ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠤᠯᠠᠭᠠᠨᠬᠠᠳᠠ ᠬᠤᠳᠠ ᠬᠢᠭᠡᠳ 《 9·3 》᠎ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠳᠤ ᠤᠬᠠᠭᠤᠯᠤᠨ ᠲᠠᠢᠯᠪᠤᠷᠢᠯᠠᠪᠠ
2022-12-16 11:04:51
ᠵᠣᠬᠢᠶᠠᠭ᠍ᠴᠢ᠄
ᠰᠦᠩ ᠱᠤᠸᠠᠩ ᠂ ᠺᠠᠩ ᠯᠢ ᠨᠠ ᠂ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠂ ᠤᠯᠠᠭᠠᠨᠬᠠᠳᠠ ᠬᠤᠳᠠ᠂《9·3》᠎ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠤᠯᠠᠭᠠᠨᠬᠠᠳᠠ ᠬᠤᠳᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠨᠠᠮ᠎ᠤᠨ ᠬᠣᠷᠢᠶᠠᠨ᠎ᠤ ᠱᠦᠵᠢ ᠂ ᠡᠷᠬᠢᠯᠡᠭᠴᠢ ᠰᠢᠦᠢ ᠵᠧᠨ ᠱᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠭᠣᠣᠯᠳᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠰᠢᠰᠲ᠋ᠸᠮ ᠲᠠᠢ ᠲᠤᠲᠤᠷᠬᠠᠢᠯᠠᠬᠰᠠᠨ ᠪᠥᠭᠡᠳ ᠭᠦᠨᠵᠡᠭᠡᠢ ᠲᠠᠢᠯᠪᠤᠷᠢᠯᠠᠵᠠᠢ᠃

ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠦᠢᠯᠡᠴᠢᠯᠡᠭᠡ  ᠪᠠ ᠠᠷᠠᠯᠵᠢᠶ᠎ᠠ ᠬᠤᠳᠠᠯᠳᠤᠭᠠᠨ᠎ᠤ ᠭᠠᠵᠠᠷ᠎ᠤᠨ ᠳᠠᠷᠤᠭ᠎ᠠ ᠵᠠᠩ ᠯᠢ ᠬᠤᠸᠠ ᠮᠠᠰᠢ ᠭᠦᠨ ᠲᠥᠷᠥᠭᠳᠡᠯ᠎ᠲᠠᠢ ᠪᠠᠢᠯ᠎ᠠ᠃ ᠲᠡᠷᠡ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ 《 ᠤᠯᠤᠰ᠎ᠤᠨ ᠶᠡᠬᠡ ᠶᠠᠪᠤᠳᠠᠯ 》᠎ᠢ᠋ ᠬᠡᠬᠦᠳᠡᠭ ᠴᠡᠭᠡᠵᠢᠨ᠎ᠳᠡᠭᠡᠨ ᠪᠤᠳᠤᠯᠬᠢᠯᠠᠵᠤ᠂ ᠬᠤᠳᠠᠯᠳᠤᠭᠠᠨ᠎ᠤ ᠶᠠᠪᠤᠳᠠᠯ᠎ᠤᠨ 《 ᠭᠤᠷᠪᠠᠨ ᠴᠢᠬᠤᠯᠠ 》 ᠪᠠᠢᠷᠢ ᠲᠣᠭᠲᠠᠭᠠᠯᠲᠠ᠎ᠶᠢ ᠪᠠᠷᠢᠮᠲᠠᠯᠠᠨ᠂ ᠬᠤᠳᠠᠯᠳᠤᠭᠠᠨ᠎ᠤ ᠶᠠᠪᠤᠳᠠᠯ ᠠᠷᠠᠳ᠎ᠤᠨ ᠲᠦᠯᠦᠭᠡ ᠪᠠᠢᠬᠤ ᠠᠵᠢᠯ᠎ᠤᠨ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠠᠷᠠᠳ ᠣᠯᠠᠨ᠎ᠤ ᠪᠠᠴᠢᠮᠳᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠨ ᠂ ᠠᠷᠠᠯᠵᠢᠶ᠎ᠠ᠎ᠬᠤᠳᠠᠯᠳᠤᠭᠠᠨ᠎ᠤ ᠭᠣᠣᠯ ᠴᠣᠭᠴᠠ᠎ᠶᠢ ᠪᠣᠢᠵᠢᠭᠤᠯᠬᠤ ᠪᠠ ᠦᠢᠯᠡᠴᠢᠯᠡᠬᠦ ᠠᠵᠢᠯ᠎ᠢ ᠰᠠᠢᠲᠤᠷ ᠬᠢᠵᠦ ᠂ ᠤᠮᠤᠭ ᠵᠤᠷᠢᠭ ᠪᠠᠲᠠᠷᠠᠩᠭᠤᠢ ᠪᠡᠷ ᠡᠷᠡᠯᠭᠡᠭᠯᠡᠨ ᠴᠢᠷᠮᠠᠢᠵᠦ ᠂  ᠰᠢᠷᠭᠠᠭᠤ ᠬᠠᠳᠠᠭᠤᠵᠢᠯᠲᠠᠢ ᠠᠵᠢᠯᠯᠠᠵᠤ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ   ᠬᠦᠴᠦᠨ ᠴᠢᠳᠠᠯ᠎ᠢᠶᠠᠨ ᠡᠷᠭᠦᠨ᠎ᠡ ᠬᠡᠵᠦ ᠢᠯᠡᠷᠬᠡᠢᠯᠡᠪᠡ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠢᠯᠢ ᠢ᠋ᠢᠨ ᠪᠣᠭᠣᠮᠲᠠ᠎ᠶᠢᠨ ᠠᠯᠪᠠᠨ ᠭᠡᠷ᠎ᠦᠨ ᠨᠠᠮ᠎ᠤᠨ ᠡᠭᠦᠷ᠎ᠦᠨ ᠱᠦᠵᠢ᠂ ᠶᠡᠷᠦᠩᠬᠡᠢᠯᠡᠭᠰᠡᠨ ᠭᠠᠵᠠᠷ᠎ᠤᠨ ᠳᠠᠷᠤᠭ᠎ᠠ ᠳᠦ ᠳ᠋ᠸ ᠰᠢᠨ ᠄ 《ᠪᠢᠳᠡ ᠨᠠᠮ᠎ᠤᠨ ᠭᠡᠰᠢᠭᠦᠨ ᠺᠠᠳ᠋ᠷᠴᠤᠳ᠎ᠵᠢᠡᠨ ᠳᠠᠭᠠᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠢᠰᠲᠧᠮ᠎ᠲᠠᠢ ᠰᠤᠷᠤᠯᠴᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠦᠨ ᠭᠣᠣᠯ ᠠᠭᠤᠯᠭ᠎ᠠ ᠴᠢᠬᠤᠯᠠ ᠠᠭᠤᠯᠭ᠎ᠠ᠎ᠶᠢ ᠭᠦᠨᠵᠡᠭᠡᠢ ᠣᠢᠯᠠᠭᠠᠵᠤ᠂ ᠬᠠᠪᠰᠤᠷᠤᠨ ᠵᠢᠯᠤᠭᠣᠳᠬᠤ᠎ᠶᠢ ᠰᠣᠨᠣᠰᠬᠤ ᠂ ᠳᠤᠭᠤᠢᠯᠠᠩ ᠬᠤᠪᠢᠶᠠᠨ ᠰᠤᠷᠤᠯᠴᠠᠬᠤ ᠂ ᠲᠤᠰᠬᠠᠢ ᠰᠡᠳᠦᠪ᠎ᠢᠶᠡᠷ ᠰᠤᠷᠤᠯᠴᠠᠬᠤ ᠪᠡᠷ ᠲᠠᠮᠵᠢᠭᠤᠯᠵᠤ ᠂ ᠺᠠᠳ᠋ᠷ ᠨᠢᠭᠡ ᠪᠦᠷᠢ ᠵᠢ ᠰᠡᠳᠬᠢᠭᠲᠡᠯ ᠲᠠᠢ ᠂ ᠤᠢᠯᠠᠭᠠᠯᠲᠠ ᠲᠠᠢ ᠂ ᠦᠢᠯᠡᠲᠦᠯᠭᠡ ᠲᠠᠢ ᠪᠤᠯᠭᠠᠵᠠᠢ᠃ ᠬᠣᠢᠰᠢᠳᠠ᠂ ᠬᠢᠯᠢ᠎ᠢ᠋ᠢᠨ ᠪᠣᠭᠣᠮᠲᠠ᠎ᠶᠢᠨ ᠠᠵᠢᠯ᠎ᠢ ᠠᠮᠤᠷ ᠲᠦᠪᠰᠢᠨ ᠂ ᠥᠨᠳᠥᠷ ᠪᠦᠲᠦᠮᠵᠢᠲᠡᠢ ᠂ ᠪᠣᠬᠢᠷᠳᠤᠯ ᠦᠭᠡᠢ ᠂ ᠣᠶᠤᠨᠴᠢ ᠪᠡᠷ ᠬᠥᠭᠵᠢᠭᠦᠯᠵᠦ ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠨᠠᠢᠳᠠᠪᠤᠷᠢᠵᠢᠭᠤᠯᠤᠨ᠎ᠠ》 ᠬᠡᠵᠦ ᠬᠡᠯᠡᠪᠡ᠃

ᠤᠯᠠᠭᠠᠨᠬᠠᠳᠠ ᠬᠤᠳᠠ᠎ᠳᠤ ᠂ ᠰᠢᠦᠢ ᠵᠧᠨ ᠱᠠᠨ ᠤᠯᠠᠨ᠎ᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠵᠤ ᠂ ᠰᠤᠷᠤᠯᠴᠠᠭᠰᠠᠨ ᠦᠷ᠎ᠡ ᠪᠦᠲᠦᠭᠡᠯ᠎ᠢᠶᠡᠨ ᠤᠯᠠᠭᠠᠨᠬᠠᠳᠠ᠎ᠶᠢᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠬᠤ᠎ᠶᠢ ᠵᠣᠷᠢᠭ᠍ᠵᠢᠭᠤᠯᠪᠠ᠃ ᠤᠯᠠᠭᠠᠨᠬᠠᠳᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠨ ᠬᠥᠭᠵᠢᠭᠦᠯᠦᠯᠲᠡ᠎ᠶᠢᠨ ᠲᠤᠭᠤᠷᠢᠭ᠎ᠤᠨ ᠨᠠᠮ᠎ᠤᠨ ᠠᠵᠢᠯ᠎ᠤᠨ ᠬᠣᠷᠢᠶᠠᠨ᠎ᠤ ᠱᠦᠵᠢ ᠂ ᠬᠠᠮᠢᠶᠠᠷᠤᠯᠲᠠ᠎ᠶᠢᠨ ᠵᠥᠪᠯᠡᠯ᠎ᠦᠨ ᠡᠷᠬᠢᠯᠡᠭᠴᠢ ᠵᠠᠩ ᠴᠢ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠂ ᠭᠣᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠬᠦ᠎ᠳᠦ ᠮᠠᠰᠢ ᠴᠢᠩᠭ᠎ᠠ ᠵᠢᠯᠤᠭᠣᠳᠬᠤ ᠴᠢᠨᠠᠷᠲᠠᠢ ᠶᠤᠮ᠃ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠎ᠤᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ ᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠢ ᠴᠢᠷᠮᠠᠢᠨ ᠡᠭᠦᠳᠬᠦ ᠪᠠ ᠮᠢᠩᠭᠠᠨ ᠳ᠋ᠦᠩᠰᠢᠭᠤᠷ ᠲᠥᠭᠥᠷᠢᠭ᠎ᠦᠨ ᠬᠦᠷᠢᠶᠡᠯᠡᠩ ᠲᠣᠭᠣᠷᠢᠭ᠋᠎ᠢ ᠴᠢᠷᠮᠠᠢᠨ ᠡᠭᠦᠳᠬᠦ ᠠᠵᠢᠯ᠎ᠢ ᠰᠠᠢᠲᠤᠷ ᠠᠳᠬᠤᠵᠤ ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠦᠨᠡᠨ᠎ᠬᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠤᠨ᠎ᠠ ᠬᠡᠵᠦ ᠢᠯᠡᠷᠬᠡᠢᠯᠡᠪᠡ᠃

ᠤᠯᠠᠭᠠᠨᠬᠠᠳᠠ᠎ᠶᠢᠨ ᠹᠦ ᠯᠦᠩ ᠢᠯᠴᠢ ᠢ᠋ᠢᠨ ᠬᠦᠴᠦᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ᠂ ᠰᠢᠦᠢ ᠵᠧᠨ ᠱᠠᠨ ᠠᠵᠤ ᠠᠬᠤᠢᠯᠠᠯ᠎ᠤᠨ ᠠᠵᠢᠯᠲᠠᠳ᠎ᠲᠠᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠲᠤᠬᠠᠢ ᠣᠢᠯᠠᠭᠠᠯᠲᠠ᠎ᠪᠠᠨ ᠨᠢᠭᠤᠷᠳᠠᠨ ᠰᠣᠯᠢᠯᠴᠠᠭᠰᠠᠨ ᠪᠥᠭᠡᠳ ᠠᠵᠤ ᠠᠬᠤᠢᠯᠠᠯ᠎ᠤᠨ  ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠪᠣᠳᠠᠲᠤ ᠪᠠᠢᠳᠠᠯ᠎ᠳᠤ ᠪᠠᠨ ᠰᠠᠭᠤᠷᠢᠯᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠪᠠᠨ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠵᠠᠬᠢᠷᠤᠯ ᠵᠤᠤ ᠵᠢᠩ ᠬᠤᠸᠠ 《 ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠣᠢᠯᠠᠭᠠᠵᠤ ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ 》 ᠭᠡᠬᠦ ᠰᠡᠳᠦᠪ᠎ᠢᠶᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠵᠥᠪ ᠣᠨᠣᠪᠴᠢᠲᠠᠶ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠭᠣᠣᠯ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠣᠨᠣᠪᠴᠢᠲᠠᠶ ᠲᠤᠲᠤᠷᠬᠠᠢᠯᠠᠨ ᠭᠦᠨᠵᠡᠭᠡᠢ ᠲᠠᠢᠯᠪᠤᠷᠢᠯᠠᠪᠠ᠃ 《9·3》᠎ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠪᠦᠬᠦ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠭᠡᠰᠢᠭᠦᠳ ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ᠎ᠶᠢ ᠰᠣᠨᠣᠰᠴᠠᠢ᠃ ᠤᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠯᠳᠠ ᠵᠢᠨ ᠭᠣᠣᠯ ᠰᠡᠳᠦᠪ ᠢᠯᠡ ᠲᠣᠳᠣ᠌ ᠂ ᠭᠣᠣᠯᠳᠠᠯᠭ᠎ᠠ ᠲᠣᠪᠣᠢᠮ᠎ᠠ ᠂ ᠤᠯᠤᠰ ᠲᠦᠷᠦ᠎ᠶᠢᠨ ᠥᠨᠳᠥᠷᠴᠡ ᠲᠠᠢ ᠪᠥᠭᠡᠳ ᠤᠨᠤᠯ᠎ᠤᠨ ᠭᠦᠨᠴᠡ᠎ᠲᠠᠢ ᠂ ᠰᠣᠨᠣᠰᠤᠭᠰᠠᠨ᠎ᠤ ᠳᠠᠷᠠᠭ᠎ᠠ ᠬᠦᠨᠵᠡᠭᠡᠢ ᠬᠥᠮᠦᠵᠢᠯ ᠬᠦᠷᠲᠡᠵᠦ᠂ ᠮᠠᠰᠢ ᠶᠡᠬᠡ ᠰᠡᠩᠬᠡᠷᠡᠭᠦᠯᠦᠯ ᠤᠯᠵᠠᠢ ᠭᠡᠵᠦ ᠢᠯᠡᠷᠬᠡᠢᠯᠡᠵᠡᠭᠡᠪᠡ᠃

《9·3》᠎ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠬᠥᠬᠡᠬᠣᠲᠠ᠎ᠶᠢᠨ ᠬᠣᠷᠢᠶᠠᠨ᠎ᠤ ᠳᠡᠳ᠋ ᠡᠷᠬᠢᠯᠡᠭᠴᠢ ᠭᠡᠰᠢᠭᠦᠨ᠂ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠶᠡᠷᠦᠩᠬᠡᠢ ᠲᠥᠯᠦᠪᠵᠢᠭᠦᠯᠭᠡ ᠪᠠ ᠰᠣᠨᠢᠨ ᠮᠡᠳᠡᠭᠡᠨ᠎ᠦ ᠤᠬᠠᠭᠤᠯᠭ᠎ᠠ᠎ᠶᠢᠨ ᠰᠠᠯᠠᠭᠠᠨ᠎ᠤ ᠳᠠᠷᠤᠭ᠎ᠠ ᠯᠢ ᠬᠦᠢ ᠰᠢᠶᠠᠨ᠂ ᠬᠣᠢᠰᠢᠳᠠ ᠠᠷᠠᠳᠴᠢᠯᠠᠭᠰᠠᠨ ᠨᠠᠮ ᠪᠦᠯᠦᠭ᠎ᠦᠨ ᠺᠠᠳ᠋ᠷ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠣᠯᠣᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠠᠵᠢᠯᠲᠠᠳ᠎ᠤᠨ ᠡᠭᠦᠷᠭᠡ ᠬᠠᠷᠢᠭᠤᠴᠠᠯᠭ᠎ᠠ᠎ᠪᠠᠨ ᠦᠨᠡᠨ᠎ᠬᠦ ᠰᠠᠢᠲᠤᠷ ᠭᠦᠢᠴᠡᠳᠬᠡᠵᠦ᠂ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ ᠂ ᠰᠤᠷᠤᠯᠴᠠᠬᠤ ᠪᠠ ᠠᠵᠢᠯᠯᠠᠬᠤ ᠵᠢ ᠤᠶᠠᠯᠳᠤᠭᠤᠯᠵᠤ᠂ ᠮᠡᠳᠡᠬᠦᠢ ᠪᠠ ᠬᠢᠬᠦᠢ᠎ᠶᠢ ᠨᠢᠭᠡᠳᠬᠡᠵᠦ ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠷᠬᠡᠢᠯᠡᠪᠡ᠃

《9·3》᠎ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶᠠᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠰᠠᠯᠪᠤᠷᠢ ᠬᠣᠷᠢᠶ᠎ᠠ᠎ᠶᠢᠨ ᠳᠡᠳ᠋ ᠡᠷᠬᠢᠯᠡᠭᠴᠢ ᠭᠡᠰᠢᠭᠦᠨ᠂ ᠣᠷᠳᠣᠰ ᠬᠤᠳᠠ᠎ᠶᠢᠨ ᠬᠠᠩᠭᠢᠨ ᠬᠣᠰᠢᠭᠤᠨ᠎ᠤ ᠳᠡᠳ᠋ ᠳᠠᠷᠤᠭ᠎ᠠ ᠵᠠᠩ ᠰᠢᠦᠢ ᠳ᠋ᠦᠩ᠄ 《ᠬᠦᠯᠢᠶᠡᠵᠦ ᠴᠢᠳᠠᠬᠤ ᠦᠭᠡᠢ ᠲᠤᠯᠭᠠᠮ ᠰᠡᠳᠬᠢᠯᠭᠡ᠂ ᠤᠳᠠᠭᠠᠰᠢᠷᠠᠭᠤᠯᠵᠦ ᠪᠤᠯᠬᠤ ᠦᠭᠡᠢ ᠲᠦᠭᠰᠢᠭᠦᠷᠢᠲᠦ ᠰᠡᠳᠬᠢᠯᠭᠡ ᠂ ᠰᠠᠭᠤᠵᠤ ᠲᠦᠪᠳᠡᠬᠦ ᠦᠭᠡᠢ ᠬᠠᠷᠢᠭᠤᠴᠠᠯᠭᠠᠲᠤ ᠰᠡᠳᠬᠢᠯᠭᠡ᠎ᠪᠡᠷ ᠦᠨᠡᠨ᠎ᠬᠦ ᠠᠳᠬᠤᠨ ᠪᠣᠳᠠᠲᠠᠢ ᠠᠵᠢᠯᠯᠠᠵᠤ ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠲᠠᠪᠤᠷᠢᠵᠢᠭᠤᠯᠵᠦ ᠦᠷ᠎ᠡ ᠪᠦᠲᠦᠮᠵᠢ ᠭᠠᠷᠭᠠᠬᠤ ᠵᠢ ᠠᠬᠢᠭᠤᠯᠤᠨ᠎ᠠ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号