ᠢᠲᠡᠭᠡᠯ ᠵᠣᠷᠢᠭ ᠲᠠᠢ ᠪᠡᠶ᠎ᠡ ᠎ᠪᠠᠨ ᠳᠠᠭᠠᠭᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠰᠤᠭᠠᠢ
2022-12-16 16:29:18
ᠵᠣᠬᠢᠶᠠᠭ᠍ᠴᠢ᠄
ᠬᠤ᠌ ᠴᠢᠩ ᠬᠤᠢ
ᠣᠩᠱᠢᠭ᠍ᠰᠠᠨ ᠣᠳᠠᠭ᠎ᠠ᠄
★★★☆☆

ᠣᠳᠣᠬᠢᠴᠢᠯᠠᠯᠲᠠ ᠎ᠶ᠋ᠢ ᠪᠡᠶᠡᠯᠡᠭᠦᠯᠬᠦ᠂ ᠦᠨᠳᠦᠰᠦᠲᠡᠨ ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠤᠯ ᠣᠷᠴᠢᠨ ᠦᠶ᠎ᠡ᠎ᠠᠴᠠ ᠨᠠᠭᠠᠱᠢᠬᠢ ᠲᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠲᠡᠦᠬᠡᠨ ᠬᠦᠰᠡᠯ ᠮᠦᠷᠦᠭᠡᠳᠦᠯ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠪᠣᠯ ᠳᠠᠷᠤᠢ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠎ᠶ᠋ᠢᠨ ᠬᠠᠢᠨ ᠰᠦᠪᠡᠭ᠌ᠴᠢᠯᠡᠯᠲᠡ ᠎ᠶ᠋ᠢᠨ ᠲᠡᠦᠬᠡ ᠪᠣᠯᠣᠨ᠎ᠠ᠃ ᠱᠢᠨ᠎ᠡ ᠠᠶᠠᠨ᠎ᠳᠠᠭᠠᠨ ᠮᠣᠷᠳᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠨᠡᠩ ᠭᠡᠷᠡᠯ ᠰᠠᠴᠤᠷᠠᠩᠭᠤᠢ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌᠎ᠳᠤ ᠡᠷᠬᠡᠪᠰᠢ ᠢᠲᠡᠭᠡᠯ ᠵᠣᠷᠢᠭ ᠲᠠᠢ ᠪᠡᠶ᠎ᠡ ᠎ᠪᠠᠨ ᠳᠠᠭᠠᠭᠠᠬᠤ ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠲᠠᠢ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠎ᠳᠤ ᠬᠦᠴᠦᠷᠬᠡᠭ ᠶᠡᠭᠡ ᠤᠶᠤᠨ ᠰᠠᠨᠠᠭᠠᠨ᠎ᠤ ᠬᠥᠳᠡᠯᠭᠡᠭᠦ᠌ ᠬᠦᠴᠦᠨ ᠬᠠᠩᠭᠠᠬᠤ ᠬᠡᠷᠡᠭ᠌ᠲᠡᠢ᠃

ᠢᠲᠡᠭᠡᠯ ᠵᠣᠷᠢᠭ ᠲᠠᠢ ᠪᠡᠶ᠎ᠡ ᠎ᠪᠠᠨ ᠳᠠᠭᠠᠭᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠤ ᠢᠯᠡ ᠲᠣᠳᠣ ᠤᠶᠤᠨ ᠰᠠᠨᠠᠭᠠᠨ᠎ᠤ ᠣᠨᠴᠠᠯᠢᠭ ᠱᠢᠨᠵᠢ ᠮᠥᠨ

ᠵᠠᠭᠤᠨ ᠵᠢᠯ᠎ᠢ ᠡᠷᠭᠢᠴᠡᠭᠦᠯᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠶᠠᠭᠤᠨ᠎ᠠᠴᠠ ᠴᠤ᠌ ᠠᠶᠤᠬᠤ ᠦᠭᠡᠢ ᠰᠥᠰᠥ᠍ ᠵᠣᠷᠢᠭ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠬᠡᠳᠦᠨ ᠮᠢᠩᠭᠠᠨ ᠵᠢᠯ᠎ᠤᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭ᠌ᠯᠡᠭ᠌ᠰᠡᠨ ᠪᠠᠢᠳᠠᠭ᠃

ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠤ᠂ ᠨᠠᠮ᠎ᠠᠷᠠᠳ ᠲᠦᠮᠡᠨ᠎ᠢ ᠤᠳᠤᠷᠢᠳᠤᠨ ᠴᠢᠰᠤᠨ ᠪᠠᠢᠯᠳᠤᠭᠠᠨ ᠬᠢᠵᠦ᠍᠂ ᠨᠤᠭᠤᠷᠠᠰᠢ ᠦᠭᠡᠢ ᠲᠡᠮᠡᠴᠡᠵᠦ᠍᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠠᠭᠤᠤ ᠶᠡᠭᠡ ᠠᠮᠵᠢᠯᠲᠠ᠎ᠶ᠋ᠢ ᠡᠭᠦᠳᠴᠦ᠍᠂ ᠬᠠᠭᠤᠴᠢᠨ ᠳᠤᠮᠳᠠᠳᠤ ᠤᠯᠤᠰ᠎ᠤᠨ ᠬᠠᠭᠠᠰ ᠺᠣᠯᠣᠨᠢ ᠬᠠᠭᠠᠰ ᠹᠧᠣᠳᠠᠯ᠎ᠤᠨ ᠨᠡᠢᠭᠡᠮ᠎ᠤᠨ ᠲᠡᠦᠬᠡ᠎ᠶ᠋ᠢ ᠲᠤᠢᠯᠪᠤᠷᠢᠲᠠᠢ ᠡᠴᠦᠰᠯᠡᠭᠦᠯᠵᠦ᠍᠂ ᠬᠠᠭᠤᠴᠢᠨ ᠳᠤᠮᠳᠠᠳᠤ ᠤᠯᠤᠰ᠎ᠤᠨ ᠲᠠᠷᠠᠬᠠᠢ ᠪᠤᠲᠠᠷᠬᠠᠢ ᠪᠠᠢᠳᠠᠯ᠎ᠢ ᠲᠤᠢᠯᠪᠤᠷᠢᠲᠠᠢ ᠡᠴᠦᠰᠯᠡᠭᠦᠯᠵᠦ᠍᠂ ᠬᠦᠴᠦᠷᠬᠡᠭ ᠤᠯᠤᠰ᠎ᠤᠳ᠎ᠤᠨ ᠳᠤᠮᠳᠠᠳᠤ ᠤᠯᠤᠰ᠎ᠲᠤ ᠠᠯᠪᠠ᠎ᠪᠠᠷ ᠲᠤᠯᠭᠠᠭ᠍ᠰᠠᠨ ᠲᠡᠭ᠌ᠰᠢ ᠪᠤᠰᠤ ᠭᠡᠷ᠎ᠡ ᠪᠣᠯᠣᠨ ᠡᠵᠡᠷᠬᠡᠭ ᠲᠦᠷᠢᠮᠡᠬᠡᠢ ᠶᠣᠰᠣᠨ᠎ᠤ ᠳᠤᠮᠳᠠᠳᠤ ᠤᠯᠤᠰ᠎ᠲᠠᠬᠢ ᠠᠯᠢᠪᠠ ᠣᠨᠴᠠ ᠡᠷᠬᠡ᠎ᠶ᠋ᠢ ᠲᠤᠢᠯᠪᠤᠷᠢᠲᠠᠢ ᠬᠦᠴᠦᠨ ᠦᠭᠡᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠨ ᠨᠡᠢᠭᠡᠮ᠎ᠤᠨ ᠨᠥᠬᠦᠴᠡᠯ᠎ᠢ ᠪᠦᠷᠢᠯᠳᠦᠭᠦᠯᠵᠦ᠍ ᠥᠭ᠌ᠴᠡᠢ᠃ ᠨᠡᠢᠭᠡᠮ ᠵᠢᠷᠤᠮᠲᠤ ᠬᠤᠪᠢᠰᠭᠠᠯ ᠪᠣᠯᠣᠨ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠥᠪᠡᠷ᠎ᠤᠨ ᠬᠦᠴᠦ᠍᠎ᠪᠠᠷ᠎ᠢᠶᠠᠨ ᠳᠡᠭ᠌ᠵᠢᠷᠡᠵᠦ᠍᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠨᠡᠢᠭᠡᠮ ᠵᠢᠷᠤᠮᠲᠤ ᠬᠤᠪᠢᠰᠭᠠᠯ ᠪᠣᠯᠣᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ᠎ᠶ᠋ᠢ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠢᠭᠡᠮ᠎ᠤᠨ ᠬᠤᠪᠢᠰᠤᠯᠲᠠ᠎ᠶ᠋ᠢ ᠪᠡᠶᠡᠯᠡᠭᠦᠯᠵᠦ᠍᠂ ᠶᠠᠳᠠᠭᠤ ᠬᠤᠭᠤᠰᠤᠨ᠂ ᠬᠥᠮᠥᠨ ᠠᠮᠠ ᠤᠯᠠᠨ ᠳᠣᠷᠣᠨᠠᠳᠠᠬᠢᠨ᠎ᠤ ᠲᠣᠮᠣ ᠤᠯᠤᠰ ᠨᠡᠢᠭᠡᠮ ᠵᠢᠷᠤᠮᠲᠤ ᠨᠡᠢᠭᠡᠮ᠎ᠤᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠨ ᠤᠯᠤᠰ ᠲᠦᠷᠦ᠍᠎ᠶ᠋ᠢᠨ ᠤᠷᠢᠲᠠᠯ ᠪᠣᠯᠣᠨ ᠪᠠᠢᠭᠤᠯᠤᠯ᠎ᠤᠨ ᠰᠠᠭᠤᠷᠢ᠎ᠶ᠋ᠢ ᠲᠠᠯᠪᠢᠵᠤ ᠥᠭ᠌ᠴᠡᠢ᠃ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠳᠤ᠂ ᠨᠠᠮ ᠠᠷᠠᠳ ᠲᠦᠮᠡᠨ᠎ᠢ ᠤᠳᠤᠷᠢᠳᠤᠨ ᠦᠵᠡᠯ ᠰᠠᠨᠠᠭ᠎ᠠ᠎ᠪᠠᠨ ᠴᠢᠯᠦᠭᠡᠯᠡᠬᠦ᠂ ᠡᠷᠡᠰ ᠱᠢᠭᠤᠷᠬᠠᠢ᠎ᠪᠠᠷ ᠤᠷᠤᠭ᠍ᠰᠢᠯᠠᠬᠤ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠪᠡ᠂ ᠳᠡᠭᠡᠳᠦ ᠬᠡᠮᠵᠢᠶ᠎ᠡ᠎ᠪᠠᠷ ᠲᠥᠪᠯᠡᠷᠡᠭᠦᠯᠦᠭ᠌ᠰᠡᠨ ᠲᠥᠯᠥᠪᠯᠡᠭᠡᠲᠦ ᠠᠵᠤ ᠠᠬᠤᠢ᠎ᠶ᠋ᠢᠨ ᠪᠠᠢᠭᠤᠯᠤᠯ᠎ᠠᠴᠠ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠪᠡᠶᠡᠯᠡᠭᠦᠯᠵᠦ᠍᠂ ᠲᠦᠭ᠌ᠵᠢᠮᠡᠯ ᠬᠠᠭᠠᠰ ᠲᠦᠭ᠌ᠵᠢᠮᠡᠯ ᠪᠠᠢᠳᠠᠯ᠎ᠠᠴᠠ ᠪᠦᠬᠦ᠌ ᠲᠠᠯ᠎ᠠ᠎ᠪᠠᠷ ᠨᠡᠭᠡᠭᠡᠯᠲᠡ ᠬᠢᠬᠦ᠌ ᠲᠡᠦᠬᠡᠲᠦ ᠴᠢᠨᠠᠷᠲᠠᠢ ᠬᠤᠪᠢᠷᠠᠯᠲᠠ᠎ᠶ᠋ᠢ ᠪᠡᠶᠡᠯᠡᠭᠦᠯᠵᠡᠢ᠂ ᠦᠢᠯᠡᠳᠪᠦᠷᠢᠯᠡᠯ᠎ᠤᠨ ᠬᠦᠴᠦᠨ ᠬᠠᠷᠢᠴᠠᠩᠭᠤᠢ᠎ᠪᠠᠷ ᠬᠤᠴᠤᠷᠤᠩᠭᠤᠢ ᠪᠠᠢᠭ᠍ᠰᠠᠨ᠎ᠠᠴᠠ᠎ᠪᠠᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠳᠡᠯᠡᠬᠡᠢ᠎ᠶ᠋ᠢᠨ ᠬᠤᠶᠠᠳᠤᠭᠠᠷ᠎ᠲᠤ ᠣᠷᠣᠭ᠍ᠰᠠᠨ ᠲᠡᠦᠬᠡᠲᠦ ᠴᠢᠨᠠᠷᠲᠠᠢ ᠱᠢᠪᠲᠤᠯᠤᠯᠲᠠ᠎ᠶ᠋ᠢ ᠪᠡᠶᠡᠯᠡᠭᠦᠯᠪᠡ᠂ ᠠᠷᠠᠳ᠎ᠤᠨ ᠠᠮᠢᠳᠤᠷᠠᠯ᠎ᠤᠨ ᠢᠳᠡᠵᠦ᠍ ᠡᠮᠦᠰᠭᠦ᠎ᠳᠡᠭᠡᠨ ᠵᠥᠪ ᠦᠭᠡᠢ ᠪᠠᠢᠭ᠍ᠰᠠᠨ᠎ᠠᠴᠠ ᠶᠡᠷᠦᠩᠬᠡᠢ᠎ᠳᠡᠭᠡᠨ ᠴᠢᠨᠡᠭᠡᠯᠢᠭ ᠪᠣᠯᠤᠭ᠍ᠰᠠᠨ᠂ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠲᠡᠦᠬᠡᠲᠦ ᠴᠢᠨᠠᠷᠲᠠᠢ ᠳᠠᠪᠠᠯᠲᠠ᠎ᠶ᠋ᠢ ᠪᠡᠶᠡᠯᠡᠭᠦᠯᠪᠡ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠱᠢᠨ᠎ᠡ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠪᠠᠢᠭᠤᠯᠤᠯ᠎ᠤᠨ ᠪᠠᠲᠤᠯᠠᠭ᠎ᠠ ᠪᠠ ᠲᠦᠷᠭᠡᠨ ᠬᠥᠭ᠌ᠵᠢᠯᠲᠡ᠎ᠶ᠋ᠢᠨ ᠪᠣᠳᠠᠰ᠎ᠤᠨ ᠨᠥᠬᠦᠴᠡᠯ᠎ᠢ ᠬᠠᠩᠭᠠᠪᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠳᠤ᠂ ᠨᠠᠮ ᠠᠷᠠᠳ ᠲᠦᠮᠡᠨ᠎ᠢ ᠤᠳᠤᠷᠢᠳᠤᠨ ᠢᠲᠡᠭᠡᠯ ᠲᠡᠭᠦᠯᠳᠡᠷ᠎ᠢᠶᠠᠷ ᠥᠪᠡᠷ᠎ᠢ᠎ᠪᠠᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠠᠮᠵᠢᠯᠲᠠ᠎ᠶ᠋ᠢ ᠡᠭᠦᠳᠴᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠣᠳᠣᠷᠬᠠᠢᠯᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠨᠡᠩ ᠪᠦᠷᠢᠨ ᠲᠡᠭᠦᠯᠳᠡᠷ ᠪᠠᠢᠭᠤᠯᠤᠯ᠎ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ᠎ᠤᠨ ᠰᠠᠭᠤᠷᠢ᠂ ᠨᠡᠩ ᠰᠠᠨᠠᠭᠠᠴᠢᠯᠠᠭ᠎ᠠ᠎ᠲᠠᠢ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠪᠠ᠃

ᠨᠠᠮ ᠠᠭᠤᠤ ᠶᠡᠭᠡ ᠲᠡᠮᠡᠴᠡᠯ᠎ᠢᠶᠠᠷ ᠵᠠᠭᠤᠨ ᠵᠢᠯ᠎ᠤᠨ ᠠᠭᠤᠤ ᠶᠡᠭᠡ ᠦᠢᠯᠡᠰ᠎ᠢ ᠪᠦᠲᠦᠭᠡᠭ᠌ᠰᠡᠨ ᠪᠥᠭᠡᠳ ᠪᠠᠰᠠ ᠱᠢᠨ᠎ᠡ ᠠᠭᠤᠤ ᠶᠡᠭᠡ ᠲᠡᠮᠡᠴᠡᠯ᠎ᠢᠶᠠᠷ ᠱᠢᠨ᠎ᠡ ᠠᠭᠤᠤ ᠦᠢᠯᠡᠰ᠎ᠢ ᠡᠭᠦᠳᠴᠦ᠍ ᠴᠢᠳᠠᠬᠤ ᠨᠢ ᠯᠠᠪᠳᠠᠢ᠃  ᠶᠠᠭ  ᠶᠡᠷᠦᠩᠬᠡᠢ  ᠱᠦᠵᠢ  ᠰᠢ᠎ᠶ᠋ᠢᠨ ᠫᠢᠩ᠎ᠤᠨ ᠵᠢᠭᠠᠵᠤ ᠭᠠᠷᠭᠠᠭ᠍ᠰᠠᠨᠴᠢᠯᠠᠨ 《ᠣᠳᠣᠬᠠᠨ᠎ᠤ ᠳᠡᠯᠡᠬᠡᠢ ᠶᠢᠷᠲᠢᠨᠴᠦ᠍᠎ᠳᠤ ᠠᠯᠢ ᠨᠢᠭᠡ ᠲᠥᠷᠥ᠎ᠶ᠋ᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ᠎ᠳᠡᠭᠡᠨ ᠢᠲᠡᠭᠡᠯ᠎ᠲᠠᠢ ᠪᠠᠢᠵᠤ ᠴᠢᠳᠠᠬᠤ ᠪᠣᠶ?  ᠭᠡᠪᠡᠯ ᠳᠤᠮᠳᠠᠳᠤ ᠤᠯᠤᠰ᠎ᠤᠨ ᠡᠪ ᠬᠠᠮᠲᠤ ᠨᠠᠮ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ᠎ᠶ᠋ᠢᠨ ᠦᠨᠳᠦᠰᠦᠲᠡᠨ  ᠪᠡᠶ᠎ᠡ᠎ᠳᠡᠭᠡᠨ ᠢᠲᠡᠭᠡᠯ᠎ᠲᠠᠢ ᠪᠠᠢᠬᠤ ᠱᠢᠯᠲᠠᠭᠠᠨ ᠬᠠᠮᠤᠭ᠎ᠤᠨ ᠪᠦᠷᠢᠨ ᠪᠠᠢᠳᠠᠭ》 ᠭᠡᠵᠡᠢ ᠃

ᠡᠨᠡ ᠬᠦ᠌ ᠢᠲᠡᠭᠡᠯ ᠵᠣᠷᠢᠭ ᠪᠡᠶ᠎ᠡ᠎ᠪᠠᠨ ᠲᠠᠭᠠᠭᠠᠬᠤ᠎ᠨᠢ ᠮᠠᠷᠺᠰ᠎ᠤᠨ ᠦᠵᠡᠯ᠎ᠤᠨ ᠲᠤᠬᠠᠢ ᠡᠷᠡᠰ ᠪᠠᠲᠤ ᠢᠲᠡᠭᠡᠯ ᠪᠢᠱᠢᠷᠡᠯ᠎ᠠᠴᠠ ᠢᠷᠡᠯᠲᠡ᠎ᠲᠠᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠤᠬᠠᠢ ᠡᠷᠡᠰ ᠪᠠᠲᠤ ᠢᠲᠡᠭᠡᠯ᠎ᠠᠴᠠ ᠢᠷᠡᠯᠲᠡ᠎ᠲᠠᠢ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠲᠦᠭᠡᠨ ᠪᠠᠢᠭᠤᠯᠬᠤ ᠲᠡᠦᠬᠡᠨ ᠡᠭᠦᠷᠭᠡᠯᠡᠯ ᠪᠠ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠠᠴᠠ ᠢᠷᠡᠯᠲᠡ᠎ᠲᠠᠢ ᠶᠤᠮ᠃ ᠡᠢᠮᠦᠷᠬᠦᠦ ᠢᠲᠡᠭᠡᠯ ᠵᠣᠷᠢᠭ ᠲᠠᠢ ᠪᠡᠶ᠎ᠡ᠎ᠪᠠᠨ ᠳᠠᠭᠠᠭᠠᠬᠤ᠎ᠶ᠋ᠢᠨ ᠢᠯᠡ ᠲᠣᠳᠣ ᠣᠨᠴᠠᠯᠢᠭ ᠱᠢᠨᠵᠢ᠎ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌᠎ᠶ᠋ᠢ ᠵᠣᠷᠢᠭ᠍ᠵᠢᠭᠤᠯᠵᠤ ᠪᠠᠢᠨ᠎ᠠ᠃

ᠢᠲᠡᠭᠡᠯ ᠵᠣᠷᠢᠭ ᠲᠠᠢ ᠪᠡᠶ᠎ᠡ ᠎ᠪᠠᠨ ᠳᠠᠭᠠᠭᠠᠬᠤ ᠪᠣᠯ ᠳᠤᠮᠳᠠᠳᠤ ᠤᠯᠤᠰ᠎ᠤᠨ ᠣᠨᠴᠠᠯᠢᠭ ᠎ᠲᠠᠢ ᠣᠳᠣᠬᠢᠴᠢᠯᠠᠯᠲᠠ ᠎ᠶ᠋ᠢ ᠠᠬᠢᠭᠤᠯᠬᠤ ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ

ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠳᠤ᠂ ᠨᠠᠮ᠎ᠠᠴᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠮᠠᠰᠢ ᠤᠯᠠᠨ ᠱᠢᠨ᠎ᠡ ᠲᠡᠦᠬᠡᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠵᠦ᠍᠂ ᠮᠠᠰᠢ ᠤᠯᠠᠨ ᠤᠷᠳᠤ ᠬᠤᠭᠤᠴᠠᠭ᠎ᠠ᠎ᠪᠠᠷ ᠱᠢᠢᠳᠪᠦᠷᠢᠯᠡᠵᠦ᠍ ᠳᠡᠢᠯᠦᠭᠡᠳᠦᠢ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠮᠠᠰᠢ ᠤᠯᠠᠨ ᠠᠯᠤᠰ ᠢᠷᠡᠭᠡᠳᠦᠢ᠎ᠳᠤ ᠬᠤᠯᠪᠣᠭ᠍ᠳᠠᠬᠤ ᠶᠡᠭᠡ ᠶᠠᠪᠤᠳᠠᠯ ᠴᠢᠬᠤᠯᠠ ᠶᠠᠪᠤᠳᠠᠯ᠎ᠢ ᠪᠦᠲᠦᠭᠡᠵᠦ᠍᠂ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠪᠢᠳᠠ ᠨᠠᠮ ᠪᠠ ᠠᠷᠠᠳ ᠲᠦᠮᠡᠨ᠎ᠤ ᠦᠢᠯᠡᠰ᠎ᠲᠤ ᠴᠢᠬᠤᠯᠠ ᠶᠡᠭᠡ ᠪᠣᠳᠠᠲᠤ ᠠᠴᠢ ᠬᠤᠯᠪᠣᠭ᠍ᠳᠠᠯ ᠪᠠ ᠠᠯᠤᠰ ᠭᠡᠳᠦ᠍᠎ᠶ᠋ᠢᠨ ᠲᠡᠦᠬᠡᠲᠦ ᠠᠴᠢ ᠬᠤᠯᠪᠣᠭ᠍ᠳᠠᠯ᠎ᠲᠠᠢ ᠭᠤᠷᠪᠠᠨ ᠶᠡᠭᠡ ᠶᠠᠪᠤᠳᠠᠯ᠎ᠢ ᠥᠩᠭᠡᠷᠡᠭᠦᠯᠪᠡ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠤᠭ᠍ᠲᠤᠵᠤ᠂ ᠮᠠᠨ᠎ᠤ ᠨᠠᠮ ᠳᠡᠯᠡᠬᠡᠢ ᠳᠡᠭᠡᠷᠡᠬᠢ ᠬᠠᠮᠤᠭ᠎ᠤᠨ ᠲᠣᠮᠣ ᠮᠠᠷᠺᠰ᠎ᠤᠨ ᠦᠵᠡᠯ᠎ᠤᠨ ᠲᠦᠷᠦ᠍ ᠪᠠᠷᠢᠭ᠍ᠴᠢ ᠨᠠᠮ ᠪᠣᠯᠤᠭ᠍ᠰᠠᠨ᠎ᠤ ᠬᠤᠪᠢ᠎ᠳᠤ᠂ ᠵᠠᠭᠤᠨ ᠵᠢᠯ᠎ᠤᠨ ᠲᠡᠮᠡᠴᠡᠯ ᠪᠠ ᠬᠤᠪᠢᠰᠭᠠᠯᠲᠤ ᠴᠢᠨᠠᠷᠲᠠᠢ ᠳᠠᠪᠲᠠᠯᠲᠠ᠎ᠪᠠᠷ ᠳᠠᠮᠵᠢᠭᠠᠳ ᠨᠡᠩ ᠪᠠᠲᠤ ᠴᠢᠩᠭ᠎ᠠ ᠬᠦᠴᠦᠨ᠎ᠲᠠᠢ ᠪᠣᠯᠪᠠ; ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠵᠤ᠂ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ ᠬᠤᠷᠢᠨ ᠨᠢᠭᠡᠳᠦᠭᠡᠷ ᠵᠠᠭᠤᠨ᠎ᠤ ᠳᠤᠮᠳᠠᠳᠤ ᠤᠯᠤᠰ᠎ᠲᠤ ᠱᠢᠨ᠎ᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠢᠶᠠᠨ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ  ᠪᠤᠴᠠᠰᠢ ᠦᠭᠡᠢ ᠲᠡᠦᠬᠡ᠎ᠶ᠋ᠢᠨ ᠠᠬᠢᠴᠠ᠎ᠳᠤ ᠣᠷᠣᠪᠠ; ᠪᠢᠳᠡ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠡᠦᠬᠡᠲᠦ ᠡᠭᠦᠷᠭᠡ᠎ᠶ᠋ᠢ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠡᠨᠡ ᠬᠦ᠌ ᠮᠢᠩᠭᠠᠨ ᠵᠢᠯ᠎ᠤᠨ ᠬᠦᠰᠡᠯ ᠵᠡᠭᠦᠳᠦ᠍᠎ᠶ᠋ᠢ ᠪᠡᠶᠡᠯᠡᠭᠦᠯᠵᠦ᠍᠂ ᠲᠤᠢᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ᠂ ᠰᠠᠢᠨ ᠰᠠᠢᠬᠠᠨ ᠨᠥᠬᠦᠴᠡᠯ᠎ᠢ ᠡᠭᠦᠳᠴᠦ᠍᠂ ᠴᠢᠬᠤᠯᠠ ᠪᠠᠲᠤᠯᠠᠭ᠎ᠠ ᠬᠠᠩᠭᠠᠪᠠ᠃

ᠣᠳᠣᠬᠢᠴᠢᠯᠠᠯᠲᠠ᠎ᠶ᠋ᠢ ᠠᠬᠢᠭᠤᠯᠬᠤ᠎ᠳᠤ ᠮᠥᠨ ᠬᠦ᠌ ᠮᠠᠰᠢ ᠤᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠢᠨ᠎ᠠ᠃ ᠨᠡᠢᠭᠡᠮ ᠵᠢᠷᠤᠮᠲᠤ ᠤᠯᠤᠰ᠎ᠲᠤ ᠬᠥᠮᠥᠨ ᠠᠮᠠ᠎ᠶ᠋ᠢᠨ ᠬᠡᠪᠴᠢᠶ᠎ᠡ᠎ᠪᠠᠷ ᠯᠤᠲᠤ ᠶᠡᠭᠡ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠵᠢᠷᠤᠮᠯᠠᠬᠤ ᠵᠢᠱ᠌ᠢᠶ᠎ᠡ ᠦᠭᠡᠢ᠃ ᠡᠭᠦᠨ᠎ᠤ ᠵᠡᠷᠭᠡ᠎ᠪᠠᠷ᠂ ᠮᠠᠨ᠎ᠤ ᠤᠯᠤᠰ᠎ᠤᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠣᠪᠣᠢᠮ᠎ᠠ ᠪᠠᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠪᠠᠰᠠ ᠮᠠᠰᠢ ᠤᠯᠠᠨ ᠬᠠᠷᠰᠢ ᠰᠠᠭᠠᠳ᠎ᠲᠠᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠᠰᠠ ᠴᠢᠩᠭ᠎ᠠ ᠪᠢᠰᠢ ᠪᠠᠢᠨ᠎ᠠ; ᠠᠮᠤ ᠪᠤᠳᠠᠭ᠎ᠠ᠂ ᠡᠨᠧᠷᠭᠢ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠨᠠᠢᠳᠠᠪᠤᠷᠢᠲᠠᠢ ᠠᠮᠤᠷ ᠲᠦᠪᠱᠢᠨ᠎ᠢ ᠪᠠᠲᠤᠯᠠᠬᠤ ᠪᠠ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠳᠤ ᠪᠠᠰᠠ ᠮᠠᠰᠢ ᠤᠯᠠᠨ ᠴᠢᠬᠤᠯᠠ ᠶᠡᠭᠡ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ ᠪᠠᠢᠨ᠎ᠠ; ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠎ᠳᠤ ᠪᠠᠰᠠ ᠴᠥᠭᠡᠨ ᠪᠤᠰᠤ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ ᠪᠠᠢᠨ᠎ᠠ; ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠤ ᠴᠥᠭᠡᠨ ᠪᠤᠰᠤ ᠥᠷᠢᠰᠦᠯᠳᠦᠭᠡᠨ ᠣᠷᠣᠱᠢᠵᠤ ᠪᠠᠢᠨ᠎ᠠ; ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ ᠪᠠ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠵᠥᠷᠢᠶ᠎ᠡ ᠮᠥᠨ ᠯᠡ ᠨᠡᠯᠢᠶᠡᠳ ᠶᠡᠭᠡ ᠪᠠᠢᠨ᠎ᠠ; ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠰᠠᠭᠠᠲᠠᠭᠤᠯᠬᠤ᠂ ᠨᠠᠰᠤᠵᠢᠯ᠎ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ᠎ᠪᠠᠷ ᠴᠥᠭᠡᠨ ᠪᠤᠰᠤ ᠬᠦᠴᠢᠷ ᠠᠰᠠᠭᠤᠳᠠᠯ᠎ᠳᠤ ᠲᠤᠯᠭᠠᠷᠠᠵᠤ ᠪᠠᠢᠨ᠎ᠠ; ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠭᠦᠷᠭᠡ ᠮᠥᠨ ᠬᠦ᠌ ᠬᠠᠲᠠᠭᠤ ᠪᠡᠷᠬᠡ ᠪᠠᠢᠨ᠎ᠠ; ᠵᠠᠷᠢᠮ ᠨᠠᠮ᠎ᠤᠨ ᠭᠡᠱᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠪᠠᠷ ᠳᠤᠲᠠᠮᠠᠭ᠂ ᠲᠡᠮᠡᠴᠡᠯ᠎ᠤᠨ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠪᠠᠷ ᠬᠦᠷᠦᠯᠴᠡᠬᠦ᠌ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠦᠵᠡᠭ᠌ᠳᠡᠯ ᠮᠥᠨ ᠨᠡᠯᠢᠶᠡᠳ ᠲᠣᠪᠣᠢᠮ᠎ᠠ ᠪᠠᠢᠨ᠎ᠠ; ᠢᠯᠵᠠᠷᠠᠯ᠎ᠤᠨ ᠪᠤᠢ ᠪᠣᠯᠬᠤ ᠬᠥᠷᠥᠰᠥ᠍ ᠱᠢᠷᠣᠢ᠎ᠶ᠋ᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠢᠬᠤ ᠵᠡᠷᠭᠡ ᠪᠣᠯᠣᠨ᠎ᠠ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠡᠷᠬᠡᠪᠰᠢ 《ᠥᠪᠡᠷ᠎ᠤᠨ ᠵᠠᠮ᠎ᠢᠶᠠᠷ᠎ᠢᠶᠠᠨ ᠵᠠᠮᠨᠠᠬᠤ》 ᠢᠲᠡᠭᠡᠯ ᠵᠣᠷᠢᠭ᠎ᠢᠶᠠᠨ ᠪᠠᠲᠤᠳᠭᠠᠵᠤ᠂ ᠴᠢᠰᠤᠨ ᠎ᠳᠤ ᠱᠢᠩᠭᠡᠭ᠌ᠰᠡᠨ ᠲᠡᠦᠬᠡ᠎ᠶ᠋ᠢᠨ ᠢᠲᠡᠭᠡᠯ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠪᠢᠳᠡ ᠬᠥᠮᠥᠨ ᠠᠮᠠ᠎ᠶ᠋ᠢᠨ ᠬᠡᠪᠴᠢᠶ᠎ᠡ᠎ᠪᠠᠷ ᠯᠤᠲᠤ ᠶᠡᠭᠡ᠂ ᠪᠦᠬᠦ᠌ ᠠᠷᠠᠳ ᠬᠠᠮᠲᠤ᠎ᠪᠠᠷ ᠪᠠᠶᠠᠵᠢᠬᠤ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠵᠣᠬᠢᠴᠠᠯᠳᠤᠵᠤ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ ᠬᠠᠮᠲᠤ ᠣᠷᠣᠱᠢᠵᠤ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠠᠷᠭ᠎ᠠ ᠵᠠᠮ᠎ᠢ ᠥᠷᠭᠡᠳᠭᠡᠵᠦ᠍᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠢ ᠡᠭᠦᠳᠦᠨ ᠪᠦᠲᠦᠭᠡᠪᠡ᠃ 

ᠢᠲᠡᠭᠡᠯ ᠵᠣᠷᠢᠭ ᠲᠠᠢ ᠪᠡᠶ᠎ᠡ ᠎ᠪᠠᠨ ᠳᠠᠭᠠᠭᠠᠬᠤ ᠮᠥᠷᠲᠡᠭᠡᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠬᠡᠷᠡᠭ᠌ᠲᠡᠢ

《ᠣᠲᠣ᠎ᠠᠴᠠ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠣᠯ ᠡᠭᠦᠷᠭᠡ ᠪᠣᠯ ᠳᠠᠷᠤᠢ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠶᠠᠪᠤᠳᠠᠯ ᠪᠣᠯᠣᠨ᠎ᠠ》᠃  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠨᠡᠢᠭᠡᠮ ᠵᠢᠷᠤᠮ᠎ᠤᠨ ᠠᠩᠬᠠᠨ᠎ᠤ ᠱᠠᠲᠤ᠌᠂ ᠬᠥᠮᠥᠨ ᠠᠮᠠ᠎ᠶ᠋ᠢᠨ ᠬᠡᠪᠴᠢᠶ᠎ᠡ ᠯᠤᠲᠤ ᠶᠡᠭᠡ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠦᠷ᠎ᠡ ᠪᠦᠲᠦᠭᠡᠯ᠎ᠢ ᠱᠢᠩᠭᠡᠬᠡᠨ ᠠᠪᠴᠤ᠌᠂ ᠢᠲᠡᠭᠡᠯ ᠵᠣᠷᠢᠭ᠎ᠲᠠᠢ ᠪᠡᠶ᠎ᠡ᠎ᠪᠠᠨ ᠳᠠᠭᠠᠭᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠬᠥᠮᠥᠨ ᠲᠥᠷᠥᠯᠬᠢᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠱᠢᠨ᠎ᠡ ᠠᠭᠤᠤ ᠶᠡᠭᠡ ᠭᠠᠢᠬᠠᠮᠱᠢᠭ᠎ᠢ ᠪᠢᠴᠢᠭ᠌ᠯᠡᠬᠦ᠌ ᠬᠡᠷᠡᠭ᠌ᠲᠡᠢ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠥᠨ ᠠᠮᠠ᠎ᠶ᠋ᠢᠨ ᠬᠡᠪᠴᠢᠶ᠎ᠡ᠎ᠪᠠᠷ ᠯᠤᠲᠤ ᠶᠡᠭᠡ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠬᠤ ᠬᠡᠷᠡᠭ᠌ᠲᠡᠢ᠃ ᠡᠨᠡ ᠬᠦ᠌ ᠤᠯᠤᠰ᠎ᠤᠨ ᠦᠨᠳᠦᠰᠦᠨ ᠪᠠᠢᠳᠠᠯ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠲᠤᠢᠯ᠎ᠤᠨ ᠠᠱᠢᠭ᠍ᠲᠠᠢ ᠨᠥᠬᠦᠴᠡᠯ᠎ᠢ ᠪᠤᠢ ᠪᠣᠯᠭᠠᠭ᠍ᠰᠠᠨ ᠮᠥᠷᠲᠡᠭᠡᠨ ᠪᠠᠰᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠪᠡᠷᠬᠡ ᠬᠠᠲᠠᠭᠤᠵᠢᠯᠲᠠᠢ ᠡᠭᠦᠷᠭᠡ᠎ᠶ᠋ᠢ ᠠᠪᠴᠢᠷᠠᠭ᠍ᠰᠠᠨ ᠪᠠᠢᠨ᠎ᠠ; ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠠᠭᠤᠷᠢ ᠪᠣᠯᠬᠤ ᠪᠥᠭᠡᠳ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠤᠯᠠᠨ ᠡᠱᠢᠵᠢᠭ᠌ᠰᠡᠨ ᠰᠣᠩᠭᠤᠯᠲᠠ᠎ᠶ᠋ᠢᠨ ᠵᠠᠢᠯᠠᠰᠢ ᠦᠭᠡᠢ ᠴᠢᠨᠠᠷ ᠪᠣᠯᠣᠨ᠎ᠠ᠃ ᠡᠨᠡ᠎ᠨᠢ ᠳᠠᠷᠤᠢ ᠡᠷᠬᠡᠪᠰᠢ ᠤᠯᠤᠰ᠎ᠤᠨ ᠦᠨᠳᠦᠰᠦᠨ ᠪᠠᠢᠳᠠᠯ᠎ᠳᠠᠭᠠᠨ ᠰᠠᠭᠤᠷᠢᠯᠠᠵᠤ᠂ ᠲᠣᠬᠢᠷᠠᠮᠵᠢᠲᠠᠢ ᠵᠠᠮ᠎ᠢ ᠰᠣᠩᠭᠤᠬᠤ ᠬᠡᠷᠡᠭ᠌ᠲᠡᠢ ᠭᠡᠰᠡᠨ᠎ᠢ ᠬᠠᠷᠠᠭᠤᠯᠵᠤ ᠪᠠᠢᠨ᠎ᠠ; ᠡᠨᠡ᠎ᠨᠢ ᠬᠥᠮᠥᠨ ᠲᠥᠷᠥᠯᠬᠢᠲᠡᠨ᠎ᠤ ᠨᠡᠢᠭᠡᠮ᠎ᠤᠨ ᠣᠳᠣᠬᠢᠴᠢᠯᠠᠯᠲᠠ᠎ᠶ᠋ᠢᠨ ᠯᠤᠲᠤ ᠶᠡᠭᠡ ᠦᠯᠢᠭᠡᠷ ᠬᠡᠪ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢ ᠨᠡᠭᠡᠭᠡᠭ᠌ᠰᠡᠨ ᠶᠠᠪᠤᠳᠠᠯ ᠪᠣᠯᠤᠭ᠍ᠰᠠᠨ᠎ᠤ ᠬᠤᠪᠢ᠎ᠳᠤ᠂ ᠳᠡᠯᠡᠬᠡᠢ᠎ᠶ᠋ᠢᠨ ᠲᠡᠦᠬᠡ᠎ᠶ᠋ᠢᠨ ᠠᠬᠢᠴᠠ᠎ᠶ᠋ᠢ ᠥᠭᠡᠷᠡᠴᠢᠯᠡᠨ ᠪᠢᠴᠢᠵᠦ᠍᠂ ᠬᠥᠮᠥᠨ ᠲᠥᠷᠥᠯᠬᠢᠲᠡᠨ᠎ᠤ ᠳᠠᠪᠱᠢᠯᠲᠠ᠎ᠶ᠋ᠢᠨ ᠴᠢᠭ᠌ᠯᠡᠯ᠎ᠢ ᠭᠦᠨᠵᠡᠭᠡᠢ ᠨᠥᠯᠥᠭᠡᠯᠡᠬᠦ᠌᠎ᠨᠢ ᠳᠠᠮᠵᠢᠭ ᠦᠭᠡᠢ ᠶᠤᠮ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠤᠷᠲᠤ ᠴᠠᠭ ᠬᠡᠷᠡᠭ᠌ᠰᠡᠵᠦ᠍᠂ ᠨᠡᠩ ᠶᠡᠭᠡ ᠬᠦᠴᠦ᠍ ᠣᠷᠣᠭᠤᠯᠬᠤ ᠬᠡᠷᠡᠭ᠌ᠲᠡᠢ᠃ ᠡᠷᠬᠡᠪᠰᠢ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠭᠠᠵᠠᠷ ᠣᠷᠣᠨ᠎ᠤ ᠬᠤᠭᠤᠷᠣᠨᠳᠣᠬᠢ᠂ ᠬᠤᠳᠠ ᠬᠥᠳᠡᠭᠡ᠎ᠶ᠋ᠢᠨ ᠬᠤᠭᠤᠷᠣᠨᠳᠣᠬᠢ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠵᠥᠷᠢᠶ᠎ᠡ᠎ᠶ᠋ᠢ ᠪᠦᠲᠦᠮᠵᠢᠲᠡᠢ ᠠᠷᠢᠯᠭᠠᠵᠤ᠂ ᠣᠳᠣᠬᠠᠨ᠎ᠤ ᠨᠡᠢᠭᠡᠮ᠎ᠤᠨ ᠭᠤᠣᠯ ᠵᠥᠷᠢᠴᠡᠯ᠎ᠢ ᠱᠢᠢᠳᠪᠦᠷᠢᠯᠡᠬᠦ᠌ ᠪᠦᠲᠦᠮᠵᠢᠲᠡᠢ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠪᠦᠬᠦ᠌ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ᠎ᠶ᠋ᠢ ᠠᠬᠢᠭᠤᠯᠤᠨ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭᠠᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠡᠩ ᠤᠯᠠᠨ ᠨᠡᠩ ᠭᠤᠣᠯᠴᠢ᠎ᠪᠠᠷ ᠬᠦᠷᠲᠡᠭᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠥᠮᠥᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠠᠴᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠦᠷᠲᠡᠯ᠎ᠡ᠂ ᠵᠡᠭᠦᠨ ᠪᠠᠷᠠᠭᠤᠨ ᠣᠷᠣᠨ᠎ᠤ ᠠᠵᠢᠯ ᠲᠦᠷᠦᠯ᠎ᠢᠶᠠᠷ᠎ᠢᠶᠠᠨ ᠬᠠᠪᠰᠤᠷᠤᠨ ᠲᠡᠳᠬᠦᠬᠦ᠌᠎ᠠᠴᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠬᠦᠷᠲᠡᠯ᠎ᠡ᠂ ᠮᠠᠨ᠎ᠤ ᠤᠯᠤᠰ ᠬᠠᠮᠲᠤ᠎ᠪᠠᠷ  ᠪᠠᠶᠠᠵᠢᠬᠤ ᠎ᠶ᠋ᠢ ᠪᠡᠶᠡᠯᠡᠭᠦᠯᠬᠦ᠌ ᠲᠠᠯ᠎ᠠ᠎ᠪᠠᠷ ᠢᠳᠡᠭᠡᠷᠭᠡᠭ ᠠᠯᠬᠤᠭ᠎ᠠ ᠵᠢ  ᠠᠯᠬᠤᠪᠠ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠵᠤ᠂ ᠠᠵᠤ ᠠᠬᠤᠢ᠎ᠶ᠋ᠢᠨ ᠪᠣᠳᠠᠲᠤ ᠬᠦᠴᠦᠨ ᠪᠠ ᠤᠯᠤᠰ᠎ᠤᠨ ᠶᠡᠷᠦᠩᠬᠡᠢ ᠬᠦᠴᠦᠨ᠎ᠢ ᠴᠢᠩᠭᠠᠳᠭᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠦᠭᠡᠢ ᠬᠠᠩᠭᠠᠬᠤ ᠬᠡᠷᠡᠭ᠌ᠲᠡᠢ᠃ ᠡᠭᠦᠨ᠎ᠤ ᠵᠡᠷᠭᠡᠴᠡᠭᠡ᠎ᠪᠠᠷ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠤᠭᠤᠳᠭᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠤᠶᠤᠨ ᠰᠠᠨᠠᠭ᠎ᠠ ᠰᠣᠶᠣᠯ᠎ᠤᠨ ᠲᠠᠯ᠎ᠠ᠎ᠪᠠᠷ᠎ᠬᠢ ᠠᠷᠠᠳ ᠤᠯᠠᠨ᠎ᠤ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠨᠢᠭ᠍ᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ᠎ᠢ ᠴᠢᠩᠭᠠᠳᠭᠠᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠲᠠᠰᠤᠷᠠᠯᠳᠠ ᠦᠭᠡᠢ ᠪᠠᠲᠤ ᠪᠠᠬᠢ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠨ᠎ᠠ᠃ ᠡᠴᠦᠰ᠎ᠲᠡᠭᠡᠨ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠶ᠋ᠢ ᠪᠡᠶᠡᠯᠡᠭᠦᠯᠵᠦ᠍᠂ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ᠎ᠤ ᠮᠥᠷᠥ᠍ ᠵᠡᠷᠭᠡᠴᠡᠨ ᠤᠷᠤᠭ᠍ᠰᠢᠯᠠᠬᠤ᠎ᠶ᠋ᠢ ᠪᠡᠶᠡᠯᠡᠭᠦᠯᠦᠨ᠎ᠡ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠪᠣᠬᠢᠷᠳᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠣᠭᠤᠳᠤᠮᠵᠢ ᠪᠣᠯᠭᠠᠵᠤ᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠳᠤᠯ ᠦᠭᠡᠢ᠎ᠲᠠᠢᠰᠢ  ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠪᠣᠬᠢᠷᠳᠤᠯ ᠦᠭᠡᠢ ᠬᠥᠭ᠌ᠵᠢᠯᠲᠡ᠎ᠶ᠋ᠢᠨ ᠠᠷᠭ᠎ᠠ ᠬᠡᠯᠪᠡᠷᠢ ᠪᠣᠯᠣᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠦᠷᠢᠯᠳᠦᠭᠦᠯᠵᠦ᠍᠂ ᠦᠢᠯᠡᠳᠪᠦᠷᠢᠯᠡᠯ ᠬᠥᠭ᠌ᠵᠢᠭ᠌ᠰᠡᠨ᠂ ᠠᠮᠢᠳᠤᠷᠠᠯ ᠴᠢᠨᠡᠭᠡᠯᠢᠭ᠌ᠵᠢᠭ᠌ᠰᠡᠨ᠂ ᠠᠮᠢ ᠠᠬᠤᠢ ᠰᠠᠢᠨ ᠰᠠᠢᠬᠠᠨ ᠪᠣᠯᠪᠠᠰᠤᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠠᠷᠠᠳ ᠲᠦᠮᠡᠨ᠎ᠳᠤ ᠰᠠᠢᠨ ᠰᠠᠢᠬᠠᠨ ᠦᠢᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠤᠷᠢᠨ᠎ᠢ ᠡᠭᠦᠳᠦᠨ ᠥᠭ᠌ᠴᠦ᠂ ᠠᠮᠢ ᠠᠬᠤᠢ᠎ᠶ᠋ᠢᠨ ᠠᠮᠤᠷ ᠲᠦᠪᠱᠢᠨ᠎ᠳᠤ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠪᠢᠳᠡ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠱᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠪᠣᠬᠢᠷᠳᠤᠯ ᠦᠭᠡᠢ ᠠᠵᠤ ᠠᠬᠤᠢ᠂ ᠣᠷᠴᠢᠯ ᠠᠵᠤ ᠠᠬᠤᠢ᠂ ᠨᠡᠭᠦᠷᠡᠰᠦᠲᠥ᠋ᠷᠥᠭ᠌ᠴᠢ ᠪᠠᠭᠠᠲᠠᠢ ᠠᠵᠤ ᠠᠬᠤᠢ᠎ᠶ᠋ᠢ ᠬᠥᠭ᠌ᠵᠢᠭᠦᠯᠬᠦ᠌᠎ᠪᠠᠷ ᠳᠠᠮᠵᠢᠭᠤᠯᠤᠨ ᠶᠡᠷᠦᠩᠬᠡᠢᠯᠡᠭ᠌ᠰᠡᠨ ᠴᠢᠨᠠᠷᠲᠠᠢ᠂ ᠳᠠᠪᠬᠤᠴᠠᠮᠠᠯ ᠴᠢᠨᠠᠷᠲᠠᠢ ᠬᠥᠭ᠌ᠵᠢᠯᠲᠡ᠎ᠶ᠋ᠢᠨ ᠦᠢᠯᠡᠳᠦᠯ᠎ᠢ ᠪᠤᠢ ᠪᠣᠯᠭᠠᠵᠤ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠪᠠ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠬᠤ᠎ᠶ᠋ᠢ ᠪᠡᠶᠡᠯᠡᠭᠦᠯᠵᠦ᠍᠂ ᠨᠡᠩ ᠥᠨᠳᠥᠷ ᠲᠡᠰ ᠳᠠᠪᠬᠤᠷᠭ᠎ᠠ᠎ᠳᠤ ᠬᠥᠮᠥᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠢ ᠬᠠᠮᠲᠤ ᠣᠷᠣᠱᠢᠬᠤ᠎ᠶ᠋ᠢ ᠪᠡᠶᠡᠯᠡᠭᠦᠯᠵᠦ᠍᠂ ᠬᠥᠮᠥᠨ ᠬᠢᠭᠡᠳ ᠪᠠᠢᠭᠠᠯᠢ᠎ᠶ᠋ᠢᠨ ᠠᠮᠢ ᠨᠠᠰᠤᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠪᠠᠷ ᠴᠢᠷᠮᠠᠢᠬᠤ ᠬᠡᠷᠡᠭ᠌ᠳᠡᠢ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠳᠡᠯᠡᠬᠡᠢ᠎ᠶ᠋ᠢᠨ ᠡᠯ᠎ᠡ ᠤᠯᠤᠰ᠎ᠯᠤᠭ᠎ᠠ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠵᠤ᠂ ᠨᠡᠭᠡᠭᠡᠯᠲᠡᠲᠤ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠱᠢᠨ᠎ᠡ ᠬᠤᠪᠢᠰᠤᠯᠲᠠ᠎ᠶ᠋ᠢ ᠠᠬᠢᠭᠤᠯᠵᠤ᠂ ᠱᠢᠨ᠎ᠡ ᠮᠠᠶᠢᠭ᠎ᠤᠨ ᠤᠯᠠᠨ ᠤᠯᠤᠰ᠎ᠤᠨ ᠬᠠᠷᠢᠯᠴᠠᠭ᠎ᠠ᠎ᠶ᠋ᠢ ᠪᠠᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠱᠢᠨ᠎ᠡ ᠬᠥᠭ᠌ᠵᠢᠯᠲᠡ᠎ᠪᠠᠷ ᠳᠡᠯᠡᠬᠡᠢ ᠳ᠋ᠠᠬᠢᠨ᠎ᠳᠤ ᠱᠢᠨ᠎ᠡ ᠠᠵᠠ ᠲᠣᠬᠢᠶᠠᠯ ᠬᠠᠩᠭᠠᠵᠤ᠂ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠨᠡᠩ ᠲᠡᠩᠴᠡᠭᠦᠷᠢᠲᠡᠢ ᠪᠠᠭ᠍ᠲᠠᠭᠠᠮᠵᠢᠲᠠᠢ ᠦᠷᠭᠦᠯᠵᠢᠯᠡᠬᠦ᠌ ᠴᠢᠭ᠌ᠯᠡᠯ ᠲᠡᠢᠰᠢ ᠬᠤᠪᠢᠷᠠᠬᠤ᠎ᠶ᠋ᠢ ᠬᠥᠲᠥᠯᠥᠨ ᠳᠠᠭᠠᠭᠤᠯᠬᠤ ᠬᠡᠷᠡᠭ᠌ᠲᠡᠢ᠃

(ᠵᠣᠬᠢᠶᠠᠭ᠍ᠴᠢ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠤ ᠣᠨᠣᠯ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠫᠷᠤᠹᠧᠰᠰᠤᠷ᠂ ᠥᠪᠥᠷ ᠮᠣᠩᠭᠤᠯ ᠎ᠤᠨ ᠥᠪᠡᠷᠲᠡᠭᠡᠨ ᠵᠠᠰᠠᠬᠤ ᠣᠷᠣᠨ ᠎ᠤ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠢᠭᠡᠮ ᠵᠢᠷᠤᠮ ᠎ᠤᠨ ᠣᠨᠣᠯ ᠎ᠤᠨ ᠱᠢᠰᠲ᠋ᠧᠮ ᠎ᠤᠨ ᠰᠤᠳᠤᠯᠭᠠᠨ ᠎ᠤ ᠲᠥᠪ ᠎ᠤᠨ ᠰᠤᠳᠤᠯᠤᠭ᠍ᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号