ᠪᠦᠬᠦ᠌ ᠣᠷᠣᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
2022-12-22 10:48:12
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠵᠧᠩ ᠬᠣᠩ ᠹᠠᠨ ᠪᠠᠶᠠᠷ᠎ᠤᠨ ᠦᠭᠡ ᠬᠡᠯᠡᠪᠡ

12 ᠰᠠᠷ᠎ᠠ᠎ᠶ᠋ᠢᠨ 20 ᠎ᠤ ᠡᠳᠦᠷ ᠂ ᠪᠦᠬᠦ᠌ ᠣᠷᠣᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ ᠂ ᠤᠬᠠᠭᠤᠯᠬᠤ ᠬᠡᠯᠲᠡᠰ᠎ᠦᠨ ᠳᠠᠷᠤᠭ᠎ᠠ ᠵᠧᠩ ᠬᠣᠩ ᠹᠠᠨ ᠪᠠᠶᠠᠷ᠎ᠤᠨ ᠦᠭᠡ ᠬᠡᠯᠡᠪᠡ᠃

ᠵᠧᠩ ᠬᠣᠩ ᠹᠠᠨ᠂ ᠤᠨᠤᠯ᠎ᠤᠨ ᠡᠲᠡᠭᠡᠳ ᠪᠤᠯᠤᠨ ᠤᠨᠤᠯ᠎ᠤᠨ ᠰᠤᠳᠤᠯᠭᠠᠨ᠎ᠤ ᠠᠵᠢᠯᠲᠠᠳ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠨᠠᠢᠳᠠᠪᠤᠷᠢᠵᠢᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠲᠠᠯ᠎ᠠ᠎ᠪᠠᠷ ᠪᠠᠷᠠᠯᠠᠯᠲᠦ ᠴᠢᠨᠠᠷᠲᠠᠶ ᠪᠣᠳᠣᠯᠬᠢᠯᠠᠯ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠲᠥᠰᠦᠪᠯᠡᠯ᠎ᠢᠶᠠᠨ ᠴᠢᠩᠭᠠᠳᠭᠠᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢᠷᠡᠭᠦᠯᠬᠦ᠌ ᠥᠪᠥᠷ ᠮᠣᠩᠭᠣᠯ᠎ᠤᠨ ᠦᠶ᠋ᠯᠡᠳᠦᠯᠭᠡ᠎ᠶ᠋ᠢᠨ ᠰᠤᠳᠤᠯᠭᠠᠨ᠎ᠤ ᠲᠠᠯ᠎ᠠ᠎ᠪᠠᠷ ᠱᠢᠨ᠎ᠡ ᠲᠤᠷᠱᠢᠯᠭ᠎ᠠ᠎ᠶ᠋ᠢ ᠪᠣᠯᠪᠠᠰᠤᠷᠠᠭᠤᠯᠤᠨ᠂ ᠱᠢᠨ᠎ᠡ ᠬᠤᠷᠢᠶᠠᠩᠭᠤᠢᠯᠠᠯ ᠬᠢᠵᠦ᠂ ᠥᠪᠥᠷ ᠮᠣᠩᠭᠣᠯ᠎ᠤᠨ ᠣᠨᠣᠯ᠎ᠤᠨ ᠰᠤᠳᠤᠯᠭᠠᠨ᠎ᠤ ᠲᠦᠪᠱᠢᠨ᠎ᠢ ᠳᠡᠭᠡᠭ᠌ᠰᠢᠯᠡᠭᠦᠯᠬᠦ᠂ ᠥᠪᠥᠷ ᠮᠣᠩᠭᠣᠯ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠰᠣᠳᠣᠨ ᠪᠦᠲᠦᠭᠡᠯ ᠭᠠᠷᠭᠠᠵᠤ ᠴᠢᠳᠠᠪᠤᠷᠢᠲᠠᠨ ᠴᠤᠯᠭᠤᠷᠠᠬᠤ ᠵᠢ ᠠᠬᠢᠭᠤᠯᠬᠤ ᠲᠠᠯ᠎ᠠ᠎ᠪᠠᠷ ᠬᠢ ᠬᠠᠮᠲᠤᠷᠠᠯᠴᠠᠭ᠎ᠠ᠎ᠪᠠᠨ ᠴᠢᠩᠭᠠᠳᠭᠠᠨ᠂ ᠭᠠᠷ ᠬᠣᠯᠪᠣᠨ ᠬᠠᠮᠳᠤ ᠪᠡᠷ ᠤᠷᠤᠭ᠍ᠰᠢᠯᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠣᠨᠣᠯ᠎ᠤᠨ ᠲᠤᠯᠭᠠᠭᠤᠷᠢᠯᠠᠯ᠂ ᠤᠶᠤᠨ᠎ᠤ ᠳᠡᠮᠵᠢᠯᠭᠡ ᠬᠠᠩᠭᠠᠬᠤ ᠵᠢ ᠬᠦᠰᠡᠵᠦ ᠪᠠᠢᠨ᠎ᠠ ᠬᠡᠵᠦ ᠬᠡᠯᠡᠪᠡ᠃

ᠰᠤᠳᠤᠯᠤᠨ ᠶᠠᠷᠢᠯᠴᠠᠬᠤ ᠬᠤᠷᠠᠯ᠎ᠨᠢ ᠰᠦᠯᠵᠢᠶ᠎ᠠ ᠪᠠ ᠪᠤᠲᠠᠲᠤ ᠴᠤᠬᠴᠠ ᠵᠢ ᠤᠶᠠᠯᠳᠤᠭᠤᠯᠬᠤ ᠬᠡᠯᠪᠡᠷᠢ᠎ᠪᠡᠷ ᠶᠠᠪᠤᠭ᠍ᠳᠠᠵᠤ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ 17 ᠲᠤᠰᠭᠠᠶ ᠮᠡᠷᠭᠡᠵᠢᠯᠲᠡᠨ ᠡᠷᠳᠡᠮᠲᠡᠨ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号