ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠶᠠᠨᠨᠠᠭᠤᠷ ᠬᠤᠳᠠ ᠬᠢᠩᠭᠠᠨ ᠠᠢᠮᠠᠭ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
2022-12-19 12:27:26
ᠵᠣᠬᠢᠶᠠᠭ᠍ᠴᠢ᠄
ᠲᠡᠭᠦᠰᠪᠢᠯᠢᠭ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠶᠠᠨᠨᠠᠭᠤᠷ ᠬᠤᠳᠠ᠂ ᠬᠢᠩᠭᠠᠨ ᠠᠢᠮᠠᠭ᠎ᠲᠤ ᠬᠦᠷᠴᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠪᠠᠶᠠᠨᠨᠠᠭᠤᠷ ᠬᠤᠳᠠ᠎ᠶ᠋ᠢᠨ ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠱᠦᠵᠢ ᠴᠧᠨ ᠱᠢᠶᠤᠤ ᠳ᠋ᠦᠩ ᠪᠠᠶᠠᠨᠨᠠᠭᠤᠷ ᠬᠤᠳᠠ᠎ᠶ᠋ᠢᠨ ᠥᠷᠭᠡᠨ ᠤᠯᠠᠨ ᠺᠠᠳ᠋ᠷ ᠤᠯᠠᠨ ᠲᠦᠮᠡᠨ᠎ᠳᠦ 《ᠱᠢᠨ᠎ᠡ ᠱᠠᠳᠤ ᠦᠶ᠎ᠡ ᠱᠢᠨ᠎ᠡ ᠠᠶᠠᠨ᠎ᠳᠡᠬᠢ ᠪᠦᠯᠬᠦᠮᠳᠡᠨ ᠲᠡᠮᠡᠴᠡᠬᠦ᠌ ᠠᠭᠤᠤ ᠶᠡᠬᠡ ᠲᠤᠩᠬᠠᠭ》 ᠭᠡᠬᠦ᠌ ᠭᠠᠷᠴᠠᠭ ᠲᠠᠢ ᠲᠤᠰᠭᠠᠢ ᠰᠡᠳᠦᠪᠲᠦ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠪᠡ᠃ ᠲᠡᠷᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠥᠩᠭᠡᠷᠡᠭ᠌ᠰᠡᠨ 5 ᠵᠢᠯ᠎ᠦᠨ ᠠᠵᠢᠯ ᠪᠣᠯᠤᠨ ᠱᠢᠨ᠎ᠡ ᠴᠠᠭ ᠦᠶ᠎ᠡ᠎ᠶ᠋ᠢᠨ 10 ᠵᠢᠯ᠎ᠦᠨ ᠠᠭᠤᠤ ᠶᠡᠬᠡ ᠬᠤᠪᠢᠰᠤᠯᠲᠠ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠱᠢᠨ᠎ᠡ ᠠᠬᠤᠢ ᠪᠠᠢᠳᠠᠯ᠎ᠢ ᠨᠡᠭᠡᠭᠡᠬᠦ᠂ ᠥᠪᠥᠷ ᠮᠣᠩᠭᠣᠯ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠤᠯᠤᠭᠠᠨ ᠲᠠᠯ᠎ᠠ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠠᠨ ᠭᠦᠨᠵᠡᠭᠡᠢ ᠲᠠᠢᠯᠤᠮᠵᠢ ᠬᠢᠪᠡ᠃

ᠴᠧᠨ ᠱᠢᠶᠤᠤ ᠳ᠋ᠦᠩ ᠪᠠᠰᠠ ᠯᠢᠨ ᠾᠧ ᠲᠣᠭᠣᠷᠢᠭ᠎ᠤᠨ ᠵᠢᠨᠴᠤᠸᠠᠨ ᠬᠡᠷᠡᠭ ᠡᠷᠬᠢᠯᠡᠬᠦ᠌ ᠭᠠᠵᠠᠷ᠎ᠤᠨ ᠵᠢᠶᠠᠩ ᠯᠢᠨ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠂ ᠺᠠᠳ᠋ᠷ᠂ ᠤᠯᠠᠨ ᠲᠦᠮᠡᠨ᠎ᠦ ᠲᠥᠯᠥᠭᠡᠯᠡᠭ᠌ᠴᠢ ᠪᠣᠯᠤᠨ ᠵᠠᠯᠠᠭᠤᠴᠤᠳ᠎ᠤᠨ ᠲᠥᠯᠥᠭᠡᠯᠡᠭ᠌ᠴᠢᠳ᠎ᠲᠡᠶ ᠳᠣᠲᠣᠨᠣ᠎ᠪᠠᠷ ᠬᠤᠷᠰᠢᠯᠴᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠪᠠᠶᠠᠯᠢᠭ᠂ ᠲᠠᠢᠯᠪᠤᠷᠢᠯᠠᠯᠳᠠ ᠭᠦᠨᠵᠡᠭᠡᠢ᠂ ᠮᠠᠰᠢ ᠥᠨᠳᠥᠷ ᠤᠨᠤᠯ᠎ᠤᠨ ᠵᠢᠯᠣᠭᠣᠳᠭᠤ ᠴᠢᠨᠠᠷ᠎ᠲᠠᠶ ᠪᠥᠭᠡᠳ ᠪᠠᠰᠠ ᠮᠠᠰᠢ ᠴᠢᠩᠭ᠎ᠠ ᠠᠬᠤᠢᠴᠢ ᠬᠠᠨᠳᠤᠯᠭᠠᠲᠤ ᠴᠢᠨᠠᠷ᠎ᠲᠠᠶ ᠪᠠᠢᠵᠤ᠂ ᠭᠦᠨᠵᠡᠭᠡᠢ ᠬᠥᠮᠦᠵᠢᠯ ᠪᠠ ᠰᠡᠩᠬᠡᠷᠡᠭᠦᠯᠦᠯ ᠣᠯᠵᠠᠢ ᠭᠡᠵᠦ᠍ ᠤᠯᠠᠨ᠎ᠢᠶᠠᠷ᠎ᠢᠶᠠᠨ ᠰᠠᠨᠠᠯ ᠨᠢᠭᠡᠲᠡᠢ ᠦᠵᠡᠵᠡᠭᠡᠪᠡ᠃ ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠣᠷᠢᠭ᠎ᠤᠨ ᠵᠢᠨᠴᠤᠸᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠨᠠᠮ᠎ᠤᠨ ᠠᠵᠢᠯᠯᠠᠬᠤ ᠬᠣᠷᠢᠶᠠᠨ᠎ᠤ ᠱᠦᠵᠢ ᠯᠢᠦ ᠯᠢ ᠱᠢᠶᠠᠨ᠄ 《ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠰᠠᠨᠠᠭᠠᠴᠢᠯᠠᠭ᠎ᠠ ᠡᠴᠡ ᠪᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠤᠬᠠᠭᠤᠯᠬᠤ ᠦᠨᠳᠦᠰᠦᠨ ᠱᠠᠲᠤᠨ᠎ᠤ 〈ᠣᠷᠣᠯᠠᠨ ᠥᠭᠦᠯᠡᠭ᠌ᠴᠢ〉 ᠪᠣᠯᠬᠤ ᠬᠡᠷᠡᠭ᠌ᠲᠡᠢ᠂ ᠳᠠᠷᠠᠭᠠᠴᠢ ᠪᠡᠷ ᠪᠢ ᠨᠠᠷᠢᠨ ᠬᠢᠨᠠᠮᠠᠭᠠᠢ ᠪᠣᠳᠣᠯᠬᠢᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ᠎ᠪᠠᠷ ᠭᠤᠤᠯ ᠱᠢᠵᠢᠮ ᠪᠣᠯᠭᠠᠵᠤ᠂ ᠵᠢᠨᠴᠤᠸᠠᠨ ᠵᠡᠭᠡᠯᠢ ᠭᠤᠳᠤᠮᠵᠢ᠎ᠶ᠋ᠢᠨ ᠡᠯ᠎ᠡ ᠵᠦᠶ᠋ᠯ᠎ᠦᠨ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠂〈ᠣᠶᠤᠨᠴᠢ ᠨᠡᠢᠭᠡᠮ ᠲᠣᠭᠣᠷᠢᠭ〉ᠤ᠋ᠨ ᠬᠠᠮᠢᠶᠠᠷᠤᠯᠲᠠ ᠦᠶ᠋ᠯᠡᠴᠢᠯᠡᠭᠡᠨ᠎ᠦ ᠲᠠᠪᠴᠠᠩ ᠪᠠ ᠶᠡᠷᠦᠩᠬᠡᠢᠯᠡᠭ᠌ᠰᠡᠨ ᠴᠢᠨᠠᠷᠲᠠᠶ ᠨᠠᠰᠤᠵᠢᠯ᠎ᠤᠨ ᠠᠰᠠᠷᠠᠮᠵᠢ  ᠵᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠤᠨ᠎ᠠ》 ᠭᠡᠵᠡᠢ᠃

ᠬᠢᠩᠭᠠᠨ ᠠᠢᠮᠠᠭ᠎ᠤᠨ ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠭᠡᠷ)ᠤ᠋ᠨ ᠳᠡᠳ᠋ ᠡᠷᠬᠢᠯᠡᠭ᠌ᠴᠢ ᠵᠠᠩ ᠶᠢᠩ ᠼᠦᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠭᠣᠣᠯ ᠦᠷ᠎ᠡ ᠪᠦᠳᠤᠮᠵᠢ ᠪᠣᠯᠤᠨ ᠴᠢᠬᠤᠯᠠ ᠶᠡᠬᠡ ᠠᠴᠢ ᠬᠣᠯᠪᠣᠭ᠍ᠳᠠᠯ᠂ ᠥᠩᠭᠡᠷᠡᠭ᠌ᠰᠡᠨ 5 ᠵᠢᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠱᠢᠨ᠎ᠡ ᠴᠠᠭ ᠦᠶ᠎ᠡ᠎ᠶ᠋ᠢᠨ 10 ᠵᠢᠯ᠎ᠦᠨ ᠠᠭᠤᠤ ᠶᠡᠬᠡ ᠬᠤᠪᠢᠰᠤᠯᠲᠠ ᠵᠡᠷᠭᠡ ᠲᠠᠯ᠎ᠠ᠎ᠵᠢᠨ ᠲᠤᠭᠤᠷᠢᠨ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠡᠮᠬᠢᠯᠡᠵᠦ᠍ ᠭᠦᠨᠵᠡᠭᠡᠢ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠭᠡᠳ᠎ᠤᠨ ᠬᠣᠯᠪᠣᠭᠠᠳᠤ ᠬᠤᠷᠠᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠰᠠᠢᠨᠴᠤᠭ᠍ᠲᠤ᠄ 《ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠢᠯᠡᠭᠦᠬᠡᠨ ᠤᠢᠯᠠᠭᠠᠨ᠎ᠠ᠂ ᠣᠷᠣᠨ᠎ᠤ ᠪᠠᠢᠳᠠᠯ ᠠᠢᠮᠠᠭ᠎ᠤᠨ ᠪᠠᠢᠳᠠᠯ᠎ᠳᠠᠭᠠᠨ ᠰᠠᠭᠤᠷᠢᠯᠠᠵᠤ᠂ ᠬᠢᠩᠭᠠᠨ ᠠᠢᠮᠠᠭ᠎ᠤᠨ ᠬᠦᠷᠲᠡᠭᠰᠡᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠂〈ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ〉ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠵᠡᠷᠭᠡ᠎ᠵᠢᠨ ᠲᠤᠭᠤᠷᠢᠨ᠎ᠳᠤ ᠭᠦᠨᠵᠡᠭᠡᠶ ᠰᠤᠳᠤᠯᠤᠨ ᠲᠠᠢᠯᠪᠤᠷᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠩᠭᠠᠨ᠎ᠤ ᠡᠬᠡ ᠭᠠᠵᠠᠷ᠎ᠲᠤ ᠲᠤᠭᠤᠰᠢᠯᠠᠭᠤᠯᠤᠨ ᠨᠠᠢᠳᠠᠪᠦᠷᠢᠵᠢᠭᠤᠯᠵᠤ ᠦᠷ᠎ᠡ ᠪᠦᠲᠦᠮᠵᠢ ᠭᠠᠷᠭᠠᠨ᠎ᠠ》 ᠭᠡᠵᠦ ᠭᠦᠨ ᠲᠦᠷᠦᠭᠳᠡᠯ ᠲᠠᠢ ᠬᠡᠯᠡᠪᠡ᠃

ᠤᠬᠠᠭᠤᠯᠤᠨ ᠲᠠᠢᠯᠪᠤᠷᠢᠯᠠᠬᠤ ᠬᠤᠭᠤᠴᠠᠭᠠᠨ᠎ᠳᠤ᠂ ᠵᠠᠩ ᠶᠢᠩ ᠼᠦᠨ ᠪᠠᠰᠠ ᠲᠦᠴᠢᠦᠸᠠᠨ ᠱᠢᠶᠠᠨ᠎ᠤ᠎ᠲᠠᠶ ᠫᠢᠩ ᠱᠢᠶᠠᠩ᠎ᠳᠤ ᠬᠦᠷᠴᠦ᠍᠂ ᠦᠨᠳᠦᠰᠦᠨ ᠱᠠᠲᠤᠨ᠎ᠤ ᠺᠠᠳ᠋ᠷ᠂ ᠮᠠᠯᠴᠢᠨ ᠲᠠᠷᠢᠶᠠᠴᠢᠨ᠎ᠤ ᠲᠥᠯᠥᠭᠡᠯᠡᠭ᠌ᠴᠢᠳ᠎ᠲᠡᠶ ᠬᠠᠮᠲᠤ ᠰᠠᠭᠤᠯᠴᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠭᠤᠵᠢᠷᠠᠲᠠᠯ᠎ᠠ ᠶᠠᠷᠢᠯᠴᠠᠪᠠ᠃

ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠨᠢ ᠲᠦᠴᠢᠦᠸᠠᠨ ᠱᠢᠶᠠᠨ᠎ᠤ ᠵᠢᠨ ᠵᠦ᠍ ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ᠎ᠶ᠋ᠢᠨ ᠳᠠᠷᠤᠭ᠎ᠠ ᠭᠤᠤ᠎ᠶ᠋ᠢᠨ ᠵᠦ᠍ ᠵᠢ ᠶᠡᠬᠡᠳᠡ ᠰᠡᠩᠬᠡᠷᠡᠭᠦᠯᠪᠡ᠃ ᠲᠡᠷᠡ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠲᠠᠷᠢᠮᠠᠯ᠎ᠤᠨ ᠲᠥᠷᠥᠯ ᠵᠦᠶ᠋ᠯ᠎ᠤᠨ ᠱᠢᠯᠢᠳᠡᠭ᠎ᠢ ᠨᠢ ᠰᠣᠩᠭᠣᠬᠤ᠂ ᠬᠥᠷᠥᠰᠥ᠎ᠶ᠋ᠢ ᠱᠢᠨᠵᠢᠨ ᠪᠣᠷᠲᠣᠭᠣᠷ ᠲᠣᠬᠢᠷᠠᠭᠤᠯᠬᠤ᠂ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠬᠤ ᠵᠡᠷᠭᠡ ᠱᠢᠨ᠎ᠡ ᠮᠡᠷᠭᠡᠵᠢᠯ᠎ᠢ ᠵᠢᠱ᠌ᠢᠶ᠎ᠡ ᠦᠵᠡᠭᠦᠯᠦᠨ ᠥᠷᠨᠢᠭᠦᠯᠵᠦ᠍᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠠᠮᠤ ᠪᠤᠳᠠᠭᠠᠨ᠎ᠤ ᠤᠨᠠᠯᠲᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃ ᠡᠭᠦᠨ᠎ᠦ ᠬᠠᠮᠲᠤ᠂ ᠡᠯᠧᠺᠲ᠋ᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢ ᠰᠠᠢᠲᠤᠷ ᠡᠵᠡᠩᠨᠡᠵᠦ᠍᠂ ᠲᠠᠶ ᠫᠢᠩ ᠨᠠᠷᠢᠮᠤ᠂ ᠲᠠᠶ ᠫᠢᠩ ᠬᠦᠷᠡᠩ ᠰᠠᠷᠢᠮᠰᠠᠭ᠂ ᠵᠢᠨ ᠵᠦ᠍ ᠠᠮᠲᠠᠲᠤ ᠲᠤᠳᠤᠷᠭ᠎ᠠ ᠵᠡᠷᠭᠡ ᠤᠷᠤᠨ ᠨᠤᠳᠤᠭ᠎ᠤᠨ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠢ 《ᠭᠠᠳᠠᠭ᠍ᠰᠢ ᠭᠠᠷᠭᠠᠵᠤ》᠂ ᠨᠠᠩ ᠣᠯᠠᠨ ᠠᠷᠠᠳ ᠢᠷᠭᠡᠳ᠎ᠢ ᠳᠠᠭᠠᠭᠤᠯᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠤᠨ᠎ᠠ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号