ᠣᠢᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃
ᠬᠥᠬᠡᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶᠠᠨ᠎ᠤ ᠪᠠᠢᠩᠭᠤ᠎ᠶᠢᠨ ᠳᠡᠳ᠋ ᠱᠦᠵᠢ ᠯᠢ ᠭᠠᠩ 《ᠲᠤᠭ᠎ᠢ ᠥᠨᠳᠥᠷ ᠮᠠᠨᠳᠤᠭᠤᠯᠵᠤ ᠤᠮᠤᠭ ᠵᠤᠷᠢᠭ ᠪᠠᠲᠠᠷᠠᠩᠭᠤᠢ ᠪᠡᠷ ᠡᠷᠡᠯᠭᠡᠭᠯᠡᠨ ᠲᠡᠮᠡᠴᠡᠵᠦ ᠨᠡᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ᠂ ᠪᠦᠬᠦ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠬᠤ ᠵᠢᠴᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠰᠢᠰᠲᠧᠮ᠎ᠲᠠᠢ ᠲᠤᠲᠤᠷᠬᠠᠢᠯᠠᠬᠰᠠᠨ ᠪᠦᠭᠡᠳ ᠭᠦᠨᠵᠡᠭᠡᠢ ᠲᠠᠢᠯᠪᠤᠷᠢᠯᠠᠵᠡᠢ᠃ ᠡᠬᠦᠨ᠎ᠤ ᠳᠠᠷᠠᠭ᠎ᠠ᠂ ᠬᠥᠬᠡᠬᠣᠲᠠ᠎ᠶᠢᠨ ᠳᠦᠷᠪᠡᠨ ᠲᠣᠭᠣᠷᠢᠭ᠋᠎ᠤᠨ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶᠠᠨ᠎ᠤ ᠬᠠᠷᠢᠭᠤᠴᠠᠯᠭᠠᠲᠠᠨ ᠨᠥᠬᠥᠳ᠂ ᠬᠤᠲᠠ᠎ᠶᠢᠨ ᠳᠦᠷᠪᠡᠨ ᠲᠣᠭᠣᠷᠢᠭ᠋᠎ᠤᠨ ᠬᠡᠰᠡᠭ ᠪᠠᠯᠭᠠᠰᠤ᠂ ᠵᠡᠭᠡᠯᠢ ᠭᠤᠳᠤᠮᠵᠢ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠭᠡᠰᠢᠭᠦᠳ᠎ᠲᠠᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
ᠬᠤᠷᠠᠯ᠎ᠳᠤ ᠣᠷᠣᠯᠴᠠᠭᠰᠠᠳ᠂ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠲᠤᠬᠠᠢ ᠨᠡᠩ ᠭᠦᠨ ᠲᠠᠨᠢᠯᠲᠠ᠎ᠲᠠᠢ ᠪᠣᠯᠵᠤ᠂ ᠲᠤᠰ ᠪᠡᠶ᠎ᠡ᠎ᠶᠢᠨ ᠬᠠᠷᠢᠭᠤᠴᠠᠯᠭ᠎ᠠ ᠬᠦᠨᠳᠦ ᠶᠡᠬᠡ ᠪᠠᠢᠬᠤ᠎ᠪᠠᠨ ᠭᠦᠨᠵᠡᠭᠡᠢ ᠣᠢᠯᠠᠭᠠᠵᠤ᠂ ᠬᠣᠢᠰᠢᠳᠠ᠎ᠶᠢᠨ ᠠᠵᠢᠯ᠎ᠤᠨ ᠲᠤᠮᠳᠠ ᠪᠠᠨ ᠢᠯᠡᠳᠬᠡᠯ᠎ᠦᠨ ᠠᠭᠤᠯᠭ᠎ᠠ᠎ᠲᠠᠢ ᠬᠠᠷᠭᠤᠭᠤᠯᠵᠤ᠂ ᠪᠣᠳᠠᠲᠠᠢ᠎ᠳᠤ ᠰᠠᠭᠤᠷᠢᠯᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠣᠢᠯᠠᠭᠠᠭᠳᠠᠬᠤᠨ᠂ ᠰᠢᠨ᠎ᠡ ᠱᠠᠭᠠᠷᠳᠠᠯᠭ᠎ᠠ᠎ᠪᠠᠷ ᠰᠢᠨ᠎ᠡ ᠪᠠᠢᠳᠠᠯ ᠳᠣᠣᠷᠠᠬᠢ ᠡᠯ᠎ᠡ ᠵᠦᠢᠯ᠎ᠦᠨ ᠠᠵᠢᠯ ᠵᠢᠡᠨ ᠰᠠᠢᠲᠤᠷ ᠬᠢᠨ᠎ᠡ ᠭᠡᠵᠦ ᠢᠯᠡᠷᠬᠡᠢᠯᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠰᠢᠭᠦᠨ᠂ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠱᠦᠵᠢ ᠪᠦᠦ ᠭᠠᠩ᠂ ᠤᠬᠠᠭᠤᠯᠤᠨ ᠲᠠᠢᠯᠪᠤᠷᠢᠯᠠᠯᠳᠠ ᠵᠢᠨ ᠮᠡᠳᠡᠭᠦᠯᠦᠯᠲᠡ ᠨᠢ ᠪᠦᠬᠦ ᠬᠤᠳᠠ᠎ᠶᠢᠨ ᠺᠠᠳ᠋ᠷᠴᠤᠳ᠎ᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠬᠤ᠂ ᠣᠨᠣᠪᠴᠢᠲᠠᠢ ᠡᠵᠡᠮᠰᠢᠬᠦ᠎ᠳᠦ ᠪᠦᠬᠦ ᠲᠠᠯ᠎ᠠ᠎ᠶᠢᠨ ᠮᠠᠰᠢ ᠰᠠᠢᠨ ᠬᠠᠪᠰᠤᠷᠤᠨ ᠵᠢᠯᠣᠭᠣᠳᠤᠯᠭ᠎ᠠ ᠪᠤᠯᠵᠤ᠂ ᠬᠤᠳᠠ ᠲᠠᠶᠠᠭᠠᠷ᠎ᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠬᠤ᠎ᠳᠤ ᠮᠠᠰᠢ ᠴᠢᠩᠭ᠎ᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠰᠤᠷᠤᠯᠴᠠᠯᠭ᠎ᠠ ᠪᠡᠷ ᠲᠠᠮᠵᠢᠨ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》᠎ᠢ᠋ᠢᠡᠨ ᠴᠢᠩᠭᠠᠳᠬᠠᠵᠤ ᠂ 《ᠲᠦᠷᠪᠡᠨ ᠢᠲᠡᠭᠡᠯ》 ᠢ᠋ᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠳᠠ ᠵᠢ ᠡᠷᠡᠰ ᠬᠡᠷᠡᠭᠵᠢᠬᠦᠯᠵᠦ᠂ ᠳᠠᠷᠤᠢᠬᠠᠨ ᠭᠦᠢᠴᠡᠳᠬᠡᠵᠦ᠂ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠯᠭ᠎ᠠ ᠪᠡᠷ ᠲᠠᠮᠵᠢᠨ᠂ ᠪᠦᠬᠦ ᠬᠤᠳᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠮᠥᠨ ᠴᠢᠨᠠᠷ ᠪᠣᠯᠣᠨ ᠡᠯᠪᠡᠭ ᠪᠠᠶᠠᠯᠢᠭ᠋ ᠠᠭᠤᠯᠤᠭᠳᠠᠬᠤᠨ᠎ᠢ ᠰᠠᠢᠲᠦᠷ ᠨᠡᠪᠳᠡᠷᠡᠳᠡᠯ᠎ᠡ ᠤᠢᠯᠠᠭᠠᠵᠤ᠂ ᠰᠤᠷᠤᠯᠴᠠᠨ ᠤᠬᠠᠭᠤᠯᠵᠤ ᠲᠠᠢᠯᠪᠤᠷᠢᠯᠠᠬᠤ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠬᠠᠯᠠᠭᠤᠨ ᠥᠷᠨᠢᠯᠲᠡ ᠭᠠᠷᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠦᠨᠡᠨᠬᠦ ᠠᠬᠢᠭᠤᠯᠬᠤ ᠬᠡᠷᠡᠭᠲᠡᠢ᠃ ᠰᠣᠷᠣᠯᠴᠠᠯᠭ᠎ᠠ ᠪᠡᠷ ᠲᠡᠮᠵᠢᠨ ᠢᠯᠡᠳᠬᠡᠯ᠎ᠦᠨ ᠵᠣᠷᠢᠭ᠋ ᠰᠠᠨᠠᠭ᠎ᠠ᠎ᠶᠢ ᠰᠠᠢᠳᠤᠷ ᠣᠢᠯᠠᠭᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠰ ᠲᠤᠰ᠎ᠤᠨ ᠬᠦᠷᠢᠶᠡᠨ᠎ᠳᠡᠬᠢ ᠡᠯ᠎ᠡ ᠠᠵᠢᠯ᠎ᠳ᠋ᠠᠭᠠᠨ ᠪᠣᠳᠠᠲᠠᠢᠵᠢᠭᠤᠯᠤᠨ ᠨᠠᠢᠳᠠᠪᠤᠷᠢᠵᠢᠭᠤᠯᠬᠤ ᠬᠡᠷᠡᠭᠲᠡᠢ; ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠲᠣᠭᠲᠠᠭᠠᠭᠰᠠᠨ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠯᠤᠭ᠎ᠠ ᠪᠦᠬᠦ ᠲᠠᠯ᠎ᠠ᠎ᠪᠠᠷ ᠪᠠᠷᠢᠮᠵᠢᠶᠠᠯᠠᠵᠦ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠶᠢ ᠨᠠᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠥᠯᠥᠪᠵᠢᠭᠦᠯᠦᠭᠰᠡᠨ ᠠᠵᠢᠯ ᠲᠠᠢ ᠪᠠᠨ ᠤᠶᠠᠯᠳᠤᠭᠤᠯᠵᠤ᠂ ᠤᠳᠤ ᠶᠠᠭ ᠬᠢᠵᠦ ᠪᠠᠢᠭ᠎ᠠ ᠠᠵᠢᠯ ᠲᠠᠢ ᠪᠠᠨ ᠤᠶᠠᠯᠳᠤᠭᠤᠯᠵᠤ᠂ ᠨᠠᠢᠳᠠᠪᠤᠷᠢᠵᠢᠭᠤᠯᠤᠯᠲᠠ᠎ᠶᠢ ᠬᠦᠴᠦᠲᠡᠢ ᠠᠳᠬᠤᠵᠤ᠂ ᠠᠷᠭ᠎ᠠ ᠪᠣᠳᠣᠯᠭ᠎ᠠ᠎ᠪᠠᠨ ᠠᠵᠢᠯᠯᠠᠬᠤ ᠠᠷᠭ᠎ᠠ ᠪᠣᠯᠭᠠᠵᠤ᠂ ᠳᠠᠢᠴᠢᠯᠠᠯᠲᠠ᠎ᠶᠢᠨ ᠵᠠᠷᠯᠢᠭ᠋᠎ᠢ ᠠᠮᠵᠢᠯᠲᠠ ᠪᠦᠲᠦᠮᠵᠢ᠎ᠶᠢᠨ ᠬᠠᠭᠤᠳᠠᠰᠤ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠤᠨ ᠵᠣᠷᠢᠭ᠋ ᠰᠠᠨᠠᠭ᠎ᠠ᠎ᠶᠢ ᠤᠷᠤᠨ᠎ᠤ ᠲᠥᠪ ᠬᠤᠳᠠ᠎ᠳᠤ ᠦᠨᠡᠨᠬᠦ ᠲᠤᠭᠤᠰᠢᠯᠠᠭᠤᠯᠤᠨ ᠨᠠᠢᠲᠠᠪᠤᠷᠢᠵᠢᠭᠤᠯᠵᠦ᠂ ᠦᠷ᠎ᠡ ᠪᠦᠲᠦᠮᠵᠢ ᠭᠠᠷᠭᠠᠬᠤ ᠵᠢ ᠪᠠᠲᠤᠯᠠᠬᠤ ᠬᠡᠷᠡᠭᠲᠡᠢ ᠬᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ᠎ᠶᠢᠨ ᠲᠢᠩᠬᠢᠮ᠎ᠳᠤ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠡᠲᠡᠭᠡᠳ᠎ᠤᠨ ᠬᠢᠨ᠎ᠤ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠦ᠍ ᠰᠢᠶᠣᠣ ᠵᠢᠶᠦ᠋ᠨ ᠨᠠᠮ᠎ᠤᠨ ᠬᠣᠷᠢᠳᠤᠭᠠᠷ ᠶᠡᠬᠡ ᠬᠤᠷᠠᠯ ᠤᠨ ᠬᠤᠷᠠᠯᠳᠤᠭᠰᠠᠨ ᠠᠬᠤᠢ ᠪᠠᠢᠳᠠᠯ ᠪᠣᠯᠣᠨ ᠣᠨᠴᠠᠯᠢᠭ᠋᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠦᠨ ᠭᠣᠣᠯ ᠠᠭᠤᠯᠭ᠎ᠠ ᠂ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠲᠣᠬᠢᠷᠠᠭᠤᠯᠤᠭᠰᠠᠨ ᠪᠠᠢᠯᠳᠤᠬᠤ ᠪᠣᠳᠣᠯᠭ᠎ᠠ᠎ᠶᠢᠨ ᠡᠭᠦᠷᠭᠡ ᠵᠡᠷᠭᠡ ᠲᠠᠯ᠎ᠠ ᠢ᠋ᠢᠨ ᠲᠤᠭᠤᠷᠢᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠤᠬᠠᠭᠤᠯᠤᠨ ᠲᠠᠢᠯᠪᠤᠷᠢᠯᠠᠭᠰᠠᠨ ᠪᠥᠭᠡᠳ ᠭᠦᠨᠵᠡᠭᠡᠢ ᠲᠤᠲᠤᠷᠬᠠᠢᠯᠠᠵᠠᠢ᠃
ᠤᠬᠠᠭᠤᠯᠤᠨ ᠲᠠᠢᠯᠪᠤᠷᠢᠯᠠᠯᠲᠠ ᠵᠢ ᠰᠤᠨᠤᠰᠤᠬᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠶᠡᠷᠦᠩᠬᠡᠢ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᠵᠠᠩ ᠬᠣᠩ ᠢ ᠄ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠱᠢᠨ᠎ᠡ ᠬᠡᠯᠪᠡᠷᠢ ᠶ᠋ᠢᠨ ᠡᠨᠧᠷᠭᠢ ᠶ᠋ᠢᠨ ᠱᠢᠰᠲ᠋ᠧᠮ ᠢ ᠲᠦᠷᠭᠡᠳᠭᠡᠨ ᠲᠥᠯᠥᠪᠵᠢᠭᠦᠯᠦᠨ᠎ᠡ ᠭᠡᠵᠦ᠍ ᠳᠤᠷᠠᠳᠴᠠᠶ᠃ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠮᠠᠨ᠎ᠤ ᠣᠷᠣᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠂ ᠡᠨᠧᠷᠭᠢ᠎ᠶ᠋ᠢᠨ ᠪᠦᠲᠦᠴᠡ᠎ᠶ᠋ᠢ ᠲᠤᠬᠢᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠌ ᠲᠠᠯ᠎ᠠ᠎ᠪᠠᠷ ᠶᠡᠬᠡ ᠬᠡᠮᠵᠢᠶᠡᠨ᠎ᠦ ᠠᠵᠢᠯ ᠬᠢᠭ᠌ᠰᠡᠨ ᠪᠥᠭᠡᠳ ᠢᠯᠡᠳᠲᠡ ᠦᠷ᠎ᠡ ᠪᠦᠲᠦᠮᠵᠢ ᠣᠯᠵᠠᠢ᠃ ᠲᠠᠷᠠᠭᠠᠴᠢ᠎ᠶ᠋ᠢᠨ ᠠᠯᠬᠤᠮ᠎ᠳᠤ ᠪᠢᠳᠡ ᠮᠠᠨ᠎ᠤ ᠣᠷᠣᠨ᠎ᠤ ᠱᠢᠨ᠎ᠡ ᠡᠨᠧᠷᠭᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠵᠢᠨᠨ ᠭᠦᠶ᠋ᠴᠡᠳ ᠠᠱᠢᠭ᠍ᠯᠠᠨ᠂ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠂ ᠬᠡᠷᠡᠯᠴᠢ ᠴᠡᠨᠡᠭ ᠂ ᠤᠰᠤᠲᠥ᠋ᠷᠥᠭ᠌ᠴᠢ ᠵᠢᠨ ᠡᠨ᠋ᠸᠷᠬᠢ ᠂ ᠡᠨ᠋ᠸᠷᠬᠢ ᠨᠥᠭᠡᠴᠡᠯᠡᠬᠦ᠌ ᠳᠥᠷᠪᠡᠨ ᠠᠵᠤ ᠦᠶ᠋ᠯᠡᠰ᠎ᠦᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠎ᠶ᠋ᠢᠨ ᠲᠣᠨᠣᠭᠯᠠᠯ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠤᠨ᠎ᠠ》 ᠬᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠢ᠎ᠠ᠎ᠶ᠋ᠢᠨ ᠨᠡᠭᠦᠷᠡᠰᠦᠨ᠎ᠦ ᠠᠵᠢᠯᠯᠠᠭᠠᠨ᠎ᠤ ᠭᠠᠵᠠᠷ᠎ᠤᠨ ᠳᠠᠷᠤᠭ᠎ᠠ ᠸᠠᠩ ᠵᠢᠶ᠍ᠸ ᠄ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢᠨ ᠭᠣᠣᠯᠳᠠᠯᠭ᠎ᠠ ᠪᠠ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠤᠢ᠃ ᠡᠨᠡ ᠵᠢᠯ᠎ᠡᠴᠡ ᠨᠠᠭᠠᠰᠢ ᠮᠠᠨ᠎ᠤ ᠣᠷᠣᠨ ᠨᠡᠭᠦᠷᠡᠰᠦᠨ᠎ᠦ ᠲᠡᠷᠢᠭᠦᠨ᠎ᠦ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠪᠥᠬᠥ᠌ ᠬᠦᠴᠦᠨ᠎ᠢᠶᠡᠷ᠎ᠢᠶᠡᠨ ᠪᠠᠳᠠᠷᠠᠭᠠᠵᠤ᠂ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠸ᠋ᠷ᠎ᠠ ᠨᠡᠭᠦᠷᠡᠰᠦᠨ ᠠᠭᠤᠷᠬᠠᠶ᠎ᠶ᠋ᠢ ᠱᠠᠯᠠᠪᠳᠠᠭᠤᠯᠵᠤ ᠪᠠᠢᠭᠠᠳ ᠪᠦᠬᠦ ᠦᠢᠯᠡᠳᠪᠦᠷᠢᠯᠡᠯ᠎ᠤᠨ ᠴᠢᠳᠠᠪᠤᠷᠢ ᠵᠢᠨ ᠴᠢᠨᠡᠬᠡ ᠪᠡᠷ ᠨᠢ ᠦᠢᠯᠡᠳᠪᠦᠷᠢᠯᠡᠬᠦᠯᠵᠦ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠳᠤᠮᠳᠠᠬᠢ ᠨᠡᠭᠦᠷᠡᠰᠦᠨ᠎ᠦ 《ᠤᠩᠭᠤᠴᠠᠨ ᠲᠠᠷᠤᠭᠤᠯ》 ᠤ᠋ᠨ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠬᠣᠢᠱᠢᠳᠠ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠦᠨ᠎ᠡ》 ᠬᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠦᠨ ᠡᠨᠧᠷᠭᠢ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠭᠠᠵᠠᠷ᠎ᠤᠨ ᠳᠠᠷᠤᠭ᠎ᠠ ᠸᠠᠩ ᠱᠢᠨ ᠮᠢᠩ᠄《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠡᠨᠧᠷᠭᠢ ᠵᠢ ᠠᠷᠪᠢᠯᠠᠨ ᠡᠷᠴᠢᠮᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢ ᠠᠬᠢᠭᠤᠯᠤᠨ᠎ᠠ ᠬᠡᠵᠦ ᠴᠢᠬᠤᠯᠠᠴᠢᠯᠠᠵᠠᠢ᠃ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶ᠋ᠢᠨ ᠡᠨᠧᠷᠭᠢ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠠᠵᠢᠯ ᠨᠢ ᠡᠭᠦᠨ᠎ᠢᠶᠡᠷ ᠠᠵᠢᠯᠯᠠᠭᠠᠨ᠎ᠤ ᠬᠥᠲᠥᠯᠪᠦᠷᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠦᠷᠭᠦᠯᠵᠢᠯᠡᠨ ᠴᠢᠷᠮᠠᠢᠵᠤ ᠂ ᠦᠷᠭᠦᠯᠵᠢᠯᠡᠨ ᠦᠯᠡᠭᠦᠳᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠱᠢᠢᠳᠪᠦᠷᠢᠯᠡᠬᠦ᠌᠎ᠶ᠋ᠢ ᠲᠦᠷᠭᠡᠳᠭᠡᠵᠦ᠍᠂ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠶᠡᠬᠡ ᠬᠡᠮᠵᠢᠶᠡᠨ᠎ᠦ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ ᠲᠦᠪᠱᠢᠨ᠎ᠢ ᠴᠢᠷᠮᠠᠢᠨ ᠳᠡᠭᠡᠭ᠌ᠰᠢᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠤᠷᠬᠢᠯᠬᠡᠮᠵᠢᠭᠳᠡᠯ ᠳ᠋ᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠵᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠤᠨ᠎ᠠ》 ᠬᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠦᠨ ᠪᠡᠯᠡ ᠣᠷᠣᠭᠤᠯᠤᠯᠲᠠ᠎ᠶ᠋ᠢᠨ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᠵᠠᠩ ᠵᠢᠤᠢ ᠹᠦ᠋᠄ 《 ᠨᠠᠮ᠎ᠤᠨ ᠬᠣᠷᠢᠳᠤᠭᠠᠷ ᠶᠡᠬᠡ ᠬᠤᠷᠠᠯ ᠪᠣᠯ ᠲᠤᠭ᠎ᠢ ᠦᠨᠳᠦᠷ ᠮᠠᠨᠳᠤᠭᠤᠯᠵᠤ ᠴᠢᠭᠯᠡᠯ᠎ᠢ ᠲᠤᠬᠳᠠᠭᠠᠨ᠂ ᠨᠢᠬᠡ ᠰᠡᠳᠬᠢᠯ ᠨᠡᠢᠳᠡ ᠵᠢᠨ ᠬᠦᠴᠦᠨ ᠵᠢᠡᠷ ᠡᠷᠡᠮᠡᠭᠡᠢᠯᠡᠨ ᠤᠷᠤᠭᠰᠢᠯᠠᠭᠰᠠᠨ ᠦᠪᠡᠳᠡᠭ᠌ᠰᠢ ᠬᠤᠷᠠᠯ ᠮᠦᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠳ᠋ᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠪᠠ ᠴᠢᠭ᠌ᠯᠡᠯ᠎ᠢᠶᠡᠷ ᠬᠦᠴᠦᠯᠡᠬᠦ᠌ ᠴᠡᠭ ᠵᠢᠡᠨ ᠪᠣᠯᠭᠠᠵᠦ᠂ ᠴᠢᠷᠮᠡᠢᠨ ᠲᠡᠮᠡᠴᠡᠵᠦ᠂ ᠨᠢᠭᠡ ᠪᠦᠯᠦᠭ ᠴᠢᠬᠤᠯᠠ ᠶᠡᠬᠡ ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠢ ᠪᠣᠳᠠᠲᠠᠢ᠎ᠳᠤ ᠨᠠᠢᠳᠠᠪᠤᠷᠢᠵᠢᠭᠤᠯᠵᠤ ᠪᠠᠷᠢᠯᠭ᠎ᠠ ᠵᠢᠨ ᠠᠵᠢᠯ᠎ᠢ ᠡᠬᠢᠯᠡᠭᠦᠯᠵᠦ᠍᠂ ᠪᠠᠷᠢᠯᠭ᠎ᠠ ᠵᠢᠨ ᠠᠵᠢᠯ᠎ᠢ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠵᠤ᠂ ᠦᠷ᠎ᠡ ᠪᠦᠲᠦᠮᠵᠢᠭᠠᠷᠭᠠᠬᠤᠶ᠋ᠢ ᠴᠢᠷᠮᠠᠢᠨ ᠠᠬᠢᠭᠤᠯᠵᠤ᠂ ᠠᠵᠤ ᠦᠢᠯᠡᠰ᠎ᠦᠨ ᠬᠡᠯᠬᠢᠢ᠎ᠡ᠎ᠶ᠋ᠢ ᠤᠷᠲᠤᠳᠭᠠᠨ ᠬᠡᠯᠬᠢᠢ᠎ᠡ᠎ᠶ᠋ᠢ ᠨᠥᠬᠥᠪᠥᠷᠢᠯᠡᠵᠦ᠍ ᠬᠡᠯᠬᠢᠢ᠎ᠡ᠎ᠶ᠋ᠢ ᠴᠢᠩᠭᠠᠳᠭᠠᠬᠤ᠎ᠶ᠋ᠢ ᠠᠬᠢᠭᠤᠯᠵᠤ᠂ ᠠᠵᠤ ᠦᠢᠯᠡᠰ᠎ᠦᠨ ᠪᠦᠯᠦᠭ᠌ᠵᠢᠯ᠎ᠦᠨ ᠬᠥᠭ᠌ᠵᠢᠯᠲᠡ᠎ᠶ᠋ᠢ ᠠᠬᠢᠭᠤᠯᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠦᠷᠢᠯᠳᠦᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠦᠨᠳᠦᠰᠦᠯᠡᠭᠦᠯᠵᠦ ᠴᠡᠴᠡᠭ᠌ᠯᠡᠭᠦᠯᠦᠨ ᠵᠢᠮᠢᠰᠯᠡᠬᠦᠯᠵᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》 ᠬᠡᠵᠦ ᠬᠡᠯᠡᠪᠡ᠃