ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠢᠶ᠎ᠠ ᠥᠪᠡᠷᠲᠡᠭᠡᠨ ᠵᠠᠰᠠᠬᠤ ᠤᠷᠤᠨ ᠤ᠋ ᠠᠵᠢᠯᠴᠢᠨ ᠤ᠋ ᠶᠡᠷᠦᠩᠬᠡᠢ ᠡᠪᠯᠡᠯ ᠳ᠋ᠤ ᠤᠬᠠᠭᠤᠯᠤᠨ ᠲᠠᠢᠯᠪᠤᠷᠢᠯᠠᠪᠠ
2022-12-22 10:51:44
ᠵᠣᠬᠢᠶᠠᠭ᠍ᠴᠢ᠄
​ ᠮᠠ ᠹᠠᠩ ᠂ ᠠᠨᠢᠷ ᠂ ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤᠢ᠍ᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠂ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠂ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠳ᠋ᠤ ᠬᠦᠷᠴᠦ ᠤᠬᠠᠭᠤᠯᠤᠨ ᠲᠠᠢᠯᠪᠤᠷᠢᠯᠠᠪᠠ ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠨᠠᠮ ᠤ᠋ᠨ ᠲᠡᠦᠬᠡ ᠨᠠᠮ ᠤ᠋ᠨ ᠪᠠᠢᠭᠤᠯᠤᠯᠲᠠ ᠵᠢᠨ ᠵᠢᠭᠠᠨ ᠰᠤᠳᠤᠯᠬᠤ ᠭᠠᠵᠠᠷ ᠤ᠋ᠨ ᠫᠷᠤᠹᠸᠰᠰᠤᠷ ᠰᠦᠨ ᠵᠢᠶ᠍ᠸ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠂ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠳ᠋ᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠲᠡᠦᠬᠡᠨ ᠪᠠᠢᠷᠢ ᠰᠠᠭᠤᠷᠢ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ ᠤ᠋ᠨ ᠦᠨᠳᠦᠰᠦᠨ ᠣᠨᠴᠠᠯᠢᠭ ᠪᠣᠯᠤᠨ ᠭᠣᠣᠯ ᠠᠭᠤᠯᠭ᠎ᠠ ᠵᠡᠷᠭᠡ ᠵᠢᠨ ᠲᠣᠭᠣᠷᠢᠨ ᠳ᠋ᠤ ᠲᠤᠰᠭᠠᠢ ᠰᠡᠳᠦᠪ ᠵᠢᠡᠷ ᠤᠬᠠᠭᠤᠯᠤᠨ ᠲᠠᠢᠯᠪᠤᠷᠢᠯᠠᠵᠠᠢ ᠃

ᠤᠬᠠᠭᠤᠯᠤᠨ ᠲᠠᠢᠯᠪᠤᠷᠢᠯᠠᠯᠲᠠ ᠵᠢ ᠰᠣᠨᠣᠰᠤᠭ᠍ᠰᠠᠨ ᠤ᠋ ᠳᠠᠷᠠᠭ᠎ᠠ ᠂ ᠪᠠᠢᠭᠠᠯᠢ ᠵᠢᠨ ᠡᠬᠢ ᠪᠠᠶᠠᠯᠢᠭ ᠤ᠋ᠨ ᠡᠷᠬᠡ ᠵᠢ ᠨᠤᠲᠠᠯᠠᠨ ᠳᠠᠩᠰᠠᠯᠠᠬᠤ ᠲᠣᠪᠴᠢᠶ᠎ᠠ ᠵᠢᠨ ᠳᠠᠷᠤᠭ᠎ᠠ ᠵᠠᠩ ᠮᠢᠨ ᠄《ᠪᠠᠢᠭᠠᠯᠢ ᠵᠢᠨ ᠡᠬᠢ ᠪᠠᠶᠠᠯᠢᠭ ᠤ᠋ᠨ ᠱᠢᠰᠲ᠋ᠧᠮ ᠤ᠋ᠨ ᠣᠯᠠᠨ ᠲᠦᠮᠡᠨ ᠳ᠋ᠤ ᠱᠢᠭᠤᠳ ᠦᠶ᠋ᠯᠡᠴᠢᠯᠡᠬᠦ᠌ ᠴᠣᠩᠬᠣᠪᠴᠢ ᠪᠣᠯᠤᠭ᠍ᠰᠠᠨ ᠤ᠋ ᠬᠤᠪᠢ ᠳ᠋ᠤ ᠂ ᠪᠢᠳᠡ ᠲᠥᠷᠥ ᠵᠢᠨ ᠶᠠᠪᠤᠳᠠᠯ ᠤ᠋ᠨ ᠬᠣᠷᠢᠶ᠎ᠠ ᠵᠢᠨ〈ᠨᠢᠭᠡ ᠶᠠᠪᠤᠳᠠᠯ ᠢ᠋ ᠨᠢᠭᠡ ᠯᠡ ᠤᠳᠠᠭ᠎ᠠ ᠳ᠋ᠤ ᠬᠦᠢᠴᠡᠳᠭᠡᠬᠦ〉 ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠱᠠᠭᠠᠷᠳᠠᠯᠭ᠎ᠠ ᠵᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠥᠯᠥ᠍ ᠬᠥᠳᠡᠯᠬᠦ᠌ ᠬᠥᠷᠥᠩᠭᠡ ᠵᠢᠨ ᠳᠡᠩᠰᠡᠯᠡᠯᠲᠡ ᠵᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠠᠰ ᠳᠡᠪᠱᠢᠬᠦ᠌ ᠵᠢ ᠲᠦᠷᠭᠡᠳᠭᠡᠨ ᠠᠬᠢᠭᠤᠯᠤᠨ᠎ᠠ ᠃ ᠥᠯᠥ᠍ ᠬᠥᠳᠡᠯᠬᠦ᠌ ᠬᠥᠷᠥᠩᠭᠡ ᠵᠢᠨ ᠳᠡᠩᠰᠡᠯᠡᠯᠲᠡ ᠵᠢᠨ ᠴᠣᠩᠬᠣᠪᠴᠢ ᠪᠠ ᠡᠩᠨᠡᠭᠡ ᠵᠢᠨ ᠰᠤᠷᠲᠠᠯ ᠤ᠋ᠨ ᠪᠠᠢᠭᠤᠯᠤᠯᠲᠠ ᠵᠢ ᠴᠢᠨᠠᠭᠰᠢᠳᠠ ᠠᠬᠢᠭᠤᠯᠵᠤ ᠂〈ᠢᠨᠲ᠋ᠸᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ ᠵᠢᠨ ᠳᠡᠩᠰᠡᠯᠡᠯᠲᠡ〉 ᠵᠢᠨ ᠶᠠᠪᠤᠴᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍ ᠂ ᠠᠷᠠᠳ ᠲᠦ᠍ ᠲᠥᠬᠥᠮ ᠦᠵᠡᠭᠦᠯᠵᠦ᠍ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠦᠨ᠎ᠡ》 ᠭᠡᠵᠦ ᠬᠡᠯᠡᠪᠠ ᠃

ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠤ᠋ᠨ ᠶᠡᠷᠦᠩᠬᠡᠢᠯᠡᠭ᠌ᠰᠡᠨ ᠭᠠᠵᠠᠷ ᠤ᠋ᠨ ᠳᠡᠳ᠋ ᠳᠠᠷᠤᠭ᠎ᠠ ᠸᠠᠩ ᠯᠢ ᠵᠢᠶᠦ᠋ᠨ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠨᠡᠪᠲᠡᠷᠡᠳᠡᠯ᠎ᠠ ᠤᠢ᠍ᠢᠯᠠᠭᠠᠨ ᠦᠢᠯᠡᠳᠦᠯᠭᠡᠵᠢᠭᠦᠯᠵᠦ᠍ ᠂ ᠲᠥᠪ ᠪᠠ ᠥᠪᠡᠷᠲᠡᠭᠡᠨ ᠵᠠᠰᠠᠬᠤ ᠣᠷᠣᠨ ᠤ᠋ ᠡᠯ᠎ᠡ ᠵᠦᠢᠯ ᠤ᠋ᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠲᠠᠪᠤᠨ ᠶᠡᠬᠡ ᠡᠭᠦᠷᠭᠡ ᠵᠢᠨ ᠲᠤᠭᠤᠷᠢᠨ ᠳ᠋ᠤ ᠂ ᠪᠠᠢᠭᠠᠯᠢ ᠵᠢᠨ ᠡᠬᠢ ᠪᠠᠶᠠᠯᠢᠭ ᠤ᠋ᠨ《ᠬᠣᠶᠠᠷ ᠢ᠋ ᠨᠢᠭᠡᠳᠭᠡᠬᠦ᠌》 ᠭᠣᠣᠯ ᠡᠭᠦᠷᠭᠡ ᠳ᠋ᠤ ᠠᠩᠬᠠᠷᠤᠯ ᠵᠢᠡᠨ ᠲᠥᠪᠯᠡᠷᠡᠭᠦᠯᠵᠦ᠍ ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠳ᠋ᠤ ᠪᠠᠢᠭᠠᠯᠢ ᠵᠢᠨ ᠡᠬᠢ ᠪᠠᠶᠠᠯᠢᠭ ᠤ᠋ᠨ ᠰᠢᠰᠲᠸᠮ ᠤ᠋ᠨ ᠠᠵᠢᠯᠳᠠᠨ ᠤ᠋ ᠨᠡᠩ ᠶᠡᠬᠡ ᠱᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ  ᠃

ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠵᠢᠨ ᠬᠠᠮ ᠵᠠᠭᠤᠴᠢᠯᠠᠭᠤᠷ ᠤ᠋ᠨ ᠳᠠᠮᠵᠢᠭᠤᠯᠤᠨ ᠮᠡᠳᠡᠭᠡᠯᠡᠬᠦ ᠲᠥᠪ ᠤ᠋ᠨ ᠬᠠᠷᠢᠭᠤᠴᠠᠯᠭᠠᠲᠠᠨ ᠭᠦᠩ ᠴᠦᠨ ᠸᠧᠢ ᠄ 《ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠢᠳᠡᠪᠬᠢᠲᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠬᠦᠴᠦ᠍ ᠪᠡᠨ ᠲᠥᠪᠯᠡᠷᠡᠭᠦᠯᠦᠨ ᠲᠡᠭᠦᠯᠢᠯᠲᠠ ᠬᠠᠮ ᠵᠠᠭᠤᠴᠢᠯᠠᠭᠤᠷ ᠤ᠋ᠨ ᠭᠣᠣᠯ IP ᠵᠢ ᠪᠠᠢᠭᠤᠯᠬᠤ ᠳ᠋ᠤ ᠠᠩᠬᠠᠷᠤᠯ ᠵᠢᠡᠨ ᠲᠥᠪᠯᠡᠷᠡᠭᠦᠯᠤᠨ ᠂ ᠬᠠᠮ ᠵᠠᠭᠤᠴᠢᠯᠠᠭᠤᠷ ᠤ᠋ᠨ ᠳᠠᠮᠵᠢᠭᠤᠯᠭ᠎ᠠ ᠵᠢᠨ ᠵᠢᠭ᠍ᠰᠠᠭᠠᠯ᠎ᠤᠨ ᠭᠠᠵᠠᠷ ᠢ᠋ ᠪᠠᠢᠭᠤᠯᠵᠤ ᠂ ᠪᠦᠬᠦ᠌ ᠣᠷᠣᠨ ᠳ᠋ᠤ ᠰᠠᠭᠤᠷᠢᠯᠠᠨ ᠂ ᠪᠦᠬᠦ᠌ ᠤᠯᠤᠰ ᠢ᠋ ᠪᠠᠷᠠᠯᠠᠵᠤ ᠂ ᠳᠡᠯᠡᠬᠡᠢ ᠳ᠋ᠠᠬᠢᠨ ᠢ᠋ ᠠᠩᠬᠠᠷᠴᠤ᠌ ᠂ ᠰᠣᠨᠢᠨ ᠮᠡᠳᠡᠭᠡᠨ ᠤ᠋ ᠮᠡᠳᠡᠭᠡ ᠵᠠᠩᠭᠢ ᠪᠠᠷ ᠬᠥᠳᠡᠯᠭᠡᠭᠦᠷ ᠪᠣᠯᠭᠠᠨ ᠂ ᠱᠢᠭᠤᠳ ᠨᠡᠪᠲᠡᠷᠡᠭᠦᠯᠭᠡ ᠪᠡᠷ ᠣᠨᠴᠠᠯᠢᠭ ᠵᠢᠡᠨ ᠪᠣᠯᠭᠠᠵᠤ ᠂ ᠪᠡᠶ᠎ᠡ ᠪᠡᠨ ᠳᠠᠭᠠᠭᠠᠵᠤ ᠡᠵᠡᠮᠳᠡᠵᠦ᠍ ᠪᠣᠯᠬᠤᠢᠴᠡ ᠱᠢᠨ᠎ᠡ ᠵᠠᠭᠤᠴᠢᠯᠠᠭᠤᠷ ᠤ᠋ᠨ ᠲᠠᠪᠴᠠᠩ — ᠳᠡᠭᠦᠯᠢᠯᠳᠡ ᠬᠠᠮ ᠵᠠᠭᠤᠴᠢᠯᠠᠭᠤᠷ ᠤ᠋ᠨ ᠱᠢᠯᠵᠢᠢ᠎ᠡ ᠵᠢ ᠦᠷᠭᠡᠳᠭᠡᠵᠦ ᠂ ᠳᠡᠭᠦᠯᠢᠯᠳᠡ ᠸᠢᠳᠢᠣ᠋ ᠂ ᠳᠡᠭᠦᠯᠢᠯᠳᠡ ᠱᠢᠭᠤᠳ ᠨᠡᠪᠲᠡᠷᠡᠭᠦᠯᠭᠡ ᠂ ᠳᠡᠭᠦᠯᠢᠯᠳᠡ ᠦᠢᠯᠡᠴᠢᠯᠡᠭᠡ ᠵᠡᠷᠭᠡ 3  ᠲᠦᠷᠦᠯ ᠲᠡᠮᠳᠡᠭ ᠢ᠋ ᠲᠤᠪᠤᠢ᠌ᠯᠭᠠᠨ ᠡᠭᠦᠳᠴᠦ᠍᠂ ᠪᠦᠬᠦ᠌ ᠣᠷᠣᠨ ᠤ᠋ ᠷᠠᠳᠢᠣ᠋ ᠲᠧᠯᠸᠢᠰ ᠤ᠋ᠨ ᠵᠠᠭᠤᠴᠢᠯᠠᠭᠤᠷ ᠤ᠋ᠨ ᠠᠭᠤᠰᠤᠯᠴᠠᠨ ᠬᠥᠭ᠌ᠵᠢᠬᠦ᠌ ᠵᠢ ᠬᠦᠳᠦᠯᠦᠨ ᠳᠠᠭᠠᠭᠤᠯᠤᠨ᠎ᠠ》 ᠭᠡᠵᠦ᠍ ᠬᠡᠯᠡᠪᠡ ᠃

ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠵᠢᠨ ᠤᠳᠤᠨ ᠲᠧᠯᠸᠢᠰ ᠤ᠋ᠨ ᠫᠷᠤᠭ᠌ᠷᠠᠮ ᠦᠢᠯᠡᠳᠦᠨ ᠳᠠᠮᠵᠢᠭᠤᠯᠬᠤ ᠲᠥᠪ ᠤ᠋ᠨ ᠬᠠᠷᠢᠭᠤᠴᠠᠯᠭᠠᠲᠠᠨ ᠯᠢᠦ ᠴᠢᠨ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ ᠳ᠋ᠤ 《ᠰᠣᠶᠣᠯ ᠤ᠋ᠨ ᠢᠲᠡᠭᠡᠯ ᠵᠢᠡᠷ ᠥᠪᠡᠷ ᠢ᠋ ᠪᠡᠨ ᠬᠦᠴᠦᠷᠬᠡᠭ᠌ᠵᠢᠭᠦᠯᠬᠦ᠌ ᠵᠢ ᠠᠬᠢᠭᠤᠯᠵᠤ ᠂ ᠨᠡᠢᠭᠡᠮ ᠵᠢᠷᠤᠮ ᠤ᠋ᠨ ᠰᠣᠶᠣᠯ ᠤ᠋ᠨ ᠱᠢᠨ᠎ᠡ ᠭᠡᠷᠡᠯ ᠰᠠᠴᠤᠷᠠᠩᠭᠤᠢ ᠠᠮᠵᠢᠯᠲᠠ ᠪᠥᠲᠥᠮᠵᠢ  ᠵᠢ ᠡᠭᠦᠳᠦᠨ᠎ᠡ 》 ᠭᠡᠵᠦ᠍ ᠳᠤᠷᠠᠳᠴᠠᠢ ᠃ ᠡᠨᠡ ᠵᠢᠯ ᠂ ᠥᠪᠥᠷ ᠮᠣᠩᠭᠣᠯ ᠤ᠋ᠨ ᠣᠳᠣᠨ ᠲᠧᠯᠸᠢᠰ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠪᠠᠳᠠᠷᠠᠭᠤᠯᠬᠤ ᠪᠠᠷ ᠭᠣᠸ᠋ᠯ ᠰᠡᠳᠦᠪ ᠪᠣᠯᠭᠠᠭ᠍ᠰᠠᠨ ᠣᠯᠠᠨ ᠲᠥᠷᠥᠯ ᠤ᠋ᠨ ᠰᠣᠶᠣᠯ ᠤ᠋ᠨ ᠶᠡᠷᠦᠩᠬᠡᠢᠯᠡᠭ᠌ᠰᠡᠨ ᠤᠷᠠᠯᠢᠭ ᠤ᠋ᠨ ᠫᠷᠤᠭ᠌ᠷᠠᠮ ᠢ᠋ ᠡᠭᠦᠳᠦᠨ ᠭᠠᠷᠭᠠᠪᠠ ᠂ ᠡᠲᠡᠭᠡᠷ ᠫᠷᠤᠭ᠌ᠷᠠᠮ ᠳ᠋ᠤ ᠦᠨᠳᠦᠰᠦᠲᠡᠨ ᠨᠤᠭᠦᠳ ᠤ᠋ᠨ ᠬᠠᠮᠲᠤ ᠪᠠᠷ ᠡᠳ᠋ᠯᠡᠬᠦ᠌ ᠳᠤᠮᠳᠠᠳᠤ ᠵᠢᠨ ᠰᠣᠶᠣᠯ ᠤ᠋ᠨ ᠲᠡᠮᠳᠡᠭ ᠪᠠ ᠳᠦᠷᠢ ᠲᠥᠷᠬᠦ᠌ ᠵᠢ ᠲᠣᠪᠣᠢᠮ᠎ᠠ ᠳᠡᠯᠭᠡᠨ ᠦᠵᠡᠭᠦᠯᠦᠭᠰᠡᠨ ᠶᠤᠮ ᠃ ᠥᠪᠥᠷ ᠮᠣᠩᠭᠣᠯ ᠤ᠋ᠨ ᠤᠳᠤᠨ ᠲᠧᠯᠸᠢᠰ ᠤ᠋ᠨ ᠬᠢᠨ ᠠᠷᠠᠳ ᠲᠦᠮᠡᠨ ᠳ᠋ᠤ ᠦᠢᠯᠡᠴᠢᠯᠡᠬᠦ᠌ ᠵᠣᠷᠢᠯᠲᠠ ᠪᠠᠨ ᠦᠷᠭᠦᠯᠵᠢᠯᠡᠨ ᠪᠠᠷᠢᠮᠲᠠᠯᠠᠵᠤ ᠂ ᠨᠡᠢᠭᠡᠮ ᠵᠢᠷᠤᠮ ᠤ᠋ᠨ ᠭᠣᠣᠯᠯᠠᠭ᠍ᠴᠢ ᠦᠷᠳᠡᠭ ᠤ᠋ᠨ ᠦᠵᠡᠯᠲᠡ ᠪᠡᠷ ᠵᠢᠯᠤᠭᠤᠳᠤᠯᠭ᠎ᠠ ᠪᠣᠯᠭᠠᠵᠤ ᠂ ᠨᠡᠢᠭᠡᠮ ᠵᠢᠷᠤᠮ ᠤ᠋ᠨ ᠲᠡᠷᠢᠭᠦᠨ ᠤ᠋ ᠰᠣᠶᠣᠯ ᠢ᠋ ᠬᠥᠭ᠌ᠵᠢᠭᠦᠯᠤᠨ ᠂ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠵᠤ ᠂ ᠬᠤᠪᠢᠰᠭᠠᠯᠲᠤ ᠰᠣᠶᠣᠯ ᠢ᠋ ᠪᠠᠳᠠᠷᠠᠭᠤᠯᠤᠨ ᠂ ᠠᠷᠠᠳ ᠲᠦᠮᠡᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠤᠶᠤᠨ ᠤ᠋ ᠰᠣᠶᠣᠯ ᠤ᠋ᠨ ᠬᠡᠷᠡᠭ᠌ᠴᠡᠭᠡ ᠵᠢ ᠲᠠᠰᠤᠷᠠᠯᠳᠡ ᠦᠭᠡᠢ ᠬᠠᠩᠭᠠᠵᠤ ᠂ ᠨᠡᠢᠭᠡᠮ ᠵᠢᠷᠤᠮ ᠤ᠋ᠨ ᠰᠣᠶᠣᠯ ᠤ᠋ᠨ ᠱᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠡᠭᠦᠳᠬᠦ᠌ ᠳ᠋ᠤ ᠤᠶᠤᠨ ᠰᠠᠨᠠᠭᠠᠨ ᠤ᠋ ᠬᠦᠴᠦᠨ ᠢ᠋ ᠨᠢᠭ᠍ᠲᠠᠷᠠᠭᠤᠯᠤᠨ᠎ᠠ ᠬᠡᠵᠦ ᠢᠯᠡᠳᠬᠡᠪᠡ  ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂ ᠥᠪᠥᠷ ᠮᠣᠩᠭᠣᠯ ᠤ᠋ᠨ ᠨᠡᠢᠭᠡᠮ ᠵᠢᠷᠤᠮ ᠤ᠋ᠨ ᠳᠡᠭᠡᠳᠦ ᠰᠤᠷᠭᠠᠭᠤᠯᠢ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠵᠠᠬᠢᠷᠤᠯ ᠵᠣᠣ ᠵᠢᠩ ᠬᠤᠸᠠ《ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ ᠪᠠᠷ ᠣᠢᠯᠠᠭᠠᠵᠤ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ ᠵᠢᠡᠷ  ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠢᠴᠡᠳ ᠲᠠᠨᠢᠬᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠠᠷ ᠵᠥᠪ ᠣᠨᠣᠪᠴᠢᠲᠠᠶ ᠰᠤᠷᠤᠯᠴᠠᠨ ᠣᠢᠯᠠᠭᠠᠬᠤ ᠵᠡᠷᠭᠡ ᠲᠠᠯ᠎ᠠ ᠪᠠᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠪᠥᠭᠡᠳ ᠨᠡᠪᠲᠡᠷᠡᠳᠡᠯ᠎ᠠ ᠲᠠᠢᠯᠪᠤᠷᠢᠯᠠᠵᠠᠶ ᠃ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠪᠦᠬᠦ᠌ ᠣᠷᠣᠨ ᠤ᠋ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠭᠡᠱᠢᠭᠦᠨ ᠰᠦᠯᠵᠢᠶᠡᠨ ᠲᠠᠬᠡᠷ᠎ᠠ ᠪᠠ ᠲᠤᠬᠠᠢ ᠵᠢᠨ ᠲᠠᠯᠠᠪᠤᠷ ᠲᠦ᠍  ᠤᠬᠠᠭᠤᠯᠤᠨ ᠲᠠᠢᠯᠪᠤᠷᠢᠯᠠᠯᠳᠠ ᠵᠢ ᠰᠣᠨᠣᠰᠴᠠᠢ ᠃

ᠤᠬᠠᠭᠤᠯᠤᠨ ᠲᠠᠢᠯᠪᠤᠷᠢᠯᠠᠯᠲᠠ ᠵᠢ ᠰᠣᠨᠣᠰᠤᠭ᠍ᠰᠠᠨ ᠤ᠋ ᠲᠠᠷᠠᠭ᠎ᠠ᠂ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠬᠥᠬᠡᠬᠣᠲᠠ ᠵᠢᠨ ᠨᠠᠮ ᠤ᠋ᠨ ᠬᠣᠷᠢᠶ᠎ᠠ  ᠵᠢᠨ ᠳᠡᠳ᠋ ᠡᠷᠬᠢᠯᠡᠭ᠌ᠴᠢ ᠭᠡᠱᠢᠭᠦᠨ ᠂ ᠬᠥᠬᠡᠬᠣᠲᠠ ᠵᠢᠨ ᠢᠦᠢᠴᠢᠤᠸᠠᠨ ᠲᠣᠭᠣᠷᠢᠭ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠵᠢᠨ ᠳᠡᠳ᠋ ᠡᠷᠬᠢᠯᠡᠭ᠌ᠴᠢ ᠴᠧᠨ ᠮᠧᠢ ᠯᠢᠩ ᠄ 《ᠪᠢᠳᠡ ᠤᠶᠤᠨ ᠤᠬᠠᠭᠠᠨ ᠪᠠ ᠬᠦᠴᠦᠨ ᠴᠢᠳᠠᠯ ᠵᠢᠡᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠵᠤ ᠂ ᠡᠭᠦᠷᠢᠳᠡ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠠᠢ᠌ᠨ ᠵᠥᠪᠯᠡᠭ᠌ᠴᠢ ᠂ ᠰᠠᠢ᠌ᠨ ᠬᠠᠪᠰᠤᠷᠤᠭ᠍ᠴᠢ ᠂ ᠰᠠᠢ᠌ᠨ ᠬᠠᠮᠲᠤ ᠠᠵᠢᠯᠯᠠᠭ᠍ᠴᠢ ᠪᠤᠯᠵᠤ ᠂ ᠰᠠᠨᠠᠯ ᠵᠥᠪᠯᠡᠯᠭᠡ ᠳᠤᠷᠠᠳᠴᠤ᠌ ᠵᠠᠰᠠᠭ ᠲᠦ᠍ ᠲᠤᠰᠠᠯᠠᠬᠤ ᠲᠠᠯ᠎ᠠ ᠪᠠᠷ ᠢᠯᠡᠭᠦᠬᠡᠨ ᠰᠠᠢ᠌ᠨ ᠠᠷᠭ᠎ᠠ ᠪᠤᠳᠤᠯᠭ᠎ᠠ ᠳᠡᠪᠱᠢᠭᠦᠯᠤᠨ ᠂ ᠠᠷᠠᠳᠴᠢᠯᠠᠯ ᠵᠢᠡᠷ ᠬᠢᠨᠠᠯᠲᠠ ᠲᠠᠯᠪᠢᠬᠤ ᠲᠠᠯ᠎ᠠ ᠪᠠᠷ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠌ ᠂ ᠨᠡᠢᠭᠡᠮ ᠤ᠋ᠨ ᠦᠢᠯᠡᠴᠢᠯᠡᠭᠡ ᠵᠢᠨ ᠲᠠᠯ᠎ᠠ ᠪᠠᠷ ᠢᠯᠡᠭᠦᠬᠡᠨ ᠪᠣᠳᠠᠲᠠᠢ ᠠᠷᠭ᠎ᠠ ᠬᠡᠮᠵᠢᠶ᠎ᠡ ᠠᠪᠴᠤ᠌᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠪᠠᠢᠯᠳᠤᠬᠤ ᠪᠤᠳᠤᠯᠭ᠎ᠠ ᠵᠢᠨ ᠪᠠᠢᠷᠢᠯᠠᠭᠤᠯᠤᠯᠲᠠ ᠵᠢᠨ ᠬᠥᠬᠡᠬᠣᠲᠠ ᠵᠢᠨ ᠬᠠᠭᠤᠳᠠᠰᠤ ᠵᠢ ᠪᠢᠴᠢᠭ᠌ᠯᠡᠬᠦ᠌ ᠳ᠋ᠤ ᠬᠦᠴᠦᠨ ᠴᠢᠳᠠᠯ ᠵᠢᠡᠨ ᠡᠷᠭᠦᠨ᠎ᠡ》 ᠭᠡᠵᠦ᠍ ᠬᠡᠯᠡᠪᠡ ᠃

ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠥᠪᠥᠷ ᠮᠣᠩᠭᠣᠯ ᠤ᠋ᠨ ᠬᠣᠷᠢᠶ᠎ᠠ ᠵᠢᠨ ᠭᠡᠱᠢᠭᠦᠨ ᠂ ᠲᠠᠷᠢᠶᠠᠯᠠᠩ ᠮᠠᠯ ᠠᠵᠤ ᠠᠬᠤᠶ ᠵᠢᠨ ᠰᠠᠯᠪᠤᠷᠢ ᠵᠢᠨ ᠡᠷᠬᠢᠯᠡᠭ᠌ᠴᠢ ᠭᠡᠱᠢᠭᠦᠨ ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠮᠠᠯ ᠡᠮᠨᠡᠯᠭᠡ ᠵᠢᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠬᠠᠶ ᠫᠢᠩ ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠬᠡᠬᠦ ᠡᠨᠡ ᠬᠦ᠌《ᠤᠯᠤᠰ ᠤ᠋ᠨ ᠶᠡᠭᠡ ᠶᠠᠪᠤᠳᠠᠯ》 ᠢ᠋ ᠪᠠᠳᠤᠯᠠᠬᠤ ᠵᠢ ᠴᠠᠭ ᠢᠮᠠᠭᠳᠠ ᠪᠠᠳᠤ ᠴᠡᠭᠡᠵᠢᠯᠡᠨ ᠂ ᠲᠤᠮᠳᠠᠳᠤᠴᠤᠳ ᠪᠤᠳᠠᠭᠠᠨ ᠠᠶᠠᠭ᠎ᠠ ᠪᠠᠨ ᠭᠡᠵᠢᠶᠡᠳᠡ ᠦᠪᠡᠷ ᠤ᠋ᠨ ᠭᠠᠷ ᠲᠠᠭᠠᠨ ᠴᠢᠩᠭ᠎ᠠ ᠠᠳᠬᠤᠬᠤ ᠵᠢ ᠪᠠᠳᠤᠯᠠᠵᠦ ᠂ ᠡᠷᠡᠮᠡᠬᠡᠢᠯᠡᠨ ᠲᠡᠮᠡᠴᠡᠬᠦ ᠡᠷᠴᠢ ᠵᠤᠷᠢᠭ ᠵᠢᠡᠷ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ ᠢ᠋ ᠪᠦᠳᠦᠭᠡᠨ ᠪᠠᠢᠭᠤᠯᠬᠤ ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠪᠦᠬᠦ᠌ ᠲᠠᠯ᠎ᠠ ᠪᠠᠷ ᠠᠬᠢᠭᠤᠯᠬᠤ ᠳ᠋ᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠤᠨ᠎ᠠ ᠭᠡᠵᠦ᠍ ᠢᠯᠡᠳᠬᠡᠪᠡ  ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂  ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠮᠠᠷᠺᠰ ᠤ᠋ᠨ ᠦᠵᠡᠯ ᠤ᠋ᠨ ᠳᠡᠭᠡᠳᠦ ᠰᠤᠷᠭᠠᠭᠤᠯᠢ ᠵᠢᠨ ᠳᠡᠳ᠋ ᠵᠠᠬᠢᠷᠤᠯ ᠂ ᠫᠷᠤᠹᠸᠰᠰᠤᠷ ᠵᠠᠩ ᠷᠦᠢ ᠵᠢᠶᠦ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠶ ᠡᠪᠯᠡᠯ ᠳ᠋ᠤ 《ᠱᠢᠨ᠎ᠡ ᠴᠠᠭ ᠦᠶ᠎ᠡ ᠱᠢᠨ᠎ᠡ ᠠᠶᠠᠨ ᠳ᠋ᠤ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠢ᠋ ᠪᠠᠷᠢᠮᠲᠠᠯᠠᠨ ᠬᠥᠭ᠌ᠵᠢᠭᠦᠯᠬᠦ᠌ ᠤᠯᠤᠰ ᠲᠦᠷᠦ᠍ ᠵᠢᠨ ᠲᠤᠩᠬᠠᠭ ᠪᠣᠯᠤᠨ ᠠᠵᠢᠯᠯᠠᠭᠠᠨ ᠤ᠋ ᠬᠥᠲᠥᠯᠪᠦᠷᠢ》 ᠭᠡᠬᠦ᠌ ᠰᠡᠳᠦᠪ ᠵᠢᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠠᠢ ᠃ ᠶᠡᠬᠡ ᠬᠤᠷᠠᠯ ᠤ᠋ᠨ ᠭᠣᠣᠯ ᠰᠡᠳᠦᠪ ᠂ ᠦᠢᠯᠡᠳᠦᠯᠭᠡ ᠵᠢᠨ ᠰᠠᠭᠤᠷᠢ ᠂ ᠵᠢᠯᠣᠭᠣᠳᠭᠤ ᠦᠵᠡᠯ ᠰᠠᠨᠠᠭ᠎ᠠ ᠂ ᠬᠠᠷᠠᠯᠲᠠ ᠴᠢᠭ᠌ᠯᠡᠯ ᠂ ᠦᠨᠳᠦᠰᠦᠨ ᠠᠷᠭ᠎ᠠ ᠵᠠᠮ ᠂ ᠦᠨᠳᠦᠰᠦᠨ ᠪᠠᠲᠤᠯᠠᠭ᠎ᠠ ᠂ ᠪᠣᠳᠠᠲᠠᠢ᠎ᠨᠠᠢᠳᠠᠪᠤᠷᠢᠵᠢᠭᠤᠯᠤᠯᠲᠠ ᠵᠡᠷᠭᠡ 7 ᠲᠠᠯ᠎ᠠ ᠡᠴᠡ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠱᠢᠰᠲ᠋ᠧᠮ ᠲᠡᠶ ᠲᠣᠳᠣᠷᠬᠠᠢᠯᠠᠨ ᠭᠦᠨᠵᠡᠭᠡᠢ ᠲᠠᠢᠯᠪᠤᠷᠢᠯᠠᠵᠤ ᠂ ᠪᠦᠬᠦᠢᠯᠡ ᠢᠯᠡᠳᠭᠡᠯ ᠤ᠋ᠨ ᠭᠣᠣᠯ ᠰᠡᠳᠦᠪ ᠨᠢ ᠢᠯᠡ ᠲᠣᠳᠣ ᠂ ᠠᠭᠤᠯᠭ᠎ᠠ ᠨᠢ ᠪᠠᠶᠠᠯᠢᠭ ᠂ ᠬᠠᠷᠠᠭᠠᠰᠤ ᠨᠢ ᠥᠷᠭᠡᠨ ᠂ ᠣᠢᠯᠠᠭᠠᠮᠵᠢᠲᠠᠢ ᠪᠠᠢᠵᠤ ᠂ ᠬᠤᠷᠠᠯ ᠳ᠋ᠤ ᠣᠷᠣᠯᠴᠠᠭ᠍ᠰᠠᠳ ᠤ᠋ᠨ ᠬᠠᠯᠠᠭᠤᠨ ᠬᠦᠷᠢᠶᠡᠯᠡᠯ ᠢ᠋ ᠤᠯᠪᠠ ᠃

ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠤ᠋ᠨ ᠠᠵᠤ ᠠᠬᠤᠢ ᠵᠢᠨ ᠭᠠᠵᠠᠷ ᠤ᠋ᠨ ᠳᠠᠷᠤᠭ᠎ᠠ ᠦ᠋ ᠱᠢᠩ ᠢᠦᠢ ᠄ 《ᠪᠢᠳᠡ ᠶᠡᠷᠦᠩᠬᠡᠶ ᠱᠦᠵᠢ ᠰᠢ ᠵᠢᠨ ᠫᠢᠩ ᠤ᠋ᠨ ᠦᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠳ᠋ᠤ ᠠᠩᠬᠠᠷᠤᠯ ᠵᠢᠡᠨ ᠲᠥᠪᠯᠡᠷᠡᠭᠦᠯᠤᠨ ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠪᠦᠬᠦ᠌ ᠲᠠᠯ᠎ᠠ ᠪᠠᠷ ᠪᠦᠲᠦᠭᠡᠨ ᠪᠠᠢᠭᠤᠯᠬᠤ ᠳᠡᠭᠡᠷ᠎ᠡ ᠠᠩᠬᠠᠷᠤᠯ ᠵᠢᠡᠨ ᠲᠥᠪᠯᠡᠷᠡᠭᠦᠯᠵᠦ᠍ ᠂ ᠳᠡᠭᠡᠳᠦ ᠮᠡᠷᠭᠡᠵᠢᠯ ᠤ᠋ᠨ ᠴᠢᠳᠠᠪᠤᠷᠢᠲᠠᠨ ᠵᠢᠡᠷ ᠭᠣᠣᠯ ᠴᠣᠭ᠍ᠴᠠ ᠪᠣᠯᠭᠠᠭ᠍ᠰᠠᠨ ᠠᠵᠤ ᠦᠢᠯᠡᠰ ᠤ᠋ᠨ ᠠᠵᠢᠯᠴᠢᠨ ᠤ᠋ ᠡᠩᠨᠡᠭᠡ ᠵᠢᠨ ᠪᠠᠢᠭᠤᠯᠤᠯᠲᠠ ᠥᠭᠡᠷᠡᠴᠢᠯᠡᠯᠲᠡ ᠵᠢ ᠪᠦᠬᠦ᠌ ᠬᠦᠴᠦᠨ ᠵᠢᠡᠷ ᠵᠢᠡᠨ ᠠᠬᠢᠭᠤᠯᠵᠤ ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ ᠂ ᠤᠷᠠᠨ ᠳᠠᠷᠬᠠᠨ ᠤ᠋ ᠵᠣᠷᠢᠭ ᠰᠠᠨᠠᠭ᠎ᠠ ᠵᠢ ᠶᠡᠬᠡ ᠪᠡᠷ ᠪᠠᠳᠠᠷᠠᠭᠤᠯᠵᠤ ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉ᠵᠢᠨ ᠪᠦᠳᠦᠭᠡᠨ ᠪᠠᠢᠭᠤᠯᠤᠯᠲᠠ ᠵᠢᠨ ᠲᠣᠭᠣᠷᠢᠨ ᠳ᠋ᠤ ᠭᠣᠣᠯ ᠰᠡᠳᠦᠪᠲᠦ ᠬᠥᠳᠡᠯᠮᠦᠷᠢ ᠪᠣᠯᠤᠨ ᠤᠷ᠎ᠠ ᠮᠡᠷᠭᠡᠵᠢᠯ ᠤ᠋ᠨ ᠤᠷᠤᠯᠳᠤᠭᠠᠨ ᠥᠷᠨᠢᠭᠦᠯᠵᠦ᠍ ᠂ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠠᠤᠭ᠎ᠠ ᠬᠦᠴᠦᠨ ᠢ᠋ ᠳᠠᠰᠤᠷᠠᠯᠳᠠ ᠦᠭᠡᠢ ᠨᠢᠭ᠍ᠲᠠᠷᠠᠭᠤᠯᠤᠨ᠎ᠠ》 ᠭᠡᠵᠦ᠍ ᠬᠡᠯᠡᠪᠡ ᠃

ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠶ ᠡᠪᠯᠡᠯ ᠤ᠋ᠨ ᠠᠯᠪᠠᠨ ᠭᠡᠷ ᠤ᠋ᠨ ᠵᠠᠯᠠᠭᠤ ᠺᠠᠳ᠋ᠷ ᠷᠧᠨ ᠯᠢ ᠶᠤᠸᠠᠨ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠭ᠍ᠰᠠᠨ ᠦᠷ᠎ᠡ ᠪᠦᠲᠦᠭᠡᠯ ᠢ᠋ ᠲᠤᠬᠠᠢᠯᠠᠭ᠍ᠰᠠᠨ ᠠᠵᠢᠯ ᠵᠢᠡᠨ ᠰᠠᠢᠲᠤᠷ ᠬᠢᠬᠦ᠌ ᠳᠣᠲᠣᠭᠠᠳᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠱᠢᠷᠭᠠᠭᠤ ᠰᠤᠷᠤᠯᠴᠠᠨ ᠂ ᠴᠢᠳᠠᠮᠠᠭᠠᠢ ᠪᠠᠷ ᠰᠡᠳᠭᠢᠵᠦ᠍ ᠂ ᠪᠣᠳᠠᠲᠠᠢ ᠠᠵᠢᠯᠯᠠᠵᠤ ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠵᠢᠨ ᠳᠤᠮᠳᠠ ᠬᠦᠴᠢᠷ ᠪᠡᠷᠬᠡᠱᠢᠶᠡᠯ ᠢ᠋ ᠲᠤᠭᠤᠯᠵᠤ ᠂ ᠠᠵᠢᠯᠳᠠᠨ ᠠᠵᠢᠯᠴᠢᠨ ᠳ᠋ᠤ ᠦᠢᠯᠡᠴᠢᠯᠡᠬᠦ᠌ ᠬᠠᠮᠤᠭ ᠤ᠋ᠨ ᠡᠮᠦᠨ᠎ᠡ ᠡᠩᠨᠡᠭᠡᠨ ᠳ᠋ᠤ ᠡᠷᠳᠡᠮ ᠴᠢᠳᠠᠪᠤᠷᠢ ᠪᠠᠨ ᠲᠡᠭᠡᠭᠰᠢᠯᠡᠬᠦᠯᠤᠨ᠂ ᠠᠵᠢᠯᠳᠠᠨ ᠠᠵᠢᠯᠴᠢᠨ ᠲᠦᠮᠡᠨ ᠤ᠋ ᠳᠣᠲᠣᠨᠣ ᠬᠥᠮᠦᠨ ᠪᠤᠯᠵᠤ ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠂ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ᠌ ᠲᠠᠯ᠎ᠠ ᠪᠠᠷ ᠠᠬᠢᠭᠤᠯᠬᠤ ᠳ᠋ᠤ ᠵᠠᠯᠠᠭᠤ ᠨᠠᠰᠤᠨ ᠤ᠋ ᠬᠦᠴᠦᠨ ᠴᠢᠳᠠᠯ ᠵᠢᠡᠨ ᠡᠷᠭᠦᠨ᠎ᠡ ᠭᠡᠵᠤ  ᠢᠯᠡᠳᠬᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号