ᠰᠤᠪᠨᠠᠭᠤᠷ᠎ᠤᠨ ᠨᠤᠭᠤ ᠭᠠᠵᠠᠷ᠎ᠢ ᠤᠯᠠᠮ ᠭᠤᠢᠳᠠ ᠰᠠᠢᠬᠠᠨ ᠪᠣᠯᠭᠠᠨ᠎ᠠ
2022-12-03 11:53:38
ᠵᠣᠬᠢᠶᠠᠭ᠍ᠴᠢ᠄
ᠯᠢᠦ ᠬᠣᠩ ᠵᠠᠩ᠂ ᠱ᠌ᠢ ᠱᠢᠨ ᠶᠤᠸᠠᠨ
ᠣᠩᠱᠢᠭ᠍ᠰᠠᠨ ᠣᠳᠠᠭ᠎ᠠ᠄
★★★☆☆

ᠪᠠᠢᠭᠤᠯᠭ᠎ᠠ ᠨᠢᠭᠡᠴᠢ᠎ᠶ᠋ᠢᠨ ᠠᠵᠢᠯᠲᠠᠨ ᠠᠵᠢᠯᠴᠢᠨ᠎ᠶ᠋ᠢᠡᠨ ᠵᠣᠬᠢᠶᠠᠨ ᠪᠠᠢᠭᠤᠯᠵᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭᠰᠠᠨ᠎ᠤ ᠳᠠᠷᠠᠭ᠎ᠠ᠂ ᠡᠵᠡᠨ᠎ᠡ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠬᠡ ᠠᠩᠭᠢ᠎ᠶ᠋ᠢᠨ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠲᠥᠪ᠎ᠦᠨ ᠬᠠᠷᠢᠭᠤᠴᠠᠯᠭᠠᠲᠠᠨ ᠮᠠ ᠽᠸ ᠵᠢᠶᠦ᠋ᠨ ᠬᠠᠮᠲᠤ ᠠᠵᠢᠯᠯᠠᠭ᠍ᠰᠠᠳ᠎ᠲᠠᠶ᠎ᠪᠠᠨ ᠡᠵᠡᠨ᠎ᠡ ᠬᠣᠱᠢᠭᠤᠨ᠎ᠤ ᠰᠤᠪᠨᠠᠭᠤᠷ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠣᠷᠣᠨ᠎ᠶ᠋ᠢᠡᠷ ᠲᠣᠭᠣᠷᠢᠨ ᠪᠠᠢᠴᠠᠭᠠᠬᠤ᠎ᠪᠠᠷ ᠶᠠᠪᠤᠪᠠ᠃ ᠰᠤᠪᠨᠠᠭᠤᠷ᠎ᠤᠨ ᠮᠣᠳᠣᠨ ᠬᠥᠭᠥᠷᠭᠡᠨ ᠵᠠᠮ ᠳᠡᠭᠡᠷ᠎ᠡ ᠮᠠ ᠽᠸ ᠵᠢᠶᠦ᠋ᠨ ᠱᠦᠭ᠌ᠯᠦ᠍᠎ᠦᠯᠢᠶᠡᠵᠦ ᠱᠢᠪᠠᠭᠤᠨ᠎ᠳᠤ ᠢᠳᠡᠰᠢ ᠰᠠᠴᠤᠵᠦ ᠦᠭᠬᠦ ᠳ᠋ᠦ᠂ ᠱᠢᠪᠠᠭᠤᠳ ᠵᠢᠭᠦᠷ᠎ᠢᠶᠡᠨ ᠳᠡᠪᠢᠵᠦ᠍᠂ ᠳᠥᠷᠪᠡᠨ ᠵᠦᠭ ᠨᠠᠶ᠋ᠮᠠᠨ ᠵᠣᠪᠬᠢᠰ᠎ᠠᠴᠠ ᠨᠢᠰᠤᠨ ᠢᠷᠡᠵᠦ᠍᠂ ᠠᠭᠤᠯᠵᠠᠭ᠎ᠠ ᠥᠬᠡᠶ ᠤᠳᠠᠭ᠍ᠰᠠᠨ ᠨᠠᠢᠵᠠ᠎ᠪᠠᠨ ᠣᠯᠵᠤ ᠦᠵᠡᠭ᠌ᠰᠡᠨ ᠱᠢᠭ ᠪᠠᠢᠯ᠎ᠠ᠃

《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠡᠷᠬᠡᠪᠰᠢ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠦᠨᠳᠦᠷᠴᠡ ᠡᠴᠡ ᠬᠥᠭ᠌ᠵᠢᠯᠲᠡ᠎ᠶ᠋ᠢ ᠲᠥᠯᠥᠪᠵᠢᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠤᠢ᠍ᠢᠷ᠎ᠠ᠎ᠶ᠋ᠢᠨ ᠡᠳᠦᠷ᠎ᠦᠳ᠎ᠲᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠢ ᠭᠦᠨᠵᠡᠭᠡᠢ ᠰᠤᠷᠤᠯᠴᠠᠬᠤ᠎ᠪᠠᠷ ᠲᠠᠮᠵᠢᠨ᠂ ᠪᠢ ᠬᠠᠮᠲᠤ ᠠᠵᠢᠯᠯᠠᠭ᠍ᠰᠠᠳ᠎ᠲᠠᠶ᠎ᠪᠠᠨ ᠮᠠᠰᠢ ᠤᠷᠮᠠᠱᠢᠨ ᠵᠣᠷᠢᠭ᠍ᠵᠢᠵᠤ᠂ ᠨᠤᠭᠤ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ ᠬᠦᠨᠳᠦ ᠶᠡᠬᠡ ᠪᠥᠭᠡᠳ ᠠᠴᠢ ᠬᠣᠯᠪᠣᠭ᠍ᠳᠠᠯ ᠶᠡᠷᠦ᠍ ᠪᠤᠰᠤ᠎ᠶ᠋ᠢᠨ ᠭᠡᠳᠡᠭ᠎ᠢ ᠴᠢᠨᠠᠭᠰᠢᠳᠠ ᠬᠦᠨᠵᠡᠭᠡᠢ ᠤᠬᠠᠪᠠ᠂ ᠪᠢᠳᠡ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠰᠤᠪᠨᠠᠭᠤᠷ᠎ᠤᠨ ᠨᠤᠭᠤ ᠭᠠᠵᠠᠷ᠎ᠢ ᠬᠠᠮᠠᠭᠠᠯᠠᠬᠤ ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ ᠮᠠ ᠽᠸ ᠵᠢᠶᠦ᠋ᠨ ᠰᠤᠷᠪᠤᠯᠵᠢᠯᠠᠭᠴᠢ᠎ᠳᠦ ᠶᠠᠷᠢᠪᠠ᠃

ᠰᠤᠪᠨᠠᠭᠤᠷ᠎ᠤᠨ ᠨᠤᠭᠤ ᠭᠠᠵᠠᠷ᠎ᠤᠨ ᠶᠡᠷᠦᠩᠬᠡᠢ ᠳᠠᠯᠠᠪᠠᠢ ᠨᠢ 5881.87 ᠾᠧᠺᠲ᠋ᠠᠷ ᠪᠠᠢᠵᠤ᠂ ᠡᠵᠡᠨ᠎ᠡ ᠬᠣᠱᠢᠭᠤᠨ᠎ᠤ ᠨᠤᠭᠤ ᠭᠠᠵᠠᠷ᠎ᠤᠨ ᠶᠡᠷᠦᠩᠬᠡᠢ ᠳᠠᠯᠠᠪᠠᠢ᠎ᠶ᠋ᠢᠨ 13.17% ᠵᠢ ᠡᠵᠡᠯᠡᠵᠦ᠍᠂ ᠡᠵᠡᠨ᠎ᠡ᠎ᠶ᠋ᠢᠨ ᠪᠠᠶᠠᠨ ᠪᠦᠷᠢᠳᠦ᠍᠎ᠶ᠋ᠢᠨ ᠠᠮᠢ ᠠᠬᠤᠢ᠎ᠶ᠋ᠢᠨ ᠲᠡᠩᠴᠡᠭᠦᠷᠢ᠎ᠶ᠋ᠢ ᠪᠠᠲᠤᠯᠠᠬᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠬᠦᠯᠬᠦ ᠳ᠋ᠤ ᠲᠤᠢᠯ᠎ᠤᠨ ᠴᠢᠬᠤᠯᠠ ᠦᠶ᠋ᠯᠡᠳᠦᠯ᠎ᠲᠡᠶ ᠶᠤᠮ᠃ ᠡᠬᠦᠨ ᠳ᠋ᠤ ᠨᠢᠳᠦᠨ ᠡᠮᠦᠨᠡᠬᠢ 42 ᠲᠡᠭ᠌ᠰᠢ ᠳᠥᠷᠪᠡᠯᠵᠢᠨ ᠺᠢᠯᠣᠮᠧᠲ᠋ᠷ᠎ᠤᠨ ᠲᠠᠯᠠᠪᠠᠢ ᠪᠦᠬᠦᠢ  ᠰᠤᠪᠨᠠᠭᠤᠷ᠎ᠢ᠎ᠰᠠᠢᠲᠤᠷ ᠬᠠᠮᠠᠭᠠᠯᠠᠬᠤ ᠪᠣᠯ ᠮᠠ ᠽᠸ ᠵᠢᠶᠦ᠋ᠨ ᠪᠣᠯᠤᠨ ᠬᠠᠮᠲᠤ ᠠᠵᠢᠯᠯᠠᠭ᠍ᠰᠠᠳ᠎ᠤᠨ ᠭᠤᠤᠯ ᠡᠭᠦᠷᠭᠡ ᠪᠣᠯᠤᠨ᠎ᠠ᠃ ᠲᠡᠷᠡ ᠲᠣᠭᠣᠷᠢᠨ ᠬᠠᠮᠠᠭᠠᠯᠠᠯᠳᠠ ᠵᠢᠨ ᠪᠠᠢᠳᠠᠯ᠎ᠵᠢᠡᠨ ᠨᠠᠷᠢᠨ ᠲᠡᠮᠳᠡᠭ᠌ᠯᠡᠬᠦ᠌᠎ᠶ᠋ᠢᠨ ᠳᠠᠭᠠᠤ᠄ 《ᠨᠤᠲᠤᠭ ᠤᠰᠤ᠎ᠪᠠᠨ ᠰᠠᠢᠲᠤᠷ ᠰᠠᠬᠢᠨ ᠬᠠᠮᠠᠭᠠᠯᠠᠬᠤ ᠪᠣᠯ ᠮᠢᠨᠦ᠍ ᠬᠠᠷᠢᠭᠤᠴᠠᠯᠭ᠎ᠠ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠰᠤᠪᠨᠠᠭᠤᠷ᠎ᠤᠨ ᠨᠤᠭᠤ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠶᠠᠪᠤᠬᠤ ᠲᠤᠳᠤᠮ ᠭᠤᠶᠤ ᠪᠣᠯᠬᠤ᠎ᠶ᠋ᠢ ᠪᠢ ᠪᠠᠲᠤ ᠢᠲᠡᠭᠡᠵᠦ᠍ ᠪᠠᠢᠨ᠎ᠠ》ᠭᠡᠵᠦ  ᠶᠠᠷᠢᠵᠤ ᠪᠠᠢᠯ᠎ᠠ᠃

ᠡᠨᠡ ᠵᠢᠯ 54 ᠨᠠᠰᠤᠲᠠᠢ ᠮᠠ ᠽᠸ ᠵᠢᠶᠦ᠋ᠨ ᠠᠵᠢᠯ᠎ᠤᠨ ᠭᠠᠷᠤᠭ᠎ᠠ ᠠᠪᠴᠤ 32 ᠵᠢᠯ ᠪᠤᠯᠵᠤ ᠪᠤᠢ᠃ 2020 ᠣᠨ᠎ᠳᠤ ᠨᠤᠭᠤ ᠭᠠᠵᠠᠷ᠎ᠤᠨ ᠬᠠᠮᠠᠭᠠᠯᠠᠯᠲᠠ ᠬᠠᠮᠢᠶᠠᠷᠤᠯᠲᠠ᠎ᠶ᠋ᠢᠨ ᠠᠵᠢᠯ᠎ᠤᠨ ᠪᠠᠢᠷᠢ᠎ᠳᠤ ᠭᠠᠷᠪᠠ᠃ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠹᠷᠣᠨᠲ᠎ᠲᠠᠬᠢ ᠨᠢᠭᠡᠨ ᠱᠢᠨ᠎ᠡ ᠴᠡᠷᠢᠭ ᠪᠣᠯᠤᠭ᠍ᠰᠠᠨ᠎ᠤ ᠬᠤᠪᠢ᠎ᠳᠤ᠂ ᠲᠡᠷᠡ ᠤᠯᠠᠨ ᠤᠳᠠᠭ᠎ᠠ ᠪᠣᠳᠠᠲᠠᠢ ᠭᠠᠵᠠᠷ᠎ᠲᠤᠨᠢ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠨᠤᠭᠤ ᠭᠠᠵᠠᠷ᠎ᠢ ᠬᠠᠮᠠᠭᠠᠯᠠᠬᠤ ᠲᠤᠰᠭᠠᠢ ᠮᠡᠷᠭᠡᠵᠢᠯ᠎ᠦᠨ ᠮᠡᠳᠡᠯᠭᠡ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠠᠯᠢᠪᠠ ᠲᠣᠬᠢᠶᠠᠯ᠎ᠢ ᠠᠱᠢᠭ᠍ᠯᠠᠨ ᠠᠰᠠᠭᠤᠨ ᠵᠢᠭᠠᠯᠭᠠᠵᠤ᠂ ᠠᠭᠠᠵᠢᠮ᠎ᠢᠶᠠᠷ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠲᠠᠯ᠎ᠠ᠎ᠶ᠋ᠢᠨ 《ᠮᠡᠷᠭᠡᠵᠢᠯᠲᠡᠨ》 ᠪᠣᠯᠪᠠ᠃ ᠡᠨᠡ ᠵᠢᠯ᠂ ᠮᠠ ᠽᠸ ᠵᠢᠶᠦ᠋ᠨ ᠤᠯᠤᠰ᠎ᠤᠨ 67 ᠭᠡᠭᠡᠷ᠎ᠡ᠎ᠶᠢᠨ ᠠᠮᠢᠳᠠᠨ᠎ᠢ ᠠᠪᠤᠷᠠᠨ ᠲᠤᠰᠠᠯᠠᠬᠤ᠎ᠳᠤ ᠣᠷᠣᠯᠴᠠᠪᠠ᠂ ᠡᠭᠦᠨ᠎ᠳᠦ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠳᠠ ᠵᠢᠨ ᠭᠡᠭᠡᠷ᠎ᠡ᠎ᠶᠢᠨ ᠠᠮᠢᠳᠠᠨ 3᠂ ᠤᠯᠤᠰ᠎ᠤᠨ ᠬᠣᠶᠠᠳᠤᠭᠠᠷ ᠳᠡᠰ᠎ᠤᠨ ᠬᠠᠮᠠᠭᠠᠯᠠᠯᠳᠠ ᠵᠢᠨ  ᠭᠡᠭᠡᠷ᠎ᠡ᠎ᠶᠢᠨ ᠠᠮᠢᠳᠠᠨ 5᠂ ᠤᠯᠤᠰ᠎ᠤᠨ 《ᠭᠤᠷᠪᠠ ᠪᠠᠢᠬᠤ》 ᠬᠠᠮᠠᠭᠠᠯᠠᠯᠳᠠ ᠵᠢᠨ ᠭᠡᠭᠡᠷ᠎ᠡ ᠵᠢᠨ ᠠᠮᠢᠳᠠᠨ 59  ᠪᠤᠢ᠃

《ᠣᠢᠷ᠎ᠠ᠎ᠶ᠋ᠢᠨ ᠵᠢᠯ᠎ᠳᠦ ᠬᠠᠷ᠎ᠠ ᠤᠰᠤᠨ ᠭᠣᠸ᠋ᠯ᠎ᠤᠨ ᠤᠰᠤ ᠲᠠᠲᠠᠬᠤ ᠢᠨᠵᠧᠨᠧᠷᠢᠩ᠎ᠢ ᠬᠡᠷᠡᠭᠵᠢᠬᠦᠯᠬᠦ ᠪᠡᠷ ᠳᠠᠮᠵᠢᠨ ᠰᠤᠪᠨᠠᠭᠤᠷ᠎ᠤᠨ ᠨᠤᠭᠤ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ ᠲᠡᠭᠦᠯᠳᠡᠷᠵᠢᠵᠦ᠍᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠲᠠᠰᠤᠷᠠᠯᠲᠠ ᠥᠬᠡᠶ ᠪᠠᠶᠠᠯᠢᠭ᠍ᠵᠢᠪᠠ᠃ ᠰᠤᠪᠨᠠᠭᠤᠷ᠎ᠤᠨ ᠠᠮᠢ ᠠᠬᠤᠶ ᠎ᠶ᠋ᠢᠨ ᠣᠷᠴᠢᠨ ᠨᠥᠬᠥᠴᠡᠯ᠎ᠦᠨ ᠰᠠᠢᠵᠢᠷᠠᠬᠤ ᠎ᠶ᠋ᠢ ᠳᠠᠭᠠᠯᠳᠤᠨ 10 ᠵᠢᠯ ᠱᠢᠬᠠᠮ᠎ᠪᠠᠷ᠎ᠠ ᠲᠠᠰᠤᠷᠠᠬᠰᠠᠨ ᠨᠡᠭᠦᠳᠡᠯ᠎ᠦᠨ ᠱᠢᠪᠠᠭᠤᠳ ᠳᠠᠬᠢᠨ ᠪᠤᠴᠠᠨ ᠢᠷᠡᠵᠦ᠂ ᠨᠠᠭᠤᠷ᠎ᠤᠨ ᠬᠥᠪᠡᠭᠡᠨ᠎ᠳᠡᠬᠢ ᠪᠣᠷᠣ ᠭᠠᠯᠠᠭᠤ ᠱᠢᠷ᠎ᠠ ᠨᠤᠭᠤᠰᠤ ᠵᠡᠷᠭᠡ ᠨᠢ ᠨᠢᠭᠡᠨᠲᠡ ᠵᠣᠬᠢᠬᠤ ᠬᠡᠪᠴᠢᠶ᠎ᠡ ᠵᠢ ᠪᠦᠷᠢᠯᠳᠦᠬᠦᠯᠵᠦ᠂ ᠱᠢᠪᠠᠭᠤᠨ᠎ᠤ ᠲᠥᠷᠥᠯ᠎ᠦᠨ ᠶᠡᠷᠦᠩᠬᠡᠶ ᠲᠣᠭ᠎ᠠ ᠬᠡᠮᠵᠢᠶ᠎ᠡ ᠴᠦ᠍ ᠲᠠᠰᠤᠷᠠᠯᠲᠠ ᠦᠭᠡᠢ ᠨᠡᠮᠡᠭᠳᠡᠵᠦ᠂ ᠰᠢᠪᠠᠭᠤᠨ᠎ᠤ ᠶᠡᠷᠦᠩᠭᠡᠢ ᠲᠤᠭ᠎ᠠ ᠬᠡᠮᠵᠢᠶ᠎ᠡ ᠬᠠᠮᠤᠭ᠎ᠤᠨ ᠤᠯᠠᠨ ᠳ᠋ᠠᠭᠠᠨ 10 ᠲᠦᠮᠡ ᠎ᠶ᠋ᠢ ᠳᠠᠪᠠᠵᠠᠢ》 ᠭᠡᠵᠦ ᠮᠠ ᠽᠸ ᠵᠢᠶᠦ᠋ᠨ ᠰᠤᠷᠪᠤᠯᠵᠢᠯᠠᠭ᠍ᠴᠢ᠎ᠳᠤ ᠬᠡᠯᠡᠨ᠎ᠡ᠃

ᠨᠡᠭᠦᠳᠡᠯ᠎ᠦᠨ ᠱᠢᠪᠠᠭᠤ ᠎ᠶ᠋ᠢ ᠠᠮᠤᠷ ᠲᠦᠪᠱᠢᠨ ᠦᠷᠡᠵᠢᠭᠦᠯᠦᠨ ᠪᠣᠢᠵᠢᠭᠤᠯᠬᠤ ᠣᠷᠴᠢᠨ ᠲᠣᠭᠣᠷᠢᠨ᠎ᠲᠠᠶ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠮᠠ ᠽᠸ ᠵᠢᠶᠦ᠋ᠨ ᠬᠠᠮᠲᠤ ᠠᠵᠢᠯᠯᠠᠭ᠍ᠰᠠᠳ᠎ᠲᠠᠶ᠎ᠪᠠᠨ ᠨᠤᠭᠤ ᠭᠠᠵᠠᠷ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠢ ᠬᠢᠨᠠᠨ ᠬᠡᠮᠵᠢᠵᠦ᠍ ᠬᠠᠮᠢᠶᠠᠷᠤᠨ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠦ᠂ ᠡᠳᠦᠷ ᠪᠦᠷᠢ ᠨᠢᠭᠡ ᠤᠳᠠᠭ᠎ᠠ ᠲᠣᠭᠣᠷᠢᠨ ᠪᠠᠢᠴᠠᠭᠠᠬᠤ ᠪᠠᠨ ᠶᠡᠷᠦ ᠡᠴᠡ ᠲᠠᠰᠤᠯᠳᠠᠭᠤᠯᠤᠯ ᠦᠭᠡᠢ ᠪᠠᠢᠯ᠎ᠠ᠃ 《ᠪᠢᠳᠡ ᠨᠢᠭᠡ ᠲᠠᠯ᠎ᠠ᠎ᠪᠠᠷ ᠡᠷᠬᠢᠨ ᠲᠣᠭᠣᠷᠢᠨ᠎ᠤ ᠣᠯᠠᠨ ᠲᠦᠮᠡᠨ᠎ᠳᠦ ᠨᠤᠭᠤ ᠭᠠᠵᠠᠷ᠎ᠤᠨ ᠮᠡᠳᠡᠯᠭᠡ᠎ᠶ᠋ᠢ ᠤᠬᠠᠭᠤᠯᠵᠦ᠂ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠤᠬᠠᠮᠰᠠᠷ᠎ᠢ ᠨᠢ ᠳᠡᠭᠡᠭ᠌ᠰᠢᠯᠡᠭᠦᠯᠪᠠ; ᠨᠥᠭᠥᠭᠡ ᠲᠠᠯ᠎ᠠ᠎ᠪᠠᠷ ᠨᠤᠭᠤ ᠭᠠᠵᠠᠷ᠎ᠤᠨ ᠬᠡᠪᠴᠢᠶᠡᠨ᠎ᠳᠦ ᠳᠤᠷ᠎ᠠ᠎ᠪᠠᠷ᠎ᠢᠶᠠᠨ ᠬᠡᠭᠡᠷ᠎ᠡ᠎ᠶ᠋ᠢᠨ ᠠᠮᠢᠲᠠᠨ᠎ᠢ ᠠᠩᠨᠠᠬᠤ᠂ ᠱᠢᠪᠠᠭᠤᠨ᠎ᠤ ᠥᠨᠳᠡᠭᠡ ᠲᠡᠭᠦᠬᠦ᠌ ᠪᠠ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠎ᠢ ᠠᠩᠨᠠᠵᠤ ᠱᠦᠭᠦᠬᠦ᠌ ᠵᠡᠷᠭᠡ ᠦᠶ᠋ᠯᠡ ᠠᠵᠢᠯᠯᠠᠭ᠎ᠠ᠎ᠶ᠋ᠢ ᠴᠠᠬ ᠲᠤᠬᠠᠢ ᠳ᠋ᠤᠨᠢ ᠬᠤᠷᠢᠬᠯᠠᠪᠠ》 ᠬᠡᠵᠦ ᠮᠠ ᠽᠸ ᠵᠢᠶᠦ᠋ᠨ ᠬᠡᠯᠡᠵᠦ ᠪᠠᠢᠯ᠎ᠠ᠃

ᠮᠠ ᠽᠸ ᠵᠢᠶᠦ᠋ᠨ ᠮᠡᠲᠤ ᠵᠢᠨ ᠨᠤᠭᠤ ᠭᠠᠵᠠᠷ᠎ᠢ ᠦᠨᠡᠨᠴᠢ ᠱᠢᠳᠤᠷᠭᠤ᠎ᠪᠠᠷ ᠰᠠᠬᠢᠨ ᠬᠠᠮᠠᠭᠠᠯᠠᠭ᠍ᠴᠢᠳ ᠪᠠᠢᠬᠰᠠᠨ ᠵᠢᠡᠷ᠂ ᠤᠢ᠍ᠢᠷ᠎ᠠ᠎ᠶ᠋ᠢᠨ ᠵᠢᠯ᠎ᠳᠦ ᠰᠤᠪᠨᠠᠭᠤᠷ᠎ᠤᠨ ᠨᠤᠭᠤ ᠭᠠᠵᠠᠷ᠎ᠢ ᠡᠪᠳᠡᠬᠦ ᠠᠵᠢᠯᠯᠠᠭ᠎ᠠ ᠢᠯᠡᠳᠲᠡ ᠪᠠᠭᠠᠰᠴᠤ᠂ ᠨᠤᠭᠤ ᠭᠠᠵᠠᠷ ᠵᠢᠴᠢ ᠡᠷᠬᠢᠨ ᠲᠣᠭᠣᠷᠢᠨ᠎ᠤ ᠠᠮᠢ ᠠᠬᠤᠢ᠎ᠶ᠋ᠢᠨ ᠱᠢᠰᠲᠸᠮ᠎ᠤᠨ ᠴᠢᠳᠠᠪᠬᠢ ᠢᠯᠡᠳᠲᠡ ᠲᠡᠭᠡᠭᠰᠢᠯᠡᠵᠦ᠂ ᠬᠣᠪᠣᠷ ᠨᠠᠨᠳᠢᠨ ᠭᠠᠯᠲᠤ ᠱᠢᠪᠠᠭᠤ᠂ ᠬᠠᠷ᠎ᠠ ᠥᠷᠪᠢᠯᠳᠡᠢ᠂ ᠴᠠᠬᠤᠯᠠᠢ᠂ ᠴᠠᠭᠠᠨ ᠰᠡᠭᠦᠯᠲᠦ ᠳᠠᠯᠠᠢ᠎ᠶ᠋ᠢᠨ ᠪᠦᠷᠭᠦᠳ᠂ ᠬᠠᠰ ᠪᠦᠰᠡᠨ ᠳᠠᠯᠠᠢ᠎ᠶ᠋ᠢᠨ ᠪᠦᠷᠭᠦᠳ ᠵᠡᠷᠭᠡ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶ᠋ᠢᠨ ᠱᠢᠪᠠᠭᠤᠨ᠎ᠤ ᠲᠦᠷᠦᠯ ᠴᠦ᠍ ᠡᠨᠳᠡ ᠨᠤᠲᠤᠬᠰᠢᠯ᠎ᠠ᠃ ᠣᠳᠣᠬᠠᠨ᠎ᠳᠤ ᠬᠢᠨᠠᠨ ᠬᠡᠮᠵᠢᠵᠦ᠍ ᠣᠯᠤᠭ᠍ᠰᠠᠨ ᠱᠢᠪᠠᠭᠤᠨ᠎ᠤ ᠲᠥᠷᠥᠯ ᠨᠡᠢᠲᠡ 128 ᠪᠠᠢᠵᠤ᠂ ᠡᠭᠦᠨ᠎ᠳᠦ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶ᠋ᠢᠨ ᠱᠢᠪᠠᠭᠤᠨ᠎ᠤ ᠲᠥᠷᠥᠯ 10 ᠵᠦᠢᠯ᠂ ᠤᠯᠤᠰ᠎ᠤᠨ ᠬᠣᠶᠠᠳᠤᠭᠠᠷ ᠳᠡᠰ᠎ᠤᠨ ᠬᠠᠮᠠᠭᠠᠯᠠᠯᠲᠠ᠎ᠶ᠋ᠢᠨ ᠱᠢᠪᠠᠭᠤᠨ᠎ᠤ ᠲᠥᠷᠥᠯ 26 ᠵᠦᠢᠯ ᠪᠠᠢᠨ᠎ᠠ᠃

《ᠣᠳᠣ ᠰᠤᠪᠨᠠᠭᠤᠷ᠎ᠤᠨ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠣᠷᠣᠨ᠎ᠤ ᠠᠮᠢ ᠠᠬᠤᠢ ᠰᠠᠢᠨ᠂ ᠠᠭᠤᠷ ᠠᠮᠢᠰᠭᠤᠯ ᠰᠠᠢᠨ ᠪᠤᠯᠵᠤ᠂ ᠰᠤᠪᠨᠠᠭᠤᠷ᠎ᠤᠨ ᠦᠩᠭᠡ ᠦᠵᠡᠮᠵᠢ ᠨᠡᠩ ᠰᠠᠢᠬᠠᠨ ᠪᠤᠯᠵᠠᠢ᠃ ᠳᠠᠷᠠᠭᠠᠴᠢ᠎ᠶ᠋ᠢᠨ ᠠᠯᠬᠤᠮ᠎ᠳᠤ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠤᠪᠨᠠᠭᠤᠷ᠎ᠤᠨ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠣᠷᠣᠨ᠎ᠢ ᠨᠡᠩ ᠰᠠᠢᠲᠤᠷ ᠰᠠᠬᠢᠨ ᠬᠠᠮᠠᠭᠠᠯᠠᠵᠤ᠂ ᠬᠡᠭᠡᠷ᠎ᠡ᠎ᠶ᠋ᠢᠨ ᠠᠮᠢᠲᠠᠨ᠎ᠳᠤ ᠨᠡᠩ ᠦᠵᠡᠰᠭᠦᠯᠡᠩᠲᠦ ᠰᠠᠢᠬᠠᠨ ᠣᠷᠴᠢᠨ ᠲᠣᠭᠣᠷᠢᠨ᠎ᠢ ᠡᠬᠦᠳᠦᠨ ᠦᠭᠴᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠮᠢ ᠠᠬᠤᠢ᠎ᠶ᠋ᠢᠨ ᠭᠡᠷ ᠣᠷᠣᠨ ᠪᠣᠯᠤᠨ ᠦᠵᠡᠰᠭᠦᠯᠡᠩᠲᠦ ᠰᠠᠢᠬᠠᠨ ᠡᠵᠡᠨ᠎ᠡ᠎ᠶ᠋ᠢ ᠪᠦᠳᠦᠭᠡᠨ ᠪᠠᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ᠍ ᠮᠠ ᠽᠸ ᠵᠢᠶᠦ᠋ᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号