ᠢᠲᠡᠭᠡᠯ ᠵᠣᠷᠢᠭᠲᠠᠢ ᠪᠡᠶ᠎ᠡ᠎ᠪᠠᠨ ᠳᠠᠭᠠᠭᠠᠬᠤ᠎ᠶ᠋ᠢ ᠪᠠᠷᠢᠮᠲᠠᠯᠠᠬᠤ ᠪᠣᠯ 《ᠵᠢᠷᠭᠤᠭ᠎ᠠ᠎ᠶ᠋ᠢ ᠡᠷᠬᠡᠪᠰᠢ ᠪᠠᠷᠢᠮᠲᠠᠯᠠᠬᠤ》 ᠶ᠋ᠢᠨ ᠨᠢᠭᠡ ᠨᠢ ᠮᠥᠨ᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠳᠠᠬᠢ ᠨᠢᠭᠡᠨ ᠦᠨᠳᠦᠰᠦᠨ ᠦᠵᠡᠯᠲᠡ ᠪᠣᠯᠣᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠲᠤᠷᠱᠢᠯᠭ᠎ᠠ᠎ᠶ᠋ᠢᠨ ᠳ᠋ᠦᠩᠨᠡᠯᠲᠡ᠂ ᠳᠡᠭᠡᠭ᠌ᠰᠢᠯᠡᠯᠲᠡ ᠪᠠ ᠱᠢᠨ᠎ᠡ᠎ᠶ᠋ᠢ ᠡᠬᠦᠳᠦᠭ᠌ᠰᠡᠨ ᠬᠥᠭ᠌ᠵᠢᠭᠦᠯᠦᠯᠲᠡ ᠪᠣᠯᠣᠨ᠎ᠠ᠃ ᠱᠢᠨ᠎ᠡ ᠴᠠᠭ ᠦᠶ᠎ᠡ᠎ᠳᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭᠲᠠᠢ ᠪᠡᠶ᠎ᠡ ᠪᠠᠨ ᠳᠠᠭᠠᠭᠠᠬᠤ᠎ᠶ᠋ᠢ ᠰᠠᠢᠲᠤᠷ ᠰᠤᠷᠤᠯᠴᠠᠨ ᠰᠠᠢᠲᠤᠷ ᠣᠢᠯᠠᠭᠠᠵᠤ᠂ ᠢᠲᠡᠭᠡᠯ ᠵᠣᠷᠢᠭᠲᠠᠢ ᠪᠡᠶ᠎ᠡ ᠪᠠᠨ ᠳᠠᠭᠠᠭᠠᠬᠤ ᠶ᠋ᠢ ᠪᠠᠷᠢᠮᠲᠠᠯᠠᠵᠤ᠂ ᠬᠦᠴᠦᠯᠡᠨ ᠴᠢᠷᠮᠠᠢᠬᠤ ᠬᠡᠷᠡᠭ᠌ᠲᠡᠢ᠃
ᠨᠢᠭᠡ
ᠢᠲᠡᠭᠡᠯ ᠵᠣᠷᠢᠭᠲᠠᠢ ᠪᠡᠶ᠎ᠡ᠎ᠪᠠᠨ ᠳᠠᠭᠠᠭᠠᠬᠤ᠎ᠶ᠋ᠢ ᠪᠠᠷᠢᠮᠲᠠᠯᠠᠬᠤ᠎ᠳᠤ᠂ ᠬᠦᠴᠦᠷᠬᠡᠭ ᠶᠡᠭᠡ ᠦᠨᠳᠦᠰᠦᠲᠡᠨ᠎ᠤ ᠢᠲᠡᠭᠡᠯ᠎ᠲᠠᠢ ᠪᠠᠢᠬᠤ ᠬᠡᠷᠡᠭ᠌ᠲᠡᠢ᠂ ᠳᠠᠷᠤᠢ ᠳᠤᠮᠳᠠᠳᠤ ᠤᠯᠤᠰ᠎ᠤᠨ ᠠᠰᠠᠭᠤᠳᠠᠯ ᠢ ᠱᠢᠢᠳᠪᠦᠷᠢᠯᠡᠬᠦ᠌ ᠳᠤ ᠡᠷᠬᠡᠪᠰᠢ ᠳᠤᠮᠳᠠᠳᠤ ᠤᠯᠤᠰ᠎ᠤᠨ ᠦᠨᠳᠦᠰᠦᠨ ᠪᠠᠢᠳᠠᠯ᠎ᠠᠴᠠ ᠪᠠᠨ ᠡᠭᠦᠰᠴᠦ᠍᠂ ᠳᠤᠮᠳᠠᠳᠤᠴᠤᠳ ᠥᠪᠡᠷᠰᠡᠳ᠎ᠢᠶᠠᠨ ᠬᠠᠷᠢᠭᠤᠯᠲᠠ ᠥᠭ᠌ᠴᠤ ᠱᠢᠢᠳᠪᠤᠷᠢᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ ᠶᠠᠮᠠᠷ ᠴᠤ᠌ ᠬᠦᠴᠦᠷᠬᠡᠭ ᠶᠡᠭᠡ ᠳᠠᠢᠰᠤᠨ᠎ᠢ ᠢᠯᠠᠵᠤ ᠴᠢᠳᠠᠬᠤ ᠪᠦᠭᠡᠳ ᠳᠤᠮᠳᠠᠳᠤ᠎ᠶ᠋ᠢᠨ ᠦᠨᠳᠦᠰᠦᠲᠡᠨ ᠥᠪᠡᠷ᠎ᠤᠨ ᠤᠶᠤᠨ ᠤᠬᠠᠭᠠᠨ ᠠᠪᠢᠶᠠᠰ ᠴᠢᠳᠠᠪᠤᠷᠢ᠎ᠳᠠᠭᠠᠨ ᠲᠦᠱᠢᠭ᠌ᠯᠡᠨ᠂ ᠳᠤᠮᠳᠠᠳᠤ ᠤᠯᠤᠰ᠎ᠲᠤ ᠲᠣᠬᠢᠷᠠᠬᠤ ᠬᠥᠭ᠌ᠵᠢᠯᠲᠡ᠎ᠶ᠋ᠢᠨ ᠵᠠᠮ᠎ᠢ ᠡᠷᠢᠨ ᠣᠯᠵᠤ᠂ ᠥᠪᠡᠷᠤᠨᠬᠢᠪᠠᠷᠢᠶᠠᠨ ᠭᠤᠣᠯ ᠪᠣᠯᠭᠠᠭ᠍ᠰᠠᠨ ᠰᠠᠭᠤᠷᠢᠨ ᠳᠡᠭᠡᠷ᠎ᠡ᠂ ᠭᠠᠳᠠᠭᠠᠳᠤ᠎ᠶ᠋ᠢᠨ ᠱᠢᠯᠢᠳᠡᠭ ᠰᠣᠶᠣᠯ᠎ᠢ ᠱᠢᠩᠭᠡᠬᠡᠨ ᠠᠪᠴᠤ᠌ ᠲᠡᠭᠦᠨ᠎ᠢᠶᠠᠷ ᠲᠣᠯᠢ ᠪᠣᠯᠭᠠᠨ᠂ ᠳᠤᠮᠳᠠᠳᠤ᠎ᠶ᠋ᠢᠨ ᠦᠨᠳᠦᠰᠦᠲᠡᠨ᠎ᠤ ᠪᠠᠶᠠᠨ ᠬᠦᠴᠦᠷᠬᠡᠭ᠎ᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠢᠲᠡᠭᠡᠵᠦ᠍ ᠪᠠᠢᠨ᠎ᠠ᠃
ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶ᠋ᠢᠨ ᠦᠨᠳᠦᠰᠦᠲᠡᠨ ᠣᠢᠷ᠎ᠠ ᠦᠶ᠎ᠡ᠎ᠠᠴᠠ ᠨᠠᠭᠠᠰᠢ ᠬᠦᠨᠳᠦ ᠬᠡᠴᠡᠭᠦᠦ ᠭᠠᠰᠠᠯᠠᠩ ᠵᠣᠪᠠᠯᠠᠩ᠎ᠠᠴᠠ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ ᠲᠡᠢᠰᠢ ᠤᠷᠤᠭ᠍ᠰᠢᠯᠠᠬᠤ ᠳ᠋ᠤ ᠶᠡᠷᠦ᠍᠎ᠠᠴᠠ ᠬᠢᠴᠢᠶᠡᠯ᠎ᠤᠨ ᠪᠢᠴᠢᠭ ᠪᠠᠢᠬ᠍ᠰᠠᠨ ᠦᠭᠡᠢ᠂ ᠨᠡᠩ ᠴᠤ᠌ ᠪᠡᠯᠡᠨ ᠬᠠᠷᠢᠭᠤᠯᠲᠠ ᠪᠠᠢᠬ᠍ᠰᠠᠨ ᠦᠭᠡᠢ ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠮᠵᠢᠯᠲᠠ᠎ᠲᠠᠢ ᠵᠠᠮ ᠢ ᠨᠠᠮ᠎ᠠᠴᠠ ᠠᠷᠠᠳ ᠲᠦᠮᠡᠨ᠎ᠢ ᠤᠳᠤᠷᠢᠳᠤᠨ ᠪᠡᠶ᠎ᠡ᠎ᠪᠠᠨ ᠳᠠᠭᠠᠭᠠᠵᠤ ᠡᠵᠡᠨ ᠮᠡᠳᠡᠨ ᠬᠠᠢᠨ ᠰᠦᠪᠡᠭ᠌ᠴᠢᠯᠡᠵᠦ᠍ ᠪᠠᠢᠭᠠᠳ ᠨᠡᠭᠡᠭᠡᠭ᠌ᠰᠡᠨ ᠶᠤᠮ᠂ ᠮᠠᠷᠺᠰ᠎ᠤᠨ ᠦᠵᠡᠯ᠎ᠤᠨ ᠳᠤᠮᠳᠠᠳᠤ ᠤᠯᠤᠰ᠎ᠤᠨ ᠬᠠᠭᠤᠳᠠᠰᠤ᠎ᠶ᠋ᠢ ᠳᠤᠮᠳᠠᠳᠤ ᠤᠯᠤᠰ᠎ᠤᠨ ᠡᠪ ᠬᠠᠮᠲᠤᠴᠤᠳ ᠥᠪᠡᠷ᠎ᠤᠨ ᠬᠦᠴᠦᠨ᠎ᠳᠡᠭᠡᠨ ᠲᠦᠱᠢᠭ᠌ᠯᠡᠨ ᠦᠢᠯᠡᠳᠦᠯᠭᠡᠵᠢᠬᠦᠯᠵᠦ᠍ ᠪᠢᠴᠢᠭ᠌ᠯᠡᠭ᠌ᠰᠡᠨ ᠶᠤᠮ᠃
1840 ᠣᠨ᠎ᠠᠴᠠ ᠨᠠᠭᠠᠰᠢ᠂ ᠥᠷᠥᠨᠡᠳᠠᠬᠢᠨ᠎ᠤ ᠬᠥᠷᠥᠩᠭᠡᠲᠦ ᠶᠣᠰᠣ ᠱᠢᠨᠵᠢᠯᠡᠬᠦ᠌ ᠤᠬᠠᠭᠠᠨ᠂ ᠮᠡᠷᠭᠡᠵᠢᠯ᠂ ᠠᠵᠤ ᠦᠢᠯᠡᠳᠪᠦᠷᠢ᠂ ᠴᠡᠷᠢᠭ᠎ᠤᠨ ᠶᠠᠪᠤᠳᠠᠯ᠂ ᠮᠥᠩᠭᠦᠨ ᠭᠦᠢᠯᠭᠡᠭᠡ᠂ ᠰᠣᠶᠣᠯ ᠵᠡᠷᠭᠡ ᠲᠠᠯ᠎ᠠ᠎ᠪᠠᠷ ᠳᠤᠮᠳᠠᠳᠤ ᠤᠯᠤᠰ᠎ᠠᠴᠠ ᠪᠦᠬᠦ᠌ ᠲᠠᠯ᠎ᠠ᠎ᠪᠠᠷ ᠲᠦᠷᠦᠭᠦᠯᠡᠵᠦ᠍ ᠪᠠᠢᠪᠠ᠃ ᠡᠨᠡ᠎ᠨᠢ ᠵᠠᠷᠢᠮ ᠬᠥᠮᠥᠰ᠎ᠤᠨ ᠥᠷᠥᠨᠡᠳᠠᠬᠢᠨᠢ ᠬᠦᠨᠳᠦᠳᠭᠡᠨ ᠪᠢᠱᠢᠷᠡᠵᠦ᠍᠂ ᠦᠨᠳᠦᠰᠦᠲᠡᠨ᠎ᠤ ᠭᠤᠲᠤᠷᠠᠩᠭᠤᠢ ᠰᠡᠳᠭᠢᠯᠭᠡ᠎ᠶ᠋ᠢ ᠪᠤᠶ ᠪᠣᠯᠭᠠᠪᠠ᠃ ᠬᠤᠪᠢᠰᠭᠠᠯ᠎ᠤᠨ ᠴᠠᠭ ᠦᠶ᠎ᠡ ᠪᠠ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠪᠠᠰᠠ ᠵᠠᠷᠢᠮ ᠬᠥᠮᠥᠨ ᠵᠥᠪᠯᠡᠯᠲᠦ ᠬᠤᠯᠪᠣᠭᠠᠲᠤ ᠤᠯᠤᠰ᠎ᠤᠨ ᠬᠤᠪᠢᠰᠭᠠᠯ᠎ᠤᠨ ᠲᠤᠷᠱᠢᠯᠭ᠎ᠠ ᠪᠠ ᠪᠦᠲᠦᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠨᠣᠮᠯᠠᠯ ᠪᠣᠯᠭᠠᠵᠤ᠂ ᠲᠡᠭᠦᠨ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠳᠤ ᠲᠤᠬ᠎ᠤᠨ ᠬᠡᠷᠡᠭ᠌ᠯᠡᠵᠦ᠍ ᠪᠠᠢᠪᠠ᠃ ᠥᠭᠡᠷᠡᠴᠢᠯᠡᠯᠲᠡ ᠨᠡᠭᠡᠭᠡᠯᠲᠡ᠎ᠶ᠋ᠢᠨ ᠶᠠᠪᠤᠴᠠ᠎ᠳᠤ᠂ ᠥᠷᠥᠨᠡᠳᠠᠬᠢᠨ᠎ᠤ ᠣᠳᠣᠬᠢᠴᠢᠯᠠᠯᠲᠠ ᠶ᠋ᠢᠨ ᠲᠤᠷᠱᠢᠯᠭ᠎ᠠ ᠪᠠᠷ ᠲᠣᠯᠢ ᠪᠤᠯᠭᠠᠭ᠍ᠰᠠᠨ ᠳᠤ᠂ ᠪᠠᠰᠠ ᠵᠠᠷᠢᠮ ᠬᠥᠮᠥᠰ ᠥᠷᠥᠨᠡᠳᠠᠬᠢᠨ ᠢ ᠡᠬᠢᠯᠡᠨ ᠱᠢᠲᠦᠵᠦ᠍᠂ ᠥᠷᠥᠨᠡᠳᠠᠬᠢᠨ ᠤ ᠣᠳᠣᠬᠢᠴᠢᠯᠠᠭ᠍ᠰᠠᠨ ᠲᠤᠷᠱᠢᠯᠭ᠎ᠠ᠂ ᠵᠠᠮ᠂ ᠵᠠᠰᠠᠯᠲᠠ᠎ᠶ᠋ᠢᠨ ᠱᠢᠰᠲ᠋ᠧᠮ᠂ ᠤᠨᠤᠯ ᠢ ᠪᠠᠷᠢᠮᠵᠢᠶ᠎ᠠ ᠪᠤᠯᠭᠠᠵᠦ᠍ ᠬᠠᠷᠢ᠎ᠶ᠋ᠢᠨ᠎ᠬᠢ ᠵᠢ ᠯᠡ ᠡᠷᠬᠢᠮᠯᠠᠨ ᠱᠢᠳᠦᠬᠦ᠌ ᠪᠣᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠲᠦ ᠡᠭᠦᠷᠭᠡ᠎ᠶ᠋ᠢ ᠪᠡᠶᠡᠯᠡᠭᠦᠯᠦᠶ᠎ᠡ ᠭᠡᠪᠡᠯ ᠡᠷᠬᠡᠪᠰᠢ ᠦᠨᠳᠦᠰᠦᠲᠡᠨ᠎ᠤ ᠡᠢᠮᠦᠷᠬᠦᠦ ᠭᠤᠲᠤᠷᠠᠩᠭᠤᠢ ᠰᠡᠳᠭᠢᠯᠭᠡ᠎ᠶ᠋ᠢ ᠡᠪᠳᠡᠵᠦ᠍᠂ ᠪᠡᠶ᠎ᠡ ᠪᠠᠨ ᠳᠠᠭᠠᠭᠠᠵᠤ ᠡᠵᠡᠨ ᠮᠡᠳᠡᠬᠦ᠌ ᠶ᠋ᠢ ᠪᠠᠷᠢᠮᠲᠠᠯᠠᠨ᠂ ᠦᠨᠳᠦᠰᠦᠲᠡᠨ ᠤ ᠢᠲᠡᠭᠡᠯ ᠵᠣᠷᠢᠭ᠎ᠢᠶᠠᠨ ᠴᠢᠩᠭᠠᠯᠠᠬᠤ ᠬᠡᠷᠡᠭ᠌ᠲᠡᠢ᠃ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠮᠠᠤ ᠽᠧ ᠳ᠋ᠦᠩ ᠨᠠᠮ᠎ᠤᠨ ᠳᠣᠲᠣᠭᠠᠳᠤ᠎ᠶ᠋ᠢᠨ ᠵᠠᠷᠢᠮ ᠬᠥᠮᠥᠰ᠎ᠤᠨ ᠵᠥᠪᠯᠡᠯᠲᠦ ᠬᠤᠯᠪᠣᠭᠠᠲᠤ ᠤᠯᠤᠰ ᠢ ᠪᠢᠱᠢᠷᠡᠵᠦ᠍᠂ ᠪᠡᠶ᠎ᠡ᠎ᠳᠡᠭᠡᠨ ᠢᠲᠡᠭᠡᠯ ᠦᠭᠡᠢ ᠪᠠᠢᠬ᠍ᠰᠠᠨ ᠦᠵᠡᠯ ᠰᠠᠨᠠᠭᠠᠨ᠎ᠤ ᠬᠡᠯᠪᠡᠷᠢᠯ ᠳᠤ ᠴᠢᠭ᠌ᠯᠡᠭᠦᠯᠦᠨ᠄ 《ᠵᠠᠷᠢᠮ ᠬᠥᠮᠥᠨ ᠪᠤᠭᠤᠯ ᠪᠣᠯᠣᠭᠠᠳ ᠤᠳᠠᠪᠠᠯ ᠶᠠᠭᠤ ᠪᠦᠬᠦᠨ᠎ᠳᠤ ᠬᠥᠮᠥᠨ᠎ᠢ ᠬᠦᠷᠬᠦ᠌ ᠦᠭᠡᠢ ᠰᠠᠨᠠᠭ᠍ᠳᠠᠨ᠎ᠠ᠂ ᠭᠠᠳᠠᠭᠠᠳᠤ᠎ᠶ᠋ᠢᠨ ᠬᠥᠮᠥᠨ᠎ᠤ ᠡᠮᠦᠨ᠎ᠡ ᠭᠡᠳᠡᠢᠨ ᠰᠠᠭᠤᠵᠤ ᠳᠡᠢᠯᠬᠦ᠌ ᠦᠭᠡᠢ ᠪᠣᠯᠣᠨ᠎ᠠ 》 ᠭᠡᠵᠦ᠍ ᠱᠢᠭᠦᠮᠵᠢᠯᠡᠪᠡ᠃ ᠱᠢᠨ᠎ᠡ ᠴᠠᠭ ᠦᠶ᠎ᠡ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠢᠲᠡᠭᠡᠯ ᠵᠣᠷᠢᠭ ᠲᠠᠢ ᠪᠡᠶ᠎ᠡ ᠪᠠᠨ ᠳᠠᠭᠠᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠤ ᠢᠲᠡᠭᠡᠯ ᠵᠣᠷᠢᠭ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ 2013 ᠣᠨ᠎ᠤ 12 ᠰᠠᠷ᠎ᠠ᠎ᠶ᠋ᠢᠨ 26 ᠤ ᠡᠳᠦᠷ ᠂ ᠶᠡᠷᠦᠩᠬᠡᠢ ᠱᠦᠵᠢ ᠰᠢ ᠵᠢᠨ ᠫᠢᠩ ᠮᠠᠤ ᠽᠧ ᠳ᠋ᠦᠩ ᠨᠦᠬᠦᠷ᠎ᠦᠨ ᠮᠡᠨᠳᠦᠯᠡᠭ᠌ᠰᠡᠨ 120 ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠳᠠᠭᠠᠨ ᠄ 《ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠱᠢᠯᠢᠳᠡᠭ ᠤᠯᠠᠮᠵᠢᠯᠠᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠮ ᠪᠠᠢᠭᠤᠯᠵᠤ ᠤᠯᠤᠰ ᠪᠠᠢᠭᠤᠯᠬᠤ ᠴᠢᠬᠤᠯᠠ ᠵᠠᠷᠴᠢᠮ ᠮᠥᠨ᠃ ᠳᠤᠮᠳᠠᠳᠤ ᠤᠯᠤᠰ ᠱᠢᠭ᠋ ᠬᠥᠮᠥᠨ ᠠᠮᠠ ᠤᠯᠠᠨ ᠪᠥᠭᠡᠳ ᠠᠵᠤ ᠠᠬᠤᠢ ᠰᠣᠶᠣᠯ ᠬᠤᠴᠤᠷᠤᠩᠭᠤᠢ ᠳᠣᠷᠣᠨᠠᠳᠠᠬᠢᠨ᠎ᠤ ᠲᠣᠮᠣ ᠤᠯᠤᠰ᠎ᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ ᠬᠢᠬᠦ᠌ ᠤᠯᠤᠰ᠎ᠤᠨ ᠪᠠᠢᠳᠠᠯ ᠪᠠ ᠡᠭᠦᠷᠭᠡ᠎ᠨᠢ ᠵᠥᠪᠬᠡᠨ ᠪᠢᠳᠡᠨ᠎ᠦ ᠥᠪᠡᠷ᠎ᠤᠨ ᠵᠠᠮ᠎ᠢᠶᠠᠷ᠎ᠢᠶᠠᠨ ᠵᠠᠮᠨᠠᠬᠤ᠎ᠶ᠋ᠢ ᠲᠣᠭ᠍ᠲᠠᠭᠠᠭ᠍ᠰᠠᠨ ᠶᠤᠮ》 ᠵᠢᠭᠠᠵᠤ ᠭᠠᠷᠭᠠᠪᠠ᠃
ᠬᠤᠶᠠᠷ
ᠢᠲᠡᠭᠡᠯ ᠵᠣᠷᠢᠭᠲᠠᠢ ᠪᠡᠶ᠎ᠡ᠎ᠪᠠᠨ ᠳᠠᠭᠠᠭᠠᠬᠤ᠎ᠶ᠋ᠢ ᠪᠠᠷᠢᠮᠲᠠᠯᠠᠬᠤ ᠳᠤ ᠡᠷᠬᠡᠪᠰᠢ 《ᠲᠦᠷᠪᠡᠨ ᠢᠲᠡᠭᠡᠯ》 ᠢ ᠪᠠᠷᠢᠮᠲᠠᠯᠠᠵᠤ᠂ ᠲᠡᠦᠬᠡ᠎ᠶ᠋ᠢᠨ ᠢᠲᠡᠭᠡᠯ᠎ᠢ ᠪᠠᠷᠢᠮᠲᠠᠯᠠᠬᠤ ᠬᠡᠷᠡᠭ᠌ᠲᠡᠢ᠃
ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ ᠪᠤᠢ? ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠬᠤ᠂ ᠳᠤᠮᠳᠠᠳᠤ ᠤᠯᠤᠰᠴᠢᠯᠠᠵᠤ ᠴᠠᠭ ᠦᠶᠡᠴᠢᠯᠡᠭ᠌ᠰᠡᠨ ᠮᠠᠷᠺᠰ᠎ᠤᠨ ᠦᠵᠡᠯ ᠰᠠᠢᠨ ᠪᠠᠢᠬᠤ᠎ᠳᠤ ᠪᠤᠢ ᠭᠡᠳᠡᠭ᠎ᠢ ᠦᠢᠯᠡᠳᠦᠯᠭᠡ ᠪᠢᠳᠡᠨ᠎ᠳᠤ ᠬᠡᠯᠡᠵᠦ᠍ ᠥᠭ᠌ᠴᠡᠢ》 ᠭᠡᠵᠦ᠍ ᠵᠢᠭᠠᠵᠤ ᠭᠠᠷᠭᠠᠪᠠ᠃
ᠶᠡᠷᠦᠩᠬᠡᠢ ᠱᠦᠵᠢ ᠰᠢ᠎ᠶ᠋ᠢᠨ ᠫᠢᠩ᠄ 《ᠮᠠᠷᠺᠰ᠎ᠤᠨ ᠦᠵᠡᠯ᠎ᠤᠨ ᠭᠦᠨ ᠤᠬᠠᠭᠠᠨ ᠬᠡᠳᠦᠢᠪᠡᠷ ᠬᠠᠭᠠᠰ ᠵᠠᠭᠤᠨ᠎ᠤ ᠡᠮᠦᠨ᠎ᠡ ᠮᠡᠨᠳᠦᠯᠡᠭ᠌ᠰᠡᠨ ᠪᠣᠯᠪᠠᠴᠤ᠌ ᠲᠡᠷᠡ᠎ᠨᠢ ᠪᠤᠰᠤᠳᠴᠢ ᠶᠢᠷᠲᠢᠨᠴᠦ᠍ ᠢᠯᠠᠩᠭᠤᠶ᠎ᠠ ᠬᠥᠮᠥᠨ ᠲᠥᠷᠥᠯᠬᠢᠲᠡᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠡᠩ᠎ᠤᠨ ᠵᠢᠮ᠎ᠡ ᠶᠣᠰᠣ᠎ᠶ᠋ᠢ ᠭᠦᠨᠵᠡᠭᠡᠢ ᠢᠯᠡᠷᠡᠭᠦᠯᠦᠭ᠌ᠰᠡᠨ ᠪᠣᠯᠬᠤᠷ ᠲᠡᠦᠬᠡ ᠪᠠ ᠦᠢᠯᠡᠳᠦᠯᠭᠡ᠎ᠳᠤ ᠱᠢᠨᠵᠢᠯᠡᠬᠦ᠌ ᠤᠬᠠᠭᠠᠨᠴᠢ ᠤᠨᠤᠯ ᠪᠣᠯᠬᠤ᠎ᠶ᠋ᠢ ᠭᠡᠷᠡᠴᠢᠯᠡᠵᠦ᠍᠂ ᠣᠳᠣᠬᠢ ᠴᠠᠭ ᠦᠶ᠎ᠡ᠎ᠳᠤ ᠮᠥᠨ ᠯᠡ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠲᠠᠢ᠂ ᠮᠥᠨ ᠯᠡ ᠮᠠᠨ᠎ᠤ ᠡᠪ ᠬᠠᠮᠲᠤᠴᠤᠳ᠎ᠢ ᠵᠢᠯᠣᠭᠤᠳᠤᠨ ᠤᠷᠤᠭ᠍ᠰᠢᠯᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ᠎ᠤ ᠵᠡᠪᠰᠡᠭ ᠪᠣᠯᠬᠤ ᠶᠤᠮ》 ᠭᠡᠵᠦ᠍ ᠵᠢᠭᠠᠵᠤ ᠭᠠᠷᠭᠠᠪᠠ᠃
ᠮᠠᠷᠺᠰ᠎ᠤᠨ ᠦᠵᠡᠯ ᠪᠠᠢᠭᠠᠯᠢ ᠶᠢᠷᠲᠢᠨᠴᠦ᠍᠂ ᠬᠥᠮᠥᠨ ᠲᠥᠷᠥᠯᠬᠢᠲᠡᠨ᠎ᠤ ᠨᠡᠢᠭᠡᠮ᠂ ᠬᠥᠮᠥᠨ ᠲᠥᠷᠥᠯᠬᠢᠲᠡᠨ᠎ᠤ ᠰᠡᠳᠭᠢᠬᠦᠢ᠎ᠶ᠋ᠢᠨ ᠬᠥᠭ᠌ᠵᠢᠯᠲᠡ᠎ᠶ᠋ᠢᠨ ᠲᠦᠭᠡᠮᠡᠯ ᠵᠢᠮ᠎ᠡ ᠶᠣᠰᠣ᠎ᠶ᠋ᠢ ᠭᠦᠨᠵᠡᠭᠡᠢ ᠢᠯᠡᠷᠡᠭᠦᠯᠪᠡ᠃ ᠮᠠᠷᠺᠰ᠎ᠤᠨ ᠦᠵᠡᠯ᠎ᠤᠨ ᠡᠭᠦᠳᠦᠭ᠌ᠴᠢ ᠲᠡᠦᠬᠡ᠎ᠶ᠋ᠢᠨ ᠪᠣᠳᠠᠰᠴᠢ ᠦᠵᠡᠯ᠎ᠢ ᠡᠭᠦᠳᠴᠦ᠍᠂ ᠬᠥᠮᠥᠨ ᠲᠥᠷᠥᠯᠬᠢᠲᠡᠨ᠎ᠤ ᠨᠡᠢᠭᠡᠮ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠢᠯᠡᠷᠡᠭᠦᠯᠪᠡ; ᠨᠡᠮᠡᠭᠦᠦ ᠥᠷᠲᠡᠭ᠎ᠤᠨ ᠰᠤᠷᠭᠠᠯ᠎ᠢ ᠡᠭᠦᠳᠴᠦ᠍᠂ ᠬᠥᠷᠥᠩᠭᠡᠲᠦ ᠨᠡᠢᠭᠡᠮ᠎ᠤᠨ ᠠᠵᠢᠯᠯᠠᠭᠠᠨ᠎ᠤ ᠵᠢᠮ᠎ᠡ ᠶᠣᠰᠣ᠎ᠶ᠋ᠢ ᠢᠯᠡᠷᠡᠭᠦᠯᠪᠡ; ᠲᠡᠷᠡᠴᠢᠯᠡᠨ ᠬᠥᠮᠥᠨ ᠲᠥᠷᠥᠯᠬᠢᠲᠡᠨ᠎ᠤ ᠢᠷᠡᠭᠡᠳᠦᠢ᠎ᠶ᠋ᠢᠨ ᠨᠡᠢᠭᠡᠮ᠎ᠤᠨ ᠬᠡᠯᠪᠡᠷᠢ ᠪᠠᠢᠳᠠᠯ —— ᠡᠪ ᠬᠠᠮᠲᠤ ᠶᠣᠰᠣᠨ᠎ᠤ ᠨᠡᠢᠭᠡᠮ᠎ᠢ ᠱᠢᠨᠵᠢᠯᠡᠬᠦ᠌ ᠤᠬᠠᠭᠠᠨᠴᠢ᠎ᠪᠠᠷ ᠵᠥᠩᠨᠡᠵᠦ᠍᠂ ᠬᠥᠮᠥᠨ ᠲᠥᠷᠥᠯᠬᠢᠲᠡᠨ᠎ᠤ ᠨᠡᠢᠭᠡᠮ ᠤᠨ ᠬᠥᠭ᠌ᠵᠢᠯᠲᠡ ᠲᠠᠪᠱᠢᠯᠳᠠ᠎ᠳᠤ ᠲᠣᠳᠣᠷᠬᠠᠢ ᠴᠢᠭ᠌ᠯᠡᠯᠵᠢᠭᠠᠵᠤ ᠥᠭ᠌ᠭᠦᠭ᠌ᠰᠡᠨ ᠪᠠᠢᠨ᠎ᠠ᠃ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ ᠦᠵᠡᠯ᠎ᠢᠶᠠᠷ ᠵᠢᠯᠣᠭᠤᠳᠤᠯᠭ᠎ᠠ ᠪᠤᠯᠭᠠᠵᠦ᠍᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠣᠷᠣᠱᠢᠵᠤ ᠪᠠᠢᠭ᠎ᠠ ᠴᠠᠭ ᠦᠶ᠎ᠡ᠎ᠶ᠋ᠢ ᠵᠠᠳᠠᠯᠵᠤ᠂ ᠳᠤᠮᠳᠠᠳᠤ ᠤᠯᠤᠰ᠎ᠤᠨ ᠨᠡᠢᠭᠡᠮ᠎ᠤᠨ ᠱᠢᠨᠵᠢ ᠴᠢᠨᠠᠷ᠎ᠢ ᠵᠠᠳᠠᠯᠵᠤ᠂ ᠨᠡᠢᠭᠡᠮ᠎ᠤᠨ ᠭᠤᠣᠯ ᠵᠥᠷᠢᠴᠡᠯ᠎ᠢ ᠢᠯᠡᠷᠡᠭᠦᠯᠵᠦ᠍᠂ ᠴᠠᠭ ᠦᠶ᠎ᠡ᠎ᠶ᠋ᠢᠨ ᠭᠤᠣᠯ ᠰᠡᠳᠦᠪ ᠪᠠ ᠲᠡᠦᠬᠡᠲᠦ ᠡᠭᠦᠷᠭᠡ ᠶ᠋ᠢ ᠲᠣᠭ᠍ᠲᠠᠭᠠᠵᠤ᠂ ᠱᠢᠨᠵᠢᠯᠡᠬᠦ᠌ ᠤᠬᠠᠭᠠᠨᠴᠢ ᠬᠥᠲᠥᠯᠪᠦᠷᠢ ᠶ᠋ᠢ ᠲᠣᠭ᠍ᠲᠠᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢ ᠨᠡᠭᠡᠭᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ᠎ᠢ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭ᠌ᠵᠢᠭᠦᠯᠵᠤ᠂ ᠠᠷᠠᠳ ᠣᠯᠠᠨ ᠤ ᠠᠭᠤᠤ ᠶᠡᠭᠡ ᠬᠦᠴᠦᠨ᠎ᠢ ᠲᠠᠢᠴᠢᠯᠠᠵᠦ᠍᠂ ᠴᠠᠭ ᠦᠶ᠎ᠡ᠎ᠠᠴᠠ ᠣᠯᠭᠤᠭ᠍ᠰᠠᠨ ᠡᠭᠦᠷᠭᠡ ᠶ᠋ᠢ ᠪᠡᠶᠡᠯᠡᠭᠦᠯᠪᠡ᠃ ᠱᠢᠨ᠎ᠡ ᠴᠠᠭ ᠦᠶ᠎ᠡ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠡᠷᠡᠮᠡᠬᠡᠢᠯᠡᠨ ᠲᠡᠮᠡᠴᠡᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌᠎ᠶ᠋ᠢ ᠱᠢᠨ᠎ᠡ ᠠᠬᠤᠢ ᠪᠠᠢᠳᠠᠯ᠎ᠳᠤ ᠬᠦᠷᠭᠡᠨ ᠠᠬᠢᠭᠤᠯᠵᠤ᠂ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ᠃
ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ ᠭᠡᠳᠡᠭ ᠢ ᠭᠦᠨᠵᠡᠭᠡᠢ ᠣᠢᠯᠠᠭᠠᠬᠤ᠎ᠳᠤ ᠪᠠᠰᠠ ᠡᠷᠬᠡᠪᠰᠢ ᠳᠤᠮᠳᠠᠳᠤ᠎ᠶ᠋ᠢᠨ ᠪᠣᠯᠪᠠᠰᠤᠨ᠎ᠤ 5000 ᠵᠢᠯ᠎ᠤᠨ ᠲᠡᠦᠬᠡ᠎ᠶ᠋ᠢᠨ ᠭᠦᠨ ᠵᠤᠵᠠᠭᠠᠨ ᠠᠭᠤᠯᠬᠤᠨ᠎ᠢ ᠲᠠᠨᠢᠵᠤ᠂ ᠲᠡᠦᠬᠡ᠎ᠶ᠋ᠢᠨ ᠢᠲᠡᠭᠡᠯ᠎ᠢ ᠪᠠᠷᠢᠮᠲᠠᠯᠠᠬᠤ ᠬᠡᠷᠡᠭ᠌ᠲᠡᠢ᠃
ᠶᠡᠷᠦᠩᠬᠡᠢ ᠱᠦᠵᠢ ᠰᠢ᠎ᠶ᠋ᠢᠨ ᠫᠢᠩ᠄ 《5000 ᠭᠠᠷᠤᠢ ᠵᠢᠯ᠎ᠤᠨ ᠪᠣᠯᠪᠠᠰᠤᠨ᠎ᠤ ᠬᠥᠭ᠌ᠵᠢᠯᠲᠡ᠎ᠶ᠋ᠢᠨ ᠳᠤᠮᠳᠠ ᠪᠤᠢ ᠪᠣᠯᠤᠭ᠍ᠰᠠᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠨᠠᠮ ᠪᠠ ᠠᠷᠠᠳ ᠲᠦᠮᠡᠨ᠎ᠤ ᠠᠭᠤᠤ ᠶᠡᠭᠡ ᠲᠡᠮᠡᠴᠡᠯ᠎ᠤᠨ ᠳᠤᠮᠳᠠ ᠪᠤᠢ ᠪᠣᠯᠤᠭ᠍ᠰᠠᠨ ᠬᠤᠪᠢᠰᠭᠠᠯᠲᠤ ᠰᠣᠶᠣᠯ ᠪᠠ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠤᠭ᠎ᠤᠨ ᠭᠦᠨ ᠳᠠᠪᠬᠤᠷᠭ᠎ᠠ᠎ᠶ᠋ᠢᠨ ᠤᠶᠤᠨ ᠰᠠᠨᠠᠭᠠᠨ᠎ᠤ ᠬᠥᠭᠡᠭᠡᠴᠡᠯᠳᠦᠯ᠎ᠢ ᠬᠤᠷᠠᠮᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠥᠪᠡᠷᠮᠢᠴᠡ ᠤᠶᠤᠨ ᠰᠠᠨᠠᠭᠠᠨ᠎ᠤ ᠪᠡᠯᠭᠡ ᠲᠡᠮᠳᠡᠭ᠎ᠢ ᠲᠥᠯᠥᠭᠡᠯᠡᠵᠦ᠍ ᠪᠠᠢᠳᠠᠭ》 ᠭᠡᠵᠦ᠍ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠂ ᠤᠨᠤᠯ᠂ ᠪᠠᠢᠭᠤᠯᠤᠯ ᠪᠠ ᠰᠣᠶᠣᠯ᠎ᠤᠨ ᠲᠠᠯ᠎ᠠ᠎ᠪᠠᠷ ᠣᠯᠣᠭ᠍ᠰᠠᠨ ᠠᠭᠤᠤ ᠶᠡᠭᠡ ᠠᠮᠵᠢᠯᠲᠠ ᠪᠦᠲᠦᠮᠵᠢ ᠳᠤᠮᠳᠠᠳᠤ᠎ᠶ᠋ᠢᠨ 5000 ᠵᠢᠯ᠎ᠤᠨ ᠬᠤᠷᠠᠮᠳᠤᠭᠤᠯᠤᠭ᠍ᠰᠠᠨ ᠤᠶᠤᠨ ᠤᠬᠠᠭᠠᠨ᠎ᠤ ᠦᠨ᠎ᠡ ᠦᠷᠳᠡᠭ᠎ᠢ ᠬᠦᠴᠦᠲᠡᠢ ᠭᠡᠷᠡᠴᠢᠯᠡᠵᠦ᠍᠂ ᠳᠤᠮᠳᠠᠳᠤ᠎ᠶ᠋ᠢᠨ 5000 ᠵᠢᠯ᠎ᠤᠨ ᠪᠣᠯᠪᠠᠰᠤᠨ᠎ᠤ ᠲᠠᠰᠤᠷᠠᠰᠢ ᠦᠭᠡᠢ ᠦᠷᠭᠦᠯᠵᠢᠯᠡᠭ᠌ᠰᠡᠨ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠢ ᠭᠡᠷᠡᠴᠢᠯᠡᠭ᠌ᠰᠡᠨ ᠪᠠᠢᠨ᠎ᠠ᠃
ᠭᠤᠷᠪᠠ
ᠢᠲᠡᠭᠡᠯ ᠵᠣᠷᠢᠭᠲᠠᠢ ᠪᠡᠶ᠎ᠡ᠎ᠪᠠᠨ ᠳᠠᠭᠠᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠳᠤ ᠬᠦᠴᠦᠯᠡᠨ ᠴᠢᠷᠮᠠᠢᠬᠤ᠎ᠳᠤ ᠡᠷᠬᠡᠪᠰᠢ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨᠴᠢ᠂ ᠬᠤᠪᠢᠰᠤᠩᠭᠤᠢ ᠣᠪᠣᠷ ᠢᠶᠠᠷ ᠮᠠᠷᠺᠰ ᠤᠨ ᠦᠵᠡᠯ᠂ ᠳᠡᠯᠡᠬᠡᠢ᠎ᠶ᠋ᠢᠨ ᠤᠯᠠᠨ ᠶᠠᠩᠵᠤᠴᠢᠯᠠᠭ᠍ᠰᠠᠨ ᠪᠣᠯᠪᠠᠰᠤᠨ ᠪᠠ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠤ ᠬᠠᠨᠳᠤᠬᠤ ᠬᠡᠷᠡᠭ᠌ᠲᠡᠢ᠃
ᠨᠢᠭᠡᠳᠦᠭᠡᠷ᠎ᠲᠤ᠌᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌᠎ᠶ᠋ᠢ ᠠᠬᠢᠭᠤᠯᠬᠤ ᠭᠡᠷᠡᠭ᠌ᠳᠡᠢ᠃ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌ ᠠᠬᠢᠴᠠ᠎ᠶ᠋ᠢᠨ ᠳᠤᠮᠳᠠ᠂ ᠲᠥᠪ ᠶᠣᠰᠣ᠎ᠶ᠋ᠢ ᠰᠠᠬᠢᠨ᠎ᠠ ᠭᠡᠳᠡᠭ ᠨᠢ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠶ᠋ᠢᠨ ᠲᠥᠪ ᠶᠣᠰᠣ᠎ᠶ᠋ᠢ ᠰᠠᠬᠢᠵᠤ᠂ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠦᠨᠳᠦᠰᠦᠨ ᠵᠠᠷᠴᠢᠮ᠎ᠤᠨ ᠲᠥᠪ ᠶᠣᠰᠣ᠎ᠶ᠋ᠢ ᠰᠠᠬᠢᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠨᠤᠯ᠎ᠤᠨ ᠦᠷ᠎ᠡ ᠪᠦᠲᠦᠭᠡᠯ᠎ᠤᠨ ᠲᠥᠪ ᠶᠣᠰᠣ᠎ᠶ᠋ᠢ ᠰᠠᠬᠢᠵᠤ᠂ ᠡᠪ ᠬᠠᠮᠲᠤ ᠶᠣᠰᠣᠨ᠎ᠤ ᠠᠯᠤᠰ ᠬᠡᠳᠦ᠍᠎ᠶ᠋ᠢᠨ ᠬᠦᠰᠡᠯᠡᠩ᠎ᠤᠨ ᠲᠥᠪ ᠶᠣᠰᠣ᠎ᠶ᠋ᠢ ᠰᠠᠬᠢᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠥᠪ ᠶᠣᠰᠣ᠎ᠶ᠋ᠢ ᠰᠠᠬᠢᠬᠤ ᠶᠠᠪᠤᠳᠠᠯ ᠪᠣᠯᠣᠨ᠎ᠠ᠃
ᠬᠤᠶᠠᠳᠤᠭᠠᠷ᠎ᠲᠤ᠌᠂ ᠡᠷᠬᠡᠪᠰᠢ ᠤᠯᠠᠨ ᠶᠠᠩᠵᠤᠴᠢᠯᠠᠭ᠍ᠰᠠᠨ ᠳᠡᠯᠡᠬᠡᠢ᠎ᠶ᠋ᠢᠨ ᠪᠣᠯᠪᠠᠰᠤᠨ᠎ᠢ ᠯᠠᠪᠯᠠᠯᠲᠠ ᠪᠣᠯᠭᠠᠬᠤ ᠬᠡᠷᠡᠭ᠌ᠲᠡᠢ᠃ ᠣᠢᠷ᠎ᠠ ᠤᠳᠤ ᠦᠶ᠎ᠡ᠎ᠠᠴᠠ ᠨᠠᠭᠠᠰᠢ᠂ ᠥᠷᠥᠨᠡᠳᠠᠬᠢᠨ ᠬᠦᠴᠦᠷᠬᠡᠭ ᠳᠣᠷᠣᠨᠠᠳᠠᠬᠢᠨ ᠪᠠᠭᠤᠷᠠᠢ᠎ᠠᠴᠠ ᠪᠣᠯᠵᠤ᠂ ᠳᠤᠮᠳᠠᠳᠤ ᠤᠯᠤᠰ᠎ᠲᠤ ᠪᠦᠬᠦ᠌ ᠲᠠᠯ᠎ᠠ᠎ᠪᠠᠷ ᠥᠷᠥᠨᠡᠳᠠᠬᠢᠨᠴᠢᠯᠠᠬᠤ ᠦᠵᠡᠯ ᠰᠠᠨᠠᠭᠠᠨ᠎ᠤ ᠤᠷᠤᠰᠭᠠᠯ ᠣᠷᠣᠱᠢᠭ᠍ᠰᠠᠭᠠᠷ ᠢᠷᠡᠵᠤ᠂ ᠡᠯ᠎ᠡ ᠵᠦᠢᠯ᠎ᠤᠨ ᠭᠠᠳᠠᠭᠠᠳᠤ᠎ᠶ᠋ᠢ ᠱᠢᠳᠦᠬᠦ᠌ ᠦᠵᠡᠯ ᠰᠠᠨᠠᠭ᠎ᠠ ᠪᠣᠯᠣᠨ ᠰᠣᠶᠣᠯ ᠵᠢᠡᠨ ᠦᠭᠡᠢᠰᠭᠡᠬᠦ᠌ ᠦᠵᠡᠯ ᠪᠤᠢ ᠪᠣᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠭᠡᠷᠡᠴᠢᠯᠡᠭ᠌ᠰᠡᠨ᠎ᠨᠢ᠂ ᠳᠤᠮᠳᠠᠳᠤ ᠤᠯᠤᠰ᠎ᠤᠨ ᠠᠷᠠᠳ ᠲᠦᠮᠡᠨ᠎ᠤ ᠣᠯᠣᠭ᠍ᠰᠠᠨ ᠠᠭᠤᠤ ᠶᠡᠭᠡ ᠲᠡᠦᠬᠡᠨ ᠠᠮᠵᠢᠯᠲᠠ ᠪᠦᠲᠦᠮᠵᠢ ᠪᠤᠯ ᠡᠩ ᠲᠡᠷᠢᠭᠦᠨ᠎ᠳᠤ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠤᠯᠤᠰ᠎ᠤᠨ ᠪᠠᠢᠳᠠᠯ᠎ᠳᠠᠭᠠᠨ ᠲᠣᠬᠢᠷᠠᠭ᠍ᠰᠠᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠭ᠍ᠰᠠᠨᠳ᠋ᠤ ᠤᠷᠤᠱᠢᠨ᠎ᠠ᠃
ᠭᠤᠷᠪᠠᠳᠤᠭᠠᠷ᠎ᠲᠤ᠌᠂ ᠡᠷᠬᠡᠪᠰᠢ ᠳᠤᠮᠳᠠᠳᠤ ᠤᠯᠤᠰ᠎ᠤᠨ ᠲᠡᠦᠬᠡ ᠪᠠ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠤ ᠵᠥᠪ᠎ᠢᠶᠠᠷ ᠬᠠᠨᠳᠤᠵᠤ᠂ ᠲᠡᠦᠬᠡ᠎ᠶ᠋ᠢᠨ ᠦᠭᠡᠢᠰᠭᠡᠬᠦ᠌ ᠦᠵᠡᠯ᠎ᠢ ᠡᠰᠡᠷᠭᠦᠴᠡᠬᠦ᠌ ᠮᠥᠷᠲᠡᠭᠡᠨ ᠡᠷᠲᠡᠨ᠎ᠤ᠎ᠬᠢ᠎ᠶ᠋ᠢ ᠰᠡᠷᠭᠦᠭᠡᠵᠦ᠍ ᠡᠷᠲᠡᠨ᠎ᠤ᠎ᠬᠢ᠎ᠶ᠋ᠢ ᠱᠢᠳᠦᠬᠦ᠌ ᠬᠡᠯᠪᠡᠷᠢᠯ᠎ᠢ ᠴᠦ᠍ ᠡᠰᠡᠷᠭᠦᠴᠡᠬᠦ᠌ ᠬᠡᠷᠡᠭ᠌ᠲᠡᠢ᠃ ᠪᠢᠳᠡ ᠡᠷᠬᠡᠪᠰᠢ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠪᠠᠷ ᠵᠢᠯᠣᠭᠤᠳᠤᠯᠭ᠎ᠠ ᠪᠣᠯᠭᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢᠶᠠᠷ ᠵᠢᠯᠣᠭᠤᠳᠤᠯᠭ᠎ᠠ ᠪᠣᠯᠭᠠᠨ᠂ ᠤᠯᠠᠮᠵᠢᠯᠠᠯᠲᠤ ᠰᠣᠶᠣᠯ᠎ᠤᠨ ᠤᠬᠢ ᠱᠢᠯᠢᠳᠡᠭ ᠪᠠ ᠱᠢᠭᠠᠷᠤ᠎ᠶ᠋ᠢ ᠢᠯᠭᠠᠨ ᠲᠠᠨᠢᠵᠤ᠂ ᠲᠠᠬᠢᠭᠠᠳ ᠴᠠᠭ ᠦᠶ᠎ᠡ ᠶ᠋ᠢᠨ ᠬᠡᠷᠡᠭ᠌ᠴᠡᠭᠡ ᠪᠠ ᠦᠢᠯᠡᠳᠦᠯᠭᠡ᠎ᠶ᠋ᠢᠨ ᠬᠡᠷᠡᠭ᠌ᠴᠡᠭᠡ᠎ᠶ᠋ᠢ ᠦᠨᠳᠦᠰᠦᠯᠡᠨ᠂ ᠤᠳᠤ ᠦᠶ᠎ᠡ᠎ᠶ᠋ᠢᠨ ᠨᠡᠢᠭᠡᠮ᠎ᠤᠨ ᠪᠣᠳᠠᠲᠤ ᠨᠥᠬᠦᠴᠡᠯ᠎ᠢ ᠦᠨᠳᠦᠰᠦᠯᠡᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠵᠤ᠂ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠦᠨ᠂ ᠲᠡᠭᠦᠨ᠎ᠢ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠬᠤ ᠬᠡᠷᠡᠭ᠌ᠲᠡᠢ᠃
(ᠵᠣᠬᠢᠶᠠᠭ᠍ᠴᠢ᠄ ᠲᠤᠮᠳᠠᠳᠤ ᠤᠯᠤᠰ ᠤᠨ ᠨᠡᠢᠭᠡᠮ ᠤᠨ ᠱᠢᠨᠵᠢᠯᠡᠬᠦ᠌ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭ᠍ᠴᠢ)