ᠤᠢᠷ᠎ᠠ ᠳᠤ᠂ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ 《ᠤᠨᠤᠯ ᠤ᠋ᠨ ᠰᠤᠷᠤᠯᠴᠠᠯᠭ᠎ᠠ ᠶ᠋ᠢᠨ ᠬᠦᠩᠭᠡᠨ ᠮᠤᠷᠢᠳᠤ ᠴᠡᠷᠢᠭ》 ᠵᠢᠱ᠌ᠢᠶᠠ ᠦᠵᠡᠭᠦᠯᠵᠤ ᠤᠬᠠᠭᠤᠯᠤᠨ ᠲᠠᠢᠯᠪᠤᠷᠢᠯᠠᠬᠤ ᠪᠦᠯᠬᠦᠮ ᠬᠦᠬᠡᠬᠤᠳᠠ ᠳ᠋ᠤ ᠠᠩᠬᠠᠨ ᠤ᠋ ᠲᠠᠯᠠᠪᠠᠢ ᠮᠡᠳᠡᠭᠦᠯᠦᠯᠳᠡ ᠶ᠋ᠢᠨ ᠬᠤᠷᠠᠯ ᠬᠢᠪᠡ᠃
ᠠᠳᠠᠯᠢ ᠪᠤᠰᠤ ᠭᠠᠵᠠᠷ ᠤᠷᠤᠨ᠂ ᠠᠳᠠᠯᠢ ᠪᠤᠰᠤ ᠠᠵᠢᠯ ᠲᠦᠷᠦᠯ ᠤ᠋ᠨ ᠦᠨᠳᠦᠰᠦᠨ ᠱᠠᠳᠤᠨ ᠡᠴᠡ ᠢᠷᠡᠭᠰᠡᠨ 9 ᠤᠬᠠᠭᠤᠯᠤᠨ ᠲᠠᠢᠯᠪᠤᠷᠢᠯᠠᠬᠤ ᠭᠡᠰᠢᠭᠦᠨ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪ ᠤ᠋ᠨ ᠲᠤᠭᠤᠷᠢᠨ ᠳ᠋ᠤ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠳᠦᠷᠪᠡᠳᠦᠭᠡᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠲᠠᠢ ᠨᠢᠭᠳᠠ ᠤᠶᠠᠯᠳᠤᠭᠤᠯᠤᠨ᠂ ᠦᠪᠡᠷ ᠤ᠋ᠨ ᠡᠷᠡᠮᠡᠬᠡᠢᠯᠡᠨ ᠵᠢᠳᠭᠦᠭᠰᠡᠨ ᠦᠯᠢᠭᠡᠷ᠂ ᠦᠨᠡᠨ ᠪᠤᠳᠠᠳᠤ ᠲᠦᠷᠦᠭᠳᠡᠯ᠂ ᠨᠡᠢᠳᠡᠯᠢᠭ ᠬᠡᠷᠡᠭ ᠵᠡᠷᠭᠡ ᠪᠡᠷ ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢ ᠤᠨᠤᠪᠴᠢᠳᠠᠢ ᠤᠬᠠᠭᠤᠯᠵᠤ᠂ ᠠᠮᠢᠳᠤᠯᠢᠭ ᠤᠬᠠᠭᠤᠯᠤᠨ᠂ ᠦᠨᠡᠨ ᠪᠤᠳᠠᠳᠠᠢ ᠤᠬᠠᠭᠤᠯᠵᠤ᠂ ᠤᠷᠤᠨ ᠳᠠᠶᠠᠭᠠᠷ ᠲᠦ᠍ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠯᠤᠳᠤ ᠶᠡᠬᠡ ᠬᠦᠴᠦᠨ ᠢ᠋ ᠨᠢᠭᠳᠠᠷᠠᠭᠤᠯᠵᠠᠢ᠃
ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠂ ᠤᠯᠠᠭᠠᠨᠬᠠᠳᠠ ᠬᠤᠳᠠ ᠶ᠋ᠢᠨ ᠰᠦᠩᠱᠠᠨ ᠲᠤᠭᠤᠷᠢᠭ ᠤ᠋ᠨ ᠶᠡᠬᠡ ᠰᠦᠮ᠎ᠠ ᠪᠠᠯᠭᠠᠰᠤ ᠶ᠋ᠢᠨ ᠰᠢᠶᠤᠤ ᠮᠢᠶᠤᠤ ᠽᠢ ᠲᠤᠰᠬᠤᠨ ᠤ᠋ ᠨᠠᠮ ᠤ᠋ᠨ ᠶᠡᠷᠦᠩᠬᠡᠢ ᠡᠭᠦᠷ ᠤ᠋ᠨ ᠱᠦᠵᠢ ᠵᠤᠤ ᠬᠤᠢ ᠵᠢᠶᠧ ᠲᠤᠰᠬᠤᠨ ᠤ᠋ ᠪᠡᠨ ᠨᠠᠮ ᠤᠨ ᠡᠬᠥᠷ ᠪᠠ ᠠᠷᠠᠳ ᠤᠨ ᠵᠦᠪᠯᠡᠯ ᠤ᠋ᠨ ᠪᠠᠭ ᠤ᠋ᠨ ᠬᠢᠨ ᠦᠨᠳᠦᠰᠦᠨ ᠱᠠᠳᠤᠨ ᠤ᠋ ᠨᠠᠮ ᠤ᠋ᠨ ᠵᠤᠬᠢᠶᠠᠨ ᠪᠠᠢᠭᠤᠯᠤᠯᠳᠠ ᠶ᠋ᠢ ᠴᠢᠩᠭᠠᠳᠬᠠᠬᠤ ᠪᠡᠷ ᠳᠠᠮᠵᠢᠨ᠂ ᠲᠤᠰᠬᠤᠨ ᠤ᠋ ᠠᠷᠠᠳ ᠶ᠋ᠢᠡᠨ ᠳᠠᠭᠠᠭᠤᠯᠤᠨ ᠬᠢᠲᠠᠳ ᠡᠮ ᠤ᠋ᠨ ᠮᠠᠲᠧᠷᠢᠶᠠᠯ ᠲᠠᠷᠢᠵᠤ ᠤᠷᠭᠤᠭᠤᠯᠤᠨ ᠡᠳ᠋ᠰᠢᠭᠦᠯᠤᠨ ᠪᠤᠯᠪᠠᠰᠤᠷᠠᠭᠤᠯᠬᠤ᠂ ᠬᠦᠳᠡᠭᠡ ᠲᠤᠰᠬᠤᠨ ᠤ᠋ ᠵᠢᠭᠤᠯᠴᠢᠯᠠᠯ ᠵᠡᠷᠭᠡ ᠠᠵᠤ ᠦᠢᠯᠡᠰ ᠢ᠋ ᠬᠦᠭᠵᠢᠭᠦᠯᠵᠤ᠂ ᠤᠷᠤᠯᠭ᠎ᠠ ᠪᠡᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠰᠡᠨ ᠲᠤᠷᠰᠢᠯᠭ᠎ᠠ ᠪᠠ ᠠᠷᠭ᠎ᠠ ᠬᠢᠳᠠᠯ ᠶ᠋ᠢᠡᠨ ᠨᠠᠷᠢᠯᠢᠬ ᠲᠠᠨᠢᠯᠴᠠᠭᠤᠯᠪᠠ᠃ 《ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠢᠯᠡᠳᠭᠡᠯ ᠳ᠋ᠤ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠶ᠋ᠢ ᠪᠦᠬᠦ ᠲᠠᠯ᠎ᠠ ᠪᠡᠷ ᠠᠬᠢᠭᠤᠯᠬᠤ ᠲᠤᠬᠠᠢ ᠰᠢᠨ᠎ᠠ ᠪᠠᠢᠷᠢᠯᠠᠭᠤᠯᠤᠯᠳᠠ ᠬᠢᠪᠠ᠂ ᠡᠨᠡ ᠨᠢ ᠮᠠᠨ ᠤ᠋ ᠬᠤᠢᠰᠢᠳᠠ ᠶ᠋ᠢᠨ ᠬᠦᠭᠵᠢᠯᠳᠡ ᠶ᠋ᠢᠨ ᠴᠢᠭᠯᠡᠯ ᠢ᠋ ᠲᠤᠳᠤᠷᠬᠠᠢ ᠵᠢᠭᠠᠵᠤ ᠦᠭᠭᠦᠭᠰᠡᠨ ᠪᠠᠢᠨ᠎ᠠ᠃ ᠪᠢᠳᠡ ᠬᠦᠰᠡᠯᠡᠩ ᠢᠳᠡᠭᠡᠯ ᠪᠢᠰᠢᠷᠡᠯ ᠶ᠋ᠢᠡᠨ ᠪᠠᠳᠤᠳᠬᠠᠨ᠂ ᠡᠷᠡᠰ ᠭᠤᠢᠪᠢᠰᠢ ᠦᠭᠡᠢ ᠪᠡᠷ ᠨᠠᠮ ᠶ᠋ᠢᠡᠨ ᠳᠠᠭᠠᠵᠤ᠂ ᠬᠠᠨᠴᠤᠢ ᠰᠢᠮᠡᠯᠡᠨ ᠴᠢᠷᠮᠠᠢᠨ ᠠᠵᠢᠯᠯᠠᠳᠠᠭ ᠯᠡ ᠶᠤᠮ ᠪᠤᠯ ᠮᠠᠨ ᠤ᠋ ᠰᠢᠶᠤᠤ ᠮᠢᠶᠤᠤ ᠽᠢ ᠲᠤᠰᠬᠤᠨ ᠤ᠋ ᠠᠷᠠᠳ ᠤ᠋ᠨ ᠠᠮᠢᠳᠤᠷᠠᠯ ᠯᠠᠪᠳᠠᠢ ᠡᠳᠦᠷ ᠡᠴᠡ ᠡᠳᠦᠷ ᠦᠭᠡᠳᠡᠯᠡᠬᠦ ᠶᠤᠮ》 ᠭᠡᠵᠦ ᠵᠤᠤ ᠬᠤᠢ ᠵᠢᠶᠧ ᠬᠡᠯᠡᠨ᠎ᠠ ᠃
《ᠨᠡᠢᠭᠡᠮ ᠲᠤᠭᠤᠷᠢᠭ ᠤ᠋ᠨ ᠠᠵᠢᠯ ᠵᠢᠨᠨ ᠬᠢᠬᠦ ᠦᠶᠡᠰ ᠪᠢᠳᠡ ᠰᠠᠭᠤᠭᠠᠯᠢ ᠠᠷᠠᠳ ᠲᠠᠢ ᠪᠡᠨ〈ᠬᠠᠷᠢᠯᠴᠠᠨ ᠳᠡᠮᠵᠢᠬᠦ〉 ᠰᠠᠢᠨ ᠰᠠᠢᠬᠠᠨ ᠬᠠᠷᠢᠯᠴᠠᠭ᠎ᠠ ᠲᠠᠢ ᠪᠤᠯᠴᠢᠬᠠᠪᠠᠯ ᠤᠯᠠᠨ ᠲᠦᠮᠡᠨ ᠰᠠᠶᠢ ᠦᠨᠡᠨ ᠪᠤᠳᠠᠳᠠᠢ ᠵᠢᠷᠭᠠᠯᠳᠤ ᠲᠦᠷᠦᠭᠳᠡᠯ ᠂ ᠬᠦᠷᠳᠡᠮᠵᠢ ᠶ᠋ᠢᠨ ᠲᠦᠷᠦᠭᠳᠡᠯ᠂ ᠠᠮᠤᠷ ᠲᠦᠪᠰᠢᠨ ᠤ᠋ ᠲᠦᠷᠦᠭᠳᠡᠯ ᠲᠠᠢ ᠪᠤᠯᠵᠤ ᠂ ᠪᠢᠳᠡᠨ ᠢ᠋ ᠦᠨᠡᠨ ᠰᠡᠳᠬᠢᠯ ᠡᠴᠡ ᠪᠡᠨ ᠳᠡᠮᠵᠢᠬᠦ ᠪᠤᠯᠤᠨ᠎ᠠ》 ᠭᠡᠵᠦ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠲᠦᠯᠦᠭᠡᠯᠡᠭᠴᠢ᠂ ᠤᠷᠳᠤᠰ ᠬᠤᠳᠠ ᠶ᠋ᠢᠨ ᠵᠡᠭᠦᠨᠭᠠᠷ ᠬᠤᠰᠢᠭᠤᠨ ᠤ᠋ ᠶᠢᠩ ᠽᠧ ᠵᠡᠭᠡᠯᠢ ᠭᠤᠳᠤᠮᠵᠢ ᠶ᠋ᠢᠨ ᠨᠠᠨ ᠶᠤᠸᠠᠨ ᠨᠡᠢᠭᠡᠮ ᠲᠤᠭᠤᠷᠢᠭ ᠤ᠋ᠨ ᠨᠠᠮ ᠤ᠋ᠨ ᠡᠭᠦᠷ ᠤ᠋ᠨ ᠱᠦᠵᠢ ᠂ ᠰᠠᠭᠤᠭᠠᠯᠢ ᠠᠷᠠᠳ ᠤ᠋ᠨ ᠵᠦᠪᠯᠡᠯ ᠤ᠋ᠨ ᠡᠷᠬᠢᠯᠡᠭᠴᠢ ᠳ᠋ᠧᠩ ᠢᠤᠢ ᠲᠦᠷᠦᠭᠳᠡᠯ ᠭᠦᠨ ᠶᠠᠷᠢᠨ᠎ᠠ ᠃ ᠲᠡᠷᠡ ᠪᠡᠷ ᠠᠵᠢᠯ ᠤ᠋ᠨ ᠪᠠᠢᠷᠢ ᠳ᠋ᠠᠭᠠᠨ ᠰᠠᠭᠤᠷᠢᠯᠠᠨ ᠦᠷᠭᠦᠯᠵᠢᠯᠡᠨ ᠴᠢᠷᠮᠠᠢᠵᠤ᠂ ᠨᠠᠮ ᠤ᠋ᠨ ᠭᠡᠰᠢᠭᠦᠨ ᠤ᠋ ᠬᠤᠰᠢᠭᠤᠴᠢ ᠵᠢᠱ᠌ᠢᠶᠡᠴᠢ ᠦᠢᠯᠡᠳᠦᠯ ᠵᠢᠨᠨ ᠲᠠᠰᠤᠷᠠᠯᠳᠠ ᠦᠭᠡᠢ ᠪᠠᠳᠠᠷᠠᠭᠤᠯᠤᠨ᠂ ᠦᠨᠳᠦᠰᠦᠨ ᠱᠠᠳᠤᠨ ᠤ᠋ ᠨᠠᠮ ᠤ᠋ᠨ ᠵᠤᠬᠢᠶᠠᠨ ᠪᠠᠢᠭᠤᠯᠤᠯᠳᠠ ᠶ᠋ᠢ ᠨᠠᠮ ᠤ᠋ᠨ ᠤᠳᠤᠷᠢᠳᠤᠯᠭ᠎ᠠ ᠶ᠋ᠢ ᠪᠦᠲᠦᠮᠵᠢᠳᠠᠢ ᠪᠡᠶᠡᠯᠡᠭᠦᠯᠬᠦ ᠪᠠᠳᠤ ᠴᠢᠩᠭ᠎ᠠ ᠳᠠᠢᠴᠢᠨ ᠪᠡᠬᠢᠯᠡᠯᠳᠡ ᠪᠤᠯᠭᠠᠨ ᠪᠠᠢᠭᠤᠯᠵᠤ᠂ ᠤᠯᠠᠨ ᠲᠦᠮᠡᠨ ᠢ᠋ ᠳᠠᠭᠠᠭᠤᠯᠵᠤ ᠨᠡᠩ ᠰᠠᠢᠨ ᠰᠠᠢᠬᠠᠨ ᠢᠷᠡᠭᠡᠳᠦᠢ ᠵᠦᠭ ᠤᠷᠤᠭᠰᠢᠯᠠᠨ᠎ᠠ ᠭᠡᠵᠦ ᠢᠯᠡᠳᠭᠡᠪᠡ ᠃
ᠮᠡᠳᠡᠭᠦᠯᠦᠯᠳᠡ ᠶ᠋ᠢᠨ ᠬᠤᠷᠠᠯ ᠳᠡᠭᠡᠷ᠎ᠠ ᠂ ᠬᠦᠬᠡᠬᠤᠳᠠ ᠶ᠋ᠢᠨ ᠨᠠᠮ ᠤ᠋ᠨ ᠬᠤᠷᠢᠶᠠᠨ ᠤ᠋ ᠨᠠᠮ ᠤ᠋ᠨ ᠰᠤᠷᠭᠠᠭᠤᠯᠢ ᠶ᠋ᠢᠨ ᠳᠡᠳ᠋ ᠫᠷᠤᠹᠧᠰᠰᠤᠷ ᠷᠧᠨ ᠹᠦ ᠷᠦᠩ ᠤ᠋ᠨ《ᠵᠠᠯᠠᠭᠤ ᠨᠠᠰᠤᠨ ᠤ᠋ ᠴᠤᠭ ᠵᠢᠪᠬᠤᠭ᠎ᠠ》᠂ ᠲᠦᠩᠯᠢᠶᠤᠤ ᠬᠤᠳᠠ ᠶ᠋ᠢᠨ ᠨᠠᠮ ᠤ᠋ᠨ ᠬᠤᠷᠢᠶᠠᠨ ᠤ᠋ ᠨᠠᠮ ᠤ᠋ᠨ ᠰᠤᠷᠭᠠᠭᠤᠯᠢ ᠶ᠋ᠢᠨ ᠨᠠᠮ ᠤ᠋ᠨ ᠲᠡᠦᠬᠡ ᠨᠠᠮ ᠤ᠋ᠨ ᠪᠠᠢᠭᠤᠯᠤᠯᠳᠠ ᠬᠢᠭᠡᠳ ᠦᠨᠳᠦᠰᠦᠨ ᠤᠨᠤᠯ ᠤ᠋ᠨ ᠵᠢᠭᠠᠨ ᠰᠤᠳᠤᠯᠬᠤ ᠭᠠᠵᠠᠷ ᠤ᠋ᠨ ᠳᠡᠳ᠋ ᠡᠷᠬᠢᠯᠡᠭᠴᠢ ᠂ ᠳᠡᠳ᠋ ᠫᠷᠤᠹᠧᠰᠰᠤᠷ ᠵᠤᠤ ᠱᠦ᠍ ᠹᠠᠩ ᠤ᠋ᠨ《ᠤᠯᠠᠨ ᠬᠡᠦᠬᠡᠳ ᠤ᠋ᠨ ᠡᠵᠢ ᠡ ᠭᠡᠰᠡᠨ ᠳᠠᠭᠤᠳᠠᠯᠭ᠎ᠠ》᠂ ᠬᠢᠩᠭᠠᠨ ᠠᠢᠮᠠᠭ ᠤ᠋ᠨ ᠲᠦᠴᠢᠤᠸᠠᠨ ᠰᠢᠶᠠᠨ ᠤ᠋ ᠡᠮᠡᠭᠳᠠᠢᠴᠤᠳ ᠤ᠋ᠨ ᠬᠤᠯᠪᠤᠭᠠᠨ ᠤ᠋ ᠲᠡᠷᠢᠭᠦᠯᠡᠭᠴᠢ ᠯᠢ ᠵᠢᠶᠦ᠋ᠨ ᠤ᠋ 《〈ᠶᠠᠳᠠᠭᠤ ᠶ᠋ᠢ ᠳᠡᠳᠬᠦᠭᠰᠡᠨ ᠡᠵᠢ〉 ᠶ᠋ᠢᠨ ᠰᠢᠨ᠎ᠠ ᠦᠯᠢᠭᠡᠷ》 ᠵᠡᠷᠭᠡ ᠭᠤᠤᠯ ᠰᠡᠳᠦᠪᠳᠤ ᠤᠬᠠᠭᠤᠯᠭ᠎ᠠ ᠲᠠᠢᠯᠪᠤᠷᠢᠯᠠᠯᠳᠠ ᠨᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ᠂ ᠦᠨᠳᠦᠰᠦᠨ ᠱᠠᠳᠤᠨ ᠤ᠋ ᠵᠠᠰᠠᠯᠳᠠ᠂ ᠳᠤᠮᠳᠠᠳᠤ ᠶ᠋ᠢᠨ ᠦᠨᠳᠦᠰᠦᠳᠡᠨ ᠤ᠋ ᠬᠠᠮᠳᠤ ᠶ᠋ᠢᠨ ᠴᠤᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠵᠡᠷᠭᠡ ᠤᠯᠠᠨ ᠲᠠᠯ᠎ᠠ ᠶ᠋ᠢᠨ ᠠᠭᠤᠯᠭ᠎ᠠ ᠶ᠋ᠢ ᠬᠠᠮᠤᠷᠴᠤ᠂ ᠵᠢᠵᠢᠭ ᠰᠡᠳᠦᠪ ᠶ᠋ᠢᠡᠷ ᠲᠤᠮᠤ ᠰᠡᠳᠦᠪ ᠢ᠋ ᠲᠤᠰᠬᠠᠵᠤ᠂ ᠳᠡᠷᠭᠡᠳᠡᠬᠢ ᠦᠯᠢᠭᠡᠷ ᠶ᠋ᠢᠡᠷ ᠦᠨᠡᠨ ᠶᠤᠰᠤ ᠶ᠋ᠢ ᠲᠤᠳᠤᠷᠠᠭᠤᠯᠵᠠᠢ᠃ ᠲᠡᠳᠡᠨ ᠤ᠋ ᠤᠬᠠᠭᠤᠯᠭ᠎ᠠ ᠲᠠᠢᠯᠪᠤᠷᠢᠯᠠᠯᠳᠠ ᠨᠢ ᠬᠦᠮᠦᠰ ᠤ᠋ᠨ ᠰᠡᠳᠬᠢᠯ ᠢ᠋ ᠬᠦᠳᠡᠯᠭᠡᠮ᠎ᠠ᠂ ᠡᠷᠴᠢᠮ ᠵᠤᠷᠢᠭ ᠢ᠋ ᠬᠦᠪᠴᠢᠯᠡᠮᠠ ᠪᠠᠢᠵᠤ᠂ ᠠᠯᠠᠭ᠎ᠠ ᠲᠠᠰᠢᠯᠳᠠ ᠶ᠋ᠢᠨ ᠳᠠᠭᠤᠨ ᠪᠠᠢᠨ ᠪᠠᠢᠨ ᠨᠢᠵᠢᠬᠢᠨᠡᠵᠦ ᠪᠠᠢᠯ᠎ᠠ᠃
ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠤ᠋ 《ᠤᠨᠤᠯ ᠤ᠋ᠨ ᠰᠤᠷᠤᠯᠴᠠᠯᠭ᠎ᠠ ᠶ᠋ᠢᠨ ᠬᠦᠩᠭᠡᠨ ᠮᠤᠷᠢᠳᠤ ᠴᠡᠷᠢᠭ》 ᠵᠢᠱ᠌ᠢᠶᠠ ᠦᠵᠡᠭᠦᠯᠵᠤ ᠤᠬᠠᠭᠤᠯᠤᠨ ᠲᠠᠢᠯᠪᠤᠷᠢᠯᠠᠬᠤ ᠪᠦᠯᠬᠦᠮ ᠨᠡᠢᠳᠡ 12 ᠰᠠᠯᠪᠤᠷᠢ ᠠᠩᠬᠢ ᠲᠠᠢ ᠪᠠᠢᠵᠤ᠂ ᠠᠩᠬᠢ ᠪᠤᠯᠭᠠᠨ ᠨᠢ ᠡᠯ᠎ᠠ ᠠᠵᠢᠯ ᠲᠦᠷᠦᠯ ᠤ᠋ᠨ ᠦᠨᠳᠦᠰᠦᠨ ᠱᠠᠳᠤᠨ ᠤ᠋ 12 — 15 ᠤᠬᠠᠭᠤᠯᠤᠨ ᠲᠠᠢᠯᠪᠤᠷᠢᠯᠠᠬᠤ ᠭᠡᠰᠢᠭᠦᠨ ᠶ᠋ᠢᠡᠷ ᠪᠦᠷᠢᠯᠳᠦᠪᠡ ᠃ ᠳᠠᠷᠠᠭᠠᠴᠢ ᠪᠡᠷ ᠂ ᠪᠦᠬᠦ ᠤᠷᠤᠨ ᠤ᠋ ᠡᠯ᠎ᠠ ᠭᠠᠵᠠᠷ ᠲᠦ᠍ ᠮᠠᠯᠴᠢᠨ ᠲᠠᠷᠢᠶᠠᠴᠢᠨ᠂ ᠬᠤᠳᠠ ᠪᠠᠯᠭᠠᠰᠤ ᠶ᠋ᠢᠨ ᠰᠠᠭᠤᠭᠠᠯᠢ ᠠᠷᠠᠳ᠂ ᠠᠵᠤ ᠠᠬᠤᠢᠯᠠᠯ ᠤ᠋ᠨ ᠠᠵᠢᠯᠳᠠᠨ ᠠᠵᠢᠯᠴᠢᠨ᠂ ᠵᠠᠯᠠᠭᠤ ᠰᠤᠷᠤᠭᠴᠢ᠂ ᠪᠠᠢᠭᠤᠯᠭ᠎ᠠ ᠶ᠋ᠢᠨ ᠺᠠᠳ᠋ᠷ ᠠᠵᠢᠯᠳᠠᠨ᠂ 《ᠬᠤᠶᠠᠷ ᠰᠢᠨ᠎ᠠ》 ᠵᠤᠬᠢᠶᠠᠨ ᠪᠠᠢᠭᠤᠯᠤᠯᠳᠠ ᠵᠡᠷᠭᠡ ᠦᠨᠳᠦᠰᠦᠨ ᠱᠠᠳᠤᠨ ᠤ᠋ ᠺᠠᠳ᠋ᠷ ᠤᠯᠠᠨ ᠲᠦᠮᠡᠨ ᠳ᠋ᠤ ᠬᠠᠨᠳᠤᠭᠤᠯᠤᠭᠰᠠᠨ ᠴᠢᠭᠯᠡᠭᠦᠯᠦᠯᠳᠦ ᠴᠢᠨᠠᠷ ᠲᠠᠢ᠂ ᠬᠤᠷᠰᠢᠯᠴᠠᠭᠰᠠᠨ᠂ ᠬᠤᠪᠢᠶᠠᠷᠢᠴᠢᠯᠠᠭᠰᠠᠨ ᠤᠬᠠᠭᠤᠯᠭ᠎ᠠ ᠲᠠᠢᠯᠪᠤᠷᠢᠯᠠᠯᠳᠠ ᠦᠷᠨᠢᠭᠦᠯᠵᠦ᠂ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢᠨ ᠡᠭᠡᠯ ᠠᠷᠠᠳ ᠤ᠋ᠨ ᠰᠤᠨᠤᠷ ᠰᠤᠨᠤᠰᠬᠠᠯ ᠳ᠋ᠤ ᠬᠦᠷᠬᠦ ᠶ᠋ᠢ ᠴᠢᠨᠠᠬᠰᠢᠳᠠ ᠠᠬᠢᠭᠤᠯᠬᠤ ᠪᠤᠯᠤᠨ᠎ᠠ᠃