ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠣᠣᠯ ᠠᠢᠮᠠᠭ ᠥᠪᠡᠷᠲᠡᠭᠡᠨ ᠵᠠᠰᠠᠬᠤ ᠣᠷᠣᠨ ᠎ᠤ ᠡᠳ᠋᠎ᠦᠨ ᠵᠠᠰᠠᠭ ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ ᠎ᠶ᠋ᠢᠨ ᠲᠢᠩᠬᠢᠮ ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
2022-12-18 16:00:30
ᠵᠣᠬᠢᠶᠠᠭ᠍ᠴᠢ᠄
ᠱᠢᠤᠸᠠᠢ ᠯᠠᠢ ᠂ ᠶᠠᠩ ᠹᠠᠨ ᠂ ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ ᠳ᠋ᠦ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠣᠣᠯ ᠠᠢᠮᠠᠭ ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠲᠢᠩᠬᠢᠮ᠎ᠳᠦ ᠬᠦᠷᠴᠤ ᠤᠬᠠᠭᠤᠯᠤᠨ ᠲᠠᠢᠯᠪᠤᠷᠢᠯᠠᠪᠠ᠃

ᠱᠢᠯᠢ᠎ᠶ᠋ᠢᠨ ᠭᠣᠣᠯ ᠠᠢᠮᠠᠬ ᠲᠸ᠋ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠵᠠᠩ ᠬᠤᠢ ᠢᠦᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠱᠢᠰᠲᠸᠮ ᠲᠠᠢ ᠡᠵᠡᠮᠱᠢᠬᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠᠷ ᠱᠢᠨ᠎ᠡ ᠴᠠᠭ ᠦᠶ᠎ᠡ ᠱᠢᠨ᠎ᠡ ᠠᠶᠠᠨ ᠳ᠋ᠡᠬᠢ ᠠᠵᠢᠯ᠎ᠢ ᠵᠢᠯᠣᠭᠣᠳᠤᠭᠤᠯᠬᠤ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃

ᠤᠬᠠᠭᠤᠯᠤᠨ ᠲᠠᠢᠯᠪᠤᠷᠢᠯᠠᠯᠳᠠ ᠎ᠶ᠋ᠢ ᠰᠣᠨᠣᠰᠤᠭ᠍ᠰᠠᠨ ᠎ᠤ ᠳᠠᠷᠠᠭ᠎ᠠ᠂ ᠱᠢᠯᠢ᠎ᠶ᠋ᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍ ᠤᠨᠤᠯ᠎ᠤᠨ ᠬᠡᠯᠲᠡᠰ᠎ᠦᠨ ᠵᠢᠭᠠᠨ ᠰᠤᠷᠭᠠᠯᠲᠠ᠎ᠶ᠋ᠢᠨ ᠬᠠᠮᠢᠶᠠᠷᠤᠯᠲᠠ᠎ᠶ᠋ᠢᠨ ᠰᠠᠯᠠᠭᠠᠨ᠎ᠤ ᠳᠠᠷᠤᠭ᠎ᠠ ᠵᠠᠩ ᠶᠠᠨ᠄ 《ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠨᠢᠭᠡ ᠴᠤᠭ᠍ᠴᠠᠵᠢᠭᠤᠯᠤᠨ ᠪᠠᠢᠷᠢᠯᠠᠭᠤᠯᠤᠭᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠰᠲ᠋ᠧᠮ᠎ᠦᠨ ᠦᠵᠡᠯᠲᠡ᠎ᠶ᠋ᠢ ᠪᠠᠷᠢᠮᠲᠠᠯᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠢᠯᠡ ᠲᠣᠳᠣ ᠤᠳᠤᠷᠢᠳᠤᠮᠵᠢ᠎ᠶ᠋ᠢ ᠭᠦᠢᠴᠡᠳ ᠢᠯᠡᠷᠡᠭᠦᠯᠵᠡᠢ᠃ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠬᠥᠮᠥᠵᠢᠯ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠶᠣᠰᠣ ᠰᠤᠷᠲᠠᠬᠤᠨ ᠵᠢᠡᠷ ᠬᠥᠮᠦᠨ ᠬᠥᠮᠦᠵᠢᠭᠦᠯᠬᠦ᠌ ᠵᠠᠩᠭᠢᠯᠠᠭ᠎ᠠ᠎ᠶ᠋ᠢᠨ ᠦᠢᠯᠡᠳᠦᠯ᠎ᠢᠶᠡᠨ ᠦᠨᠡᠨ ᠬᠦ᠌  ᠪᠠᠳᠠᠷᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠪᠦᠬᠦ᠌ ᠲᠠᠯ᠎ᠠ᠎ᠪᠠᠷ ᠠᠭᠤᠰᠤᠯᠴᠠᠭᠤᠯᠤᠨ᠂ ᠮᠠᠨ᠎ᠤ ᠨᠠᠮ᠎ᠤᠨ ᠤᠶᠤᠨ ᠤᠬᠠᠭᠠᠨ᠂ ᠲᠤᠮᠤ ᠤᠯᠤᠰ᠎ᠤᠨ ᠬᠠᠢᠷ᠎ᠠ ᠰᠡᠳᠭᠢᠯᠭᠡ᠎ᠶ᠋ᠢ ᠰᠤᠷᠤᠭ᠍ᠴᠢᠳ᠎ᠲᠤ ᠪᠠᠨ ᠲᠠᠮᠵᠢᠭᠤᠯᠵᠤ᠂ ᠡᠷᠡᠰ ᠭᠤᠢᠪᠢᠰᠢ ᠦᠭᠡᠢ ᠎ᠪᠡᠷ  ᠨᠠᠮ᠎ᠤᠨ ᠲᠥᠯᠥᠭᠡ ᠬᠥᠮᠦᠨ᠎ᠬᠥᠮᠦᠵᠢᠭᠦᠯᠵᠦ᠍᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠵᠢᠭᠠᠨ ᠰᠤᠷᠭᠠᠯᠲᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠎ᠡ》 ᠬᠡᠪᠡ᠃

ᠵᠠᠩ ᠬᠤᠢ ᠢᠦᠢ ᠪᠠᠰᠠ ᠱᠢᠯᠢ᠎ᠶ᠋ᠢᠨ ᠭᠣᠣᠯ ᠠᠢᠮᠠᠭ᠎ᠤᠨ ᠬᠣᠩ ᠶᠤᠸᠠᠨ ᠪᠦᠯᠦᠭ᠌ᠯᠡᠯ᠎ᠦᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠠᠮᠲᠤᠷᠠᠭ᠍ᠰᠠᠨ ᠠᠵᠢᠯᠴᠢᠨ᠎ᠤ ᠡᠪᠯᠡᠯ᠎ᠳᠦ ᠬᠦᠷᠴᠦ᠍᠂ ᠠᠵᠤ ᠠᠬᠤᠢᠯᠠᠯ᠎ᠤᠨ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠨᠢᠭᠤᠷᠲᠠᠨ ᠬᠤᠷᠰᠢᠯᠴᠠᠬᠤ ᠮᠠᠶᠢᠭ᠎ᠤᠨ ᠤᠬᠠᠭᠤᠯᠤᠨ ᠲᠠᠢᠯᠪᠤᠷᠢᠯᠠᠯᠲᠠ ᠬᠢᠵᠦ᠍᠂ ᠠᠵᠤ ᠠᠬᠤᠢᠯᠠᠯ᠎ᠤᠨ ᠬᠢᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃

ᠱᠢᠯᠢ᠎ᠶ᠋ᠢᠨ ᠭᠣᠸ᠋ᠯ ᠠᠢᠮᠠᠭ᠎ᠤᠨ ᠬᠣᠩ ᠶᠤᠸᠠᠨ ᠪᠦᠯᠦᠭ᠌ᠯᠡᠯ᠎ᠦᠨ ᠳᠡᠳ᠋ ᠶᠡᠷᠦᠩᠬᠡᠶ ᠳᠠᠭᠠᠭᠠᠮᠠᠯ᠂ ᠠᠵᠢᠯᠴᠢᠨ᠎ᠤ ᠡᠪᠯᠡᠯ᠎ᠦᠨ ᠲᠡᠷᠢᠭᠦᠯᠡᠭ᠌ᠴᠢ ᠴᠧᠨ ᠯᠢ ᠫᠢᠩ ᠄ 《 ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠴᠢᠨᠠᠭᠰᠢᠳᠠ ᠰᠠᠢᠲᠤᠷ ᠰᠤᠷᠤᠯᠴᠠᠵᠤ᠂ ᠰᠠᠢᠲᠤᠷ ᠤᠬᠠᠭᠤᠯᠤᠨ᠂ ᠰᠠᠢᠲᠤᠷ ᠲᠤᠭᠤᠰᠢᠯᠠᠭᠤᠯᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠂ ᠤᠷ᠎ᠠ ᠴᠢᠳᠠᠪᠤᠷᠢ᠎ᠶ᠋ᠢᠨ ᠤᠷᠤᠯᠳᠤᠭᠠᠨ ᠥᠷᠨᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠠᠵᠤ ᠦᠶ᠋ᠯᠡᠰ᠎ᠦᠨ ᠠᠵᠢᠯᠴᠢᠨ᠎ᠤ ᠬᠡᠪ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ》 ᠭᠡᠯ᠎ᠡ᠃

ᠥᠪᠡᠷᠲᠡᠭᠡᠨ ᠵᠠᠰᠠᠬᠤ ᠣᠷᠣᠨ᠎ᠤ  ᠡᠳ᠋᠎ᠦᠨ ᠵᠠᠰᠠᠭ᠎ᠤᠨ ᠲᠢᠩᠬᠢᠮ᠎ᠳᠦ᠂ ᠵᠠᠩ ᠬᠤᠢ ᠢᠦᠢ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠬᠡᠬᠦ ᠰᠡᠳᠦᠪ ᠵᠢᠡᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠭᠣᠣᠯ ᠰᠡᠳᠦᠪ᠂ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠳᠤᠷᠠᠳᠤᠭ᠍ᠰᠠᠨ ᠱᠢᠨ᠎ᠡ ᠨᠤᠲᠠᠯᠠᠯᠲᠠ ᠵᠡᠷᠭᠡ ᠤᠯᠠᠨ ᠲᠠᠯ᠎ᠠ᠎ᠠᠴᠠ ᠨᠠᠷᠢᠨ ᠲᠠᠢᠯᠤᠮᠵᠢ ᠬᠢᠭ᠌ᠰᠡᠨ ᠪᠥᠭᠡᠳ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠬᠡᠷᠬᠢᠨ ᠠᠬᠢᠭᠤᠯᠬᠤ ᠲᠤᠬᠠᠢ ᠭᠦᠨᠵᠡᠭᠡᠢ ᠲᠠᠢᠯᠪᠤᠷᠢᠯᠠᠯᠲᠠ ᠬᠢᠪᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠠᠵᠢᠯᠳᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠯᠢᠦ ᠵᠢᠶᠠᠨ ᠭᠠᠩ᠄ 《ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠵᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠡᠳ᠋᠎ᠦᠨ ᠵᠠᠰᠠᠭ᠎ᠤᠨ ᠱᠢᠰᠲᠸᠮ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠦᠵᠡᠯ ᠰᠠᠨᠠᠭᠠᠨ ᠎ᠤ  ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠪᠦᠲᠦᠮᠵᠢᠲᠡᠢ ᠬᠠᠪᠰᠤᠷᠤᠮᠵᠢ ᠦᠵᠡᠭᠦᠯᠵᠡᠢ᠃ ᠪᠢᠳᠡ ᠰᠣᠷᠴᠤ ᠡᠵᠡᠮᠰᠢᠨ ᠤᠢᠯᠠᠭᠠᠬᠰᠠᠨ ᠵᠦᠢᠯ᠎ᠢᠶᠡᠨ ᠲᠤᠬᠠᠢᠯᠠᠭ᠍ᠰᠠᠨ ᠠᠵᠢᠯ᠎ᠢᠶᠠᠨ ᠠᠬᠢᠭᠤᠯᠬᠤ ᠳᠣᠲᠣᠭᠠᠳᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ  ᠬᠢ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠡᠴᠡ ᠪᠠᠨ ᠡᠭᠦᠷᠭᠡᠯᠡᠨ ᠢᠳᠡᠪᠬᠢᠳᠡᠢ ᠵᠢᠳᠬᠦᠯ ᠴᠢᠷᠮᠠᠢᠯᠭ᠎ᠠ ᠭᠠᠷᠭᠠᠨ᠎ᠠ》 ᠬᠡᠰᠡᠨ ᠪᠠᠢᠨ᠎ᠠ᠃

《 ᠪᠢᠳᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠠᠭᠠᠷᠳᠠᠯᠭ᠎ᠠ ᠶᠣᠰᠣᠭᠠᠷ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠳ᠋ ᠎ᠦᠨ ᠵᠠᠰᠠᠭ ᠎ᠤᠨ ᠪᠠᠲᠤᠯᠠᠭ᠎ᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠠᠪᠤᠨ ᠶᠡᠬᠡ ᠡᠭᠦᠷᠭᠡ ᠎ᠶ᠋ᠢᠨ ᠦᠷ᠎ᠡ ᠪᠦᠲᠦᠮᠵᠢ ᠤᠯᠬᠤ᠎ᠶ᠋ᠢ ᠤᠯᠠᠮ ᠴᠢᠨᠠᠭ᠍ᠰᠢᠳᠠ ᠠᠬᠢᠭᠤᠯᠤᠨ᠎ᠠ᠃ ᠡᠳ᠋ ᠎ᠦᠨ ᠵᠠᠰᠠᠭ᠎ᠤᠨ ᠢᠳᠡᠪᠬᠢᠲᠡᠶ ᠲᠥᠷᠥ ᠎ᠶ᠋ᠢᠨ ᠪᠣᠳᠣᠯᠭ᠎ᠠ ᠎ᠶ᠋ᠢ ᠨᠠᠢᠳᠠᠪᠤᠷᠢᠵᠢᠭᠤᠯᠵᠤ ᠂ ᠴᠢᠬᠤᠯᠠ ᠶᠡᠬᠡ ᠰᠠᠭᠤᠷᠢ ᠲᠦᠭᠦᠭᠡᠷᠦᠮᠵᠢ ᠎ᠶ᠋ᠢᠨ ᠪᠥᠲᠥᠭᠡᠨ ᠪᠠᠢᠭᠤᠯᠤᠯᠲᠠ ᠎ᠶ᠋ᠢ ᠠᠬᠢᠭᠤᠯᠬᠤ ᠂ ᠬᠣᠲᠠ ᠬᠥᠳᠡᠭᠡ ᠎ᠶ᠋ᠢᠨ ᠰᠠᠭᠤᠭᠠᠯᠢ ᠠᠷᠠᠳ᠎ᠤᠨ ᠣᠷᠣᠨ ᠰᠠᠭᠤᠴᠠ ᠎ᠶ᠋ᠢᠨ ᠨᠥᠬᠥᠴᠡᠯ᠎ᠢ ᠰᠠᠢᠵᠢᠷᠠᠭᠤᠯᠬᠤ ᠂ ᠠᠵᠤ ᠦᠶ᠋ᠯᠡᠰ᠎ᠦᠨ ᠪᠣᠬᠢᠷᠲᠤᠯ ᠥᠬᠡᠶ ᠎ᠪᠡᠷ ᠬᠡᠯᠪᠡᠷᠢ ᠎ᠪᠡᠨ ᠬᠤᠪᠢᠷᠠᠭᠤᠯᠬᠤ ᠎ᠶ᠋ᠢ ᠠᠬᠢᠭᠤᠯᠬᠤ ᠵᠡᠷᠭᠡ ᠲᠠᠯ᠎ᠠ ᠎ᠪᠠᠷ ᠪᠠᠯᠠ ᠮᠥᠩᠭᠥ ᠎ᠶ᠋ᠢᠨ ᠪᠠᠲᠤᠯᠠᠭ᠎ᠠ ᠎ᠶ᠋ᠢᠨ ᠡᠷᠴᠢᠮ ᠎ᠵᠢᠡᠨ ᠴᠢᠩᠭᠠᠷᠠᠭᠤᠯᠤᠨ᠎ᠠ᠃ ᠵᠢᠯ ᠪᠦᠷᠢ 10 ᠳ᠋ᠦᠩᠱᠢᠭᠤᠷ ᠲᠥᠭᠥᠷᠢᠭ ᠎ᠡᠴᠡ ᠳᠡᠭᠡᠭ᠌ᠰᠢᠬᠢ ᠲᠣᠭᠠᠴᠢᠯᠠᠭ᠍ᠰᠠᠨ ᠠᠵᠤ ᠠᠬᠤᠢ ᠎ᠶ᠋ᠢᠨ ᠬᠥᠭ᠌ᠵᠢᠯᠲᠡ ᠎ᠶ᠋ᠢᠨ ᠲᠤᠰᠭᠠᠢ ᠪᠡᠯᠡ ᠮᠥᠩᠭᠥ᠌ ᠲᠤᠬᠢᠷᠠᠭᠤᠯᠵᠤ ᠂ ᠲᠣᠭᠠᠴᠢᠯᠠᠭ᠍ᠰᠠᠨ ᠠᠵᠤ ᠠᠬᠤᠢ ᠪᠣᠯᠤᠨ ᠪᠣᠳᠠᠲᠤ ᠴᠣᠭ᠍ᠴᠠ ᠎ᠶ᠋ᠢᠨ ᠠᠵᠤ ᠠᠬᠤᠢ ᠎ᠶ᠋ᠢᠨ ᠪᠦᠲᠦᠮᠵᠢᠲᠡᠢ ᠠᠭᠤᠰᠤᠯᠴᠠᠯ ᠎ᠢ ᠤᠯᠠᠮ ᠴᠢᠨᠠᠭ᠍ᠰᠢᠳᠠ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ ᠎ᠤ ᠡᠳ᠋ ᠎ᠦᠨ ᠵᠠᠰᠠᠭ ᠎ᠤᠨ ᠲᠢᠩᠬᠢᠮ ᠎ᠦᠨ ᠠᠵᠤ ᠠᠬᠤᠶ ᠎ᠶ᠋ᠢᠨ ᠪᠥᠲᠥᠭᠡᠨ ᠪᠠᠢᠭᠤᠯᠤᠯᠲᠠ ᠎ᠶ᠋ᠢᠨ ᠭᠠᠵᠠᠷ ᠎ᠤᠨ ᠳᠠᠷᠤᠭ᠎ᠠ ᠦ᠋ ᠵᠢᠶᠠᠨ ᠢᠯᠡᠷᠭᠡᠢᠯᠡᠪᠡ᠃

ᠥᠪᠡᠷᠲᠡᠭᠡᠨ ᠵᠠᠰᠠᠬᠤ ᠣᠷᠣᠨ ᠎ᠤ ᠣᠷᠣᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠢᠭᠤᠯᠤᠯᠲᠠ ᠎ᠶ᠋ᠢᠨ ᠲᠢᠩᠬᠢᠮ ᠎ᠳᠦ᠂ ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠪᠦᠷᠢᠯᠳᠦᠬᠦᠨ᠂ ᠥᠪᠥᠷ ᠮᠣᠩᠭᠣᠯ ᠎ᠤᠨ ᠪᠠᠭ᠍ᠰᠢ ᠎ᠶ᠋ᠢᠨ ᠶᠡᠬᠡ ᠰᠤᠷᠭᠠᠭᠤᠯᠢ ᠎ᠶ᠋ᠢᠨ ᠮᠠᠷᠺᠰ ᠎ᠤᠨ ᠦᠵᠡᠯ ᠎ᠦᠨ ᠳᠡᠭᠡᠳᠦ ᠰᠤᠷᠭᠠᠭᠤᠯᠢ ᠎ᠶ᠋ᠢᠨ ᠵᠠᠬᠢᠷᠤᠯ ᠴᠢ ᠢ ᠵᠢᠶᠦ᠋ᠨ 《 ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ ᠎ᠪᠠᠷ ᠳᠤᠮᠳᠠᠳᠤ ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢ ᠠᠬᠢᠭᠤᠯᠤᠨ᠎ᠠ》 ᠭᠡᠬᠦ᠌ ᠰᠡᠳᠦᠪ ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠦ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠭᠤᠤᠯ ᠰᠡᠳᠦᠪ᠂ ᠥᠩᠭᠡᠷᠡᠭ᠌ᠰᠡᠨ 5 ᠵᠢᠯ ᠎ᠦᠨ ᠠᠵᠢᠯ ᠪᠣᠯᠤᠨ ᠱᠢᠨ᠎ᠡ ᠴᠠᠭ ᠦᠶ᠎ᠡ ᠎ᠶ᠋ᠢᠨ 10 ᠵᠢᠯ ᠎ᠦᠨ ᠠᠭᠤᠤ ᠶᠡᠬᠡ ᠬᠤᠪᠢᠰᠤᠯᠲᠠ᠂ ᠮᠠᠷᠺᠰ ᠎ᠤᠨ ᠦᠵᠡᠯ ᠎ᠢ  ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠲᠦᠭᠡᠨ ᠪᠠᠢᠭᠤᠯᠬᠤ ᠬᠠᠷᠠᠯᠲᠠ ᠡᠭᠦᠷᠭᠡ᠂ ᠠᠭᠤᠤ ᠶᠡᠬᠡ ᠥᠪᠡᠷ ᠪᠡᠶ᠎ᠡ ᠵᠢᠨ ᠬᠤᠪᠢᠰᠭᠠᠯ ᠎ᠢᠶᠠᠷ ᠠᠭᠤᠤ ᠶᠡᠬᠡ ᠨᠡᠢᠭᠡᠮ ᠎ᠦᠨ ᠬᠤᠪᠢᠰᠭᠠᠯ ᠎ᠢ ᠬᠥᠲᠥᠯᠥᠨ ᠳᠠᠭᠠᠭᠤᠯᠬᠤ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠤᠯᠤᠭᠠᠨ ᠲᠠᠯ᠎ᠠ ᠵᠢᠨ ᠲᠤᠭᠤᠷᠢᠨ ᠎ᠳᠤ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠦᠬᠦ᠌ ᠲᠠᠯ᠎ᠠ ᠎ᠪᠠᠷ ᠭᠦᠨᠵᠡᠭᠡᠢ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ ᠎ᠤ ᠣᠷᠣᠨ ᠰᠠᠭᠤᠴᠠ ᠪᠠ ᠬᠣᠲᠠ ᠬᠥᠳᠡᠭᠡ ᠎ᠶ᠋ᠢᠨ ᠪᠥᠲᠥᠭᠡᠨ ᠪᠠᠢᠭᠤᠯᠤᠯᠲᠠ ᠎ᠶ᠋ᠢᠨ ᠲᠢᠩᠬᠢᠮ ᠎ᠦᠨ ᠣᠷᠣᠨ ᠰᠠᠭᠤᠴᠠ ᠎ᠶ᠋ᠢᠨ ᠪᠠᠲᠤᠯᠠᠭ᠎ᠠ ᠬᠢᠭᠡᠳ ᠨᠡᠢᠲᠡ ᠎ᠶ᠋ᠢᠨ ᠬᠤᠷᠠᠮᠳᠤᠭᠤᠯᠭ᠎ᠠ ᠎ᠶ᠋ᠢᠨ ᠮᠥᠩᠭᠥ ᠎ᠶ᠋ᠢᠨ ᠬᠢᠨᠠᠯᠲᠠ ᠬᠠᠮᠢᠶᠠᠷᠤᠯᠲᠠ ᠎ᠶ᠋ᠢᠨ ᠭᠠᠵᠠᠷ ᠎ᠤᠨ ᠳᠠᠷᠤᠭ᠎ᠠ ᠸᠠᠩ ᠳ᠋ᠠᠨ ᠶᠠᠩ᠂ ᠤᠬᠠᠭᠤᠯᠤᠨ ᠲᠠᠢᠯᠪᠤᠷᠢᠯᠠᠬᠤ ᠎ᠶ᠋ᠢ ᠰᠤᠨᠤᠰᠤᠭᠠᠳ ᠲᠥᠷᠥᠭ᠌ᠳᠡᠯ ᠭᠦᠨ ᠂ ᠣᠯᠤᠯᠲᠠ ᠶᠡᠬᠡ ᠪᠠᠢᠨ᠎ᠠ᠃ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ ᠎ᠶ᠋ᠢᠨ ᠣᠨᠣᠯ ᠎ᠤᠨ ᠲᠤᠬᠠᠶ ᠨᠠᠩ ᠭᠦᠨᠵᠡᠭᠡᠶ ᠣᠢᠯᠠᠭᠠᠭᠤᠯᠤᠭᠰᠠᠨ ᠪᠥᠭᠡᠳ ᠬᠣᠢᠱᠢᠳᠠ ᠎ᠶ᠋ᠢᠨ ᠠᠵᠢᠯ᠎ᠤᠨ ᠴᠢᠭ᠌ᠯᠡᠯ ᠎ᠢ ᠲᠣᠳᠣᠷᠬᠠᠶ ᠵᠢᠭᠠᠵᠤ ᠦᠭᠴᠡᠢ ᠬᠡᠯ᠎ᠡ᠃ ᠲᠡᠷᠡ᠂ ᠪᠢᠳᠡ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠷᠠᠳ ᠲᠦᠮᠡᠨ ᠎ᠢᠶᠡᠷ ᠭᠤᠤᠯ ᠪᠣᠯᠭᠠᠬᠤ ᠎ᠶ᠋ᠢ ᠪᠠᠷᠢᠮᠲᠠᠯᠠᠨ᠂ ᠪᠠᠲᠤᠯᠠᠭ᠎ᠠ ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠂ ᠣᠯᠠᠨ ᠨᠡᠢᠲᠡ ᠎ᠶ᠋ᠢᠨ ᠲᠦᠷᠢᠶᠡᠰᠦᠨ ᠣᠷᠣᠨ ᠰᠠᠭᠤᠴᠠ᠂ ᠬᠠᠮᠲᠤ ᠎ᠵᠢᠨ ᠥᠮᠴᠢᠯᠡᠯ᠎ᠤᠨ ᠡᠷᠬᠡ ᠪᠥᠬᠥᠶ ᠣᠷᠣᠨ ᠰᠠᠭᠤᠴᠠ ᠎ᠪᠠᠷ ᠭᠤᠤᠯ ᠪᠣᠯᠭᠠᠭ᠍ᠰᠠᠨ ᠣᠷᠣᠨ ᠰᠠᠭᠤᠴᠠ ᠎ᠶ᠋ᠢᠨ ᠪᠠᠲᠤᠯᠠᠭ᠎ᠠ ᠎ᠶ᠋ᠢᠨ ᠱᠢᠰᠲ᠋ᠧᠮ ᠎ᠢ ᠲᠦᠷᠭᠡᠪᠴᠢᠯᠡᠨ ᠪᠠᠢᠭᠤᠯᠵᠤ ᠂ ᠣᠷᠣᠨ ᠰᠠᠭᠤᠴᠠ ᠎ᠶ᠋ᠢᠨ ᠪᠠᠲᠤᠯᠠᠭ᠎ᠠ ᠎ᠶ᠋ᠢᠨ ᠴᠢᠳᠠᠪᠤᠷᠢ ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠣᠷᠣᠨ ᠰᠠᠭᠤᠴᠠ ᠪᠠ ᠬᠣᠲᠠ ᠬᠥᠳᠡᠭᠡ ᠎ᠶ᠋ᠢᠨ ᠪᠥᠲᠥᠭᠡᠨ ᠪᠠᠢᠭᠤᠯᠤᠯᠲᠠ ᠎ᠶ᠋ᠢᠨ ᠦᠶ᠋ᠯᠡᠰ ᠎ᠦᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠳᠤᠮᠳᠠ ᠠᠷᠠᠳ ᠎ᠤᠨ ᠠᠮᠢᠳᠤᠷᠠᠯ ᠎ᠢ ᠪᠠᠲᠤᠯᠠᠨ ᠰᠠᠢᠵᠢᠷᠠᠭᠤᠯᠤᠨ᠎ᠠ ᠭᠡᠵᠦ ᠢᠯᠡᠷᠭᠡᠢᠯᠡᠵᠦ ᠪᠠᠢᠯ᠎ᠠ᠃

ᠥᠪᠡᠷᠲᠡᠭᠡᠨ ᠵᠠᠰᠠᠬᠤ ᠣᠷᠣᠨ ᠎ᠤ ᠬᠤᠲᠠ ᠬᠥᠳᠡᠭᠡ ᠎ᠶ᠋ᠢᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠎ᠤ ᠬᠥᠭ᠌ᠵᠢᠯᠲᠡ ᠎ᠶ᠋ᠢ ᠠᠬᠢᠭᠤᠯᠬᠤ ᠲᠥᠪ ᠎ᠦᠨ ᠳᠡᠳ᠋ ᠡᠷᠬᠢᠯᠡᠭ᠌ᠴᠢ ᠯᠢ ᠱᠤᠸᠠᠢ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭᠠᠨ ᠎ᠤ ᠲᠤᠬᠠᠢ ᠲᠠᠨᠢᠯᠲᠠ ᠪᠠ ᠣᠢᠯᠠᠭᠠᠯᠲᠠ ᠎ᠶ᠋ᠢ ᠭᠦᠨᠵᠡᠭᠡᠢᠷᠡᠭᠦᠯᠪᠡ ᠂ ᠪᠢᠳᠡ ᠤᠬᠠᠮᠰᠠᠷ᠎ᠠᠴᠠ ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠎ᠪᠠᠨ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠎ᠶ᠋ᠢ ᠬᠣᠲᠠ ᠬᠥᠳᠡᠭᠡ ᠎ᠶ᠋ᠢᠨ ᠣᠷᠣᠱᠢᠨ ᠰᠠᠭᠤᠷᠢᠰᠢᠬᠤ ᠣᠷᠴᠢᠨ ᠲᠣᠭᠣᠷᠢᠨ᠎ᠤ ᠶᠠᠰᠤ ᠴᠢᠨᠠᠷ ᠎ᠢ  ᠳᠡᠭᠡᠭ᠌ᠰᠢᠯᠡᠭᠦᠯᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠷᠠᠳ ᠲᠦᠮᠡᠨ᠎ᠦ ᠬᠣᠲᠠ ᠎ᠶ᠋ᠢ ᠠᠷᠠᠳ ᠲᠦᠮᠡᠨ ᠪᠠᠢᠭᠤᠯᠬᠤ᠂ ᠠᠷᠠᠳ ᠲᠦᠮᠡᠨ᠎ᠤ ᠬᠣᠲᠠ ᠨᠢ ᠠᠷᠠᠳ ᠲᠦᠮᠡᠨ ᠎ᠦ ᠲᠥᠯᠥᠭᠡ ᠪᠠᠢᠬᠤ ᠵᠢ ᠪᠠᠷᠢᠮᠳᠠᠯᠠᠵᠤ᠂ ᠬᠣᠲᠠ᠎ᠶ᠋ᠢᠨ ᠪᠤᠬᠢᠷ ᠤᠰᠤ  ᠎ᠶ᠋ᠢ ᠠᠷᠢᠯᠭᠠᠬᠤ ᠂ ᠬᠣᠲᠠ ᠎ᠶ᠋ᠢ  ᠱᠢᠨᠡᠳᠭᠡᠬᠦ᠌ ᠠᠵᠢᠯᠯᠠᠭ᠎ᠠ ᠎ᠶ᠋ᠢ ᠬᠡᠷᠡᠭᠵᠢᠭᠦᠯᠬᠦ ᠂ ᠬᠣᠲᠠ᠎ᠶ᠋ᠢᠨ ᠰᠠᠭᠤᠷᠢ ᠲᠦᠭᠦᠭᠡᠷᠦᠮᠵᠢ ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠬᠠᠬᠤ᠂ ᠬᠣᠲᠠ ᠬᠥᠳᠡᠭᠡ᠎ᠶ᠋ᠢᠨ ᠬᠥᠮᠦᠰ ᠎ᠦᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠎ᠢ ᠴᠡᠭ᠌ᠴᠡᠯᠡᠨ ᠵᠠᠰᠠᠬᠤ ᠎ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠵᠤ ᠂ ᠣᠷᠣᠱᠢᠨ ᠰᠠᠭᠤᠷᠢᠰᠢᠬᠤ᠎ᠳᠤ ᠲᠤᠬᠢᠷᠠᠮᠵᠢᠲᠠᠢ ᠂ ᠤᠶᠠᠨ ᠴᠢᠨᠠᠷ ᠲᠠᠢ᠂ ᠤᠶᠤᠨᠲᠤ ᠬᠤᠳᠠ ᠵᠢ ᠴᠢᠷᠮᠠᠢᠨ ᠪᠦᠲᠦᠭᠡᠨ ᠪᠠᠢᠭᠤᠯᠵᠤ ᠂ ᠨᠠᠮ ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠦᠨᠡᠨ ᠬᠦ᠌ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ 》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号