《ᠯᠢᠦ ᠡᠭᠡᠴᠢ ᠡ᠂ ᠡᠭᠦᠳᠡ ᠪᠡᠨ ᠨᠡᠭᠡᠭᠡᠴᠢ᠂ ᠪᠢ ᠶᠢᠩ ᠬᠤᠸᠠ ᠪᠠᠢᠨ᠎ᠠ᠃ ᠲᠠᠨ᠎ᠢ ᠦᠵᠡᠬᠦ᠌᠎ᠪᠡᠷ ᠢᠷᠡᠭᠰᠡᠨ!》 12 ᠰᠠᠷ᠎ᠠ᠎ᠶ᠋ᠢᠨ 19 ᠦ ᠥᠷᠯᠥᠭᠡ ᠰᠠᠢᠨ ᠳᠤᠷ᠎ᠠ᠎ᠶ᠋ᠢᠨ ᠠᠵᠢᠯᠯᠠᠭ᠍ᠴᠢ᠂ ᠡᠪ ᠬᠠᠮᠲᠤ ᠨᠠᠮ᠎ᠤᠨ ᠭᠡᠱᠢᠭᠦᠨ ᠭᠣᠸ᠋ ᠶᠢᠩ ᠬᠤᠸᠠ ᠬᠡᠷ᠎ᠲᠡᠬᠡᠨ ᠬᠣᠴᠣᠷᠤᠭ᠍ᠰᠠᠨ ᠨᠠᠰᠤᠲᠠᠨ ᠯᠢᠦ ᠹᠸᠩ ᠶᠢᠩ᠎ᠦᠨ ᠬᠡᠷ᠎ᠲᠦ ᠢᠷᠡᠵᠦ᠍ ᠲᠡᠬᠦᠨ᠎ᠢ ᠪᠣᠯᠭᠣᠭᠠᠨ ᠦᠵᠡᠪᠡ᠃ ᠡᠨᠡ ᠵᠢᠯ 67 ᠨᠠᠰᠤᠲᠠᠢ ᠭᠤᠤ ᠶᠢᠩ ᠬᠤᠸᠠ ᠪᠣᠯ ᠪᠤᠭᠤᠲᠤ ᠬᠤᠳᠠ᠎ᠶ᠋ᠢᠨ ᠴᠢᠩ ᠱᠠᠨ ᠲᠣᠭᠣᠷᠢᠭ᠎ᠤᠨ ᠴᠢᠩ ᠱᠠᠨ ᠵᠠᠮ᠎ᠤᠨ ᠲᠤᠯᠠᠭᠠᠨ ᠨᠡᠢᠭᠡᠮ ᠲᠣᠭᠣᠷᠢᠭ᠎ᠤᠨ ᠨᠢᠭᠡᠨ ᠠᠰᠠᠷ᠎ᠤᠨ ᠳᠠᠷᠤᠭ᠎ᠠ ᠪᠥᠭᠡᠳ ᠨᠡᠢᠭᠡᠮ ᠲᠣᠭᠣᠷᠢᠭ᠎ᠤᠨ ᠨᠠᠢᠷᠠᠯ ᠳᠠᠭᠤᠤ᠎ᠶ᠋ᠢᠨ ᠪᠦᠯᠬᠦᠮ᠎ᠦᠨ ᠭᠣᠣᠯᠯᠠᠭ᠍ᠴᠢ ᠬᠡᠰᠢᠭᠦᠨ ᠪᠤᠯᠤᠨ᠎ᠠ᠃ ᠠᠢᠯ ᠰᠠᠭᠠᠬᠠᠯᠲᠠ᠎ᠶ᠋ᠢᠨ ᠬᠢᠨ ᠲᠡᠭᠦᠨ᠎ᠢ《 ᠶᠢᠩ ᠬᠤᠸᠠ》ᠭᠡᠵᠦ᠍ ᠳᠣᠲᠣᠨᠤᠴᠢᠯᠠᠨ ᠳᠠᠭᠤᠳᠠᠳᠠᠭ ᠶᠤᠮ᠃ ᠡᠨᠡ ᠬᠡᠰᠡᠭ ᠬᠤᠭᠤᠴᠠᠭᠠᠨ᠎ᠳᠤ ᠭᠤᠤ ᠶᠢᠩ ᠬᠤᠸᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠬᠤ᠎ᠪᠠᠷ ᠳᠠᠮᠵᠢᠭᠠᠳ ᠥᠪᠡᠷ᠎ᠦᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠡᠭᠡᠨ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ᠂ ᠰᠠᠢᠨ ᠲᠤᠷ᠎ᠠ ᠵᠢᠨ ᠦᠢᠯᠡᠴᠢᠯᠡᠭᠡ ᠪᠠᠨ ᠨᠡᠩ ᠣᠨᠣᠪᠴᠢᠲᠠᠢ ᠨᠡᠩ ᠨᠠᠷᠢᠯᠢᠬ᠍ᠵᠢᠭᠤᠯᠬᠤ ᠪᠡᠷ ᠴᠢᠷᠮᠠᠢᠵᠤ ᠪᠤᠢ᠃
ᠭᠤᠤ ᠶᠢᠩ ᠬᠤᠸᠠ᠎ᠲᠠᠶ ᠠᠳᠠᠯᠢ 75 ᠨᠠᠰᠤᠲᠠᠢ ᠼᠤᠤ ᠸᠠᠩ ᠪᠣᠯ ᠲᠤᠯᠠᠭᠠᠨ ᠨᠡᠢᠭᠡᠮ ᠲᠣᠭᠣᠷᠢᠭ᠎ᠤᠨ ᠬᠤᠪᠢᠰᠬᠠᠯᠲᠤ ᠨᠠᠮ᠎ᠤᠨ ᠭᠡᠱᠢᠭᠦᠨ᠎ᠦ ᠬᠣᠱᠢᠭᠤᠴᠢ ᠠᠩᠭᠢ᠎ᠶ᠋ᠢᠨ ᠰᠠᠢᠨ ᠳᠤᠷ᠎ᠠ᠎ᠶ᠋ᠢᠨ ᠠᠵᠢᠯᠯᠠᠭ᠍ᠴᠢ ᠪᠤᠯᠤᠨ᠎ᠠ᠃ 2012 ᠣᠨ᠎ᠠᠴᠠ ᠡᠬᠢᠯᠡᠨ ᠲᠡᠷᠡ ᠨᠡᠢᠭᠡᠮ ᠲᠣᠭᠣᠷᠢᠭ᠎ᠤᠨ ᠬᠥᠳᠡᠯᠵᠦ᠍ ᠪᠠᠷᠢᠬᠤ᠎ᠳᠤ ᠳᠥᠭᠥᠮ ᠦᠭᠡᠢ ᠨᠠᠰᠤᠲᠠᠨ ᠪᠠ ᠵᠡᠮᠳᠡᠭ᠌ᠴᠦᠳ᠎ᠦᠨ ᠭᠡᠷ᠎ᠲᠦᠨᠢ ᠬᠦᠷᠴᠦ᠍᠂ ᠦᠨ᠎ᠡ ᠲᠦᠯᠦᠪᠦᠷᠢ ᠦᠭᠡᠢ ᠪᠡᠷ ᠦᠰᠦ ᠵᠠᠰᠠᠵᠤ ᠥᠭ᠌ᠭᠦᠭ᠌ᠰᠡᠭᠡᠷ ᠢᠷᠡᠵᠡᠢ᠃ ᠥᠨᠥᠳᠦᠷ ᠲᠡᠷᠡ ᠪᠠᠰᠠ ᠵᠤᠤ ᠵᠢᠶᠦ᠋ᠨ ᠸᠧᠨ ᠨᠠᠰᠤᠲᠠᠨ᠎ᠤ ᠳ᠋ᠦ ᠦᠰᠦ ᠵᠠᠰᠠᠵᠤ ᠥᠭ᠌ᠬᠦ᠎ᠪᠡᠷ ᠢᠷᠡᠭᠰᠡᠨ ᠪᠠᠢᠯ᠎ᠠ᠃ ᠼᠤᠤ ᠸᠠᠩ ᠭᠡᠷ᠎ᠲᠡᠬᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠥ᠍᠂ ᠣᠨᠴᠠᠭᠠᠢᠯᠠᠨ ᠶᠡᠷᠦᠩᠬᠡᠢ ᠱᠦᠵᠢ ᠵᠢᠨ ᠢᠯᠡᠳᠭᠡᠯ ᠳ᠋ᠡᠭᠡᠨ᠄ 《 ᠲᠦᠷᠦ᠍ ᠵᠠᠰᠠᠬ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠤᠯ ᠳᠠᠷᠤᠢ ᠲᠦᠷᠦ᠍ ᠵᠠᠰᠠᠬ ᠮᠥᠨ》 ᠭᠡᠵᠦ᠍ ᠳᠤᠷᠠᠳᠤᠭ᠍ᠰᠠᠨ ᠨᠢ ᠲᠡᠬᠦᠨ ᠳ᠋ᠦ ᠶᠡᠬᠡᠭᠡᠨ ᠵᠣᠷᠢᠭ᠍ᠵᠢᠭᠤᠯᠤᠯ ᠪᠤᠯᠵᠤ ᠪᠢᠯᠡ᠃ ᠲᠡᠷᠡ᠄ 《 ᠪᠢ ᠬᠡᠳᠦᠢᠪᠡᠷ ᠨᠠᠰᠤ ᠠᠬᠠᠱᠢᠷᠠᠭᠠᠳ ᠲᠩᠷᠢ ᠭᠠᠵᠠᠷ᠎ᠢ ᠳᠣᠩᠰᠣᠯᠭᠠᠮ᠎ᠠ ᠶᠡᠬᠡ ᠶᠠᠪᠤᠳᠠᠯ᠎ᠢ ᠪᠦᠲᠦᠭᠡᠵᠦ ᠴᠢᠳᠠᠬᠤ ᠦᠭᠡᠢ ᠪᠣᠯᠪᠠᠴᠤ᠌ ᠡᠩ᠎ᠦᠨ ᠦᠶ᠎ᠡ᠎ᠳᠦ ᠶᠠᠪᠤᠵᠤ ᠰᠠᠭᠤᠬᠤ᠎ᠳᠤ ᠳᠥᠭᠥᠮ ᠦᠭᠡᠢ ᠨᠠᠰᠤᠲᠠᠢᠴᠤᠳ᠂ ᠵᠡᠮᠳᠡᠭᠴᠤᠳ ᠲᠸ᠋ ᠦᠰᠦ ᠵᠠᠰᠠᠵᠤ ᠥᠭ᠌ᠴᠤ ᠲᠡᠢᠯᠤᠨ᠎ᠠ᠃ ᠡᠢᠨ ᠬᠦ᠌ ᠦᠪᠡᠷ᠎ᠢ ᠪᠡᠨ ᠪᠢ ᠠᠷᠠᠳ ᠲᠦᠮᠡᠨ᠎ᠳᠦ ᠪᠠᠭ᠎ᠠ ᠰᠠᠭ᠎ᠠ ᠴᠸ᠋ ᠬᠡᠰᠡᠨ ᠬᠡᠷᠡᠭ᠌ᠴᠡᠭᠡ᠎ᠲᠡᠶ ᠬᠥᠮᠦᠨ ᠭᠡᠵᠦ᠍ ᠪᠣᠳᠣᠳᠠᠭ 》 ᠭᠡᠨ᠎ᠡ᠃
ᠳᠤᠯᠠᠭᠠᠨ ᠨᠡᠢᠭᠡᠮ ᠲᠣᠭᠣᠷᠢᠭ ᠨᠢ ᠪᠤᠭᠤᠲᠤ ᠬᠤᠳᠠ᠂ ᠴᠢᠨᠠᠭᠰᠢᠯᠠᠨ ᠥᠪᠡᠷᠲᠡᠭᠡᠨ ᠵᠠᠰᠠᠬᠤ ᠣᠷᠣᠨ᠎ᠤ 《ᠱᠢᠯᠢᠳᠡᠭ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠨᠡᠢᠭᠡᠮ ᠲᠣᠭᠣᠷᠢᠭ 》 ᠪᠤᠯᠤᠬᠰᠠᠨ᠎ᠤ ᠬᠤᠪᠢ ᠳ᠋ᠦ᠂ 2012 ᠣᠨ᠎ᠤ ᠠᠩᠬ᠎ᠠ ᠪᠠᠢᠭᠤᠯᠤᠭ᠍ᠳᠠᠬᠤ ᠦᠶ᠎ᠡ᠎ᠶ᠋ᠢᠨ ᠬᠡᠳᠦᠨ ᠠᠷᠪᠠᠨ ᠬᠥᠮᠦᠨ᠎ᠠᠴᠠ᠎ᠪᠠᠨ ᠤᠳᠤ 3000 ᠭᠠᠷᠤᠢ ᠬᠥᠮᠦᠨ ᠲᠠᠢ ᠪᠤᠯᠵᠤ ᠬᠦᠬᠵᠢᠭᠰᠡᠨ ᠪᠠᠢᠯ᠎ᠠ᠃ ᠬᠠᠮᠢᠭ᠎ᠠ ᠬᠡᠷᠡᠭ᠌ᠴᠡᠭᠡ ᠲᠠᠢ ᠪᠤᠯ ᠲᠡᠨᠳᠡ ᠰᠠᠢ᠌ᠨ ᠳᠤᠷ᠎ᠠ᠎ᠶ᠋ᠢᠨ ᠦᠢᠯᠡᠴᠢᠯᠡᠭᠡ ᠪᠠᠢᠬᠤ ᠤᠢ᠍ᠢᠯᠠᠭᠠᠭ᠍ᠳᠠᠬᠤᠨ᠎ᠢ ᠪᠠᠷᠢᠮᠳᠠᠯᠠᠨ᠂ ᠲᠤᠯᠠᠭᠠᠨ ᠨᠡᠢᠭᠡᠮ ᠲᠣᠭᠣᠷᠢᠭ᠎ᠤᠨ ᠰᠠᠢ᠌ᠨ ᠳᠤᠷᠠᠴᠤᠳ ᠡᠨᠡ ᠵᠢᠯ ᠭᠡᠷ᠎ᠲᠦᠨᠢ ᠬᠦᠷᠴᠦ᠍ ᠬᠣᠭᠣᠯᠠ ᠬᠦᠷᠭᠡᠬᠦ᠌᠂ ᠠᠯᠪᠠᠨ ᠵᠢᠷᠤᠮ᠎ᠤᠨ ᠦᠰᠦ ᠵᠠᠰᠠᠬᠤ᠂ ᠠᠯᠪᠠᠨ ᠵᠢᠷᠤᠮ᠎ᠤᠨ ᠡᠮᠴᠢᠯᠡᠭᠡ᠂ ᠤᠨᠤᠯ᠎ᠢ ᠤᠬᠠᠭᠤᠯᠤᠨ ᠲᠠᠢᠯᠪᠤᠷᠢᠯᠠᠬᠤ ᠵᠡᠷᠭᠡ ᠡᠯ᠎ᠡ ᠲᠦᠷᠦᠯ᠎ᠦᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ 100 ᠱᠢᠬᠠᠮ ᠤᠳᠠᠭ᠎ᠠ ᠥᠷᠨᠢᠭᠦᠯᠵᠦ᠍᠂ ᠲᠦᠮᠡ ᠭᠠᠷᠤᠢ ᠬᠥᠮᠦᠨ ᠤᠳᠠᠭ᠎ᠠ ᠳ᠋ᠦ ᠠᠱᠢᠭ ᠬᠦᠷᠳᠡᠭᠡᠵᠠᠢ᠃
ᠣᠢᠷ᠎ᠠ᠎ᠶ᠋ᠢᠨ ᠵᠢᠯ᠎ᠦᠳ᠎ᠲᠦ᠂ ᠲᠤᠯᠠᠭᠠᠨ ᠨᠡᠢᠭᠡᠮ ᠲᠣᠭᠣᠷᠢᠭ ᠲᠥᠷᠥᠯ ᠵᠦᠶ᠋ᠯ᠎ᠢᠶᠡᠷ ᠭᠠᠷᠳᠠᠴᠠ ᠪᠣᠯᠭᠠᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠯᠴᠠᠬᠤ ᠮᠠᠶᠢᠭ᠎ᠤᠨ ᠵᠠᠰᠠᠯᠲᠠ᠂ ᠰᠦᠯᠵᠢᠶᠡᠨ᠎ᠦ ᠮᠠᠶᠢᠭ᠎ᠤᠨ ᠵᠠᠰᠠᠯᠲᠠ᠂ ᠵᠥᠪᠳᠡᠯᠴᠡᠬᠦ᠌ ᠮᠠᠶᠢᠭ᠎ᠤᠨ ᠵᠠᠰᠠᠯᠲᠠ᠎ᠶ᠋ᠢᠨ ᠱᠢᠨ᠎ᠡ ᠵᠠᠭ᠍ᠪᠤᠷ᠎ᠢᠶᠠᠷ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠎ᠤᠨ ᠵᠠᠰᠠᠯᠲᠠ᠎ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ᠎ᠢ ᠳᠠᠢᠴᠢᠯᠠᠪᠠ᠃《7+1+N》 ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠱᠢᠰᠲᠸᠮ᠎ᠢ ᠪᠠᠢᠭᠤᠯᠬᠤ᠎ᠪᠠᠷ ᠳᠠᠮᠵᠢᠭᠤᠯᠤᠨ 《ᠰᠠᠢ᠌ᠨ ᠳᠤᠷᠠᠴᠤᠳ ᠤᠨ ᠬᠤᠪᠢ ᠬᠤᠷᠠᠮᠳᠤᠭᠤᠯᠬᠤ ᠬᠠᠮᠢᠶᠠᠷᠤᠯᠲᠠ᠎ᠶ᠋ᠢᠨ ᠠᠷᠭ᠎ᠠ ᠵᠢᠴᠢ ᠬᠤᠪᠢ ᠰᠣᠯᠢᠬᠤ ᠨᠠᠷᠢᠨ ᠲᠦᠷᠢᠮ》᠎ᠢ ᠲᠣᠭ᠍ᠲᠠᠭᠠᠵᠤ᠂ ᠨᠡᠢᠭᠡᠮ ᠲᠣᠭᠣᠷᠢᠭ᠎ᠤᠨ 《ᠬᠠᠮᠤᠭ᠎ᠤᠨ ᠭᠤᠶᠤ ᠰᠠᠢ᠌ᠨ ᠳᠤᠷ᠎ᠠ᠎ᠶ᠋ᠢᠨ ᠦᠢᠯᠡᠴᠢᠯᠡᠭ᠌ᠴᠢ 》 ᠶ᠋ᠢ ᠱᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠍᠂ ᠨᠡᠩ ᠤᠯᠠᠨ ᠰᠠᠭᠤᠭᠠᠯᠢ ᠠᠷᠠᠳ᠎ᠢ ᠲᠠᠢ᠌ᠴᠢᠯᠠᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠭᠤᠯᠵᠤ᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠦᠴᠦᠨ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠰᠠᠢ᠌ᠨ ᠳᠤᠷ᠎ᠠ᠎ᠶ᠋ᠢᠨ ᠥᠢᠯᠡᠴᠢᠯᠡᠬᠡ ᠲᠦᠭ ᠲᠦᠮᠡᠨ ᠠᠢᠯ ᠡᠷᠦᠬᠡ᠎ᠶ᠋ᠢ ᠲᠤᠯᠠᠭᠠᠴᠠᠭᠤᠯᠤᠨ᠎ᠠ᠃
ᠡᠭᠦᠨ ᠦ ᠬᠠᠮᠲᠤ᠂ ᠳᠤᠯᠠᠭᠠᠨ ᠨᠡᠢᠭᠡᠮ ᠲᠣᠭᠣᠷᠢᠭ᠎ᠤᠨ ᠬᠢᠨ ᠲᠤᠰᠭᠠᠶ ᠮᠡᠷᠭᠡᠵᠢᠯ ᠦᠨ ᠦᠶ᠋ᠯᠡᠴᠢᠯᠡᠭᠡ ᠶ᠋ᠢ ᠲᠥᠷᠥᠯ ᠵᠦᠶ᠋ᠯ ᠪᠣᠯᠭᠠᠬᠤ ᠶ᠋ᠢ ᠪᠠᠷᠢᠮᠲᠠᠯᠠᠵᠤ᠂ ᠨᠡᠢᠭᠡᠮ ᠦᠨ ᠵᠣᠬᠢᠶᠠᠨ ᠪᠠᠢᠭᠤᠯᠤᠯᠲᠠ ᠳᠤ ᠲᠦᠱᠢᠭ᠌ᠯᠡᠨ《ᠨᠡᠢᠭᠡᠮ ᠲᠣᠭᠣᠷᠢᠭ ᠤᠨ ᠨᠠᠰᠤᠲᠠᠢᠴᠤᠳ ᠤᠨ ᠶᠡᠬᠡ ᠰᠤᠷᠭᠠᠭᠤᠯᠢ》᠂ 《ᠨᠡᠢᠭᠡᠮ ᠲᠣᠭᠣᠷᠢᠭ ᠤᠨ ᠴᠤᠭᠴᠠᠯᠠᠯᠲᠠ》 ᠵᠡᠷᠭᠡ ᠠᠷᠠᠳ ᠤᠨ ᠠᠮᠢᠳᠤᠷᠠᠯ ᠤᠨ ᠣᠯᠠᠨ ᠲᠥᠷᠥᠯ ᠵᠦᠶ᠋ᠯ ᠢ ᠪᠠᠢᠭᠤᠯᠪᠠ᠃ ᠨᠡᠢᠭᠡᠮ ᠲᠣᠭᠣᠷᠢᠭ ᠳᠡᠮᠵᠢᠬᠦ᠌᠂ ᠨᠡᠢᠭᠡᠮ ᠦᠨ ᠵᠣᠬᠢᠶᠠᠨ ᠪᠠᠢᠭᠤᠯᠤᠯᠲᠠ ᠣᠷᠣᠯᠴᠠᠬᠤ᠂ ᠲᠤᠰᠭᠠᠶ ᠪᠠᠢᠭᠤᠯᠤᠮᠵᠢ ᠡᠵᠡᠩᠨᠡᠬᠦ᠌《 ᠭᠤᠷᠪᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠌ 》 ᠦᠶ᠋ᠯᠡᠴᠢᠯᠡᠭᠡᠨ ᠦ ᠵᠠᠭ᠍ᠪᠤᠷ ᠢᠶᠠᠷ᠂《 ᠨᠠᠰᠤᠲᠠᠢᠴᠤᠳ ᠪᠠ ᠪᠠᠭᠠᠴᠤᠳ ᠤᠨ ᠴᠡᠩᠭᠡᠯ ᠦᠨ ᠬᠦᠷᠢᠶᠡᠯᠡᠩ 》 ᠶᠡᠷᠦᠩᠬᠡᠢᠯᠡᠭ᠌ᠰᠡᠨ ᠦᠶ᠋ᠯᠡᠴᠢᠯᠡᠭᠡᠨ ᠦ ᠴᠣᠭ᠍ᠴᠠ ᠶ᠋ᠢ ᠪᠠᠢᠭᠤᠯᠵᠤ᠂ ᠰᠠᠭᠤᠭᠠᠯᠢ ᠠᠷᠠᠳ ᠲᠤ ᠨᠡᠢᠭᠡᠮ ᠲᠣᠭᠣᠷᠢᠭ ᠤᠨ ᠬᠣᠭᠣᠯᠠᠨ ᠬᠡᠷ᠂ ᠡᠷᠡᠭᠦᠯᠵᠢᠯ ᠵᠠᠰᠠᠯ᠂ ᠬᠢᠴᠢᠶᠡᠯ ᠦᠨ ᠲᠠᠷᠠᠭᠠᠬᠢ ᠨᠠᠢᠳᠠᠨ ᠬᠠᠮᠢᠶᠠᠷᠤᠭᠤᠯᠬᠤ ᠵᠡᠷᠭᠡ 10 ᠭᠠᠷᠤᠶ ᠵᠦᠶ᠋ᠯ ᠦᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠦ ᠲᠥᠷᠥᠯ ᠵᠦᠶ᠋ᠯ ᠢ ᠬᠠᠩᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ 《ᠥᠲᠡᠯᠦᠭᠰᠡᠨ ᠳᠤᠨᠢ ᠠᠰᠠᠷᠠᠬᠤ ᠭᠠᠵᠠᠷ ᠲᠠᠶ᠂ ᠬᠡᠦᠬᠡᠳ᠎ᠲᠤ᠎ᠨᠢ ᠨᠠᠢᠳᠠᠬᠤ ᠭᠠᠵᠠᠷ ᠲᠠᠢ》 ᠴᠢᠳᠠᠮᠵᠢ ᠶ᠋ᠢᠨ ᠲᠠᠪᠴᠠᠩ ᠢ ᠦᠨᠡᠨ ᠬᠦ᠌ ᠪᠠᠢᠭᠤᠯᠵᠤ᠂ ᠰᠠᠭᠤᠭᠠᠯᠢ ᠠᠷᠠᠳ ᠤᠨ ᠬᠠᠨᠤᠮᠵᠢ ᠵᠢᠨ ᠬᠡᠮᠵᠢᠶ᠎ᠡ ᠪᠠ ᠬᠦᠷᠲᠡᠮᠵᠢ ᠶ᠋ᠢᠨ ᠲᠥᠷᠥᠭ᠌ᠳᠡᠯ ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠨᠠᠮ ᠤᠨ ᠬᠣᠷᠢᠳᠤᠭᠠᠷ ᠶᠡᠬᠡ ᠬᠤᠷᠠᠯ ᠤᠨ ᠢᠯᠡᠳᠭᠡᠯ ᠳᠦ᠂ ᠠᠷᠠᠳ ᠲᠦᠮᠡᠨ ᠦ ᠬᠠᠮᠤᠭ ᠠᠴᠠ ᠠᠩᠬᠠᠷᠴᠤ᠌ ᠪᠠᠢᠭ᠎ᠠ ᠬᠠᠮᠤᠭ ᠤᠨ ᠱᠢᠭᠤᠳ ᠬᠠᠮᠤᠭ ᠤᠨ ᠪᠣᠳᠠᠲᠠᠢ ᠠᠱᠢᠭ ᠲᠤᠰᠠ ᠶ᠋ᠢᠨ ᠠᠰᠠᠭᠤᠳᠠᠯ ᠢ ᠴᠢᠩᠭ᠎ᠠ ᠠᠳᠭᠤᠵᠤ᠂ ᠴᠢᠳᠠᠯ᠎ᠤᠨ ᠵᠢᠡᠨ ᠬᠢᠷᠢ ᠪᠡᠷ ᠴᠢᠷᠮᠠᠢᠬᠤ᠂ ᠴᠢᠳᠠᠯ ᠤᠨ ᠢᠶᠠᠨ ᠬᠢᠷᠢ ᠪᠡᠷ ᠬᠢᠬᠦ᠌ ᠵᠢ ᠪᠠᠷᠢᠮᠳᠠᠯᠠᠵᠤ᠂ ᠤᠯᠠᠨ ᠲᠦᠮᠡᠨ ᠦ ᠳᠤᠮᠳᠠ ᠭᠦᠨᠵᠡᠭᠡᠢᠷᠡᠨ᠂ ᠦᠨᠳᠦᠰᠦᠨ ᠱᠠᠲᠤᠨ ᠳᠤ ᠭᠦᠨᠵᠡᠭᠡᠢᠷᠡᠵᠦ᠂ ᠠᠷᠠᠳ ᠤᠨ ᠠᠮᠢᠳᠤᠷᠠᠯ ᠳᠤ ᠠᠱᠢᠭ ᠬᠦᠷᠲᠡᠭᠡᠬᠦ᠌᠂ ᠠᠷᠠᠳ ᠤᠨ ᠰᠡᠳᠭᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠠᠪᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ ᠭᠡᠵᠦ ᠳᠤᠯᠠᠭᠠᠨ ᠨᠡᠢᠭᠡᠮ ᠲᠣᠭᠣᠷᠢᠭ ᠤᠨ ᠨᠢᠭᠡᠳᠦᠭᠡᠷ ᠱᠦᠵᠢ ᠮᠠ ᠵᠢᠶᠦ᠋ᠨ ᠵᠢᠶ᠍ᠸ ᠰᠤᠷᠪᠤᠯᠵᠢᠯᠠᠭᠴᠢ ᠳ᠋ᠤ ᠬᠡᠯᠡᠵᠦ ᠪᠠᠢᠯ᠎ᠠ᠃ ᠲᠡᠷᠡ᠂ ᠨᠡᠢᠭᠡᠮ ᠲᠣᠭᠣᠷᠢᠭ ᠬᠡᠳᠦᠢᠪᠡᠷ ᠪᠠᠭ᠎ᠠ ᠪᠣᠯᠪᠠᠴᠤ᠌ ᠨᠠᠮ ᠤᠨ ᠭᠡᠱᠢᠭᠦᠨ ᠪᠣᠯᠤᠨ ᠤᠯᠠᠨ ᠲᠦᠮᠡᠨ ᠰᠡᠳᠭᠢᠯ ᠨᠢᠭᠡᠳᠴᠦ᠍᠂ ᠬᠦᠴᠦ ᠪᠠᠨ ᠬᠠᠮᠲᠤᠳᠬᠠᠪᠠᠯ ᠨᠡᠢᠭᠡᠮ ᠲᠣᠭᠣᠷᠢᠭ ᠤᠯᠠᠮ ᠡᠴᠡ ᠤᠯᠠᠮ ᠰᠠᠢᠵᠢᠷᠠᠬᠤ ᠪᠣᠯᠤᠨ᠎ᠠ᠃ ᠳᠤᠯᠠᠭᠠᠨ ᠨᠡᠢᠭᠡᠮ ᠲᠣᠭᠣᠷᠢᠭ ᠤᠨ ᠨᠠᠮ ᠤᠨ ᠬᠣᠷᠢᠶ᠎ᠠ ᠣᠯᠠᠨ ᠵᠦᠶ᠋ᠯ ᠦᠨ ᠬᠡᠯᠪᠡᠷᠢ ᠪᠡᠷ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠨᠠᠮ ᠤᠨ ᠪᠠᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶ᠋ᠢᠨ ᠱᠢᠰᠲ᠋ᠧᠮ ᠪᠣᠯᠤᠨ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢᠨ ᠲᠦᠪᠱᠢᠨ ᠢ ᠳᠡᠭᠡᠭ᠌ᠰᠢᠯᠡᠭᠦᠯᠬᠦ᠌ ᠶ᠋ᠢ ᠬᠥᠲᠥᠯᠥᠨ ᠳᠠᠭᠠᠭᠤᠯᠬᠤ ᠶ᠋ᠢ ᠤᠯᠠᠮ ᠴᠢᠨᠠᠭᠰᠢᠲᠠ ᠥᠷᠭᠡᠳᠭᠡᠵᠦ᠍᠂ ᠬᠡᠷᠡᠭ᠌ᠴᠡᠭᠡ ᠱᠠᠭᠠᠷᠳᠠᠯᠭ᠎ᠠ ᠶ᠋ᠢ ᠤᠨᠤᠪᠴᠢᠳᠠᠢ ᠤᠢᠯᠠᠭᠠᠬᠤ᠂ ᠨᠠᠷᠢᠯᠢᠭ ᠦᠶ᠋ᠯᠡᠴᠢᠯᠡᠬᠦ᠌ ᠪᠡᠷ ᠳᠠᠮᠵᠢᠭᠤᠯᠤᠨ᠂ ᠰᠠᠭᠤᠭᠠᠯᠢ ᠠᠷᠠᠳ ᠤᠨ ᠬᠦᠰᠡᠵᠦ᠍ ᠪᠤᠳᠤᠵᠤ ᠪᠠᠢᠭ᠎ᠠ᠂ ᠪᠠᠴᠢᠮᠳᠠᠵᠤ ᠬᠦᠴᠢᠷᠳᠡᠵᠦ ᠪᠠᠢᠭ᠎ᠠ ᠵᠦᠶ᠋ᠯ ᠢ ᠦᠨᠡᠨ ᠬᠦ᠌ ᠰᠠᠢᠲᠤᠷ ᠱᠢᠶ᠋ᠳᠪᠦᠷᠢᠯᠡᠨ᠎ᠡ ᠬᠡᠵᠤ ᠪᠠᠢᠪᠠ ᠃
ᠣᠢᠯᠠᠭᠠᠭ᠍ᠰᠠᠨ ᠢᠶᠠᠷ ᠂ ᠴᠢᠩᠱᠠᠨ ᠲᠣᠭᠣᠷᠢᠭ ᠲᠤ ᠣᠲᠣ ᠪᠤᠯᠳᠠᠯ᠎ᠠ ᠳᠠᠩᠰᠠᠯᠠᠭᠤᠯᠤᠭᠠᠳ ᠪᠠᠢᠭ᠎ᠠ ᠰᠠᠢᠨ ᠳᠤᠷ᠎ᠠ ᠶ᠋ᠢᠨ ᠠᠵᠢᠯᠯᠠᠭ᠍ᠴᠢ 7 ᠲᠦᠮᠡ ᠭᠠᠷᠤᠶ᠂ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠵᠣᠬᠢᠶᠠᠨ ᠪᠠᠢᠭᠤᠯᠤᠯᠲᠠ 280 ᠭᠠᠷᠤᠶ ᠪᠠᠢᠵᠤ᠂ ᠨᠡᠢᠭᠡᠮ ᠲᠣᠭᠣᠷᠢᠭ ᠲᠣᠰᠭᠣᠨ ᠪᠠᠯᠭᠠᠰᠤᠨ ᠳᠤ ᠬᠥᠭ᠌ᠵᠢᠶᠡᠨᠲᠡᠶ ᠠᠵᠢᠯᠯᠠᠵᠤ ᠪᠤᠢ᠃
ᠴᠢᠩᠱᠠᠨ ᠲᠣᠭᠣᠷᠢᠭ ᠤᠨ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠦᠨ ᠳᠡᠳ᠋ ᠳᠠᠷᠤᠭ᠎ᠠ ᠭᠤᠤ ᠶᠤᠸᠠᠢ ᠱᠢᠶᠠ᠂ ᠰᠠᠢ᠌ᠨ ᠳᠤᠷ᠎ᠠ ᠶ᠋ᠢᠨ ᠦᠢᠯᠡᠴᠢᠯᠡᠭᠡ ᠪᠣᠯ ᠨᠡᠢᠭᠡᠮ ᠦᠨ ᠪᠣᠯᠪᠠᠰᠤᠨ ᠤ ᠲᠠᠪᠱᠢᠯᠳᠠ ᠶ᠋ᠢᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠨᠡᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠢᠭᠤᠯᠤᠯᠲᠠ ᠶ᠋ᠢᠨ ᠴᠢᠬᠤᠯᠠ ᠠᠭᠤᠯᠭ᠎ᠠ ᠪᠣᠯᠤᠨ᠎ᠠ᠃ ᠮᠠᠨ᠎ᠦ ᠲᠣᠭᠣᠷᠢᠭ ᠰᠠᠢᠨ ᠳᠤᠷ᠎ᠠ ᠶ᠋ᠢᠨ ᠦᠶ᠋ᠯᠡᠴᠢᠯᠡᠭᠡ᠎ᠵᠢᠨ ᠲᠠᠯ᠎ᠠ ᠪᠠᠷ ᠨᠠᠮ ᠤᠨ ᠪᠠᠢᠭᠤᠯᠤᠯᠲᠠ ᠪᠠᠷ ᠬᠥᠲᠥᠯᠥᠨ ᠳᠠᠭᠠᠭᠤᠯᠬᠤ ᠶ᠋ᠢ ᠪᠠᠷᠢᠮᠲᠠᠯᠠᠬᠤ᠂ ᠲᠦᠷᠢᠮ ᠦᠨ ᠪᠠᠲᠤᠯᠠᠭ᠎ᠠ ᠶ᠋ᠢ ᠪᠦᠷᠢᠨᠱᠢᠭᠦᠯᠬᠦ᠌᠂ ᠦᠶ᠋ᠯᠡᠴᠢᠯᠡᠭᠡᠨ ᠦ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠰᠠᠢᠨ ᠳᠤᠷ᠎ᠠ ᠶ᠋ᠢᠨ ᠦᠶ᠋ᠯᠡᠴᠢᠯᠡᠭᠡ ᠶ᠋ᠢ ᠦᠨᠳᠦᠰᠦᠨ ᠱᠠᠲᠤᠨ ᠤ ᠨᠡᠢᠭᠡᠮ ᠦᠨ ᠵᠠᠰᠠᠯᠲᠠ ᠳᠤ ᠭᠦᠨᠵᠡᠭᠡᠶ ᠠᠭᠤᠰᠤᠯᠴᠠᠭᠤᠯᠤᠨ᠎ᠠ ᠭᠡᠵᠦ ᠢᠯᠡᠳᠬᠡᠵᠤ ᠪᠠᠢᠯ᠎ᠠ᠃