ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠦᠪᠡᠷᠳᠡᠬᠡᠨ ᠵᠠᠰᠠᠬᠤ ᠤᠷᠤᠨ ᠤ᠋ ᠡᠪᠯᠡᠯ ᠤ᠋ᠨ ᠬᠤᠷᠢᠶ᠎ᠠ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠳ᠋ᠤ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠬ ᠰᠠᠨᠠᠭ᠎ᠠ ᠵᠢ ᠤᠬᠠᠭᠤᠯᠤᠨ ᠲᠠᠢᠯᠪᠤᠷᠢᠯᠠᠪᠠ
2022-12-15 20:07:05
ᠵᠣᠬᠢᠶᠠᠭ᠍ᠴᠢ᠄
ᠵᠤᠤ ᠰᠢ ᠢᠦᠢ ᠰᠢᠨ ᠯᠢ ᠴᠸᠨ ᠴᠦᠨ ᠶᠠᠨ
ᠣᠩᠱᠢᠭ᠍ᠰᠠᠨ ᠣᠳᠠᠭ᠎ᠠ᠄
★★★☆☆

 ᠤᠢᠷ᠎ᠠ᠎ᠳᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠤᠬᠠᠭᠤᠯᠤᠨ ᠲᠠᠢᠯᠪᠤᠷᠢᠯᠠᠬᠤ ᠬᠤᠷᠠᠯ᠎ᠳᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠬᠣᠶᠠᠳᠤᠭᠠᠷ ᠳᠡᠰ᠎ᠤᠨ ᠫᠷᠤᠹᠸᠰᠰᠤᠷ ᠂ ᠠᠵᠤ ᠠᠬᠤᠢ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠢᠶᠣᠤ ᠭᠤᠸᠠᠩ ᠬᠤᠸᠠ 《 ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠤᠯᠤᠰ ᠲᠦᠷᠦ᠍᠎ᠶ᠋ᠢᠨ ᠲᠤᠩᠬᠠᠭ ᠪᠠ ᠠᠵᠢᠯᠯᠠᠭᠠᠨ᠎ᠤ ᠬᠥᠲᠥᠯᠪᠦᠷᠢ 》 ᠬᠡᠬᠦ ᠰᠡᠳᠦᠪ ᠵᠢᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠢᠴᠡᠳ ᠲᠠᠨᠢᠬᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠬᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠦᠨᠡᠨ ᠬᠦ᠌ ᠰᠠᠢᠲᠤᠷ ᠠᠳᠬᠤᠬᠤ 3 ᠲᠠᠯ᠎ᠠ ᠡᠴᠨ  ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠠᠢᠯᠪᠤᠷᠢᠯᠠᠵᠤ ᠭᠦᠨᠵᠡᠭᠡᠢ ᠲᠣᠳᠣᠷᠬᠠᠢᠯᠠᠨ ᠦᠬᠦᠯᠡᠵᠡᠢ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ᠎ᠶ᠋ᠢᠨ ᠬᠤᠷᠠᠯ᠎ᠳᠤ ᠣᠷᠣᠯᠴᠠᠭ᠍ᠰᠠᠨ ᠨᠥᠬᠥᠳ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠵᠤ ᠂ ᠭᠣᠣᠯ ᠰᠡᠳᠦᠪ ᠨᠢ ᠢᠯᠡ ᠲᠣᠳᠣ ᠂ ᠠᠭᠤᠯᠤᠭ᠍ᠳᠠᠬᠤᠨ ᠨᠢ ᠡᠯᠪᠡᠭ ᠪᠠᠶᠠᠯᠢᠭ ᠂ ᠲᠣᠭ᠎ᠠ ᠪᠠᠷᠢᠮᠲᠠ ᠨᠢ ᠨᠠᠷᠢᠨ ᠪᠣᠳᠠᠲᠠᠢ ᠂ ᠬᠡᠷᠡᠭ᠎ᠦᠨ ᠵᠢᠱ᠌ᠢᠢ᠎ᠡ ᠨᠢ ᠠᠮᠢᠳᠤᠯᠢᠭ ᠪᠠᠢᠵᠤ ᠂ ᠮᠠᠰᠢ ᠴᠢᠩᠭ᠎ᠠ ᠤᠨᠤᠯ᠎ᠤᠨ ᠴᠢᠨᠠᠷ ᠂ ᠴᠢᠭ᠌ᠯᠡᠯᠳᠦ ᠴᠢᠨᠠᠷ ᠪᠣᠯᠤᠨ ᠬᠡᠷᠡᠭᠵᠢᠬᠦᠯᠬᠦᠢᠴᠡ ᠴᠢᠨᠠᠷ᠎ᠲᠠᠶ ᠪᠠᠢᠵᠤ ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠱᠢᠰᠲᠸᠮ᠎ᠤᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ ᠂ ᠣᠨᠣᠪᠴᠢᠲᠠᠢ ᠡᠵᠡᠮᠱᠢᠵᠦ᠍ ᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠴᠢᠬᠤᠯᠠ ᠤᠨᠤᠯ᠎ᠤᠨ ᠠᠴᠢ ᠬᠣᠯᠪᠣᠭ᠍ᠳᠠᠯ ᠪᠣᠯᠤᠨ ᠦᠢᠯᠡᠳᠦᠯᠭᠡ᠎ᠶ᠋ᠢᠨ ᠦᠷᠳᠡᠭ᠎ᠲᠡᠶ ᠶᠤᠮ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠣᠯᠪᠣᠭ᠎ᠠ ᠠᠪᠬᠤ ᠬᠡᠯᠲᠡᠰ᠎ᠦᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠵᠣᠣ ᠱᠢᠤᠸᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠲᠠᠰᠤᠷᠠᠯᠲᠠ ᠥᠬᠡᠶ ᠴᠢᠩᠭᠠᠳᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠭᠤᠴᠤᠳ᠎ᠤᠨ ᠬᠣᠯᠪᠣᠭ᠎ᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠳᠦ ᠨᠠᠢᠳᠠᠪᠤᠷᠢᠵᠢᠭᠤᠯᠵᠤ ᠂ 《ᠵᠠᠯᠠᠭᠤᠴᠤᠳ᠎ᠤᠨ ᠬᠣᠯᠪᠣᠭ᠎ᠠ᠎ᠶ᠋ᠢᠨ ᠶᠠᠷᠢᠶᠠᠨ᠎ᠤ ᠲᠠᠪᠴᠠᠩ 》 ᠂ 《 ᠵᠠᠯᠠᠭᠤᠴᠤᠳ᠎ᠤᠨ ᠬᠣᠯᠪᠣᠭ᠎ᠠ᠎ᠶ᠋ᠢᠨ ᠦᠵᠡᠯ ᠪᠤᠳᠤᠯ ᠵᠢᠡᠨ ᠰᠤᠯᠢᠯᠴᠠᠬᠤ ᠬᠤᠷᠠᠯ 》 ᠵᠡᠷᠭᠡ ᠠᠵᠢᠯ᠎ᠤᠨ ᠠᠴᠢᠶᠠᠯᠠᠪᠤᠷᠢ᠎ᠶ᠋ᠢ ᠬᠡᠷᠡᠭ᠌ᠯᠡᠵᠦ᠍ ᠂ ᠡᠲᠡᠭᠡᠳ ᠢᠯᠭᠠᠯ᠎ᠤᠨ ᠬᠠᠮᠲᠤᠷᠠᠭ᠍ᠰᠠᠨ ᠳᠤᠭᠤᠢᠯᠠᠩ᠎ᠵᠢᠡᠷ ᠰᠤᠳᠤᠯᠤᠨ ᠶᠠᠷᠢᠯᠴᠠᠬᠤ ᠂ ᠰᠤᠷᠤᠯᠴᠠᠨ ᠬᠤᠪᠢᠶᠠᠯᠴᠠᠬᠤ ᠬᠤᠷᠠᠯ ᠵᠡᠷᠭᠡ ᠰᠤᠷᠤᠯᠴᠠᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍ ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠣᠷᠭᠢᠯᠤᠮ᠎ᠠ ᠬᠠᠯᠠᠭᠤᠨ ᠦᠶ᠋ᠯᠡᠳᠦᠯᠭᠡ ᠳᠤᠮᠳᠠ ᠵᠠᠯᠠᠭᠤᠴᠤᠳ᠎ᠤᠨ ᠬᠦᠴᠦᠨ᠎ᠢ ᠨᠢᠭ᠍ᠲᠠᠷᠠᠭᠤᠯᠵᠤ ᠂ ᠵᠠᠯᠠᠭᠤ ᠨᠠᠰᠤᠨ᠎ᠤ  ᠬᠠᠭᠤᠳᠠᠰᠤ᠎ᠶ᠋ᠢ  ᠪᠢᠴᠢᠭ᠌ᠯᠡᠨ᠎ᠡ ᠭᠡᠵᠦ᠍  ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠦᠢᠯᠡᠳᠦᠯᠭᠡ᠎ᠶ᠋ᠢᠨ ᠲᠥᠪ᠎ᠦᠨ ᠳᠡᠳ᠋ ᠡᠷᠬᠢᠯᠡᠭ᠌ᠴᠢ ᠯᠢᠦ ᠶᠢᠩ ᠄ 《 ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠤᠳᠠᠳᠤ ᠠᠵᠢᠯ ᠎ᠳᠠᠭᠠᠨ  ᠢᠮᠠᠬᠳᠠ ᠲᠤᠭᠤᠰᠢᠯᠠᠭᠤᠯᠵᠤ ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠨ᠎ᠠ᠃ 《 ᠥᠪᠥᠷ ᠮᠣᠩᠭᠣᠯ᠎ᠤᠨ ᠵᠠᠯᠠᠭᠤᠴᠤᠳ 》 ᠂ 《 ᠴᠣᠮᠣᠷᠯᠢᠭ 》 ᠰᠡᠳᠬᠦᠯ᠎ᠳᠦ ᠲᠤᠰᠭᠠᠶ ᠪᠤᠯᠤᠩ ᠨᠡᠭᠡᠭᠡᠬᠦ ᠂ 〈 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠰᠠᠢᠲᠤᠷ ᠶᠠᠷᠢᠬᠤ 〉 AI ᠡᠭᠦᠯᠡᠨ ᠦᠵᠦᠬᠦᠷᠯᠢᠭ ᠤ᠋ᠨ  ᠱᠢᠷᠢᠰ ᠬᠢᠴᠢᠶᠡᠯ ᠦᠢᠯᠡᠳᠬᠦ ᠂ 〈 ᠵᠠᠯᠠᠭᠤᠴᠤᠳ ᠬᠤᠨᠳᠠᠭᠠᠲᠤ 〉 ᠪᠢᠴᠢᠯ ᠥᠭᠦᠯᠡᠯᠭᠡ᠎ᠶ᠋ᠢᠨ ᠤᠷᠤᠯᠳᠤᠭᠠᠨ ᠡᠷᠭᠢᠯᠡᠬᠦ ᠂ 〈 ᠠᠨᠠᠷ᠎ᠤᠨ ᠦᠷ᠎ᠡ ᠨᠢᠬᠳᠠᠷᠠᠵᠦ ᠠᠨᠠᠷ᠎ᠤᠨ ᠴᠡᠴᠡᠭᠡᠰ ᠳᠡᠯᠭᠡᠷᠡᠬᠦ〉 ᠂ 〈ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ 〉 ᠂ 〈 ᠪᠢ 《 ᠴᠣᠮᠣᠷᠯᠢᠭ 》 ᠲᠠᠢ ᠪᠡᠨ ᠬᠠᠮᠲᠤ᠎ᠪᠠᠷ ᠦᠰᠦᠨ ᠪᠣᠢᠵᠢᠬᠤ 〉 ᠱᠢᠷᠢᠰ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠬᠦ ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠤᠨ ᠲᠠᠢᠯᠪᠤᠷᠢᠯᠠᠬᠤ〈 ᠬᠥᠩᠭᠡᠨ ᠮᠣᠷᠢᠲᠤ ᠴᠡᠷᠢᠭ 〉 ᠦᠨᠳᠦᠰᠦᠨ ᠱᠠᠲᠤᠨ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠵᠡᠷᠭᠡ ᠠᠷᠭ᠎ᠠ ᠬᠡᠯᠪᠡᠷᠢ᠎ᠪᠡᠷ ᠲᠠᠮᠵᠢᠭᠤᠯᠤᠨ ᠂ ᠵᠠᠯᠠᠭᠤᠴᠤᠳ ᠪᠠᠭᠠᠴᠤᠳ᠎ᠢ᠋ ᠬᠥᠲᠥᠯᠥᠨ ᠳᠠᠭᠠᠭᠤᠯᠵᠤ ᠦᠶ᠋ᠯᠡᠴᠢᠯᠡᠬᠦ᠌ ᠠᠵᠢᠯ᠎ᠢ ᠰᠠᠢᠲᠤᠷ ᠬᠢᠨ᠎ᠡ》ᠬᠡᠵᠦ ᠬᠡᠯᠡᠨ᠎ᠡ᠃

ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠠᠵᠢᠯᠴᠢᠨ᠎ᠤ ᠡᠪᠯᠡᠯ᠎ᠦᠨ ᠲᠡᠷᠢᠭᠦᠯᠡᠭ᠌ᠴᠢ ᠂ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠬᠡᠯᠲᠡᠰ᠎ᠦᠨ ᠡᠷᠬᠢᠯᠡᠭ᠌ᠴᠢ ᠬᠤᠸᠠᠩ ᠲᠤᠤ ᠄ 《 ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠮᠡᠳᠡᠬᠦᠯᠦᠯᠳᠠ ᠳ᠋ᠡᠬᠢ〈ᠰᠣᠶᠣᠯ᠎ᠤᠨ ᠢᠲᠡᠭᠡᠯ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠰᠣᠶᠣᠯ᠎ᠤᠨ ᠱᠢᠨ᠎ᠡ ᠭᠡᠷᠡᠯ ᠰᠠᠴᠤᠷᠠᠩᠭᠤᠢ ᠠᠮᠵᠢᠯᠲᠠ ᠵᠢ ᠴᠤᠬᠴᠠᠯᠠᠬᠤ〉ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠨᠢ ᠱᠢᠨ᠎ᠡ ᠴᠠᠭ ᠦᠶ᠎ᠡ᠎ᠶ᠋ᠢᠨ ᠬᠡᠪᠯᠡᠯ᠎ᠦᠨ ᠠᠵᠢᠯ᠎ᠳᠤ ᠵᠢᠯᠣᠭᠣᠳᠭᠤ ᠴᠢᠭ᠌ᠯᠡᠯ᠎ᠢ ᠬᠠᠩᠭᠠᠪᠠ᠃ ᠪᠢᠳᠡ ᠡᠭᠦᠷᠭᠡ ᠬᠠᠷᠢᠭᠤᠴᠠᠯᠭ᠎ᠠ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍ ᠂ 〈ᠦᠵᠡᠰᠭᠦᠯᠡᠩᠲᠦ ᠰᠠᠢᠬᠠᠨ ᠥᠪᠥᠷ ᠮᠣᠩᠭᠣᠯ 〉᠂〈 ᠬᠣᠶᠠᠷ᠎ᠢ ᠡᠭᠦᠳᠬᠦ 〉᠎ᠪᠡᠷ ᠭᠠᠷᠳᠠᠴᠠ ᠪᠣᠯᠭᠠᠵᠤ ᠂ ᠨᠢᠭᠡ ᠪᠦᠯᠦᠭ ᠦᠨᠳᠤᠷᠴᠠ ᠲᠠᠢ ᠂ ᠭᠦᠨᠴᠡ᠎ᠲᠡᠶ ᠂ ᠲᠡᠦᠬᠡ᠎ᠶ᠋ᠢᠨ ᠦᠨ᠎ᠡ ᠥᠷᠲᠡᠭ᠎ᠲᠡᠶ ᠱᠢᠯᠢᠳᠡᠭ ᠪᠦᠲᠦᠭᠡᠯ᠎ᠢ ᠢᠳᠡᠪᠬᠢᠲᠡᠶ ᠲᠥᠰᠦᠪᠯᠡᠨ ᠬᠡᠪᠯᠡᠭᠦᠯᠵᠦ᠍ ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍ ᠂ ᠱᠢᠨ᠎ᠡ ᠴᠠᠭ ᠦᠶ᠎ᠡ᠎ᠶ᠋ᠢᠨ ᠬᠡᠪᠯᠡᠯ᠎ᠦᠨ ᠠᠵᠢᠯ᠎ᠢ ᠰᠠᠢᠲᠤᠷ ᠬᠢᠨ᠎ᠠ 》 ᠬᠡᠵᠤ ᠬᠦᠨ ᠲᠦᠷᠦᠭᠳᠡᠯ ᠲᠠᠢ ᠶᠠᠷᠢᠯ᠎ᠠ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠠᠷᠤᠭ᠎ᠠ ᠮᠠ ᠭᠦᠸᠧ ᠯᠢᠨ᠂ ᠬᠣᠢᠱᠢᠳᠠ ᠰᠤᠷᠲᠠᠯ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ 《ᠲᠣᠭ᠎ᠢ ᠮᠠᠨᠳᠤᠭᠤᠯᠬᠤ ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ ᠂ ᠬᠥᠮᠦᠨ᠎ᠢ ᠬᠥᠮᠦᠵᠢᠭᠦᠯᠬᠦ᠌ ᠂ ᠰᠣᠶᠣᠯ᠎ᠢ ᠬᠦᠭᠵᠢᠬᠦᠯᠬᠦ ᠂ ᠳᠦᠷᠢ ᠲᠥᠷᠬᠦ᠌᠎ᠶ᠋ᠢ ᠢᠯᠡᠷᠡᠭᠦᠯᠬᠦ᠌ 》ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂  《ᠭᠤᠷᠪᠠᠨ ᠡᠷᠬᠡᠪᠰᠢ 》 ᠎ᠶ᠋ᠢ ᠪᠠᠲᠤ ᠴᠡᠭᠡᠵᠢᠯᠡᠵᠦ᠍ ᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ ᠂ ᠡᠷᠴᠢ ᠵᠣᠷᠢᠭ᠎ᠢᠶᠠᠨ ᠬᠥᠪᠴᠢᠯᠡᠵᠤ ᠂ ᠴᠥᠬᠥᠷᠡᠰᠢ ᠥᠬᠡᠶ ᠴᠢᠷᠮᠠᠢᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠡᠯ᠎ᠡ ᠵᠦᠶ᠋ᠯ᠎ᠦᠨ ᠠᠵᠢᠯ᠎ᠳᠤ ᠲᠤᠭᠤᠱᠢᠯᠠᠭᠤᠯᠵᠤ ᠂ ᠪᠦᠯᠦᠭ᠌ᠯᠡᠯ᠎ᠦᠨ ᠡᠯ᠎ᠡ ᠵᠦᠶ᠋ᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠢᠯᠡᠷᠭᠡᠢᠯᠡᠪᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠳᠦ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠱᠢᠤᠢ ᠴᠧᠩ ᠹᠠᠩ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ  ᠶᠡᠬᠡ ᠠᠴᠢ ᠬᠣᠯᠪᠣᠭ᠍ᠳᠠᠯ᠎ᠠᠴᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ 3 ᠲᠠᠯ᠎ᠠ᠎ᠪᠠᠷ ᠭᠦᠨᠵᠡᠭᠡᠢ ᠤᠬᠠᠭᠤᠯᠤᠨ ᠲᠠᠢᠯᠪᠤᠷᠢᠯᠠᠵᠠᠢ᠃  ᠮᠡᠳᠡᠭᠦᠯᠦᠯᠲᠡ ᠨᠢ ᠤᠨᠤᠯ᠎ᠤᠨ ᠦᠨᠳᠦᠷᠴᠡ ᠲᠠᠢ ᠂  ᠪᠣᠳᠠᠲᠤ ᠠᠴᠢ ᠬᠣᠯᠪᠣᠭ᠍ᠳᠠᠯ᠎ᠲᠠᠶ ᠪᠥᠭᠡᠤᠨ ᠮᠠᠰᠢ ᠴᠢᠩᠭ᠎ᠠ ᠰᠡᠩᠬᠡᠷᠡᠭᠦᠯᠬᠦ᠌ ᠴᠢᠨᠠᠷ ᠪᠠ ᠲᠤᠯᠢᠯᠠᠬᠤ ᠴᠢᠨᠠᠷ᠎ᠲᠠᠶ ᠪᠤᠯᠪᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠤᠯᠤᠰ ᠲᠥᠷᠥ᠍ ᠵᠢᠨ ᠠᠮᠤᠷ ᠲᠦᠪᠰᠢᠨ᠎ᠢ ᠬᠠᠮᠠᠭᠠᠯᠠᠬᠤ ᠶᠡᠷᠦᠩᠬᠡᠶ ᠠᠩᠭᠢ᠎ᠶ᠋ᠢᠨ ᠳᠡᠳ᠋ ᠳᠠᠷᠤᠭ᠎ᠠ ᠽᠦᠩ ᠯᠢᠩ ᠱᠠᠨ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠶᠡᠬᠡᠳᠡ ᠵᠣᠷᠢᠭ᠍ᠵᠢᠵᠠᠶ᠃ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ ᠨᠢ ᠱᠢᠨ᠎ᠡ ᠴᠠᠭ ᠦᠶ᠎ᠡ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠠᠵᠢᠯ᠎ᠳᠤ ᠦᠨᠳᠦᠰᠦᠨ ᠵᠢᠷᠤᠮᠯᠠᠯ ᠬᠠᠩᠭᠠᠵᠤ ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ ᠎ᠳᠡᠬᠢ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ ᠲᠤᠬᠠᠢ ᠴᠢᠬᠤᠯᠠ ᠶᠡᠬᠡ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ ᠂ ᠳᠠᠢᠰᠤᠩᠨᠠᠭ᠍ᠴᠢ ᠬᠦᠴᠦᠨ᠎ᠦ ᠨᠡᠪᠴᠢᠯᠳᠠ᠂ ᠡᠪᠳᠡᠯᠡᠭᠡ᠂ ᠨᠤᠷᠠᠭᠠᠯᠳᠠ ᠬᠠᠭᠠᠴᠠᠭᠤᠯᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠨᠥᠯᠥᠭᠡᠯᠡᠬᠦ᠌ ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠮᠤᠷ ᠲᠤᠬᠳᠠᠭᠤᠨ ᠪᠦᠯᠬᠦᠮᠳᠡᠭ᠌ᠰᠡᠨ ᠤᠯᠤᠰ ᠲᠦᠷᠦ᠍᠎ᠶ᠋ᠢᠨ ᠪᠠᠢᠳᠠᠯ᠎ᠢ ᠦᠷᠭᠦᠯᠵᠢᠯᠡᠨ ᠪᠡᠬᠢᠵᠢᠭᠦᠯᠬᠦ᠌᠎ᠳᠦ ᠱᠢᠨ᠎ᠡ ᠭᠠᠪᠢᠶ᠎ᠠ ᠪᠠᠢᠭᠤᠯᠤᠨ᠎ᠠ 》 ᠬᠡᠵᠤ ᠢᠯᠡᠷᠭᠡᠢᠯᠡᠪᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠠᠤᠯᠢ ᠴᠠᠭᠠᠵᠠ ᠵᠢᠨ ᠶᠡᠷᠦᠩᠬᠡᠶ ᠠᠩᠭᠢ᠎ᠶ᠋ᠢᠨ ᠳᠡᠳ᠋ ᠳᠠᠷᠤᠭ᠎ᠠ ᠪᠦᠦ ᠲᠠᠨ᠎ᠠ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠳᠦᠪ ᠨᠢ ᠢᠯᠡ ᠲᠣᠳᠣ ᠂ ᠠᠭᠤᠯᠭ᠎ᠠ ᠨᠢ ᠪᠠᠶᠠᠯᠢᠭ ᠪᠠᠢᠵᠤ ᠂ ᠪᠢᠳᠡᠨ᠎ᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠬᠤ ᠂ ᠪᠥᠬᠥ᠌ ᠲᠠᠯ᠎ᠠ᠎ᠪᠠᠷ ᠡᠵᠡᠮᠳᠡᠬᠦ᠌᠎ᠳᠦ ᠵᠢᠯᠣᠭᠣᠳᠣᠯᠭ᠎ᠠ ᠬᠠᠩᠭᠠᠪᠠ᠃ ᠪᠢᠳᠡ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ᠎ᠪᠠᠷ ᠠᠵᠠ ᠲᠣᠬᠢᠶᠠᠯ ᠪᠣᠯᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ ᠂ ᠠᠷᠠᠳ᠎ᠤᠨ ᠳᠣᠲᠣᠭᠠᠳᠤ᠎ᠶ᠋ᠢ ᠬᠠᠮᠠᠭᠠᠯᠠᠬᠤ᠎ᠪᠠᠢᠭᠤᠯᠭ᠎ᠠ ᠠᠷᠠᠳ ᠲᠦᠮᠡᠨ᠎ᠦ ᠲᠥᠯᠥᠭᠡ ᠬᠡᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠂ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠱᠢᠷᠭᠠᠭᠤ ᠬᠠᠲᠠᠭᠤᠵᠢᠯᠲᠠᠶ ᠠᠵᠢᠯᠯᠠᠵᠤ ᠂ ᠡᠷᠡᠯᠬᠡᠭ᠌ᠯᠡᠨ ᠤᠷᠤᠭ᠍ᠰᠢᠯᠠᠵᠤ ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠳᠥᠷᠪᠡᠨ ᠱᠠᠲᠤᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠵᠤ ᠬᠠᠮᠢᠶᠠᠷᠬᠤ ᠱᠢᠰᠲ᠋ᠧᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ ᠂ ᠬᠠᠤᠯᠢ ᠬᠡᠷᠡᠭ᠌ᠵᠢᠭᠦᠯᠬᠦ᠎ᠳᠦ ᠬᠢᠨᠠᠯᠲᠠ ᠲᠠᠯᠪᠢᠨ ᠬᠠᠮᠢᠶᠠᠷᠬᠤ ᠲᠣᠭ᠍ᠲᠠᠴᠠ ᠪᠣᠯᠤᠨ ᠬᠠᠤᠯᠢ ᠬᠡᠷᠡᠭ᠌ᠵᠢᠭᠦᠯᠬᠦ᠌ ᠬᠠᠷᠢᠭᠤᠴᠠᠯᠭ᠎ᠠ᠎ᠶ᠋ᠢᠨ ᠱᠢᠰᠲ᠋ᠧᠮ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍ ᠂ ᠬᠠᠤᠯᠢ ᠬᠡᠷᠡᠭ᠌ᠵᠢᠭᠦᠯᠬᠦ᠌ ᠡᠷᠬᠡ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠴᠢᠨᠠᠬᠰᠢᠳᠠ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠬᠠᠤᠯᠢᠵᠢᠯ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ》 ᠬᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号