᠷᠢ ᠬᠦᠷᠢᠶᠡᠯᠡᠩ᠎ᠡᠴᠡ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠬᠣᠪᠣᠷ ᠱᠢᠷᠣᠶ᠎ᠶ᠋ᠢᠨ ᠢᠯᠴᠢ ᠢᠯᠭᠠᠷᠠᠭᠤᠯᠬᠤ ᠮᠡᠷᠭᠡᠵᠢᠯ ᠨᠢ 5 ᠵᠦᠶ᠋ᠯ᠎ᠦᠨ ᠤᠯᠤᠰ᠎ᠤᠨ ᠡᠭᠦᠳᠦᠨ ᠪᠦᠲᠦᠭᠡᠯᠲᠡ᠎ᠶ᠋ᠢᠨ ᠲᠤᠰᠭᠠᠶ ᠠᠱᠢᠭ᠎ᠤᠨ ᠡᠷᠬᠡ ᠵᠢ ᠤᠯᠤᠬᠰᠠᠨ ᠶᠤᠮ᠃ ᠬᠤᠪᠴᠠᠰᠤᠨ᠎ᠤ ᠲᠤᠳᠤᠷ᠎ᠠ ᠲᠠᠯ᠎ᠠ ᠳ᠋ᠤ ᠪᠦᠷᠬᠦᠭᠰᠡᠨ ᠬᠣᠪᠣᠷ ᠱᠢᠷᠣᠶ᠎ᠶ᠋ᠢᠨ ᠤᠯᠠᠭᠠᠨ᠎ᠤ ᠭᠠᠳᠠᠨᠠᠬᠢ ᠢᠯᠴᠢ ᠬᠠᠳᠠᠭᠠᠯᠠᠬᠤ ᠡᠳ᠋ ᠨᠢ ᠬᠥᠮᠦᠨ᠎ᠦ ᠪᠡᠶ᠎ᠡ ᠡᠴᠡ ᠰᠠᠴᠤᠷᠠᠭᠤᠯᠤᠭ᠍ᠰᠠᠨ ᠠᠯᠤᠰ ᠤᠨ ᠤᠯᠠᠭᠠᠨ᠎ᠤ ᠭᠠᠳᠠᠨᠠᠬᠢ ᠲᠤᠶᠠᠭ᠎ᠠ᠎ᠶ᠋ᠢ ᠱᠢᠩᠭᠡᠭᠡᠨ ᠠᠪᠴᠤ᠌ ᠂ ᠢᠯᠴᠢ᠎ᠶ᠋ᠢᠨ ᠡᠷᠭᠢᠯᠲᠡ᠎ᠶ᠋ᠢᠨ ᠨᠦᠯᠦᠭᠡᠯᠡᠯ᠎ᠢ ᠪᠤᠢ ᠪᠣᠯᠭᠠᠨ᠂ ᠢᠯᠴᠢ᠎ᠶ᠋ᠢ ᠬᠠᠳᠠᠭᠠᠯᠠᠵᠤ ᠂ ᠬᠦᠢᠳᠡᠠᠢ ᠬᠠᠯᠬᠠᠯᠠᠵᠤ ᠴᠢᠳᠠᠨ᠎ᠠ ᠭᠡᠵᠦ ᠲᠠᠨᠢᠯᠴᠠᠭᠤᠯᠪᠠ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠰᠢᠭᠤᠷᠠᠯ᠎ᠳᠤ ᠬᠠᠨᠳᠤᠭᠤᠯᠬᠤ ᠂ ᠠᠵᠤ ᠠᠬᠤᠢ᠎ᠶ᠋ᠢᠨ ᠭᠣᠣᠯ ᠲᠠᠢᠯᠠᠯᠳᠤᠭᠠᠨ᠎ᠦ ᠲᠠᠯᠠᠪᠤᠷ᠎ᠲᠤ ᠬᠠᠨᠳᠤᠭᠤᠯᠬᠤ ᠂ ᠤᠯᠤᠰ᠎ᠤᠨ ᠴᠢᠬᠤᠯᠠ ᠶᠡᠬᠡ ᠬᠡᠷᠡᠭ᠌ᠴᠡᠭᠡ ᠳ᠋ᠤ ᠬᠠᠨᠳᠤᠭᠤᠯᠬᠤ ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠍᠎ᠳᠦ ᠬᠠᠨᠳᠤᠭᠤᠯᠬᠤ᠎ᠶ᠋ᠢ ᠪᠠᠷᠢᠮᠲᠠᠯᠠᠵᠤ ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠪᠴᠢᠯᠡᠨ ᠪᠡᠶᠡᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠡᠭᠦᠨ᠎ᠦ ᠲᠤᠬᠠᠶ ᠯᠢ ᠯᠦ᠍ ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠶ᠋ᠢᠨ ᠣᠭ ᠰᠠᠨᠠᠭ᠎ᠠ ᠪᠣᠯ ᠳᠠᠷᠤᠶ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭᠠᠬᠤ᠎ᠶ᠋ᠢᠨ ᠲᠥᠯᠥᠭᠡ ᠶᠤᠮ ᠂ ᠠᠨ ᠲᠠ ᠲᠡᠮᠳᠡᠭᠳᠤ ᠤᠨᠴᠨ ᠲᠤᠯᠠᠭᠠᠨ ᠥᠲᠥᠨ ᠬᠤᠪᠴᠠᠰᠤ ᠨᠢ 《 ᠱᠢᠨ᠎ᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠠᠷᠠᠳ᠎ᠲᠤ ᠪᠤᠶᠠᠨ ᠦᠢᠯᠡᠳᠬᠦ᠌ 》 ᠪᠡᠷ ᠵᠤᠷᠢᠯᠲᠠ ᠪᠡᠨ ᠪᠤᠯᠭᠠᠭᠰᠠᠨ ᠶᠤᠮ ᠭᠡᠵᠦ ᠢᠯᠡᠳᠭᠡᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠲᠢᠶᠠᠨᠵᠢᠨ᠎ᠳᠡᠬᠢ ᠬᠤᠪᠢᠶᠠᠷᠢ ᠬᠦᠷᠢᠶᠡᠯᠡᠩ ᠪᠣᠬᠢᠷᠲᠤᠯ ᠥᠬᠡᠶ ᠡᠷᠬᠢᠯᠳᠡᠳᠦ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠮ᠎ᠢ ᠰᠦᠪᠡᠭ᠌ᠴᠢᠯᠡᠵᠦ᠍ ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠴᠢᠳᠠᠪᠦᠷᠢ ᠤᠯᠭᠤᠭᠰᠠᠨ ᠪᠣᠬᠢᠷᠲᠤᠯ ᠥᠬᠡᠶ ᠦᠢᠯᠡᠳᠭᠦᠨᠢᠭᠦᠨᠵᠡᠭᠡᠢ ᠪᠤᠯᠪᠠᠰᠤᠷᠠᠭᠤᠯᠵᠤ ᠂ 《 ᠬᠣᠪᠣᠷ ᠱᠢᠷᠣᠶ +》 ᠵᠢᠨ ᠤᠯᠠᠨ ᠬᠤᠪᠢᠷᠠᠯᠲᠠ᠎ᠶ᠋ᠢ ᠰᠦᠪᠡᠭ᠌ᠴᠢᠯᠡᠵᠦ᠍ ᠂ ᠣᠯᠠᠨ ᠵᠦᠶ᠋ᠯ᠎ᠦᠨ ᠡᠨᠧᠷᠭᠢ᠎ᠶ᠋ᠢ ᠠᠷᠪᠢᠯᠠᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠵᠢ ᠪᠠᠭᠠᠰᠭᠠᠬᠤ ᠨᠠᠷᠠᠲᠤ ᠦᠶ᠋ᠯᠡᠳᠬᠦᠨ᠎ᠢ ᠰᠤᠳᠤᠯᠤᠨ ᠦᠶ᠋ᠯᠡᠳᠴᠡᠶ ᠃ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠨᠢᠭᠡᠨᠲᠡ ᠠᠮᠵᠢᠯᠲᠠ᠎ᠲᠠᠶ ᠪᠡᠶᠡᠯᠡᠭᠦᠯᠦᠭ᠌ᠰᠡᠨ ᠬᠣᠪᠣᠷ ᠱᠢᠷᠣᠶ᠎ᠶ᠋ᠢᠨ ᠨᠠᠨᠤ᠋ ᠮᠡᠷᠭᠡᠵᠢᠯ᠎ᠢᠶᠡᠷ ᠢᠯᠴᠢ᠎ᠶ᠋ᠢ ᠬᠠᠯᠬᠠᠯᠠᠬᠤ ᠲᠦᠷᠬᠢᠭᠴᠢ ᠵᠢ ᠱᠢᠯ᠎ᠦᠨ ᠭᠠᠳᠠᠷᠭᠤ᠎ᠳᠤ ᠱᠢᠭᠤᠳ ᠲᠦᠷᠬᠢᠪᠡᠯ ᠂ 95% ᠵᠢᠨ ᠤᠯᠠᠭᠠᠨ ᠤ ᠭᠠᠳᠠᠨᠠᠬᠢ ᠂ ᠬᠦᠷᠢᠨᠦ ᠭᠠᠳᠠᠨᠠᠬᠢ ᠲᠤᠶᠠᠭᠠᠨᠤ ᠢᠯᠴᠢ᠎ᠶ᠋ᠢ ᠬᠠᠯᠬᠠᠯᠠᠬᠤ ᠦᠢᠯᠡᠳᠦᠯ᠎ᠢ ᠪᠡᠶᠡᠯᠡᠭᠦᠯᠵᠦ᠍ ᠂ 3 ᠴᠠᠭ᠎ᠤᠨ ᠳᠣᠲᠣᠷ᠎ᠠ ᠳᠤᠯᠠᠭᠠᠨ᠎ᠤ ᠬᠡᠮᠵᠢᠶ᠎ᠡ ᠵᠢ ᠲᠦᠷᠭᠡᠨ ᠪᠠᠭᠤᠷᠠᠭᠤᠯᠵᠤ ᠂ ᠠᠭᠠᠷ ᠲᠣᠬᠢᠷᠠᠭᠤᠯᠤᠭ᠍ᠴᠢ᠎ᠶ᠋ᠢᠨ ᠡᠨᠧᠷᠭᠢ᠎ᠶ᠋ᠢᠨ ᠬᠣᠷᠣᠭ᠍ᠳᠠᠭᠤᠯᠤᠯᠢ ᠶᠡᠬᠡᠪᠡᠷ ᠪᠠᠭᠤᠷᠠᠭᠤᠯᠵᠤ ᠴᠢᠳᠠᠨ᠎ᠠ᠃ 1 ᠲᠡᠭ᠌ᠰᠢ ᠳᠥᠷᠪᠡᠯᠵᠢᠨ ᠮᠧᠲ᠋ᠷ᠎ᠦᠨ ᠲᠦᠷᠬᠢᠭᠴᠢᠶ᠋ᠢᠨ ᠵᠢᠯ᠎ᠦᠨ ᠴᠠᠬᠢᠯᠭᠠᠨ ᠠᠷᠪᠢᠯᠠᠬᠤ ᠬᠡᠮᠵᠢᠶ᠎ᠡ ᠨᠢ 18 ᠺᠢᠯᠣᠭ᠌ᠷᠠᠮ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠭ᠍ᠰᠠᠨ᠎ᠲᠠᠶ ᠲᠡᠩᠴᠡᠵᠦ᠍ ᠂ ᠬᠣᠶᠠᠷ ᠰᠠᠭᠤᠷᠢ ᠮᠣᠳᠣᠲᠠᠷᠢᠭᠰᠠᠨ ᠲᠠᠶ ᠲᠡᠩᠴᠡᠨ᠎ᠡ ᠂ ᠡᠢᠮᠦᠷᠬᠦᠦ ᠱᠢᠨ᠎ᠡ ᠬᠡᠯᠪᠡᠷᠢ᠎ᠶ᠋ᠢᠨ ᠬᠣᠪᠣᠷ ᠱᠢᠷᠣᠶ᠎ᠶ᠋ᠢᠨ ᠮᠠᠲ᠋ᠧᠷᠢᠶᠠᠯ᠎ᠢ ᠨᠢᠭᠡᠨᠲᠡ ᠲᠦᠷᠭᠡᠨ᠎ᠤ ᠲᠡᠮᠦᠷ ᠵᠠᠮ᠎ᠤᠨ ᠥᠷᠲᠡᠭᠡ ᠂ ᠨᠢᠰᠭᠡᠯ᠎ᠦᠨ ᠪᠠᠭᠤᠳᠠᠯ ᠂ ᠬᠤᠳᠠᠯᠳᠤᠭᠠᠨ᠎ᠤ ᠲᠥᠪ ᠂ ᠠᠯᠪᠠᠨ ᠠᠰᠠᠷ ᠵᠡᠷᠭᠡ ᠲᠥᠬᠥᠭᠡᠷᠦᠮᠵᠢ ᠪᠠ ᠲᠠᠯᠠᠪᠤᠷᠭᠠᠵᠠᠷ ᠲᠤ᠌ ᠥᠷᠭᠡᠨ᠎ᠢᠶᠡᠷ ᠬᠡᠷᠡᠭ᠌ᠯᠡᠵᠦ᠍ ᠪᠠᠢᠨ᠎ᠠ᠃ ᠨᠥᠭᠥᠭᠡ ᠨᠢᠭᠡ ᠵᠦᠶ᠋ᠯ᠎ᠦᠨ ᠬᠣᠪᠣᠷ ᠱᠢᠷᠣᠶ᠎ᠶ᠋ᠢᠨ ᠣᠯᠠᠨ ᠥᠩᠭᠡᠲᠦ ᠣᠢᠯᠲᠠ᠎ᠶ᠋ᠢᠨ ᠢᠯᠴᠢ ᠬᠠᠯᠬᠠᠯᠠᠬᠤ ᠲᠦᠷᠬᠢᠮᠡᠯ᠎ᠨᠢ ᠨᠡᠷᠡᠨ᠎ᠦ ᠬᠡᠷᠡᠯ᠎ᠢ ᠪᠦᠲᠦᠮᠵᠢᠲᠡᠶ ᠤᠢᠯᠭᠠᠵᠤ ᠂ ᠪᠡᠶ᠎ᠡ᠎ᠶ᠋ᠢᠨ ᠭᠠᠳᠠᠷᠭᠤ᠎ᠶ᠋ᠢᠨ ᠳᠤᠯᠠᠭᠠᠨ᠎ᠤ ᠬᠡᠮᠵᠢᠶ᠎ᠡ᠎ᠶ᠋ᠢ 10 ᠡᠴᠡ 20 ᠭᠷᠠᠳᠦ᠋ᠰ ᠪᠠᠭᠤᠷᠠᠭᠤᠯᠵᠤ ᠂ ᠬᠣᠲᠠ᠎ᠶ᠋ᠢᠨ ᠬᠠᠯᠠᠭᠤᠨ ᠠᠷᠠᠯ᠎ᠤᠨ ᠨᠦᠯᠦᠭᠡᠯᠡᠯ᠎ᠢ ᠢᠯᠡᠳᠲᠡ ᠨᠠᠮᠳᠠᠭᠤᠯᠵᠤ ᠴᠢᠳᠠᠬᠤ ᠪᠤᠯᠬᠤᠷ ᠨᠢᠭᠡᠨᠲᠡ ᠠᠮᠤ ᠪᠤᠳᠠᠭᠠᠨ᠎ᠤ ᠬᠥᠮᠥᠷᠭᠡ ᠂ ᠴᠢᠩᠭᠡᠯᠢᠭ ᠂ ᠥᠩᠭᠡᠲᠦ ᠪᠣᠯᠣᠳ ᠸᠠᠭᠠᠷ ᠵᠡᠷᠭᠡ᠎ᠳᠦ ᠬᠡᠷᠡᠭᠯᠡᠵᠦ ᠪᠤᠢ᠃
ᠤᠢ᠍ᠢᠷ᠎ᠠ᠎ᠶ᠋ᠢᠨ ᠵᠢᠯ᠎ᠡᠴᠡ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ 《ᠬᠣᠪᠣᠷ ᠱᠢᠷᠣᠢ + 》 ᠪᠠᠢᠯᠳᠤᠬᠤ ᠪᠤᠳᠤᠯᠭ᠎ᠠ᠎ᠶ᠋ᠢ ᠶᠡᠬᠡᠪᠡᠷ ᠬᠡᠷᠡᠭ᠌ᠵᠢᠭᠦᠯᠵᠦ᠍ ᠂ ᠬᠣᠪᠣᠷ ᠱᠢᠷᠣᠢ᠎ᠶ᠋ᠢᠨ ᠴᠢᠳᠠᠮᠵᠢᠳᠦ ᠮᠠᠲ᠋ᠧᠷᠢᠶᠠᠯ᠎ᠢ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ ᠂ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠦᠷᠢ ᠂ ᠡᠮ ᠡᠮᠨᠡᠯᠭᠡ ᠵᠡᠷᠭᠡ ᠤᠯᠠᠮᠵᠢᠯᠠᠯᠲᠤ ᠬᠦᠷᠢᠶᠡᠨ᠎ᠳᠤ᠂ ᠢᠯᠠᠩᠭᠤᠶ᠎ᠠ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠂ ᠱᠢᠨ᠎ᠡ᠎ᠪᠡᠷ ᠮᠠᠨᠳᠤᠭ᠍ᠰᠠᠨ ᠮᠡᠳᠡᠭᠡ ᠵᠠᠩᠭᠢ ᠂ ᠠᠮᠢᠳᠤ ᠪᠣᠳᠠᠰ ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠂ ᠳᠡᠭᠡᠳᠦ ᠲᠡᠰ᠎ᠤᠨ ᠲᠣᠨᠣᠭ᠍ᠯᠠᠯ ᠦᠢᠯᠡᠳᠬᠦ᠌ ᠪᠠ ᠱᠢᠨ᠎ᠡ ᠮᠠᠲ᠋ᠧᠷᠢᠶᠠᠯ ᠵᠡᠷᠭᠡ ᠠᠵᠤ ᠦᠢᠯᠡᠰ᠎ᠲᠤ ᠴᠥᠮ ᠦᠷᠭᠡᠨ᠎ᠢᠶᠡᠷ ᠬᠡᠷᠡᠭᠯᠡᠵᠦ ᠪᠠᠢᠨ᠎ᠠ᠃