《 ᠵᠢᠵᠢᠭ ᠨᠣᠮ᠎ᠤᠨ ᠦᠷᠦᠭᠡ 》᠎ᠳ᠋ᠤ ᠨᠢᠭᠲᠠᠷᠠᠭᠰᠠᠨ 《 ᠶᠡᠬᠡ ᠬᠦᠴᠦᠨ ᠴᠢᠳᠠᠯ 》
2022-12-15 10:27:56
ᠵᠣᠬᠢᠶᠠᠭ᠍ᠴᠢ᠄
ᠯᠢ ᠢᠦᠶ ᠵᠦᠸᠸ
ᠣᠩᠱᠢᠭ᠍ᠰᠠᠨ ᠣᠳᠠᠭ᠎ᠠ᠄
★★★☆☆

《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ ᠭᠤᠷᠪᠠᠨ ᠶᠡᠬᠡ ᠶᠠᠪᠤᠳᠠᠯ ᠢ᠋ ᠪᠢᠳᠡ ᠴᠥᠮ ᠪᠡᠶ᠎ᠡ᠎ᠪᠡᠷ᠎ᠢᠶᠡᠨ ᠥᠩᠭᠡᠷᠡᠭᠦᠯᠦᠭ᠌ᠰᠡᠨ ᠮᠦᠷᠲᠡᠭᠡᠨ ᠡᠭᠦᠨ᠎ᠤ ᠲᠤᠮᠳᠠ ᠡᠴᠡ ᠠᠱᠢᠭ ᠬᠦᠷᠲᠡᠭ᠌ᠰᠡᠨ ᠶᠤᠮ᠃ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠴᠢᠭ᠌ᠯᠡᠯ᠎ᠢ ᠤᠯᠠᠮ ᠴᠢᠨᠠᠭ᠍ᠰᠢᠳᠠ ᠲᠣᠳᠣᠷᠬᠠᠢ ᠵᠢᠭᠠᠵᠤ ᠥᠭ᠌ᠭᠦᠭ᠌ᠰᠡᠨ ᠮᠦᠷᠳᠡᠭᠡᠨ ᠮᠠᠨ᠎ᠤ ᠲᠠᠩ ᠸᠠᠩ ᠭᠸᠤ ᠲᠣᠰᠭᠣᠨ᠎ᠤ ᠬᠥᠭ᠌ᠵᠢᠯ ᠮᠠᠨᠳᠤᠯ᠎ᠤᠨ ᠵᠠᠮ᠎ᠳᠤ ᠬᠥᠳᠡᠯᠭᠡᠬᠦ᠌ ᠬᠦᠴᠦᠨ ᠨᠡᠮᠡᠷᠢᠯᠡᠪᠡ᠃ ᠪᠢᠳᠡ ᠬᠣᠲᠠ᠎ᠶ᠋ᠢᠨ ᠲᠡᠭᠦᠷᠭᠡ᠎ᠶ᠋ᠢᠨ ᠲᠤᠰᠬᠤᠨ᠎ᠤ ᠳᠠᠪᠠᠭᠤᠯᠢᠭ᠎ᠢᠶᠡᠨ ᠰᠠᠢᠳᠤᠷ ᠪᠠᠳᠠᠷᠠᠭᠤᠯᠵᠤ ᠂ ᠦᠬᠡᠷ᠎ᠦᠨ ᠦᠶ᠋ᠯᠡᠰ᠎ᠢ ᠨᠠᠩ ᠰᠠᠢᠳᠤᠷ ᠬᠥᠭ᠌ᠵᠢᠭᠦᠯᠦᠶ᠎ᠡ!》᠃

ᠡᠪᠦᠯ᠎ᠦᠨ ᠡᠬᠢ᠎ᠪᠡᠷ ᠂ ᠠᠭᠠᠷ᠎ᠤᠨ ᠳᠤᠯᠠᠭᠠᠨ ᠨᠢᠭᠡᠨᠲᠡ ᠲᠡᠭ᠎ᠡᠴᠡ ᠳᠣᠷᠣᠭ᠍ᠰᠢ ᠪᠣᠯᠤᠭ᠍ᠰᠠᠨ ᠪᠣᠯᠪᠠᠴᠤ᠌ ᠬᠥᠯᠥᠨ ᠪᠤᠢ᠌ᠷ ᠬᠤᠳᠠ᠎ᠶ᠋ᠢᠨ ᠠᠷᠤᠨ ᠬᠣᠱᠢᠭᠤᠨ᠎ᠤ ᠱᠢᠨ ᠹᠠ ᠱᠢᠶᠠᠩ᠎ᠤᠨ ᠲᠠᠩ ᠸᠠᠩ ᠭᠸᠤ ᠲᠣᠰᠭᠣᠨ᠎ᠤ 《 ᠲᠠᠯ᠎ᠠ ᠨᠤᠲᠤᠭ᠎ᠤᠨ ᠨᠣᠮ᠎ᠤᠨ ᠦᠷᠦᠭᠡ 》 ᠳ᠋ᠤ ᠬᠠᠯᠠᠭᠤᠨ ᠠᠭᠤᠷ ᠠᠮᠢᠰᠭᠤᠯ᠎ᠢᠶᠡᠷ ᠪᠢᠯᠬᠠᠵᠤ ᠪᠠᠢᠯ᠎ᠠ᠃ ᠭᠠᠴᠠᠭᠠᠨ᠎ᠤ ᠨᠠᠮ᠎ᠤᠨ ᠡᠭᠦᠷ᠎ᠤᠨ ᠵᠤᠬᠢᠶᠠᠨ ᠪᠠᠢᠭᠤᠯᠵᠤ ᠤᠬᠠᠭᠤᠯᠬᠤ ᠭᠡᠱᠢᠭᠦᠨ ᠵᠢᠶᠠᠩ ᡁᠢ ᠾᠧᠦ ᠭᠠᠴᠠᠭᠠᠨ᠎ᠤ ᠠᠷᠠᠳ᠎ᠢᠶᠠᠨ ᠳᠠᠭᠠᠭᠤᠯᠤᠨ᠂ ᠲᠤᠰ ᠭᠠᠴᠠᠭᠠᠨ᠎ᠤ᠎ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠪᠡᠨ ᠤᠶᠠᠯᠳᠤᠭᠤᠯᠤᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠴᠢᠨᠠᠭᠰᠢᠳᠠ ᠭᠦᠨᠵᠡᠭᠡᠢ ᠣᠢᠯᠠᠭᠠᠵᠠᠭᠠᠨ᠎ᠠ᠃ ᠰᠤᠷᠤᠯᠴᠠᠯᠭ᠎ᠠ᠎ᠶ᠋ᠢᠨ ᠲᠠᠰᠤᠷᠠᠯᠲᠠ ᠦᠭᠡᠢ ᠭᠦᠨᠵᠡᠭᠡᠢᠷᠡᠬᠦ᠌᠎ᠶ᠋ᠢ ᠳᠠᠭᠠᠯᠳᠤᠨ ᠂ ᠣᠯᠠᠨ᠎ᠤ ᠤᠯᠤᠯᠲᠠ ᠲᠥᠷᠥᠭ᠌ᠳᠡᠯ ᠴᠤ᠌ ᠨᠠᠩ ᠭᠦᠨᠵᠡᠭᠡᠶ ᠪᠣᠯᠵᠠᠶ᠃  ᠲᠣᠰᠭᠣᠨ᠎ᠤ ᠠᠷᠠᠳ ᠮᠸᠩ ᠴᠢᠩ ᠴᠦᠨ ᠄ 《 ᠦᠨᠡᠬᠡᠷ ᠤᠷᠮᠠᠰᠢᠯ᠎ᠠ ᠂ ᠡᠨᠡ ᠬᠦ᠌ ᠠᠷᠪᠠᠨ ᠵᠢᠯ᠎ᠦᠨ ᠬᠤᠪᠢᠷᠠᠯᠲᠠ᠎ᠶ᠋ᠢ ᠡᠷᠭᠢᠴᠡᠭᠦᠯᠬᠦᠶ᠎ᠡ 〈 ᠵᠣᠯ ᠵᠢᠷᠭᠠᠯ 〉 ᠵᠢᠡᠷ  ᠲᠦᠬᠦᠷᠡᠩ ! ᠢᠷᠡᠭᠡᠳᠦᠢ ᠵᠢᠨ ᠠᠮᠢᠳᠤᠷᠠᠯ᠎ᠢᠶᠠᠨ ᠪᠠᠷᠠᠯᠠᠬᠤᠶ᠎ᠠ 〈 ᠣᠮᠣᠭ ᠲᠡᠭᠦᠯᠳᠡᠷ 〉! ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠬᠡᠨ ᠪᠠᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠪᠢᠳᠡ ᠢᠲᠡᠭᠡᠯ ᠲᠡᠬᠦᠯᠳᠡᠷ  ᠪᠠᠢᠨ᠎ᠠ!》 ᠭᠡᠵᠦ ᠬᠡᠯᠡᠯ᠎ᠠ᠃

ᠲᠣᠰᠭᠣᠨ᠎ᠤ ᠠᠷᠠᠳ ᠸᠠᠩ ᠺᠸ ᠱᠧᠩ ᠰᠤᠷᠤᠯᠴᠠᠯᠭ᠎ᠠ ᠳᠤᠮᠳᠠ ᠭᠦᠨ ᠲᠦᠷᠦᠭ᠌ᠳᠡᠯ᠎ᠲᠡᠶ ᠪᠠᠢᠯ᠎ᠠ ᠂ ᠲᠡᠷᠡ ᠨᠤᠲᠤᠭ᠎ᠤᠨ᠎ᠢᠶᠠᠨ ᠠᠷᠪᠠᠨ ᠵᠢᠯ᠎ᠦᠨ ᠲᠤᠷᠱᠢᠬᠢ ᠬᠤᠪᠢᠷᠠᠯᠲᠠ᠎ᠳᠤ ᠣᠮᠣᠭ᠍ᠰᠢᠨ᠄《ᠨᠤᠲᠤᠭ᠎ᠤᠨ ᠮᠢᠨᠢ ᠬᠤᠪᠢᠷᠠᠯᠲᠠ ᠮᠠᠰᠢ ᠶᠡᠬᠡ᠂ ᠵᠠᠮ ᠬᠠᠷᠢᠯᠴᠠᠭ᠎ᠠ ᠰᠠᠢᠵᠢᠷᠠᠵᠦ ᠶᠠᠪᠤᠵᠦ ᠰᠠᠭᠤᠬᠤ ᠳ᠋ᠤ ᠳᠥᠭᠥᠮ ᠮᠦᠷᠳᠡᠭᠡᠨ ᠲᠦᠷᠬᠡᠨ ᠪᠤᠯᠵᠠᠢ ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠬᠡᠮᠵᠢᠶ᠎ᠡ ᠶᠠᠪᠤᠬᠤ ᠲᠤᠳᠤᠮ ᠰᠠᠢᠵᠢᠷᠠᠵᠤ ᠪᠠᠢᠨ᠎ᠠ  ᠂ ᠴᠢᠯᠦᠭᠡ᠎ᠭᠠᠷᠪᠠᠯ 〈ᠲᠠᠯ᠎ᠠ ᠨᠤᠲᠤᠭ᠎ᠤᠨ ᠨᠣᠮ᠎ᠤᠨ ᠦᠷᠦᠭᠡ〉 ᠳ᠋ᠤ ᠢᠷᠡᠵᠤ ᠲᠡᠵᠢᠭᠡᠨ ᠦᠷᠡᠵᠢᠭᠦᠯᠬᠦ᠌ ᠮᠡᠳᠡᠯᠭᠡ ᠂ ᠲᠠᠷᠢᠮᠠᠯ᠎ᠤᠨ ᠮᠡᠷᠭᠡᠵᠢᠯ ᠵᠡᠷᠭᠡ ᠵᠢ ᠰᠤᠷᠤᠯᠴᠠᠵᠤ ᠂ ᠲᠥᠪ᠎ᠦᠨ ᠵᠣᠷᠢᠭ ᠰᠠᠨᠠᠭ᠎ᠠ᠎ᠶ᠋ᠢ ᠰᠤᠷᠤᠯᠴᠠᠳᠠᠭ 》 ᠭᠡᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ 《 ᠬᠥᠳᠡᠭᠡ ᠠᠵᠤ ᠠᠬᠤᠢ ᠬᠥᠳᠡᠭᠡ ᠲᠣᠰᠭᠣᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ ᠂ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠤ ᠂ ᠬᠤᠳᠠ ᠬᠥᠳᠡᠭᠡ᠎ᠶ᠋ᠢᠨ ᠬᠦᠴᠦᠨ ᠵᠦᠢᠯᠡᠰ᠎ᠤᠨ ᠱᠢᠯᠵᠢᠯᠲᠡ᠎ᠶ᠋ᠢ ᠱᠢᠯᠤᠭᠤᠳᠭᠠᠬᠤ 》 ᠵᠢᠨ ᠲᠣᠭᠣᠷᠢᠨ᠎ᠳᠤ ᠂ ᠲᠣᠰᠭᠣᠨ᠎ᠤ ᠠᠷᠠᠳ ᠬᠥᠭ᠌ᠵᠢᠶᠡᠨᠲᠡᠢ ᠶᠠᠷᠢᠯᠴᠠᠵᠤ ᠂ ᠤᠢ᠍ᠢᠷ᠎ᠠ᠎ᠶ᠋ᠢᠨ ᠬᠡᠳᠦᠨ ᠵᠢᠯ᠎ᠤᠨ ᠲᠠᠩ ᠸᠠᠩ ᠭᠸᠤ ᠲᠣᠰᠭᠣᠨ᠎ᠤ ᠬᠤᠪᠢᠷᠠᠯᠲᠠ᠎ᠶ᠋ᠢ ᠬᠠᠯᠠᠭᠤᠨ᠎ᠢᠶᠡᠷ ᠶᠠᠷᠢᠯᠴᠠᠪᠠ᠃  ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠶᠠᠪᠤᠴᠠ᠎ᠳᠤ ᠂ ᠠᠷᠤᠨ ᠬᠣᠱᠢᠭᠤ 《ᠲᠠᠯ᠎ᠠ ᠨᠤᠲᠤᠭ᠎ᠤᠨ ᠨᠣᠮ᠎ᠤᠨ ᠦᠷᠦᠭᠡ》 ᠵᠢ ᠲᠣᠰᠭᠣᠨ᠎ᠤ ᠨᠠᠮ᠎ᠤᠨ ᠡᠬᠦᠷ ᠬᠢᠭᠡᠳ ᠠᠷᠠᠳ᠎ᠤᠨ ᠵᠦᠪᠯᠡᠯ ᠎ᠤ᠋ᠨ ᠺᠠᠳ᠋ᠷᠴᠤᠳ ᠪᠣᠯᠤᠨ ᠲᠠᠷᠢᠶᠠᠴᠢᠳ᠎ᠤᠨ ᠰᠤᠷᠤᠯᠴᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠯ᠎ᠡ ᠲᠣᠰᠭᠣᠨ᠎ᠤ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠪᠠ᠃ ᠠᠷᠤᠨ ᠬᠣᠱᠢᠭᠤᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ ᠂ ᠤᠬᠠᠭᠤᠯᠬᠤ ᠬᠡᠯᠲᠡᠰ᠎ᠦᠨ ᠳᠠᠷᠤᠭ᠎ᠠ ᠯᠢ ᠴᠦᠨ ᠫᠢᠩ ᠂ ᠠᠷᠤᠨ ᠬᠣᠱᠢᠭᠤ 《 ᠲᠠᠯ᠎ᠠ ᠨᠤᠲᠤᠭ᠎ᠤᠨ ᠨᠣᠮ᠎ᠤᠨ ᠥᠷᠥᠭᠡ 》 ᠪᠠᠷ ᠲᠠᠪᠴᠠᠩ ᠪᠣᠯᠭᠠᠵᠤ ᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠤᠯᠠᠮᠵᠢᠯᠠᠨ ᠤᠬᠠᠭᠤᠯᠬᠤ 《 ᠡᠴᠦᠰ᠎ᠦᠨ ᠨᠢᠭᠡ ᠺᠢᠯᠣᠮᠧᠲ᠋ᠷ 》 ᠢ᠋  ᠨᠡᠪᠲᠡᠷᠡᠭᠦᠯᠵᠦ᠍ ᠂ 《ᠲᠠᠯ᠎ᠠ ᠨᠤᠲᠤᠭ᠎ᠤᠨ ᠨᠣᠮ᠎ᠤᠨ ᠥᠷᠥᠭᠡ 》 ᠶ᠋ᠢ ᠣᠯᠠᠨ ᠲᠦᠮᠡᠨ᠎ᠦ ᠪᠠᠶᠠᠵᠢᠯ᠎ᠤᠨ ᠵᠠᠮ ᠳᠡᠭᠡᠷᠡᠬᠢ《ᠲᠣᠰᠣ ᠨᠡᠮᠡᠬᠦ᠌ ᠥᠷᠲᠡᠭᠡ 》 ᠪᠣᠯᠭᠠᠵᠤ ᠂ ᠵᠢᠵᠢᠭ ᠨᠣᠮ᠎ᠤᠨ ᠥᠷᠥᠭᠡ ᠨᠢ ᠲᠤᠮᠤ ᠦᠢᠯᠡᠳᠦᠯ ᠦᠵᠡᠭᠦᠯᠵᠦ᠍ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠬᠥᠮᠦᠨ ᠪᠦᠷᠢ᠎ᠳᠦ ᠤᠯᠠᠮᠵᠢᠯᠠᠵᠤ ᠂ ᠡᠷᠦᠬᠡ ᠪᠤᠯᠭᠠᠨ᠎ᠳᠦ ᠤᠬᠠᠭᠤᠯᠵᠤ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠯᠬᠤᠭ᠎ᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠪᠠ ᠭᠡᠵᠦ ᠢᠯᠡᠳᠭᠡᠪᠡ᠃

ᠣᠢᠯᠠᠭᠠᠭ᠍ᠰᠠᠨ᠎ᠢᠶᠠᠷ ᠂ 《ᠲᠠᠯ᠎ᠠ ᠨᠤᠲᠤᠭ᠎ᠤᠨ ᠨᠣᠮ᠎ᠤᠨ ᠥᠷᠥᠭᠡ 》 ᠶ᠋ᠢᠨ ᠢᠨᠵᠧᠨᠧᠷᠢᠩ᠎ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ ᠂ ᠠᠷᠤᠨ ᠬᠣᠱᠢᠭᠤ ᠳᠤᠰ ᠢᠨᠵᠧᠨᠧᠷᠢᠩ ᠎ᠢ  ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ《ᠲᠠᠷᠢᠬᠢ ᠲᠤᠯᠤᠭᠠᠢ ᠪᠡᠨ ᠵᠡᠪᠰᠡᠭᠯᠡᠬᠦ ᠢᠨᠵᠧᠨᠧᠷᠢᠩ 》᠂ 《ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ》 ᠪᠣᠯᠭᠠᠵᠤ᠂ ᠪᠥᠬᠥ᠌ ᠬᠣᠱᠢᠭᠤᠨ᠎ᠤ 148 ᠵᠠᠰᠠᠭ ᠵᠠᠬᠢᠷᠭᠠᠨ᠎ᠤ ᠲᠣᠰᠭᠣᠨ᠎ᠳᠤ ᠨᠣᠮ ᠪᠢᠴᠢᠭ᠂ ᠰᠣᠨᠢᠨ ᠰᠡᠳᠬᠦᠯ ᠪᠠ ᠲᠠᠭᠤ ᠳᠦᠷᠰᠦ ᠱᠢᠩᠭᠡᠭᠡᠯᠲᠡ᠎ᠶ᠋ᠢᠨ ᠦᠶ᠋ᠯᠡᠳᠬᠦᠨ᠎ᠲᠡᠶ 《 ᠲᠠᠯ᠎ᠠ ᠨᠤᠲᠤᠭ᠎ᠤᠨ ᠨᠣᠮ᠎ᠤᠨ ᠥᠷᠥᠭᠡ》 ᠎ᠶ᠋ᠢ ᠪᠠᠢᠭᠤᠯᠪᠠ᠃ 2020 ᠣᠨ᠎ᠠᠴᠠ ᠣᠲᠣ ᠪᠣᠯᠲᠠᠯ᠎ᠠ ᠂ ᠠᠷᠤᠨ ᠬᠣᠱᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ 75 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ ᠪᠥᠬᠥ᠌ ᠬᠣᠱᠢᠭᠤᠨ᠎ᠤ 148《 ᠲᠠᠯ᠎ᠠ ᠨᠤᠲᠤᠭ᠎ᠤᠨ ᠨᠣᠮ᠎ᠤᠨ ᠥᠷᠥᠭᠡ》 ᠳ᠋ᠤ᠂ ᠲᠡᠦᠬᠡ ᠰᠣᠶᠣᠯ ᠂ ᠰᠣᠶᠣᠯ ᠢᠷᠭᠡᠨᠱᠢᠯ ᠤᠷᠠᠯᠢᠭ᠂ ᠲᠡᠵᠢᠭᠡᠨ ᠦᠷᠡᠵᠢᠭᠦᠯᠬᠦ᠌ ᠂ ᠡᠮ ᠡᠮᠨᠡᠯᠭᠡ᠎ᠶ᠋ᠢᠨ ᠪᠠᠲᠤᠯᠠᠭ᠎ᠠ ᠵᠡᠷᠭᠡ ᠣᠯᠠᠨ ᠬᠦᠷᠢᠶ᠎ᠡ᠎ᠶ᠋ᠢ ᠬᠠᠮᠤᠷᠤᠭᠰᠠᠨ 3 ᠲᠦᠮᠡᠨ ᠳᠡᠪᠲᠡᠷ ᠨᠣᠮ ᠪᠢᠴᠢᠭ᠎ᠰᠢᠨ᠎ᠡ ᠪᠡᠷ ᠲᠡᠯᠭᠡᠭᠳᠡᠪᠡ᠃ ᠣᠳᠣᠬᠠᠨ᠎ᠳᠤ᠂ 《ᠲᠠᠯ᠎ᠠ ᠨᠤᠲᠤᠭ᠎ᠤᠨ ᠨᠣᠮ᠎ᠤᠨ ᠥᠷᠥᠭᠡ》 ᠨᠢ ᠣᠯᠠᠨ ᠲᠦᠮᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠡᠳᠡᠯᠭᠡ᠎ᠶ᠋ᠢ ᠰᠤᠷᠤᠯᠴᠠᠬᠤ ᠂ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢᠶᠡᠨ ᠪᠠᠶᠠᠯᠢᠭ᠍ᠵᠢᠭᠤᠯᠬᠤ 《ᠣᠶᠤᠨ᠎ᠤ ᠬᠥᠮᠥᠷᠭᠡ》 ᠪᠣᠯᠤᠭᠰᠠᠨ ᠵᠢᠠᠷ ᠪᠠᠷᠠᠬᠤ ᠦᠭᠡᠶ᠂ ᠨᠡᠩ ᠴᠤ᠌ ᠡᠯ᠎ᠡ ᠭᠠᠵᠠᠷ ᠤᠷᠤᠨ᠎ᠦ ᠬᠢᠨ᠎ᠦ ᠨᠠᠮ᠎ᠤᠨ ᠪᠠᠢᠭᠤᠯᠤᠯᠲᠠ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号