ᠪᠦᠬᠦ ᠤᠷᠤᠨ ᠤ᠋ ᠡᠯ᠎ᠡ ᠱᠠᠲᠤᠨ᠎ᠤ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠴᠢᠳᠠᠪᠤᠷᠢ᠎ᠶ᠋ᠢ ᠨᠢ ᠳᠡᠭᠡᠭ᠌ᠰᠢᠯᠡᠭᠦᠯᠵᠦ᠂ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠦᠵᠡᠯ ᠰᠠᠨᠠᠭᠠᠨ᠎ᠤ ᠰᠤᠷᠳᠠᠯ ᠤᠬᠠᠭᠤᠯᠭ᠎ᠠ ᠪᠠ ᠤᠯᠤᠰ ᠲᠥᠷᠥ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠬᠦᠢᠴᠡᠳ ᠪᠠᠳᠠᠷᠠᠭᠤᠯᠬᠤ ᠵᠢᠨ ᠲᠦᠯᠦᠭᠡ ᠂ ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠤᠨ ᠶᠠᠪᠤᠳᠠᠯ ᠤᠨ ᠠᠵᠢᠯ ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠂ ᠥᠪᠡᠷᠲᠡᠭᠡᠨ ᠵᠠᠰᠠᠬᠤ ᠣᠷᠣᠨ᠎ᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ ᠤᠨ ᠲᠢᠩᠬᠢᠮ ᠬᠠᠮᠳᠤᠷᠠᠨ ᠰᠦᠯᠵᠢᠶᠡᠨ ᠳᠡᠭᠡᠷ᠎ᠡ ᠬᠢᠴᠢᠶᠡᠯᠯᠡᠬᠦ᠌ ᠬᠡᠯᠪᠡᠷᠢ᠎ᠪᠡᠷ《ᠠᠬᠠᠮᠠᠳ ᠴᠡᠷᠢᠭ ᠡᠭᠦᠷᠢᠳᠡ ᠨᠠᠮ ᠢᠶᠠᠨ ᠳᠠᠭᠠᠨ ᠤᠷᠤᠬᠰᠢᠯᠠᠨ᠎ᠠ》 —— ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠤᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ᠂ ᠡᠯ᠎ᠠ ᠠᠢᠮᠠᠭ ᠬᠣᠲᠠ ᠂ ᠬᠣᠱᠢᠭᠤ ᠱᠢᠶᠠᠨ (ᠬᠣᠲᠠ ᠂ ᠲᠣᠭᠣᠷᠢᠭ)᠎ᠤ ᠭᠤᠷᠪᠠᠨ ᠱᠠᠲᠤᠨ ᠤ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠵᠢᠴᠢ ᠬᠤᠯᠪᠤᠬᠳᠠᠯ ᠪᠦᠬᠦᠢ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠦᠶ᠋ᠯᠡᠳᠦᠯᠭᠡ ᠶ᠋ᠢᠨ ᠠᠵᠢᠯᠯᠠᠭ᠎ᠠ᠎ᠶ᠋ᠢ ᠬᠠᠷᠢᠭᠤᠴᠠᠵᠤ ᠪᠠᠢᠭ᠎ᠠ ᠠᠵᠢᠯᠲᠠᠨ 750 ᠱᠢᠬᠠᠮ ᠬᠥᠮᠦᠨ ᠪᠣᠯᠪᠠᠰᠤᠷᠠᠯ᠎ᠳᠤ ᠣᠷᠣᠯᠴᠠᠵᠠᠶ ᠃
ᠪᠣᠯᠪᠠᠰᠤᠷᠠᠯ ᠳ᠋ᠤ᠂ ᠨᠠᠮ᠎ᠤᠨ ᠬᠣᠷᠢᠳᠤᠭᠠᠷ ᠶᠡᠬᠡ ᠬᠤᠷᠠᠯ ᠤᠨ ᠲᠥᠯᠥᠭᠡᠯᠡᠭ᠌ᠴᠢ ᠪᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠡᠴᠨ ᠨᠠᠮ᠎ᠤᠨ ᠬᠣᠷᠢᠳᠤᠭᠠᠷ ᠶᠡᠬᠡ ᠬᠤᠷᠠᠯ᠎ᠳᠤ ᠣᠷᠣᠯᠴᠠᠭ᠍ᠰᠠᠨ ᠲᠦᠷᠦᠭ᠌ᠳᠡᠯ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠦᠨᠳᠦᠰᠦᠨ ᠠᠭᠤᠯᠭ᠎ᠠ ᠪᠣᠯᠤᠨ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠤᠬᠠᠭᠤᠯᠤᠨ ᠲᠠᠢᠯᠪᠤᠷᠢᠯᠠᠬᠤ ᠠᠵᠢᠯ ᠢ ᠥᠷᠨᠢᠭᠦᠯᠬᠦ᠌ᠵᠡᠷᠭᠡ ᠰᠡᠳᠦᠪ ᠤ᠋ᠨ ᠲᠣᠭᠣᠷᠢᠨ᠎ᠳᠤ ᠵᠢᠯᠤᠭᠤᠳᠤᠮᠵᠢ ᠬᠢᠬᠦ ᠵᠢᠨ ᠬᠠᠮᠳᠤ ᠡᠯ᠎ᠡ ᠱᠠᠲᠤᠨ ᠤ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ ᠰᠤᠳᠤᠯᠤᠨ ᠶᠠᠷᠢᠯᠴᠠᠵᠤ ᠤᠯᠤᠯᠳᠠ ᠲᠦᠷᠦᠭᠳᠡᠯ ᠵᠢᠡᠨ ᠰᠣᠯᠢᠯᠴᠠᠪᠠ᠃
ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠨᠠᠷ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ᠎ᠢᠶᠡᠨ ᠤᠬᠠᠭᠤᠯᠤᠨ ᠲᠠᠢᠯᠪᠤᠷᠢᠯᠠᠬᠤ ᠠᠵᠢᠯ ᠳᠠᠭᠠᠨ ᠤᠯᠠᠷᠢᠭᠤᠯᠤᠨ ᠬᠡᠷᠡᠭ᠌ᠯᠡᠵᠦ᠂ 《ᠠᠬᠠᠮᠠᠳ ᠴᠡᠷᠢᠭ》᠎ᠤᠨ ᠬᠤᠪᠢ᠎ᠪᠠᠷ᠂《ᠠᠬᠠᠮᠠᠳ ᠴᠡᠷᠢᠭ》᠎ᠤᠨ ᠬᠠᠷᠠᠭᠠᠰᠤ᠂ 《ᠠᠬᠠᠮᠠᠳ ᠴᠡᠷᠢᠭ》᠎ᠤᠨ ᠦᠭᠡ ᠬᠡᠯᠡ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠬᠤᠳᠠ ᠬᠥᠳᠡᠭᠡ᠎ᠶ᠋ᠢᠨ ᠨᠡᠢᠭᠡᠮ ᠲᠣᠭᠣᠷᠢᠭ᠂ ᠰᠤᠷᠭᠠᠭᠤᠯᠢ᠎ᠶ᠋ᠢᠨ ᠬᠦᠷᠢᠢ᠎ᠡ᠂ ᠴᠡᠷᠢᠭ᠎ᠦᠨ ᠬᠤᠸᠠᠷᠠᠨ᠂ ᠡᠯ᠎ᠡ ᠲᠦᠷᠦᠯ᠎ᠦᠨ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ ᠪᠣᠯᠤᠨ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠳᠤ ᠣᠷᠣᠭᠤᠯᠬᠤ᠎ᠶ᠋ᠢ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠲᠠᠰᠤᠷᠠᠯᠲᠠ ᠦᠭᠡᠢ ᠪᠤᠢ ᠪᠣᠯᠭᠠᠨ᠎ᠠ ᠭᠡᠵᠦ ᠢᠯᠡᠷᠭᠡᠢᠯᠡᠵᠡᠭᠡᠪᠡ᠃