11 ᠰᠠᠷ᠎ᠠ᠎ᠶᠢᠨ 25 ᠪᠠ 29 ᠤ᠋ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠮᠠ ᠬᠦᠢ ᠶᠢᠩ 《ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ ᠭᠣᠢᠳᠠ ᠰᠠᠢᠬᠠᠨ ᠬᠠᠭᠤᠳᠠᠰᠤ᠎ᠶᠢ ᠪᠢᠴᠢᠭᠯᠡᠶ᠎ᠡ》 ᠭᠡᠬᠦ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠮᠠ ᠬᠦᠢ ᠶᠢᠩ ᠰᠢᠨ᠎ᠡ ᠴᠠᠭ ᠦᠶ᠎ᠡ᠎ᠶᠢᠨ 10 ᠵᠢᠯ᠎ᠦᠨ ᠠᠭᠤᠤ ᠶᠡᠬᠡ ᠬᠤᠪᠢᠰᠤᠯᠲᠠ ᠡᠴᠡ ᠰᠢᠨ᠎ᠡ ᠠᠶᠠᠨ᠎ᠤ ᠰᠠᠭᠤᠷᠢ᠎ᠶᠢ ᠲᠠᠯᠪᠢᠬᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠰᠢᠨ᠎ᠡ ᠠᠬᠤᠢ ᠪᠠᠢᠳᠠᠯ᠎ᠢ ᠨᠡᠭᠡᠭᠡᠬᠦ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠬᠡᠰᠡᠨ ᠭᠤᠷᠪᠠᠨ ᠲᠠᠯ᠎ᠠ ᠡᠴᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ ᠶᠢ ᠭᠦᠨᠵᠡᠭᠡᠢ ᠲᠠᠢᠯᠪᠤᠷᠢᠯᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ ᠶᠢᠨ ᠪᠠᠢᠭᠤᠯᠭ᠎ᠠ ᠶᠢᠨ ᠨᠠᠮ᠎ᠤᠨ ᠭᠡᠰᠢᠭᠦᠨ ᠺᠠᠳ᠋ᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠮᠡᠳᠡᠭᠦᠯᠦᠯᠲᠡ ᠨᠢ ᠤᠨᠤᠯ ᠤᠨ ᠲᠠᠯ᠎ᠠ ᠪᠠᠷ ᠡᠮᠬᠢᠯᠡᠵᠦ ᠪᠣᠯᠪᠠᠰᠤᠷᠠᠭᠤᠯᠤᠭᠰᠠᠨᠢ᠋ᠢᠡᠷ ᠪᠠᠷᠠᠬᠤ ᠦᠭᠡᠢ ᠪᠠᠰᠠ ᠪᠣᠳᠠᠲᠠᠢ᠎ᠲᠠᠢ ᠤᠶᠠᠯᠳᠤᠭᠤᠯᠤᠨ ᠲᠤᠲᠤᠷᠬᠠᠢᠯᠠᠨ ᠲᠠᠢᠯᠪᠤᠷᠢᠯᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠣᠨᠣᠪᠴᠢᠲᠠᠢ ᠡᠵᠡᠮᠰᠢᠬᠦ᠂ ᠰᠢᠨ᠎ᠡ ᠴᠠᠭ ᠦᠶ᠎ᠡ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠠᠵᠢᠯ᠎ᠢ ᠰᠠᠢᠲᠤᠷ ᠬᠢᠬᠦ ᠳᠦ ᠲᠤᠢᠯ ᠤᠨ ᠴᠢᠩᠭ᠎ᠠ ᠵᠢᠯᠤᠭᠣᠳᠬᠤ ᠠᠴᠢ ᠬᠣᠯᠪᠣᠭᠳᠠᠯ᠎ᠲᠠᠢ ᠪᠠᠢᠨ᠎ᠠ ᠭᠡᠵᠦ ᠢᠯᠡᠷᠬᠡᠢᠯᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶᠠᠨ᠎ᠤ ᠳᠡᠳ᠋ ᠱᠦᠵᠢ ᠴᠢᠶᠸ ᠭᠦᠸᠧ ᠱᠠᠨ᠄ 《ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠬᠠᠤᠯᠢᠵᠢᠯ ᠪᠠ ᠠᠮᠤᠷ ᠲᠦᠪᠰᠢᠨ ᠲᠣᠭᠲᠠᠭᠤᠨ᠎ᠤ ᠠᠵᠢᠯ᠎ᠢ ᠰᠠᠢᠲᠤᠷ ᠬᠢᠬᠦ ᠲᠤᠬᠠᠢ ᠲᠤᠰᠬᠠᠢ ᠪᠦᠯᠦᠭ᠎ᠢᠶᠡᠷ ᠪᠠᠢᠷᠢᠯᠠᠭᠤᠯᠵᠠᠢ᠃ ᠪᠦᠬᠦ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶᠢᠨ ᠰᠢᠰᠲᠧᠮ᠎ᠦᠨ ᠬᠢᠨ ᠡᠨᠡ ᠬᠣᠶᠠᠷ ᠵᠦᠢᠯ᠎ᠦᠨ ᠴᠢᠬᠤᠯᠠ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ ᠪᠠᠨ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠶᠢ ᠴᠢᠷᠮᠠᠢᠨ ᠪᠡᠶᠡᠯᠡᠭᠦᠯᠵᠦ᠂ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠢ ᠪᠦᠲᠦᠭᠡᠨ ᠪᠠᠢᠭᠤᠯᠵᠤ᠂ ᠬᠠᠤᠯᠢ᠎ᠶᠢ ᠴᠢᠩᠭ᠎ᠠ ᠬᠡᠷᠡᠭᠵᠢᠭᠦᠯᠵᠦ᠂ ᠲᠥᠪ ᠭᠣᠣᠯᠴᠢ᠎ᠪᠠᠷ ᠬᠠᠤᠯᠢ ᠪᠠᠷᠢᠵᠤ᠂ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ᠂ ᠪᠠᠢᠭᠤᠯᠤᠯ᠎ᠤᠨ ᠠᠮᠤᠷ ᠲᠦᠪᠰᠢᠨ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ ᠪᠣᠯᠣᠨ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠡᠷᠡᠰ ᠬᠠᠮᠠᠭᠠᠯᠠᠬᠤ ᠬᠡᠷᠡᠭᠲᠡᠢ》 ᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶᠠᠨ᠎ᠤ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠡᠷᠬᠢᠯᠡᠭ᠌ᠴᠢ ᠭᠡᠱᠢᠭᠦᠨ ᠱᠢᠤᠢ ᠶᠠᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠶ᠋ᠢ ᠰᠣᠨᠣᠰᠤᠭᠠᠳ ᠤᠷᠮᠠᠰᠢᠨ ᠵᠤᠷᠢᠬᠵᠢᠵᠤ ᠰᠡᠩᠬᠡᠷᠡᠭᠦᠯᠦᠯ ᠣᠯᠵᠠᠢ᠃ ᠲᠡᠷᠡ᠄ 《ᠱᠢᠨ᠎ᠡ ᠴᠠᠭ ᠦᠶ᠎ᠡ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍ ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠤᠯᠤᠰ ᠲᠥᠷᠥ᠎ᠶ᠋ᠢᠨ ᠬᠡᠪ ᠰᠤᠷᠲᠠᠯ᠎ᠢ ᠪᠠᠲᠤ ᠪᠣᠶ ᠪᠣᠯᠭᠠᠵᠤ᠂ ᠢᠮᠠᠭ᠍ᠲᠠ 〈ᠤᠯᠤᠰ᠎ᠤᠨ ᠶᠡᠬᠡ ᠶᠠᠪᠤᠳᠠᠯ〉 ᠢ᠋ ᠪᠤᠳᠤᠵᠤ ᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ᠎ᠪᠠᠷ ᠠᠵᠢᠯ᠎ᠢᠶᠠᠨ ᠲᠥᠯᠥᠪᠵᠢᠭᠦᠯᠦᠨ ᠥᠷᠨᠢᠭᠦᠯᠬᠦ᠌᠎ᠶ᠋ᠢ ᠪᠠᠷᠢᠮᠲᠠᠯᠠᠵᠤ ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠦᠪᠯᠡᠯ ᠤ᠋ᠨ ᠳᠡᠳ᠋ ᠱᠦᠵᠢ ᠰᠦᠩ ᠪᠦᠦ ᠭᠦᠸᠧ᠄ 《ᠰᠠᠬᠢᠯᠭ᠎ᠠ ᠪᠠᠲᠤ ᠪᠠᠢᠴᠠᠭᠠᠬᠤ ᠺᠠᠳ᠋ᠷ ᠪᠣᠯᠤᠭ᠍ᠰᠠᠨ᠎ᠤ ᠬᠤᠪᠢ᠎ᠳᠤ ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠶ᠋ᠢ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌᠎ᠲᠡᠶ ᠤᠶᠠᠯᠳᠤᠭᠤᠯᠵᠤ᠂ ᠤᠯᠠᠨ ᠬᠡᠯᠪᠡᠷᠢ ᠶ᠋ᠢᠨ ᠬᠢᠨᠠᠯᠲᠠ ᠳᠠᠯᠪᠢᠨ ᠪᠠᠢᠴᠠᠭᠠᠬᠤ᠎ᠪᠡᠷ ᠳᠠᠮᠵᠢᠭᠤᠯᠤᠨ ᠂ ᠳᠠᠷᠤᠯᠲᠠ᠎ᠶ᠋ᠢ ᠳᠠᠮᠵᠢᠭᠤᠯᠵᠤ ᠂ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍ ᠂ ᠨᠠᠮ ᠤᠨ ᠲᠥᠪ ᠬᠣᠷᠢᠢ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠶ᠋ᠶᠠᠨ ᠤ᠋ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠤᠬᠠᠢ ᠲᠤᠬᠢᠷᠠᠭᠤᠯᠤᠯᠳᠠ ᠪᠠᠢᠷᠢᠯᠠᠭᠤᠯᠤᠯᠲᠠ ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ》 ᠭᠡᠪᠠ᠃
《ᠮᠠ ᠬᠦᠢ ᠶᠢᠩ ᠫᠷᠤᠹᠸᠰᠰᠤᠷ ᠤ᠋ᠨ ᠭᠦᠨᠵᠡᠭᠡᠢ ᠪᠥᠭᠡᠳ ᠣᠢᠯᠠᠭᠠᠮᠵᠢᠲᠠᠢ ᠂ ᠨᠠᠷᠢᠨ ᠪᠣᠳᠠᠲᠠᠢ ᠠᠭᠤᠯᠭ᠎ᠠ᠎ᠲᠠᠶ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠨᠢ ᠨᠠᠮᠠᠶ᠋ᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠳᠤ ᠨᠡᠩ ᠭᠦᠨᠵᠡᠭᠡᠢ ᠣᠢᠯᠠᠭᠠᠯᠲᠠ᠎ᠲᠠᠶ ᠪᠣᠯᠭᠠᠵᠠᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠢᠷᠡᠭᠡᠳᠦᠢ᠎ᠶ᠋ᠢᠨ ᠬᠡᠰᠡᠭ ᠬᠤᠭᠤᠴᠠᠭᠠᠨ᠎ᠤ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍ ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠪᠢ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠥᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠵᠣᠬᠢᠶᠠᠨ ᠪᠠᠢᠭᠤᠯᠵᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠴᠠᠭ ᠦᠶ᠎ᠡ᠎ᠶ᠋ᠢᠨ ᠬᠦᠨᠳᠦ ᠡᠭᠦᠷᠭᠡ ᠶ᠋ᠢ ᠡᠭᠦᠷᠭᠡᠯᠡᠵᠦ᠍᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠨ᠎ᠡ》 ᠭᠡᠵᠦ ᠥᠪᠡᠷᠲᠡᠭᠡᠨ ᠵᠠᠰᠠᠬᠤ ᠣᠷᠣᠨ ᠤ ᠱᠢᠭᠤᠳ ᠬᠠᠷᠢᠶ᠎ᠠ ᠪᠠᠢᠭᠤᠯᠭ᠎ᠠ ᠵᠢᠨ ᠡᠪᠯᠡᠯ᠎ᠦᠨ ᠠᠵᠢᠯ᠎ᠤᠨ ᠬᠣᠷᠢᠶᠠᠨ᠎ᠤ ᠱᠦᠵᠢ ᠯᠢ ᠫᠸᠩ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠦᠬᠦ᠌ ᠨᠠᠮ᠎ᠤᠨ ᠭᠡᠱᠢᠭᠦᠨ ᠺᠠᠳ᠋ᠷ ᠲᠤᠰ ᠲᠤᠰ ᠰᠦᠯᠵᠢᠶᠡᠨ ᠳᠡᠭᠡᠷ᠎ᠠ ᠪᠠ ᠪᠤᠳᠠᠳᠦ ᠴᠤᠭᠴᠠ ᠵᠢᠨ ᠬᠡᠯᠪᠡᠷᠢ᠎ᠪᠡᠷ ᠤᠬᠠᠭᠤᠯᠤᠨ ᠲᠠᠢᠯᠪᠤᠷᠢᠯᠠᠯᠳᠠ ᠶ᠋ᠢ ᠰᠣᠨᠣᠰᠴᠠᠢ᠃ ᠤᠯᠠᠨ ᠵᠢᠡᠷ ᠵᠢᠡᠨ ᠂ ᠤᠬᠠᠭᠤᠯᠤᠨ ᠲᠠᠢᠯᠪᠤᠷᠢᠯᠠᠯᠳᠠ ᠵᠢᠨ ᠭᠣᠣᠯᠳᠠᠯᠭ᠎ᠠ ᠨᠢ ᠲᠤᠪᠤᠢ᠌ᠮ᠎ᠠ ᠂ ᠠᠭᠤᠯᠤᠭ᠍ᠳᠠᠬᠤᠨ ᠨᠢ ᠡᠯᠪᠡᠭ ᠪᠠᠶᠠᠯᠢᠭ ᠂ ᠪᠣᠳᠠᠲᠠᠢ᠎ᠲᠠᠶ ᠨᠡᠢᠴᠡᠵᠦ᠍ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠱᠢᠰᠲ᠋ᠧᠮ᠎ᠲᠡᠶ ᠪᠦᠬᠦ᠌ ᠲᠠᠯ᠎ᠠ᠎ᠪᠠᠷ ᠣᠢᠯᠠᠭᠠᠬᠤ᠎ᠳᠤ ᠮᠠᠰᠢ ᠶᠡᠬᠡ ᠰᠡᠩᠬᠡᠷᠡᠭᠦᠯᠦᠯᠤᠯᠭᠤᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠳᠤ ᠮᠠᠰᠢ ᠶᠡᠬᠡ ᠬᠠᠪᠰᠤᠷᠤᠮᠵᠢ ᠦᠵᠡᠬᠦᠯᠵᠡᠢ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤ ᠠᠯᠪᠠᠨ ᠲᠢᠩᠬᠢᠮ ᠦᠨ ᠨᠠᠷᠢᠨ ᠪᠢᠴᠢᠭ ᠦᠨ ᠳᠥᠷᠪᠡᠳᠦᠭᠡᠷ ᠭᠠᠵᠠᠷ᠎ᠤᠨ ᠳᠠᠷᠤᠭ᠎ᠠ ᠸᠠᠩ ᠬᠠᠶ ᠭᠠᠩ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠤᠬᠠᠢᠯᠠᠭ᠍ᠰᠠᠨ ᠠᠵᠢᠯ᠎ᠤᠨ ᠪᠠᠢᠷᠢ ᠪᠣᠯᠤᠨ ᠪᠣᠳᠠᠲᠠᠶ ᠠᠵᠢᠯ᠎ᠲᠠᠶ ᠪᠠᠨ ᠨᠢᠭ᠍ᠲᠠ ᠤᠶᠠᠯᠳᠤᠭᠤᠯᠵᠤ ᠂ ᠬᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠵᠤ ᠂ ᠪᠣᠳᠠᠲᠠᠢᠵᠢᠭᠤᠯᠬᠤ ᠳᠡᠭᠡᠷ᠎ᠡ ᠬᠦᠴᠦᠯᠡᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠠᠵᠢᠯ᠎ᠢᠶᠠᠨ ᠠᠬᠢᠭᠤᠯᠬᠤ ᠪᠣᠳᠠᠲᠠᠶ ᠰᠡᠳᠭᠢᠴᠡ ᠪᠣᠯᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠯᠠᠪᠳᠠᠭᠤᠨ ᠪᠠᠲᠤᠲᠠᠶ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍ ᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠢ ᠲᠤᠱᠢᠶᠠᠯᠳᠦ ᠳᠡᠳ᠋ ᠱᠦᠵᠢ ᠳ᠋ᠠᠢ ᠵᠢᠶᠠᠨ ᠹᠸᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠭᠦᠨ ᠰᠡᠩᠬᠡᠷᠡᠭᠦᠯᠦᠯ ᠤᠯᠪᠠ᠃ ᠢᠯᠠᠩᠭᠤᠶ᠎ᠠ ᠨᠠᠮ᠎ᠤᠨ ᠥᠪᠡᠷ ᠪᠡᠶ᠎ᠡ ᠵᠢᠨ ᠬᠤᠪᠢᠰᠭᠠᠯ ᠵᠢᠡᠷ ᠨᠡᠢᠭᠡᠮ᠎ᠦᠨ ᠬᠤᠪᠢᠰᠭᠠᠯ᠎ᠢ ᠬᠦᠳᠦᠯᠥᠨ ᠳᠠᠭᠠᠭᠤᠯᠬᠤ ᠲᠤᠬᠠᠢ ᠭᠦᠨ ᠲᠦᠷᠦᠭ᠌ᠳᠡᠯ᠎ᠲᠡᠶ ᠃ ᠳᠠᠷᠠᠭᠠᠴᠢ᠎ᠶ᠋ᠢᠨ ᠠᠯᠬᠤᠮ᠎ᠳᠤ ᠨᠠᠮ᠎ᠤᠨ ᠰᠤᠷᠲᠠᠯ᠎ᠢᠶᠠᠷ ᠵᠠᠰᠠᠭ᠎ᠤᠨ ᠰᠤᠷᠲᠠᠯ᠎ᠢ ᠳᠠᠢ᠌ᠴᠢᠯᠠᠵᠤ᠂ ᠨᠠᠮ᠎ᠤᠨ ᠪᠠᠢᠭᠤᠯᠤᠯᠲᠠ᠎ᠪᠠᠷ ᠤᠯᠠᠨ᠎ᠢ ᠬᠦᠳᠦᠯᠦᠨ ᠳᠠᠭᠠᠭᠤᠯᠵᠤ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠨ᠂ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠤᠨ᠎ᠠ ᠬᠡᠪᠠ᠃
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠹᠦ᠋ ᠰᠦᠸᠸ ᠭᠸᠨ 《ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ ᠪᠠᠷ ᠠᠬᠢᠭᠤᠯᠬᠤ ᠤᠯᠤᠰ ᠲᠦᠷᠦ᠍ ᠶ᠋ᠢᠨ ᠲᠤᠩᠬᠠᠭ ᠪᠣᠯᠤᠨ ᠠᠵᠢᠯᠯᠠᠭᠠᠨ᠎ᠤ ᠬᠥᠲᠥᠯᠪᠦᠷᠢ》 ᠪᠡᠷ ᠭᠣᠣᠯ ᠰᠡᠳᠦᠪ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠡᠦᠬᠡᠲᠦ ᠪᠠᠢᠷᠢ ᠰᠠᠭᠤᠷᠢ ᠪᠣᠯᠤᠨ ᠴᠢᠬᠤᠯᠠ ᠶᠡᠬᠡ ᠠᠴᠢ ᠬᠣᠯᠪᠣᠭ᠍ᠳᠠᠯ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠵᠦᠪ ᠣᠨᠣᠪᠴᠢᠲᠠᠢ ᠰᠤᠷᠤᠯᠴᠠᠨ ᠣᠢᠯᠠᠭᠠᠬᠤ᠂ ᠨᠠᠮ ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠥᠪᠥᠷ ᠮᠣᠩᠭᠣᠯ᠎ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭ᠌ᠯᠡᠭᠦᠯᠦᠨ ᠵᠢᠮᠢᠰᠯᠡᠭᠦᠯᠬᠦ᠌ ᠵᠢ ᠪᠦᠬᠦ᠌ ᠬᠦᠴᠦᠨ᠎ᠢᠶᠡᠷ ᠠᠬᠢᠭᠤᠯᠬᠤ ᠬᠡᠰᠡᠨ ᠭᠤᠷᠪᠠᠨ ᠲᠠᠯ᠎ᠠ ᠵᠢᠨ ᠲᠤᠭᠤᠷᠢᠨ᠎ᠳᠤ ᠤᠬᠠᠭᠤᠯᠤᠨ ᠲᠠᠢᠯᠪᠤᠷᠢᠯᠠᠵᠠᠢ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠦ ᠭᠠᠵᠠᠷ ᠤᠨ ᠳᠠᠷᠤᠭ᠎ᠠ ᠭᠦᠸᠧ ᠶᠢᠩ᠄ 《ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠬᠦᠳᠦᠯᠦᠮᠵᠢ ᠪᠤᠯᠭᠠᠨ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠬᠣᠶᠠᠷ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠤᠨ᠎ᠠ᠄ ᠨᠢᠭᠡ᠎ᠳᠦ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠶᠡᠬᠡ ᠬᠡᠮᠵᠢᠶᠡᠨ ᠦ ᠡᠳ᠋ ᠪᠠᠷᠠᠭᠠᠨ ᠤ᠋ ᠲᠠᠬᠡᠬᠡᠪᠤᠷᠢ ᠶᠢ 〈ᠵᠠᠰᠠᠮᠠᠯ ᠵᠠᠮ᠎ᠢᠶᠡᠷ ᠲᠠᠬᠡᠬᠡᠪᠤᠷᠢᠯᠡᠬᠦᠶᠢ ᠲᠠᠮᠤᠷ ᠵᠠᠮ᠎ᠢᠶᠡᠷ ᠲᠠᠬᠡᠬᠡᠪᠤᠷᠢᠯᠡᠬᠦ ᠪᠤᠯᠭᠠᠨ ᠦᠭᠡᠷᠡᠴᠢᠯᠡᠬᠦ〉᠂ 〈 ᠵᠠᠳᠠᠭᠠᠢ ᠲᠡᠭᠡᠭᠡᠪᠤᠷᠢᠯᠡᠬᠦ ᠶ᠋ᠢ ᠴᠢᠨᠭᠭᠡᠯᠢᠭ ᠵᠢᠡᠷ ᠲᠠᠭᠡᠭᠡᠪᠤᠷᠢᠯᠡᠬᠦ ᠪᠣᠯᠭᠠᠨ ᠥᠭᠡᠷᠡᠴᠢᠯᠡᠬᠦ᠌ 〉 ᠶ᠋ᠢ ᠠᠬᠢᠭᠤᠯᠤᠨ᠎ᠠ; ᠬᠣᠶᠠᠷ᠎ᠲᠤ ᠠᠷᠭ᠎ᠠ ᠪᠣᠳᠣᠯᠭ᠎ᠠ᠎ᠶ᠋ᠢ ᠶᠡᠷᠦᠩᠬᠡᠢᠯᠡᠨ ᠬᠡᠷᠡᠭ᠌ᠵᠢᠭᠦᠯᠵᠦ᠍ ᠡᠳ᠋ ᠪᠠᠷᠠᠭᠠᠨ ᠤ᠋ ᠬᠦᠢᠯᠬᠡᠬᠡᠨ ᠤ᠋ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠠᠵᠢᠯ ᠲᠥᠷᠥᠯ ᠦᠨ ᠴᠢᠨᠠᠷ ᠰᠠᠢᠲᠠᠶ᠂ ᠦᠷᠭᠦᠯᠵᠢᠯᠡᠨ ᠬᠥᠭ᠌ᠵᠢᠬᠦ᠌᠎ᠶ᠋ᠢ ᠪᠡᠶᠡᠯᠡᠭᠦᠯᠦᠨ᠎ᠡ》 ᠭᠡᠪᠡ᠃
《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ ᠪᠠᠢᠨ᠎ᠠ᠃》 ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠲᠥᠯᠥᠪᠵᠢᠭᠦᠯᠭᠡ᠎ᠶ᠋ᠢᠨ ᠭᠠᠵᠠᠷ᠎ᠤᠨ ᠳᠡᠳ᠋ ᠳᠠᠷᠤᠭ᠎ᠠ ᠰᠦᠶ ᠸᠸᠢ ᠪᠥᠸᠧ᠄ 《ᠪᠢᠳᠡ ᠨᠠᠮ ᠤᠨ ᠬᠣᠷᠢᠳᠤᠭᠠᠷ ᠶᠡᠬᠡ ᠬᠤᠷᠠᠯ ᠤᠨ ᠢᠯᠡᠳᠭᠡᠯ ᠳᠦ ᠳᠤᠷᠠᠳᠤᠭ᠍ᠰᠠᠨ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠭᠡᠨ ᠪᠠᠢᠭᠤᠯᠬᠤ ᠱᠠᠭᠠᠷᠳᠠᠯᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠤᠨ ᠭᠤᠤᠯ ᠨᠢᠷᠤᠭᠤᠪᠴᠢ ᠪᠣᠯᠬᠤ ᠥᠪᠥᠷ ᠮᠣᠩᠭᠣᠯ ᠤᠨ ᠬᠢᠯᠢ ᠳᠣᠲᠣᠷᠠᠬᠢ ᠵᠠᠮ ᠤᠨ ᠬᠡᠰᠡᠭ ᠦᠨ ᠪᠥᠲᠥᠭᠡᠨ ᠪᠠᠢᠭᠤᠯᠤᠯᠲᠠ ᠶ᠋ᠢ ᠠᠬᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠬᠡᠰᠡᠭ᠎ᠦᠨ ᠲᠦᠷᠬᠡᠠ ᠤ᠋ ᠵᠠᠮ ᠤ᠋ᠨ ᠵᠠᠰᠠᠮᠠᠯ ᠵᠠᠮ᠎ᠤᠨ ᠭᠣᠣᠯ ᠨᠡᠪᠲᠡᠷᠡᠬᠦ᠌ ᠵᠠᠮ᠎ᠢ ᠲᠦᠷᠭᠡᠬᠡᠨ ᠨᠡᠪᠲᠡᠷᠡᠭᠦᠯᠦᠨ᠎ᠡ; ᠤᠯᠤᠰ ᠮᠤᠵᠢ᠎ᠶ᠋ᠢᠨ ᠭᠣᠣᠯ ᠱᠤᠭᠤᠮ᠎ᠤᠨ ᠵᠠᠰᠠᠮᠠᠯ ᠵᠠᠮ᠎ᠤᠨ ᠳᠡᠰ ᠳᠡᠪᠱᠢᠬᠦ᠌ ᠶ᠋ᠢ ᠲᠦᠷᠭᠡᠳᠭᠡᠵᠦ᠍᠂ ᠪᠣᠭᠣᠮᠢ ᠵᠠᠮ ᠢ ᠲᠦᠷᠭᠡᠬᠡᠨ ᠨᠡᠪᠲᠡᠷᠡᠭᠦᠯᠦᠨ᠎ᠡ ; ᠬᠢᠯᠢ ᠬᠢᠵᠠᠭᠠᠷ ᠣᠷᠣᠨ ᠪᠠ ᠪᠣᠭᠣᠮᠲᠠ᠎ᠶ᠋ᠢᠨ ᠵᠠᠮ ᠬᠠᠷᠢᠯᠴᠠᠭᠠᠨ ᠤ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ ᠤᠷᠲᠤᠳᠭᠠᠨ ᠨᠡᠪᠲᠡᠷᠡᠭᠦᠯᠬᠦ᠌ ᠶ᠋ᠢ ᠠᠬᠢᠭᠤᠯᠵᠤ᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ 》 ᠬᠡᠪᠠ᠃