ᠦᠦᠱᠢᠨ ᠬᠤᠱᠢᠭᠤᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠺᠠᠳ᠋ᠷ ᠣᠯᠠᠨ ᠲᠦᠮᠡᠨ ᠥᠢᠷ᠎ᠠ᠎ᠵᠢᠨ ᠡᠳᠣᠷᠡᠴᠨ ᠨᠠᠭᠠᠰᠢ ᠲᠧᠯᠸᠢᠰ᠂ ᠷᠠᠳᠢᠣ᠋᠂ ᠰᠦᠯᠵᠢᠶ᠎ᠡ ᠵᠡᠷᠭᠡ᠎ᠪᠠᠷ ᠪᠣᠶᠣ ᠶᠠᠷᠢᠯᠴᠠᠬᠤ ᠬᠣᠷᠠᠯ ᠬᠢᠬᠥ᠌ ᠵᠡᠷᠬᠡ ᠬᠡᠯᠪᠡᠷᠢ ᠪᠡᠷ ᠨᠠᠮ᠎ᠦᠨ ᠬᠣᠷᠢᠳᠣᠭᠠᠷ ᠣᠳᠠᠭᠠᠨᠦ ᠶᠡᠭᠡ ᠬᠤᠷᠠᠯ᠎ᠤᠨ ᠵᠣᠷᠢᠬ ᠰᠠᠨᠠᠭ᠎ᠠ᠎ᠶ᠋ᠢ ᠨᠠᠷᠢᠨ ᠬᠢᠨᠠᠮᠠᠭᠠᠶ ᠰᠣᠷᠣᠯᠴᠠᠵᠤ ᠪᠠᠢᠨ᠎ᠠ᠃
ᠦᠤᠱᠢᠨ ᠬᠤᠱᠢᠭᠤᠨ᠎ᠤ ᠵᠠᠮ ᠬᠠᠷᠢᠯᠴᠠᠭ᠎ᠠ᠂ ᠲᠡᠭᠡᠭᠡᠪᠤᠷᠢ᠎ᠶ᠋ᠢᠨ ᠲᠤᠪᠴᠢᠶᠠᠨ᠎ᠤ ᠨᠠᠮ᠎ᠤᠨ ᠲᠤᠭᠤᠢᠯᠠᠩ᠎ᠤᠨ ᠱᠦᠵᠢ᠂ ᠲᠤᠪᠴᠢᠶᠠᠨ ᠲᠠᠷᠤᠭ᠎ᠠ ᠬᠤᠷᠢᠶᠠᠯᠲᠠ᠄ 《ᠶᠡᠷᠣᠩᠬᠡᠢ ᠱᠥᠵᠢᠰᠢᠶ᠋ᠢᠨ ᠫᠢᠩ ᠤ᠋ᠨ ᠨᠠᠮ᠎ᠤᠨ ᠬᠤᠷᠢᠳᠤᠭᠠᠷ ᠶᠡᠭᠡ ᠬᠤᠷᠠᠯ᠎ᠳᠤ ᠬᠢᠭ᠌ᠰᠡᠨ ᠢᠯᠡᠳᠭᠡᠯ᠎ᠢ ᠰᠣᠨᠣᠰᠤᠭᠠᠳ ᠪᠢ ᠮᠠᠰᠢ ᠤᠷᠮᠠᠱᠢᠨ ᠵᠣᠷᠢᠭ᠍ᠵᠢᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠦᠤᠰᠢᠨ ᠬᠤᠱᠢᠭᠤᠨ᠎ᠤ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠨᠢ ᠬᠥᠭ᠌ᠵᠢᠯᠲᠡ᠎ᠳᠤ ᠦᠢᠯᠡᠴᠢᠯᠡᠬᠦ᠂ ᠠᠵᠤ ᠦᠢᠯᠡᠰ᠎ᠲᠤ ᠦᠢᠯᠡᠴᠢᠯᠡᠬᠦ᠂ ᠣᠯᠠᠨ ᠲᠦᠮᠡᠨ᠎ᠳᠤ ᠦᠢᠯᠡᠴᠢᠯᠡᠬᠦ᠂ ᠶᠡᠭᠡ ᠲᠠᠯ᠎ᠠ᠎ᠳᠤ ᠦᠢᠯᠡᠴᠢᠯᠡᠬᠦ᠌ ᠵᠠᠷᠴᠢᠮ᠎ᠢ ᠪᠠᠲᠤ ᠪᠠᠬᠢ ᠪᠣᠶ ᠪᠣᠯᠭᠠᠵᠤ᠂ ᠭᠠᠯᠠᠭᠤᠲᠤ ᠪᠠᠯᠭᠠᠰᠤ᠎ᠪᠠᠷ ᠲᠥᠪ ᠪᠣᠯᠭᠠᠨ ᠡᠯ᠎ᠡ ᠰᠤᠮᠤ ᠪᠠᠯᠭᠠᠰᠤ᠂ ᠬᠦᠷᠢᠶᠡᠯᠡᠩ ᠲᠣᠭᠤᠷᠢᠭ᠎ᠢ ᠬᠤᠯᠪᠣᠭ᠍ᠰᠠᠨ 〈ᠬᠠᠭᠠᠰ ᠴᠠᠭ〉 ᠤ᠋ᠨ ᠵᠠᠮ ᠬᠠᠷᠢᠯᠴᠠᠭᠠᠨ᠎ᠤ ᠲᠣᠭᠤᠷᠢᠭ᠎ᠢ ᠢᠳᠡᠪᠬᠢᠲᠡᠶ ᠪᠠᠢᠭᠤᠯᠵᠤ᠂ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠵᠤ᠂ ᠬᠥᠷᠰᠢ ᠵᠡᠷᠭᠡᠯᠡᠳᠡᠭᠡ 7 ᠬᠤᠱᠢᠭᠤ ᠱᠢᠶᠠᠨ ᠲᠣᠭᠤᠷᠢᠭ᠎ᠲᠤ ᠨᠢᠭᠡᠳᠦᠭᠡᠷ ᠳᠡᠰ᠎ᠤᠨ ᠵᠠᠰᠠᠮᠠᠯ ᠵᠠᠮ ᠨᠡᠪᠲᠡᠷᠡᠭ᠌ᠰᠡᠨ 〈ᠨᠢᠭᠡ ᠴᠠᠭ〉 ᠤ᠋ᠨ ᠵᠠᠮ ᠬᠠᠷᠢᠯᠴᠠᠭᠠᠨ᠎ᠤ ᠲᠣᠭᠤᠷᠢᠭ᠎ᠢ ᠲᠦᠷᠭᠡᠳᠭᠡᠨ ᠪᠠᠢᠭᠤᠯᠵᠣ᠂ ᠪᠥᠬᠥ᠌ ᠬᠣᠱᠢᠭᠣᠨᠦ ᠰᠤᠮᠤ ᠪᠠᠯᠭᠠᠰᠤᠨ᠎ᠳᠤ ᠨᠢᠭᠡᠳᠦᠭᠡᠷ ᠳᠡᠰ᠎ᠤᠨ ᠵᠠᠰᠠᠮᠠᠯ ᠵᠠᠮ᠂ ᠵᠠᠰᠠᠭ ᠵᠠᠬᠢᠷᠭᠠᠨ᠎ᠤ ᠲᠣᠰᠭᠤᠨ᠎ᠳᠤ ᠴᠠᠷᠳᠠᠮᠠᠯ ᠵᠠᠮ᠂ ᠠᠶᠠᠨᠴᠢᠳ᠎ᠦᠨ ᠲᠡᠷᠭᠡ ᠭᠤᠷᠪᠠ᠎ᠶ᠋ᠢ 100% ᠪᠠᠷ ᠨᠡᠪᠲᠡᠷᠡᠭᠦᠯᠬᠦ᠌ ᠬᠠᠷᠠᠯᠲᠠ᠎ᠶ᠋ᠢ ᠪᠡᠶᠡᠯᠡᠭᠦᠯᠤᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠤᠨ ᠳᠠᠮᠵᠢᠭᠤᠯᠣᠨ ᠰᠠᠴᠤᠷᠠᠭᠤᠯᠬᠤ ᠲᠥᠪ᠎ᠤᠨ ᠦᠦᠱᠢᠨ ᠬᠣᠱᠢᠭᠣᠨᠦ 854 ᠬᠤᠷᠢᠶ᠎ᠠ᠎ᠶ᠋ᠢᠨ ᠳᠡᠳ᠋ ᠳᠠᠷᠤᠭ᠎ᠠ ᠵᠠᠩ ᠵᠢᠶᠦ᠋ᠨ᠄ 《ᠶᠡᠷᠣᠩᠬᠡᠢ ᠱᠥᠵᠢᠰᠢᠶ᠋ᠢᠨ ᠫᠢᠩ ᠤ᠋ᠨ ᠨᠠᠮ᠎ᠤᠨ ᠬᠤᠷᠢᠳᠤᠭᠠᠷ ᠶᠡᠭᠡ ᠬᠤᠷᠠᠯᠳ᠋ᠦ ᠬᠢᠭᠰᠡᠨ ᠢᠯᠡᠳᠭᠡᠯ ᠢ ᠰᠣᠨᠣᠰᠣᠭᠠᠳ ᠮᠠᠰᠢ ᠤᠷᠮᠠᠱᠢᠨ ᠵᠣᠷᠢᠭ᠍ᠵᠢᠪᠠ᠃ ᠢᠯᠡᠳᠭᠡᠯ᠎ᠳᠤ᠂ ᠪᠦᠬᠦ᠌ ᠨᠡᠢᠭᠡᠮ ᠤᠨ ᠪᠣᠯᠪᠠᠰᠤᠨ ᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠵᠤ᠂ ᠭᠡᠷ ᠪᠦᠯᠢ᠎ᠶ᠋ᠢᠨ ᠬᠥᠮᠦᠵᠢᠯ ᠭᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠶᠡᠭᠡ ᠶᠣᠰᠣ᠎ᠶ᠋ᠢ ᠮᠡᠳᠡᠬᠦ᠂ ᠨᠡᠢᠲᠡ᠎ᠶ᠋ᠢᠨ ᠶᠣᠰᠣ᠎ᠶ᠋ᠢ ᠰᠠᠬᠢᠬᠤ᠂ ᠬᠤᠪᠢ᠎ᠶ᠋ᠢᠨ ᠶᠣᠰᠣ ᠰᠤᠷᠲᠠᠬᠤᠨ᠎ᠢ ᠴᠢᠩᠳᠠᠯᠠᠬᠤ᠎ᠶ᠋ᠢ ᠠᠬᠢᠭᠤᠯᠵᠤ᠂ ᠠᠷᠠᠳ ᠲᠦᠮᠡᠨ᠎ᠤ ᠶᠣᠰᠣ ᠰᠤᠷᠲᠠᠬᠤᠨ᠎ᠤ ᠲᠦᠪᠱᠢᠨ ᠪᠠ ᠪᠣᠯᠪᠠᠰᠤᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠤ᠂ ᠨᠠᠮ᠎ᠤᠨ ᠷᠠᠳᠢᠣ᠋ ᠲᠧᠯᠸᠢᠰ᠎ᠤᠨ ᠦᠢᠯᠡᠰ᠎ᠲᠤ ᠥᠪᠡᠷ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠢᠯᠡᠤᠡᠭᠡᠪᠡ᠃
ᠦᠤᠱᠢᠨ ᠬᠤᠱᠢᠭᠤᠨ᠎ᠤ ᠱᠢᠷᠬᠤᠰᠤᠨ ᠪᠠᠯᠭᠠᠰᠤᠨ ᠤ ᠪᠠᠲᠤ ᠶ᠋ᠢᠨ ᠲᠤᠬᠤᠢ ᠲᠤᠰᠭᠤᠨ᠎ᠤ ᠠᠬᠠᠮᠠᠳ ᠨᠠᠮ᠎ᠤᠨ ᠬᠡᠱᠢᠭᠦᠨ ᠪᠠᠢ ᡁᠢ ᠸᠧᠨ᠄ 《ᠶᠡᠷᠣᠩᠬᠡᠢ ᠱᠥᠵᠢ ᠰᠢ᠎ᠶ᠋ᠢᠨ ᠫᠢᠩ ᠤ᠋ᠨ ᠨᠠᠮ᠎ᠤᠨ ᠬᠤᠷᠢᠳᠤᠭᠠᠷ ᠶᠡᠭᠡ ᠬᠤᠷᠠᠯ᠎ᠳᠤ ᠬᠢᠭ᠌ᠰᠡᠨ ᠢᠯᠡᠳᠭᠡᠯ᠎ᠢ ᠲᠠᠬᠢᠨ ᠲᠠᠪᠳᠠᠨ ᠬᠡᠳᠣ ᠣᠳᠠᠭ᠎ᠠ ᠰᠣᠨᠣᠰᠪᠠ᠃ ᠠᠬᠠᠮᠠᠳ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠤᠪᠢᠰᠭᠠᠯ᠎ᠤᠨ ᠦᠯᠢᠭᠡᠷ᠎ᠢ ᠰᠠᠢᠲᠤᠷ ᠶᠠᠷᠢᠵᠤ ᠨᠡᠩ ᠤᠯᠠᠨ ᠬᠥᠮᠦᠰ᠎ᠲᠤ ᠨᠠᠮᠴᠢ ᠴᠢᠨᠠᠷ᠎ᠤᠨ ᠬᠥᠮᠦᠵᠢᠯ᠂ ᠤᠯᠤᠰ᠎ᠢᠶᠠᠨ ᠬᠠᠢᠷᠠᠯᠠᠬᠤ ᠬᠥᠮᠦᠵᠢᠯ ᠢ ᠬᠦᠷᠲᠡᠭᠡᠬᠦ ᠪᠡᠷ ᠦᠷᠭᠦᠯᠵᠢᠯᠡᠨ ᠴᠢᠷᠮᠡᠢ᠌ᠨᠠ 》 ᠬᠡᠵᠣ ᠰᠠᠳᠭᠢᠯ ᠳᠣᠬ᠍ᠳᠣᠯᠣᠨ ᠬᠡᠯᠡᠨ᠎ᠠ᠃